ᠢᠯᠡ ᠵᠠᠰᠠᠭ   -   ᠲᠦᠷᠦ᠎ᠶᠢᠨ ᠪᠤᠳᠤᠯᠭ᠎ᠠ ᠬᠠᠤᠯᠢ ᠳᠦᠷᠢᠮ
ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠲᠡᠮᠦᠷ ᠵᠠᠮ᠎ᠤᠨ ᠠᠮᠤᠷ ᠲᠦᠪᠰᠢᠨ᠎ᠤ ᠬᠠᠮᠢᠶᠠᠷᠤᠯᠳᠠ ᠵᠢᠨ ᠲᠤᠨᠨᠳᠠᠭ᠋ᠠᠯ
ᠨᠡᠶ᠋ᠢᠲᠡᠯᠡᠭᠰᠡᠨ ᠴᠠᠭ᠄ 2020-01-07

    ᠥᠪᠥᠷ ᠮᠣᠩᠭᠣᠯ᠎ᠤᠨ ᠥᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
                                           241 ᠳ᠋ᠤᠭᠡᠷ ᠲᠤᠭ᠋ᠠᠳᠤ


     《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠲᠡᠮᠦᠷ ᠵᠠᠮ᠎ᠤᠨ ᠠᠮᠤᠷ ᠲᠦᠪᠰᠢᠨ᠎ᠤ ᠬᠠᠮᠢᠶᠠᠷᠤᠯᠳᠠ ᠵᠢᠨ ᠲᠤᠨᠨᠳᠠᠭ᠋ᠠᠯ》᠎ᠢ 2019 ᠤᠨ᠎ᠤ 8 ᠳ᠋ᠤᠭ᠋ᠠᠷ ᠰᠠᠷ᠎ᠠ ᠵᠢᠨ 5᠎ᠤ ᠡᠳᠦᠷ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠷᠪᠠᠨ ᠲᠠᠪᠤᠳᠤᠭ᠋ᠠᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠦᠪᠯᠡᠵᠦ ᠪᠠᠳᠤᠯᠠᠭ᠋ᠠᠳ᠂ ᠡᠳᠦᠬᠡ ᠨᠡᠶ᠋ᠢᠳᠡᠯᠡᠪᠡ᠂ 2019 ᠤᠨ᠎ᠤ 11 ᠳ᠋ᠤᠬᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠬᠦᠯᠦᠨ᠎ᠠ᠃


                          ᠥᠪᠡᠷᠲᠡᠭᠡᠨ ᠵᠠᠰᠠᠭ᠍ᠣ ᠤᠷᠤᠨ᠎ᠤ ᠲᠡᠷᠢᠭᠦᠯᠡᠭᠴᠢ   ᠪᠦ᠋ ᠰᠢᠶᠤᠤ ᠯᠢᠨ

                                   2019 ᠣᠨ᠎ᠤ 9 ᠳ᠋ᠤᠭᠡᠷ ᠰᠠᠷ᠎ᠠ ᠵᠢᠨ 3᠎ᠤ ᠡᠳᠦᠷ


      ᠨᠢᠬᠡᠳᠦᠬᠡᠷ ᠵᠦᠢ᠍ᠯ ᠭᠦᠮᠦᠨ᠎ᠤ ᠪᠡᠶ᠎ᠡ ᠪᠠ ᠡᠳ᠋ ᠭᠦᠷᠦᠩᠬᠡ ᠵᠢᠨ ᠠᠮᠤᠷ ᠲᠦᠪᠰᠢᠨ᠎ᠢ ᠬᠠᠮᠠᠭ᠋ᠠᠯᠠᠵᠦ᠂ ᠲᠡᠮᠦᠷ ᠵᠠᠮ᠎ᠤᠨ ᠲᠡᠬᠡᠬᠡᠪᠦᠷᠢ ᠵᠢᠨ ᠠᠮᠤᠷ ᠲᠦᠪᠰᠢᠨ ᠪᠠ ᠰᠠᠭ᠋ᠠᠳ ᠦᠬᠡᠢ ᠨᠡᠪᠳᠡᠷᠡᠯ᠎ᠢ ᠪᠠᠳᠤᠯᠠᠬᠤ ᠵᠢᠨ ᠲᠤᠰᠠᠳᠠ᠂

《ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠠᠶᠤᠯ ᠦᠬᠡᠢ ᠦᠢ᠍ᠯᠡᠳᠪᠦᠷᠢᠯᠡᠯ᠎ᠤᠨ ᠬᠠᠤᠯᠢ》

《ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠲᠡᠮᠦᠷ ᠵᠠᠮ᠎ᠤᠨ ᠬᠠᠤᠯᠢ》 《ᠲᠡᠮᠦᠷ ᠵᠠᠮ᠎ᠤᠨ ᠠᠮᠤᠷ ᠲᠦᠪᠰᠢᠨ᠎ᠤ ᠬᠠᠮᠢᠶᠠᠷᠤᠯᠳᠠ ᠵᠢᠨ ᠲᠦᠷᠢᠮ》 ᠵᠡᠷᠬᠡ ᠤᠯᠤᠰ᠎ᠤᠨ ᠬᠤᠯᠪᠤᠨᠨᠳᠠᠯ ᠪᠦᠭᠦᠢ ᠬᠠᠤᠯᠢ ᠴᠠᠭ᠋ᠠᠵᠠ᠂ ᠬᠠᠤᠯᠢ ᠲᠤᠨᠨᠳᠠᠭ᠋ᠠᠯ᠎ᠢ ᠦᠨᠳᠦᠰᠦᠯᠡᠨ᠂ ᠦᠪᠡᠷᠳᠡᠬᠡᠨ ᠵᠠᠰᠠᠬᠤ ᠤᠷᠤᠨ᠎ᠤ ᠪᠤᠳᠠᠳᠠᠢ᠎ᠲᠠᠢ ᠤᠶᠠᠯᠳᠤᠭᠤᠯᠤᠨ᠂ ᠲᠤᠰ ᠲᠤᠨᠨᠳᠠᠭ᠋ᠠᠯ᠎ᠢ ᠲᠤᠨᠨᠳᠠᠭ᠋ᠠᠪᠠ᠃
      ᠬᠤᠶᠠᠳᠤᠭ᠋ᠠᠷ ᠵᠦᠢ᠍ᠯ ᠲᠤᠰ ᠲᠤᠨᠨᠳᠠᠭ᠋ᠠᠯ᠎ᠨᠢ ᠦᠪᠡᠷᠳᠡᠬᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ ᠤᠷᠤᠨ᠎ᠤ ᠲᠤᠳᠤᠷᠠᠬᠢ ᠲᠡᠮᠦᠷ ᠵᠠᠮ᠎ᠤᠨ ᠠᠮᠤᠷ ᠲᠦᠪᠰᠢᠨ᠎ᠤ ᠬᠠᠮᠢᠶᠠᠷᠤᠯᠳᠠ ᠵᠢᠨ ᠠᠵᠢᠯᠯᠠᠭ᠎ᠠ᠎ᠳᠤ ᠲᠤᠬᠢᠷᠠᠨ᠎ᠠ᠃ ᠲᠡᠬᠡᠳᠦ ᠪᠠᠶ᠋ᠢᠷᠢ ᠵᠢᠨ ᠬᠠᠤᠯᠢ᠎ᠳᠤ ᠨᠢᠬᠡᠨᠳᠡ ᠲᠤᠨᠨᠳᠠᠭ᠋ᠠᠯ ᠭᠠᠷᠭ᠋ᠠᠨᠨᠰᠠᠨ ᠪᠠᠶ᠋ᠢᠪᠠᠯ᠂ ᠲᠡᠷᠡ ᠲᠤᠨᠨᠳᠠᠭ᠋ᠠᠯ ᠵᠶ᠋ᠠᠷ

ᠬᠡᠷᠡᠭᠵᠢᠬᠦᠯᠦᠨ᠎ᠠ᠃
      ᠭᠤᠷᠪᠠᠳᠤᠭ᠋ᠠᠷ ᠵᠦᠢ᠍ᠯ ᠲᠡᠮᠦᠷ ᠵᠠᠮ᠎ᠤᠨ ᠠᠮᠤᠷ ᠲᠦᠪᠰᠢᠨ᠎ᠤ ᠬᠠᠮᠢᠶᠠᠷᠤᠯᠳᠠ᠎ᠨᠢ ᠠᠮᠢ ᠨᠠᠰᠤ ᠡᠷᠬᠢᠮ ᠲᠡᠬᠡᠳᠦ ᠪᠠᠶ᠋ᠢᠬᠤ᠂ ᠠᠮᠤᠷ ᠲᠦᠪᠰᠢᠨ᠎ᠢ ᠲᠡᠷᠢᠬᠦᠨ᠎ᠳᠤ ᠲᠠᠯᠪᠢᠬᠤ᠂ ᠤᠷᠢᠳᠴᠢᠯᠠᠨ ᠰᠡᠷᠬᠡᠶ᠋ᠢᠯᠡᠬᠦ᠎ᠪᠠᠷ ᠭᠤᠤᠯ ᠪᠤᠯᠭ᠋ᠠᠬᠤ᠂ ᠵᠤᠬᠢᠴᠠᠭᠤᠯᠤᠨ ᠭᠦᠳᠡᠯᠦᠯᠴᠡᠬᠦ ᠪᠠ ᠶᠡᠷᠦᠩᠬᠡᠶ᠋ᠢᠯᠡᠨ ᠵᠠᠰᠠᠬᠤ ᠵᠠᠷᠴᠢᠮ᠎ᠢ ᠵᠢᠷᠤᠮᠯᠠᠬᠤ ᠬᠡᠷᠡᠭᠳᠡᠢ᠃
      ᠲᠦᠷᠪᠡᠳᠦᠬᠡᠷ ᠵᠦᠢ᠍ᠯ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠨᠢ ᠲᠡᠮᠦᠷ ᠵᠠᠮ᠎ᠤᠨ ᠠᠮᠤᠷ ᠲᠦᠪᠰᠢᠨ᠎ᠤ ᠬᠠᠮᠢᠶᠠᠷᠤᠯᠳᠠ ᠵᠢᠨ ᠠᠵᠢᠯ᠎ᠳᠠᠬᠢ ᠨᠢᠬᠡᠳᠦᠯᠳᠡᠢ ᠤᠳᠤᠷᠢᠳᠤᠯᠭ᠎ᠠ᠎ᠪᠠᠨ ᠴᠢᠩᠭ᠋ᠠᠳᠬᠠᠵᠦ᠂ ᠲᠡᠮᠦᠷ ᠵᠠᠮ᠎ᠤᠨ ᠠᠮᠤᠷ ᠲᠦᠪᠰᠢᠨ᠎ᠳᠤ ᠬᠤᠯᠪᠤᠨᠨᠳᠠᠬᠤ ᠴᠢᠬᠤᠯᠠ ᠶᠡᠭᠡ ᠠᠰᠠᠭᠤᠳᠠᠯ᠎ᠢ ᠵᠤᠬᠢᠴᠠᠭᠤᠯᠤᠨ ᠰᠶ᠋ᠢᠳᠪᠦᠷᠢᠯᠡᠵᠦ᠂ ᠵᠠᠮ ᠬᠠᠮᠠᠭ᠋ᠠᠯᠠᠵᠦ ᠬᠤᠯᠪᠤᠭ᠋ᠠᠯᠠᠨ ᠰᠡᠷᠬᠡᠶ᠋ᠢᠯᠡᠬᠦ ᠠᠵᠢᠯ᠎ᠤᠨ ᠵᠠᠷᠤᠳᠠᠯ᠎ᠢ ᠬᠠᠤᠯᠢ ᠶᠤᠰᠤᠭ᠋ᠠᠷ ᠪᠠᠳᠤᠯᠠᠬᠤ ᠬᠡᠷᠡᠭᠳᠡᠢ᠃ ᠲᠡᠮᠦᠷ ᠵᠠᠮ ᠳᠠᠭ᠋ᠠᠤ ᠵᠢᠨ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠲᠡᠮᠦᠷ ᠵᠠᠮ᠎ᠤᠨ ᠠᠮᠤᠷ ᠲᠦᠪᠰᠢᠨ᠎ᠢ ᠪᠠᠲᠤᠯᠠᠬᠤ ᠰᠤᠷᠭ᠋ᠠᠨ ᠬᠥᠮᠦᠵᠢᠯ᠎ᠢ ᠴᠢᠩᠭ᠋ᠠᠳᠬᠠᠨ᠂ ᠵᠠᠮ ᠬᠠᠮᠠᠭ᠋ᠠᠯᠠᠵᠦ ᠬᠤᠯᠪᠤᠭ᠋ᠠᠯᠠᠨ ᠰᠡᠷᠬᠡᠶ᠋ᠢᠯᠡᠬᠦ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ᠂ ᠲᠡᠮᠦᠷ ᠵᠠᠮ᠎ᠤᠨ ᠠᠮᠤᠷ ᠲᠦᠪᠰᠢᠨ᠎ᠳᠤ ᠬᠤᠤᠷ ᠭᠦᠨᠦᠬᠡᠯ ᠤᠴᠠᠷᠠᠭᠤᠯᠬᠤ ᠦᠢ᠍ᠯᠡ ᠠᠵᠢᠯᠯᠠᠭ᠎ᠠ ᠵᠢ ᠰᠡᠷᠭᠡᠶ᠋ᠢᠯᠡᠨ ᠬᠤᠷᠢᠭᠯᠠᠵᠤ᠂ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠯᠤᠭ᠎ᠠ ᠬᠠᠮᠳᠤ᠎ᠪᠠᠷ ᠲᠡᠮᠦᠷ ᠵᠠᠮ᠎ᠤᠨ ᠵᠠᠮ ᠬᠠᠷᠢᠯᠴᠠᠭ᠋ᠠᠨ᠎ᠤ ᠠᠳᠡᠯ᠂ ᠭᠠᠯᠳᠤ ᠲᠡᠷᠬᠡᠨ᠎ᠤ ᠦᠷᠳᠡᠬᠡᠨ᠎ᠳᠤ ᠪᠠ ᠭᠠᠯᠳᠤ ᠲᠡᠷᠬᠡᠨ᠎ᠳᠤ ᠭᠠᠷᠴᠤ ᠮᠡᠳᠡᠬᠦ ᠭᠡᠨᠡᠳᠲᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠶ᠋ᠢᠳᠪᠦᠷᠢᠯᠡᠬᠦ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠲᠡᠮᠦᠷ ᠵᠠᠮ ᠳᠠᠭ᠋ᠠᠤ ᠵᠢᠨ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠪᠠ ᠵᠠᠮ ᠬᠠᠮᠠᠭ᠋ᠠᠯᠠᠵᠦ ᠬᠤᠯᠪᠤᠭ᠋ᠠᠯᠠᠨ ᠰᠡᠷᠬᠡᠶ᠋ᠢᠯᠡᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠦ᠂ ᠬᠤᠯᠪᠣᠭᠳᠠᠯ ᠪᠦᠬᠦᠢ ᠨᠢᠬᠡᠴᠢ᠎ᠲᠠᠢ ᠬᠠᠮᠵᠢᠯᠴᠠᠨ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠲᠡᠮᠦᠷ ᠵᠠᠮ᠎ᠤᠨ ᠠᠮᠤᠷ ᠲᠦᠪᠰᠢᠨ᠎ᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠲᠠᠪᠤᠳᠤᠭ᠋ᠠᠷ ᠵᠦᠢ᠍ᠯ ᠲᠡᠬᠡᠳᠦ ᠬᠤᠷᠳᠤ ᠵᠢᠨ ᠲᠡᠮᠦᠷ ᠵᠠᠮ ᠳᠠᠭ᠋ᠠᠤ ᠵᠢᠨ ᠬᠤᠲᠠ ᠵᠢᠨ ᠲᠣᠭᠤᠷᠢᠭ᠎ᠠᠴᠠ ᠲᠤᠳᠤᠨᠨᠰᠢ 1000 ᠮᠧᠲᠷ ᠪᠦᠷᠢ᠂ ᠬᠤᠲᠠ ᠵᠢᠨ ᠲᠣᠭᠤᠷᠢᠭ᠎ᠠᠴᠠ ᠭᠠᠳ᠋ᠬᠠᠰᠢ 5000 ᠮᠧᠲᠷ ᠪᠦᠷᠢ᠎ᠳᠤ᠂ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ ᠪᠣᠯᠤᠨ ᠲᠡᠮᠦᠷ ᠵᠠᠮ ᠳᠠᠭ᠋ᠠᠤ ᠵᠢᠨ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠲᠣᠰ ᠪᠦᠷᠢ ᠨᠢᠭᠡ ᠬᠠᠷᠢᠭᠤᠴᠠᠯᠭ᠋ᠠᠲᠠᠨ ᠲᠤᠨᠨᠳᠠᠭ᠋ᠠᠵᠦ ᠲᠡᠮᠦᠷ ᠵᠠᠮ᠎ᠤᠨ ᠬᠡᠰᠡᠭ᠎ᠤᠨ ᠳᠠᠷᠤᠭ᠎ᠠ ᠪᠣᠯᠭ᠋ᠠᠵᠤ᠂ ᠲᠡᠮᠦᠷ ᠵᠠᠮ᠎ᠤᠨ ᠠᠮᠤᠷ ᠲᠦᠪᠰᠢᠨ᠎ᠤ ᠳᠠᠯᠳᠠ ᠭᠡᠮ᠎ᠢ ᠬᠤᠶᠠᠷ ᠬᠡᠰᠡᠭ᠎ᠤᠨ ᠲᠠᠷᠤᠭ᠎ᠠ ᠲᠣᠭᠤᠷᠢᠨ ᠪᠠᠶ᠋ᠢᠴᠠᠭ᠋ᠠᠬᠤ᠂ ᠬᠠᠮᠳᠤᠷᠠᠨ ᠵᠥᠪᠳᠡᠯᠴᠡᠬᠦ ᠪᠠ ᠰᠶ᠋ᠢᠳᠪᠦᠷᠢᠯᠡᠬᠦ ᠠᠵᠢᠯ᠎ᠤᠨ ᠲᠣᠭᠲᠠᠴᠠ ᠵᠢ ᠪᠠᠶ᠋ᠢᠭᠤᠯᠬᠤ ᠬᠡᠷᠡᠭᠲᠡᠶ᠃
      ᠵᠢᠷᠭᠤᠳᠤᠭ᠋ᠠᠷ ᠵᠦᠢ᠍ᠯ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠨᠢ ᠲᠡᠮᠦᠷ ᠵᠠᠮ᠎ᠤᠨ ᠠᠮᠤᠷ ᠲᠦᠪᠰᠢᠨ᠎ᠳᠤ ᠲᠦᠭᠰᠢᠭᠦᠷᠢ ᠤᠴᠠᠷᠠᠭᠤᠯᠬᠤ ᠳᠠᠯᠳᠠ ᠭᠡᠮ᠎ᠢ ᠣᠯᠵᠤ ᠮᠡᠳᠡᠪᠡᠯ᠂ ᠬᠠᠮᠢᠶ᠎ᠠ ᠪᠦᠬᠦᠢ ᠨᠢᠭᠡᠴᠢ ᠪᠤᠶᠤ ᠬᠤᠪᠢ ᠬᠥᠮᠦᠨ᠎ᠳᠤ ᠲᠠᠷᠤᠶ᠋ᠢᠬᠠᠨ ᠮᠡᠳᠡᠭᠳᠡᠬᠦ ᠬᠡᠷᠡᠭᠲᠡᠶ᠃ ᠬᠠᠮᠢᠶ᠎ᠠ ᠪᠦᠬᠦᠢ ᠨᠢᠭᠡᠴᠢ ᠪᠤᠶᠤ ᠬᠤᠪᠢ ᠬᠥᠮᠦᠨ᠎ᠨᠢ ᠳᠠᠷᠤᠶ ᠲᠦᠷᠬᠡᠨ ᠰᠶ᠋ᠢᠳᠪᠦᠷᠢᠯᠡᠬᠦ ᠬᠡᠷᠡᠭᠲᠡᠶ᠃
      ᠳᠣᠯᠣᠳᠤᠭ᠋ᠠᠷ ᠵᠦᠢ᠍ᠯ ᠶᠠᠮᠠᠷᠪᠠ ᠨᠢᠭᠡᠴᠢ ᠪᠤᠶᠤ ᠬᠤᠪᠢ ᠬᠥᠮᠦᠨ ᠲᠡᠮᠦᠷ ᠵᠠᠮ᠎ᠤᠨ ᠠᠮᠤᠷ ᠲᠦᠪᠰᠢᠨ᠎ᠢ ᠨᠥᠯᠥᠭᠡᠯᠡᠬᠦ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠬᠤᠷᠢᠭᠯᠠᠨ ᠵᠣᠭᠰᠣᠭ᠋ᠠᠬᠤ ᠡᠷᠬᠡ᠎ᠲᠠᠢ ᠪᠦᠬᠡᠳ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠢᠯᠡᠴᠢᠯᠡᠨ ᠮᠡᠳᠡᠬᠦᠯᠵᠦ᠂ ᠢᠯᠡᠴᠢᠯᠡᠬᠦ ᠮᠡᠳᠡᠭᠦᠯᠦᠯᠲᠡ ᠵᠢ ᠭᠦᠯᠢᠶᠡᠨ ᠠᠪᠤᠨᠨᠰᠠᠨ ᠰᠠᠯᠠᠭ᠎ᠠ ᠮᠥᠴᠢᠷ᠎ᠨᠢ ᠬᠠᠤᠯᠢ ᠶᠣᠰᠣᠭ᠋ᠠᠷ ᠲᠠᠷᠤᠶ᠋ᠢᠬᠠᠨ ᠰᠶ᠋ᠢᠳᠪᠦᠷᠢᠯᠡᠬᠦ ᠬᠡᠷᠡᠭᠲᠡᠶ᠃
      ᠲᠡᠮᠦᠷ ᠵᠠᠮ᠎ᠤᠨ ᠠᠮᠤᠷ ᠲᠦᠪᠰᠢᠨ᠎ᠤ ᠠᠳᠡᠯ ᠭᠠᠷᠬᠤ ᠵᠢ ᠰᠡᠷᠬᠡᠶ᠋ᠢᠯᠡᠨ ᠬᠤᠷᠢᠨᠨᠯᠠᠬᠤ᠎ᠳᠤ ᠲᠤᠪᠤᠶ᠋ᠢᠮ᠎ᠠ ᠬᠤᠪᠢ ᠨᠡᠮᠡᠷᠢ ᠦᠵᠡᠭᠦᠯᠦᠭᠰᠡᠨ ᠨᠢᠬᠡᠴᠢ ᠪᠤᠶᠤ ᠬᠤᠪᠢ ᠬᠥᠮᠦᠨ᠎ᠢ ᠲᠤᠬᠠᠶ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠬᠥᠬᠢᠭᠦᠯᠦᠨ ᠱᠠᠩᠨᠠᠬᠤ ᠬᠡᠷᠡᠭᠲᠡᠶ᠃
      ᠨᠠᠢ᠍ᠮᠠᠳᠤᠭ᠋ᠠᠷ ᠵᠦᠢ᠍ᠯ ᠶᠠᠮᠠᠷᠪᠠ ᠨᠢᠭᠡᠴᠢ ᠪᠤᠯᠤᠨ ᠬᠤᠪᠢ ᠬᠥᠮᠦᠨ ᠲᠡᠮᠦᠷ ᠵᠠᠮ᠎ᠳᠤ ᠬᠡᠷᠡᠭᠯᠡᠬᠦ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠬᠦ ᠵᠢ ᠴᠠᠭ᠋ᠠᠵᠠᠯᠠᠬᠤ ᠬᠡᠷᠡᠭᠳᠡᠢ᠃
      ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠨᠢ ᠭᠠᠵᠠᠷ ᠲᠠᠲᠠᠪᠤᠷᠢᠯᠠᠬᠤ ᠵᠢ ᠬᠢᠨᠠᠨ ᠵᠥᠪᠰᠢᠶᠡᠷᠡᠬᠦ ᠭᠠᠷ ᠭᠦᠢ᠍ᠴᠡᠳᠬᠡᠯ ᠵᠶ᠋ᠠᠨ ᠬᠠᠤᠯᠢ ᠶᠣᠰᠣᠭ᠋ᠠᠷ ᠭᠦᠢ᠍ᠴᠡᠳᠬᠡᠭᠰᠡᠨ᠎ᠤ ᠳᠠᠷᠠᠭ᠎ᠠ ᠵᠢᠴᠢ ᠲᠡᠮᠦᠷ ᠵᠠᠮ ᠪᠠᠶ᠋ᠢᠭᠤᠯᠬᠤ ᠬᠤᠭᠤᠴᠠᠭ᠋ᠠᠨ᠎ᠳᠤ᠂ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠵᠥᠪᠰᠢᠶᠡᠷᠡᠯ ᠦᠭᠡᠢ᠎ᠪᠠᠷ ᠶᠠᠮᠠᠷᠪᠠ ᠨᠢᠬᠡᠴᠢ ᠪᠤᠶᠤ ᠬᠤᠪᠢ ᠬᠥᠮᠦᠨ ᠲᠡᠮᠦᠷ ᠵᠠᠮ᠎ᠳᠤ ᠬᠡᠷᠡᠭᠯᠡᠬᠦ ᠭᠠᠵᠠᠷ᠎ᠤᠨ ᠭᠦᠷᠢᠶ᠎ᠡ ᠬᠡᠪᠴᠢᠶᠡᠨ᠎ᠳᠤ ᠲᠠᠷᠢᠶᠠᠯᠠᠩ ᠣᠢ ᠰᠢᠭᠤᠶ ᠵᠢᠨ ᠲᠠᠷᠢᠮᠠᠯ ᠲᠠᠷᠢᠬᠤ᠂ ᠬᠡᠷ ᠪᠠᠷᠢᠯᠭ᠎ᠠ ᠪᠤᠶᠤ ᠪᠠᠷᠢᠯᠭ᠎ᠠ ᠵᠢᠨ ᠪᠤᠰᠤᠳ ᠵᠦᠢ᠍ᠯᠡᠰ ᠪᠠᠷᠢᠬᠤ᠂ ᠡᠯᠡᠰᠦ ᠰᠢᠷᠣᠶ ᠮᠠᠯᠳᠠᠬᠤ ᠪᠠ ᠴᠢᠯᠠᠭᠤ ᠭᠠᠷᠭ᠋ᠠᠬᠤ ᠵᠡᠷᠭᠡ ᠠᠵᠢᠯ᠎ᠤᠳ᠎ᠢ ᠬᠢᠵᠦ ᠪᠣᠯᠬᠤ ᠦᠭᠡᠢ᠃
      ᠶᠢᠰᠦᠳᠦᠭᠡᠷ ᠵᠦᠢ᠍ᠯ ᠬᠠᠤᠯᠢ ᠶᠣᠰᠣᠭ᠋ᠠᠷ ᠵᠠᠭ᠋ᠠᠭᠯᠠᠨ ᠲᠣᠭᠲᠠᠭ᠋ᠠᠭᠰᠠᠨ ᠲᠡᠮᠦᠷ ᠵᠠᠮ᠎ᠤᠨ ᠱᠤᠭᠤᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠣᠷᠣᠨ᠎ᠨᠢ ᠭᠠᠵᠠᠷ ᠰᠢᠷᠣᠶ ᠪᠤᠯᠤᠨ ᠬᠡᠷ ᠪᠠᠷᠢᠯᠭ᠎ᠠ ᠪᠠ ᠪᠠᠷᠢᠯᠭ᠎ᠠ ᠵᠢᠨ ᠪᠤᠰᠤᠳ ᠵᠦᠢ᠍ᠯᠡᠰ᠎ᠤᠨ ᠡᠷᠬᠡ ᠬᠠᠷᠢᠶᠠᠯᠠᠯ᠎ᠤᠨ ᠬᠤᠪᠢᠷᠠᠭᠤᠯᠤᠯᠳᠠ᠎ᠳᠤ ᠬᠤᠯᠪᠣᠭᠳᠠᠬᠤ ᠦᠭᠡᠢ᠃
      ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠨᠢᠬᠡᠴᠢ᠎ᠨᠢ ᠪᠠᠷᠢᠯᠭ᠎ᠠ ᠳᠠᠭᠤᠰᠤᠭᠰᠠᠨ ᠮᠠᠲ᠋ᠧᠷᠢᠶᠠᠯ᠎ᠢ ᠦᠨᠳᠦᠰᠦᠯᠡᠨ ᠬᠢᠯᠢ ᠵᠠᠭ᠋ᠠᠭ᠎ᠢ ᠬᠠᠶ᠋ᠢᠵᠤ᠂ ᠲᠡᠮᠦᠷ ᠵᠠᠮ᠎ᠤᠨ ᠱᠤᠭᠤᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠣᠷᠣᠨ᠎ᠤ ᠬᠠᠪᠳᠠᠭ᠋ᠠᠢ ᠵᠢᠷᠤᠭ᠎ᠢ ᠵᠢᠷᠤᠨᠨᠯᠠᠬᠤ ᠵᠢᠨ ᠬᠠᠮᠲᠤ᠂ ᠬᠠᠪᠳᠠᠭ᠋ᠠᠢ ᠵᠢᠷᠤᠭ᠎ᠢ ᠦᠨᠳᠦᠰᠦᠯᠡᠨ ᠪᠠᠷᠢᠯᠭ᠎ᠠ ᠵᠢᠨ ᠪᠦᠷᠢᠨ ᠪᠠᠶ᠋ᠢᠬᠤ ᠡᠰᠡᠬᠦ ᠵᠢ ᠰᠢᠯᠭ᠋ᠠᠨ ᠠᠪᠬᠤ᠎ᠠᠴᠠ ᠡᠮᠦᠨ᠎ᠡ ᠲᠡᠮᠳᠡᠭᠳᠦ ᠪᠠᠭ᠋ᠠᠨ᠎ᠠ ᠪᠣᠰᠬᠠᠬᠤ ᠬᠡᠷᠡᠭᠲᠡᠢ᠃
      ᠠᠷᠪᠠᠳᠤᠭ᠋ᠠᠷ ᠵᠦᠢ᠍ᠯ ᠲᠡᠮᠦᠷ ᠵᠠᠮ᠎ᠤᠨ ᠱᠤᠭᠤᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠣᠷᠣᠨ᠎ᠳᠤ ᠲᠤᠤᠷᠠᠬᠢ ᠮᠡᠳᠦ ᠵᠢᠨ ᠦᠢ᠍ᠯᠡ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠄
     (ᠨᠢᠭᠡ) ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠵᠦᠪᠰᠢᠶᠡᠷᠡᠯ ᠦᠭᠡᠢ᠎ᠪᠠᠷ ᠡᠯ᠎ᠡ ᠲᠥᠷᠥᠯ᠎ᠤᠨ ᠬᠤᠭᠤᠯᠠᠶ ᠱᠤᠭᠤᠮ᠂ ᠲᠠᠳᠠᠯᠭ᠎ᠠ᠂ ᠭᠦᠦᠷᠯᠢᠭ ᠰᠤᠪᠠᠭ ᠵᠡᠷᠭᠡ ᠪᠡᠯᠡᠳᠬᠡᠮᠵᠢ ᠲᠡᠪᠢᠰᠴᠤ ᠲᠠᠲᠠᠬᠤ᠂ ᠲᠡᠮᠦᠷ ᠵᠠᠮ᠎ᠤᠨ ᠨᠦᠬᠡᠨ ᠵᠠᠮ᠎ᠳᠤ ᠣᠷᠣᠬᠤ ᠪᠤᠶᠤ ᠲᠡᠭᠦᠨ ᠵᠶ᠋ᠠᠷ ᠨᠡᠪᠳᠡᠷᠡᠨ ᠥᠩᠭᠡᠷᠡᠬᠦ᠂ ᠡᠯᠡᠰᠦ ᠮᠠᠯᠲᠠᠬᠤ᠂ ᠰᠢᠷᠣᠶ ᠠᠪᠬᠤ᠂ ᠰᠤᠪᠠᠭ ᠤᠬᠤᠬᠤ᠂ ᠮᠠᠯᠳᠠᠵᠦ ᠨᠦᠬᠡᠯᠡᠬᠦ ᠵᠡᠷᠭᠡ ᠠᠵᠢᠯ᠎ᠤᠳ᠎ᠢ ᠬᠢᠬᠦ;
     (ᠬᠤᠶᠠᠷ) ᠲᠡᠮᠦᠷ ᠵᠠᠮ᠎ᠤᠨ ᠬᠥᠭᠦᠷᠭᠡᠨ ᠳᠣᠣᠷ᠎ᠠ ᠬᠡᠷ ᠪᠠᠷᠢᠯᠭ᠎ᠠ ᠪᠠᠷᠢᠬᠤ᠂ ᠲᠡᠷᠭᠡᠨ᠎ᠤ ᠵᠣᠭᠰᠣᠭ᠋ᠠᠯ ᠪᠠᠶ᠋ᠢᠭᠤᠯᠬᠤ᠂ ᠬᠤᠳᠠᠯᠳᠤᠭ᠋ᠠᠨ᠎ᠤ ᠲᠡᠯᠬᠡᠭᠦᠷ ᠨᠡᠬᠡᠬᠡᠨ ᠡᠷᠬᠢᠯᠡᠬᠦ;
     (ᠭᠤᠷᠪᠠ) ᠮᠠᠯ ᠤᠨᠤᠭ᠎ᠠ ᠬᠠᠰᠢᠶᠠᠯᠠᠨ ᠲᠡᠵᠢᠭᠡᠬᠦ ᠪᠤᠶᠤ ᠪᠡᠯᠴᠢᠬᠡᠷᠯᠡᠬᠦᠯᠦᠨ ᠲᠡᠵᠢᠭᠡᠬᠦ;
     (ᠲᠦᠷᠪᠡ) ᠲᠡᠮᠦᠷ ᠵᠠᠮ᠎ᠤᠨ ᠱᠤᠭᠤᠮ᠎ᠳᠤ ᠬᠠᠶ᠋ᠢᠷ ᠴᠢᠯᠠᠭᠤ᠂ ᠲᠡᠮᠦᠷ ᠬᠠᠳᠠᠭ᠋ᠠᠰᠤ᠂ ᠡᠷᠭᠢ ᠱᠤᠷᠠᠭ ᠵᠡᠷᠭᠡ ᠡᠳᠡᠬᠡᠳ᠎ᠤᠨ ᠶᠠᠭᠤᠮ᠎ᠠ ᠲᠠᠯᠪᠢᠬᠤ;
     (ᠲᠠᠪᠤ) ᠬᠤᠸᠠᠷ ᠫᠤᠤᠵᠢᠩ᠂ ᠨᠡᠭᠦᠷᠡᠰᠦᠨ ᠬᠡᠢ ᠪᠠ ᠰᠢᠲᠠᠮᠠᠬᠠᠶ ᠬᠡᠢ᠂ ᠬᠠᠭᠤᠴᠢᠨ ᠬᠠᠶᠬᠠᠳᠠᠯ ᠲᠡᠷᠬᠡᠨ ᠭᠦᠷᠳᠦ ᠵᠡᠷᠭᠡ ᠨᠣᠴᠣᠮᠠᠲᠠᠭ᠋ᠠᠶ᠂ ᠳᠡᠯᠪᠡᠷᠡᠮᠡᠲᠡᠭᠡᠶ᠂ ᠠᠶᠤᠯ᠎ᠲᠠᠢ᠂ ᠰᠠᠴᠤᠷᠠᠮᠠᠬᠠᠢ ᠴᠢᠨᠠᠷ᠎ᠲᠠᠢ ᠡᠳ᠋ ᠪᠣᠳᠠᠰ᠎ᠢ ᠦᠢ᠍ᠯᠡᠳᠪᠦᠷᠢᠯᠡᠬᠦ᠂ ᠡᠵᠡᠩᠨᠡᠬᠦ᠂ ᠬᠠᠳᠠᠭ᠋ᠠᠯᠠᠬᠤ;
     (ᠵᠢᠷᠭᠤᠭ᠎ᠠ) ᠲᠡᠮᠦᠷ ᠵᠠᠮ᠎ᠤᠨ ᠱᠤᠭᠤᠮ᠎ᠤᠨ ᠬᠠᠮᠠᠭ᠋ᠠᠯᠠᠯᠳᠠ ᠵᠢᠨ ᠪᠡᠯᠡᠳᠬᠡᠮᠵᠢ᠎ᠳᠤ ᠠᠪᠠᠷᠢᠬᠤ᠂ ᠦᠷᠦᠮᠳᠡᠬᠦ ᠪᠠ ᠳᠠᠪᠠᠭ᠍ᠤ᠂ ᠡᠪᠳᠡᠨ ᠰᠦᠢ᠍ᠳᠬᠡᠬᠦ;
     (ᠲᠤᠯᠤᠭ᠎ᠠ) ᠪᠣᠬᠢᠷ ᠪᠣᠳᠠᠰ ᠭᠠᠳᠠᠭᠰᠢᠯᠠᠭᠤᠯᠬᠤ᠂ ᠬᠤᠭ ᠨᠣᠪᠰᠢ ᠬᠠᠶᠠᠵᠦ ᠴᠢᠳᠬᠤᠬᠤ᠂ ᠬᠠᠶᠠᠭᠳᠠᠮᠠᠯ ᠪᠣᠳᠠᠰ ᠪᠤᠶᠤ ᠬᠡᠷᠡᠭᠯᠡᠵᠦ ᠦᠩᠬᠡᠷᠡᠭᠰᠡᠨ ᠬᠠᠶᠬᠠᠳᠠᠯ ᠰᠢᠷᠣᠶ ᠤᠪᠤᠭ᠋ᠠᠯᠠᠬᠤ;
     (ᠨᠠᠢ᠍ᠮᠠ) ᠥᠩᠭᠡᠲᠦ ᠪᠤᠯᠤᠳ ᠵᠡᠷᠭᠡ ᠬᠥᠩᠭᠡᠨ ᠪᠠᠷᠢᠯᠭ᠎ᠠ ᠵᠢᠨ ᠮᠠᠲ᠋ᠧᠷᠢᠶᠠᠯ᠎ᠢ ᠬᠡᠷᠡᠭᠯᠡᠨ ᠬᠡᠷ ᠪᠠᠷᠢᠯᠭ᠎ᠠ ᠪᠠ ᠪᠠᠷᠢᠯᠭ᠎ᠠ ᠵᠢᠨ ᠪᠤᠰᠤᠳ ᠵᠦᠢ᠍ᠯᠡᠰ ᠪᠠᠶ᠋ᠢᠭᠤᠯᠬᠤ᠃
      ᠠᠷᠪᠠᠨ ᠨᠢᠬᠡᠳᠦᠬᠡᠷ ᠵᠦᠢ᠍ᠯ ᠲᠡᠮᠦᠷ ᠵᠠᠮ᠎ᠤᠨ ᠱᠤᠭᠤᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠣᠷᠣᠨ᠎ᠤ ᠲᠤᠳᠤᠷᠠᠬᠢ ᠨᠢᠬᠡᠨᠳᠡ ᠪᠠᠶ᠋ᠢᠭ᠎ᠠ ᠬᠡᠷ ᠪᠠᠷᠢᠯᠭ᠎ᠠ ᠪᠠ ᠪᠠᠷᠢᠯᠭ᠎ᠠ ᠵᠢᠨ ᠪᠤᠰᠤᠳ ᠵᠦᠢ᠍ᠯᠡᠰ᠎ᠨᠢ ᠲᠡᠮᠦᠷ ᠵᠠᠮ᠎ᠤᠨ ᠲᠡᠭᠡᠭᠡᠪᠦᠷᠢ ᠵᠢᠨ ᠠᠮᠤᠷ ᠲᠦᠪᠰᠢᠨ᠎ᠳᠤ ᠠᠶᠤᠯ ᠲᠦᠭᠰᠢᠭᠦᠷᠢ ᠤᠴᠠᠷᠠᠭᠤᠯᠤᠭᠰᠠᠨ ᠪᠠᠶ᠋ᠢᠪᠠᠯ᠂ ᠲᠡᠭᠦᠨ᠎ᠤ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ᠎ᠨᠢ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ᠎ᠤ ᠳᠠᠯᠳᠠ ᠭᠡᠮ᠎ᠢ ᠲᠠᠷᠤᠶ᠋ᠢᠬᠠᠨ ᠠᠷᠢᠯᠭ᠋ᠠᠬᠤ ᠬᠡᠷᠡᠭᠲᠡᠶ᠃ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ᠎ᠨᠢ ᠳᠠᠯᠳᠠ ᠭᠡᠮ᠎ᠢ ᠠᠷᠢᠯᠭ᠋ᠠᠬᠤ ᠵᠢ ᠲᠡᠪᠴᠢᠭᠰᠡᠨ ᠪᠤᠶᠤ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠠᠪᠤᠭᠰᠠᠨ ᠴᠤ᠌ ᠮᠥᠨ ᠯᠡ ᠠᠮᠤᠷ ᠲᠦᠪᠰᠢᠨ᠎ᠢ᠎ᠨᠢ ᠪᠠᠲᠤᠯᠠᠵᠤ ᠴᠢᠳᠠᠬᠤ ᠦᠭᠡᠢ ᠪᠠᠶ᠋ᠢᠪᠠᠯ᠂ ᠬᠠᠤᠯᠢ ᠶᠣᠰᠣᠭ᠋ᠠᠷ ᠨᠤᠷᠠᠭ᠋ᠠᠯᠭ᠋ᠠᠬᠤ ᠬᠡᠷᠡᠭᠳᠡᠢ᠃
      ᠲᠡᠮᠦᠷ ᠵᠠᠮ᠎ᠤᠨ ᠱᠤᠭᠤᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠣᠷᠣᠨ᠎ᠤ ᠲᠤᠳᠤᠷᠠᠬᠢ ᠨᠢᠬᠡᠨᠳᠡ ᠪᠠᠶ᠋ᠢᠭ᠎ᠠ ᠤᠰᠤ ᠬᠠᠩᠭ᠋ᠠᠬᠤ ᠤᠰᠤ ᠵᠠᠯᠠᠬᠤ᠂ ᠰᠢᠳᠠᠮᠠᠬᠠᠢ ᠬᠡᠢ᠂ ᠴᠢᠮᠡᠭᠡ ᠬᠤᠯᠪᠣᠭ᠎ᠠ᠂ ᠴᠠᠬᠢᠯᠭ᠋ᠠᠨ ᠬᠦᠴᠦᠨ᠂ ᠭᠦᠦᠷᠯᠢᠭ ᠰᠤᠪᠠᠭ ᠵᠡᠷᠭᠡ ᠪᠡᠯᠡᠳᠬᠡᠮᠵᠢ ᠵᠢᠨ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ᠎ᠨᠢ ᠡᠳᠦᠷ ᠲᠤᠲᠤᠮ᠎ᠤᠨ ᠪᠠᠶ᠋ᠢᠴᠠᠭ᠋ᠠᠯᠲᠠ ᠬᠠᠮᠠᠭ᠋ᠠᠯᠠᠯᠲᠠ᠎ᠪᠠᠨ ᠴᠢᠩᠭ᠋ᠠᠳᠬᠠᠵᠤ᠂ ᠠᠮᠤᠷ ᠲᠦᠪᠰᠢᠨ᠎ᠤ ᠳᠠᠯᠳᠠ ᠭᠡᠮ᠎ᠢ ᠣᠯᠵᠤ ᠮᠡᠳᠡᠪᠡᠯ ᠲᠠᠷᠤᠢ ᠲᠦᠷᠬᠡᠨ ᠠᠷᠢᠯᠭ᠋ᠠᠬᠤ ᠬᠡᠷᠡᠭᠲᠡᠶ᠃ ᠲᠠᠷᠤᠢ ᠲᠦᠷᠬᠡᠨ ᠠᠷᠢᠯᠭ᠋ᠠᠵᠤ ᠲᠡᠶ᠋ᠢᠯᠬᠦ ᠦᠭᠡᠢ ᠮᠦᠷᠳᠡᠬᠡᠨ ᠲᠡᠮᠦᠷ ᠵᠠᠮ᠎ᠤᠨ ᠠᠮᠤᠷ ᠲᠦᠪᠰᠢᠨ᠎ᠳᠤ ᠠᠶᠤᠯ ᠲᠦᠭᠰᠢᠭᠦᠷᠢ ᠤᠴᠠᠷᠠᠭᠤᠯᠬᠤ ᠪᠤᠯᠤᠮᠵᠢ᠎ᠲᠠᠢ ᠪᠠᠶ᠋ᠢᠪᠠᠯ᠂ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠳᠤ ᠲᠠᠷᠤᠶ᠋ᠢᠬᠠᠨ ᠮᠡᠳᠡᠭᠳᠡᠬᠦ ᠬᠡᠷᠡᠭᠲᠡᠶ᠃
      ᠠᠷᠪᠠᠨ ᠬᠤᠶᠠᠳᠤᠭ᠋ᠠᠷ ᠵᠦᠢ᠍ᠯ ᠲᠡᠮᠦᠷ ᠵᠠᠮ᠎ᠤᠨ ᠦᠢ᠍ᠯᠡᠳᠪᠦᠷᠢᠯᠡᠯ᠎ᠤᠨ ᠪᠡᠯᠡᠳᠬᠡᠮᠵᠢ ᠪᠤᠶᠤ ᠲᠡᠮᠦᠷ ᠵᠠᠮ᠎ᠲᠠᠢ ᠰᠣᠯᠪᠢᠴᠠᠭᠰᠠᠨ ᠬᠤᠲᠠ ᠵᠢᠨ ᠵᠠᠮ᠂ ᠵᠠᠰᠠᠮᠠᠯ ᠵᠠᠮ᠂ ᠬᠤᠭᠤᠯᠠᠶ ᠱᠤᠭᠤᠮ ᠵᠡᠷᠭᠡ ᠤᠯᠠᠨ ᠨᠡᠶ᠋ᠢᠳᠡ ᠵᠢᠨ ᠪᠡᠯᠡᠳᠬᠡᠮᠵᠢ᠎ᠠᠴᠠ ᠭᠠᠳᠠᠨ᠎ᠠ᠂ ᠲᠡᠮᠦᠷ ᠵᠠᠮ᠎ᠤᠨ ᠱᠤᠭᠤᠮ᠎ᠤᠨ ᠵᠠᠮ᠎ᠤᠨ ᠲᠡᠯᠡᠩ᠎ᠤᠨ ᠨᠠᠯᠠᠤ ᠵᠢᠨ ᠢᠷᠤᠭ᠋ᠠᠷ᠂ ᠵᠠᠮ᠎ᠤᠨ ᠰᠤᠪᠠᠭ᠎ᠤᠨ ᠨᠠᠯᠠᠤ ᠵᠢᠨ ᠣᠷᠣᠢ᠂ ᠲᠡᠮᠦᠷ ᠵᠠᠮ᠎ᠤᠨ ᠬᠥᠭᠦᠷᠭᠡ ᠵᠢᠨ ᠭᠠᠳᠠᠷ ᠬᠠᠵᠠᠭᠤ᠎ᠠᠴᠠ ᠡᠬᠢᠯᠡᠨ ᠭᠠᠳ᠋ᠬᠠᠰᠢ ᠲᠣᠰ ᠪᠦᠷᠢ 30 ᠮᠧᠲᠷ᠎ᠤᠨ ᠬᠡᠪᠴᠢᠶᠡᠨ᠎ᠤ ᠳᠣᠲᠣᠷ᠎ᠠ ᠡᠯᠡᠰᠦ ᠮᠠᠯᠲᠠᠵᠤ ᠰᠢᠷᠣᠶ ᠠᠪᠬᠤ ᠪᠤᠶᠤ ᠬᠡᠷ ᠪᠠᠷᠢᠯᠭ᠎ᠠ ᠪᠠ ᠪᠠᠷᠢᠯᠭ᠎ᠠ ᠵᠢᠨ ᠪᠤᠰᠤᠳ ᠵᠦᠢ᠍ᠯᠡᠰ ᠪᠠᠷᠢᠬᠤ ᠵᠡᠷᠭᠡ ᠲᠥᠷᠥᠯ ᠵᠦᠢ᠍ᠯ᠎ᠢ ᠲᠥᠯᠥᠪᠵᠢᠭᠦᠯᠦᠨ ᠬᠢᠨᠠᠨ ᠵᠥᠪᠰᠢᠶᠡᠷᠡᠵᠦ ᠪᠣᠯᠬᠤ ᠦᠭᠡᠢ᠃
      ᠨᠢᠬᠡᠴᠢ ᠪᠤᠶᠤ ᠬᠤᠪᠢ ᠬᠥᠮᠦᠨ ᠲᠡᠮᠦᠷ ᠵᠠᠮ᠎ᠤᠨ ᠱᠤᠭᠤᠮ᠎ᠤᠨ ᠵᠠᠮ᠎ᠤᠨ ᠲᠡᠯᠡᠩ᠎ᠤᠨ ᠨᠠᠯᠠᠤ ᠵᠢᠨ ᠢᠷᠤᠭ᠋ᠠᠷ᠂ ᠵᠠᠮ᠎ᠤᠨ ᠰᠤᠪᠠᠭ᠎ᠤᠨ ᠨᠠᠯᠠᠤ ᠵᠢᠨ ᠣᠷᠣᠢ᠂ ᠲᠡᠮᠦᠷ ᠵᠠᠮ᠎ᠤᠨ ᠬᠥᠭᠦᠷᠭᠡ ᠵᠢᠨ ᠭᠠᠳᠠᠷ ᠬᠠᠵᠠᠭᠤ᠎ᠠᠴᠠ ᠡᠬᠢᠯᠡᠨ ᠲᠣᠰ ᠪᠦᠷᠢ 30 ᠮᠧᠲᠷ᠎ᠤᠨ ᠬᠡᠪᠴᠢᠶᠡᠨ᠎ᠤ ᠳᠣᠲᠣᠷ᠎ᠠ ᠪᠠᠷᠢᠯᠭ᠎ᠠ ᠵᠢᠨ ᠲᠥᠷᠥᠯ ᠵᠦᠢ᠍ᠯ᠎ᠢ ᠨᠡᠭᠡᠭᠡᠨ ᠪᠠᠶ᠋ᠢᠭᠤᠯᠬᠤ ᠬᠡᠪᠡᠯ᠂ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠯᠤᠭ᠎ᠠ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠵᠥᠪᠯᠡᠯᠴᠡᠭᠡᠷ ᠲᠣᠭᠲᠠᠬᠤ ᠬᠡᠷᠡᠭᠲᠡᠶ᠃ ᠠᠮᠤᠷ ᠲᠦᠪᠰᠢᠨ᠎ᠤ ᠬᠠᠮᠠᠭ᠋ᠠᠯᠠᠯᠳᠠ ᠵᠢᠨ ᠠᠷᠭ᠎ᠠ ᠬᠡᠮᠵᠢᠶ᠎ᠡ ᠠᠪᠤᠭᠰᠠᠨ ᠦᠭᠡᠢ ᠪᠠᠶ᠋ᠢᠪᠠᠯ᠂ ᠪᠠᠷᠢᠯᠭ᠎ᠠ ᠵᠢᠨ ᠠᠵᠢᠯ ᠬᠢᠵᠦ ᠪᠣᠯᠬᠤ ᠦᠭᠡᠢ᠃
      ᠠᠷᠪᠠᠨ ᠭᠤᠷᠪᠠᠳᠤᠭ᠋ᠠᠷ ᠵᠦᠢ᠍ᠯ ᠲᠡᠮᠦᠷ ᠵᠠᠮ᠎ᠤᠨ ᠱᠤᠭᠤᠮ᠎ᠤᠨ ᠵᠠᠮ᠎ᠤᠨ ᠲᠡᠯᠡᠩ᠎ᠤᠨ ᠨᠠᠯᠠᠤ ᠵᠢᠨ ᠢᠷᠤᠭ᠋ᠠᠷ᠂ ᠵᠠᠮ᠎ᠤᠨ ᠰᠤᠪᠠᠭ᠎ᠤᠨ ᠨᠠᠯᠠᠤ ᠵᠢᠨ ᠣᠷᠣᠢ᠂ ᠲᠡᠮᠦᠷ ᠵᠠᠮ᠎ᠤᠨ ᠬᠥᠭᠦᠷᠭᠡ ᠵᠢᠨ ᠭᠠᠳᠠᠷ ᠬᠠᠵᠠᠭᠤ᠎ᠠᠴᠠ ᠡᠬᠢᠯᠡᠨ ᠲᠣᠰ ᠪᠦᠷᠢ 50 ᠮᠧᠲᠷ᠎ᠤᠨ ᠬᠡᠪᠴᠢᠶᠡᠨ᠎ᠤ ᠳᠣᠲᠣᠷ᠎ᠠ᠂ ᠲᠠᠮᠠᠬᠢᠨ ᠤᠵᠠᠭᠤᠷ ᠬᠠᠶᠠᠵᠦ ᠰᠢᠳᠡᠬᠦ᠂ ᠬᠤᠸᠠᠷ ᠫᠤᠤᠵᠢᠩ ᠲᠠᠯᠪᠢᠬᠤ ᠪᠠ ᠡᠰᠢ ᠰᠦᠷᠡᠯ᠂ ᠬᠡᠬᠡᠷ᠎ᠡ ᠵᠢᠨ ᠡᠪᠡᠰᠦ᠂ ᠬᠤᠶ᠋ᠢᠯᠭ᠎ᠠ ᠵᠢᠨ ᠴᠠᠭ᠋ᠠᠰᠤᠨ ᠵᠣᠭᠤᠰ᠂ ᠬᠤᠭ ᠨᠣᠪᠰᠢ ᠵᠡᠷᠭᠡ ᠰᠢᠳᠠᠮᠠᠬᠠᠢ ᠪᠣᠳᠠᠰ ᠰᠢᠲᠠᠭ᠋ᠠᠬᠤ ᠵᠢ ᠴᠠᠭ᠋ᠠᠵᠠᠯᠠᠨ᠎ᠠ᠃
      ᠠᠷᠪᠠᠨ ᠲᠦᠷᠪᠡᠳᠦᠬᠡᠷ ᠵᠦᠢ᠍ᠯ ᠲᠡᠮᠦᠷ ᠵᠠᠮ᠎ᠤᠨ ᠱᠤᠭᠤᠮ᠎ᠤᠨ ᠵᠠᠮ᠎ᠤᠨ ᠲᠡᠯᠡᠩ᠎ᠤᠨ ᠨᠠᠯᠠᠤ ᠵᠢᠨ ᠢᠷᠤᠭ᠋ᠠᠷ᠂ ᠵᠠᠮ᠎ᠤᠨ ᠰᠤᠪᠠᠭ᠎ᠤᠨ ᠨᠠᠯᠠᠤ ᠵᠢᠨ ᠣᠷᠣᠢ᠂ ᠲᠡᠮᠦᠷ ᠵᠠᠮ᠎ᠤᠨ ᠬᠥᠭᠦᠷᠭᠡ ᠵᠢᠨ ᠭᠠᠳᠠᠷ ᠬᠠᠵᠠᠭᠤ᠎ᠠᠴᠠ ᠡᠬᠢᠯᠡᠨ ᠭᠠᠳ᠋ᠬᠠᠰᠢ ᠲᠣᠰ ᠪᠦᠷᠢ 200 ᠮᠧᠲᠷ᠎ᠤᠨ ᠬᠡᠪᠴᠢᠶᠡᠨ᠎ᠤ ᠳᠣᠲᠣᠷ᠎ᠠ ᠥᠩᠭᠡᠲᠦ ᠪᠣᠯᠣᠳ ᠸᠠᠭ᠋ᠠᠷ᠂ ᠥᠩᠭᠡᠲᠦ ᠪᠣᠯᠣᠳ ᠬᠠᠪᠲᠠᠰᠤ ᠵᠡᠷᠭᠡ ᠬᠥᠩᠭᠡᠨ ᠮᠠᠲ᠋ᠧᠷᠢᠶᠠᠯ᠎ᠤᠳ᠎ᠢ ᠵᠠᠳᠠᠭ᠋ᠠᠢ ᠤᠪᠤᠭ᠋ᠠᠯᠠᠨ ᠲᠠᠯᠪᠢᠵᠦ ᠪᠣᠯᠬᠤ ᠦᠭᠡᠢ᠃
      ᠲᠡᠮᠦᠷ ᠵᠠᠮ᠎ᠤᠨ ᠱᠤᠭᠤᠮ᠎ᠤᠨ ᠵᠠᠮ᠎ᠤᠨ ᠲᠡᠯᠡᠩ᠎ᠤᠨ ᠨᠠᠯᠠᠤ ᠵᠢᠨ ᠢᠷᠤᠭ᠋ᠠᠷ᠂ ᠵᠠᠮ᠎ᠤᠨ ᠰᠤᠪᠠᠭ᠎ᠤᠨ ᠨᠠᠯᠠᠤ ᠵᠢᠨ ᠣᠷᠣᠢ᠂ ᠲᠡᠮᠦᠷ ᠵᠠᠮ᠎ᠤᠨ ᠬᠥᠭᠦᠷᠭᠡ ᠵᠢᠨ ᠭᠠᠳᠠᠷ ᠬᠠᠵᠠᠭᠤ᠎ᠠᠴᠠ ᠡᠬᠢᠯᠡᠨ ᠲᠣᠰ ᠪᠦᠷᠢ 200 ᠮᠧᠲᠷ᠎ᠤᠨ ᠬᠡᠪᠴᠢᠶᠡᠨ ᠲᠤᠳᠤᠷᠠᠬᠢ ᠥᠩᠭᠡᠲᠦ ᠪᠤᠯᠤᠳ ᠭᠡᠷ ᠪᠠᠶ᠋ᠢᠰᠢᠩ᠂ ᠥᠩᠭᠡᠲᠦ ᠪᠤᠯᠤᠳ ᠳᠡᠭᠡᠪᠦᠷ᠎ᠲᠠᠢ ᠪᠤᠶᠤ ᠬᠥᠩᠭᠡᠨ ᠮᠠᠲ᠋ᠧᠷᠢᠶᠠᠯ ᠵᠶ᠋ᠠᠷ ᠪᠠᠷᠢᠭᠰᠠᠨ ᠬᠡᠷ ᠪᠠᠷᠢᠯᠭ᠎ᠠ ᠪᠠ ᠪᠠᠷᠢᠯᠭ᠎ᠠ ᠵᠢᠨ ᠪᠤᠰᠤᠳ ᠵᠦᠢ᠍ᠯᠡᠰ ᠵᠢᠴᠢ ᠲᠣᠭᠤᠰᠣ ᠬᠤᠷᠢᠨᠨᠯᠠᠬᠤ ᠲᠣᠤᠷ᠂ ᠵᠠᠷ ᠮᠡᠳᠡᠭᠡ ᠵᠢᠨ ᠫᠠᠶ᠋ᠢᠰᠠ ᠢᠯᠡᠷᠬᠡᠶ᠋ᠢᠯᠡᠯ᠂ ᠳ᠋ᠧᠩ᠎ᠤᠨ ᠬᠠᠶ᠋ᠢᠷᠴᠠᠭ᠂ ᠰᠦᠯᠢᠶᠣᠣ ᠭᠦᠯᠡᠮᠵᠢ᠂ ᠲᠠᠷᠢᠶᠠᠯᠠᠩ᠎ᠳᠤ ᠬᠡᠷᠡᠭᠯᠡᠬᠦ ᠨᠢᠮᠬᠡᠨ ᠪᠦᠷᠭᠦᠭᠦᠯ ᠵᠡᠷᠭᠡ ᠵᠢᠨ ᠦᠮᠴᠢᠯᠡᠬᠦ ᠡᠷᠬᠡᠳᠦ ᠬᠥᠮᠦᠨ ᠪᠤᠶᠤ ᠬᠠᠮᠢᠶᠠᠷᠤᠭᠴᠢ᠎ᠨᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠡᠮᠦᠷ ᠵᠠᠮ᠎ᠤᠨ ᠲᠡᠭᠡᠭᠡᠪᠦᠷᠢ ᠵᠢᠨ ᠠᠮᠤᠷ ᠲᠦᠪᠰᠢᠨ᠎ᠤ ᠳᠠᠯᠳᠠ ᠭᠡᠮ᠎ᠢ ᠠᠷᠢᠯᠭ᠋ᠠᠬᠤ ᠬᠡᠷᠡᠭᠲᠡᠶ᠃ ᠲᠡᠮᠦᠷ ᠵᠠᠮ᠎ᠤᠨ ᠠᠮᠤᠷ ᠲᠦᠪᠰᠢᠨ᠎ᠤ ᠡ᠊ᠨᠳᠡᠯ ᠭᠠᠷᠭ᠋ᠠᠭᠰᠠᠨ ᠪᠠᠶ᠋ᠢᠪᠠᠯ᠂ ᠲᠡᠭᠦᠨ᠎ᠤ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ᠎ᠨᠢ ᠬᠠᠤᠯᠢ ᠶᠣᠰᠣᠭ᠋ᠠᠷ ᠲᠥᠯᠥᠪᠦᠷᠢ ᠥᠭᠬᠦ ᠬᠡᠷᠡᠭᠲᠡᠶ᠃
      ᠠᠷᠪᠠᠨ ᠲᠠᠪᠤᠳᠤᠭ᠋ᠠᠷ ᠵᠦᠢ᠍ᠯ ᠲᠡᠮᠦᠷ ᠵᠠᠮ᠎ᠤᠨ ᠱᠤᠭᠤᠮ᠎ᠤᠨ ᠵᠠᠮ᠎ᠤᠨ ᠲᠡᠯᠡᠩ᠎ᠤᠨ ᠨᠠᠯᠠᠤ ᠵᠢᠨ ᠢᠷᠤᠭ᠋ᠠᠷ᠂ ᠵᠠᠮ᠎ᠤᠨ ᠰᠤᠪᠠᠭ᠎ᠤᠨ ᠨᠠᠯᠠᠤ ᠵᠢᠨ ᠣᠷᠣᠢ᠂ ᠲᠡᠮᠦᠷ ᠵᠠᠮ᠎ᠤᠨ ᠬᠥᠭᠦᠷᠭᠡ ᠵᠢᠨ ᠭᠠᠳᠠᠷ ᠬᠠᠵᠠᠭᠤ᠎ᠠᠴᠠ ᠡᠬᠢᠯᠡᠨ ᠲᠣᠰ ᠪᠦᠷᠢ 500 ᠮᠧᠲᠷ᠎ᠤᠨ ᠬᠡᠪᠴᠢᠶᠡᠨ᠎ᠤ ᠳᠣᠲᠣᠷ᠎ᠠ᠂ ᠵᠢᠯᠣᠭᠤᠴᠢ ᠦᠭᠡᠢ ᠨᠢᠰᠬᠡᠯ᠂ ᠴᠠᠭ᠋ᠠᠰᠤᠨ ᠰᠢᠪᠠᠭᠤ᠂ ᠲᠡᠭᠳᠡᠭᠦᠷ ᠳ᠋ᠧᠩᠯᠤ ᠵᠡᠷᠭᠡ ᠳᠣᠤᠭᠤᠷ ᠨᠢᠰᠬᠦ ᠵᠦᠢ᠍ᠯᠡᠰ᠎ᠤᠳ᠎ᠢ ᠳᠤᠷ᠎ᠠ᠎ᠪᠠᠷ ᠵᠶ᠋ᠠᠨ ᠲᠡᠭᠳᠡᠬᠡᠨ ᠨᠢᠰᠦᠭᠦᠯᠬᠦ ᠵᠢ ᠴᠠᠭ᠋ᠠᠵᠠᠯᠠᠬᠤ ᠬᠡᠷᠡᠭᠳᠡᠢ᠃
      ᠠᠷᠪᠠᠨ ᠵᠢᠷᠭᠤᠳᠤᠭ᠋ᠠᠷ ᠵᠦᠢ᠍ᠯ ᠲᠡᠮᠦᠷ ᠵᠠᠮ ᠳᠠᠭ᠋ᠠᠤ ᠵᠢᠨ ᠲᠡᠬᠡᠳᠦ ᠤᠷᠤᠰᠬᠠᠯ᠎ᠤᠨ ᠤᠰᠤᠨ ᠴᠥᠭᠦᠷᠥᠮ᠎ᠤᠨ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ᠎ᠨᠢ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠯᠤᠭ᠎ᠠ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠵᠦᠪᠯᠡᠯᠴᠡᠬᠡᠷ ᠲᠣᠭᠲᠠᠬᠤ ᠬᠡᠷᠡᠭᠲᠡᠶ᠂ ᠬᠠᠰᠢᠯᠭ᠎ᠠ ᠨᠡᠭᠡᠭᠡᠵᠦ ᠤᠰᠤ ᠲᠠᠯᠪᠢᠬᠤ᠂ ᠤᠰᠤᠨ ᠴᠥᠭᠦᠷᠥᠮ᠎ᠤᠨ ᠦᠶᠡᠷ᠎ᠢ ᠵᠠᠯᠠᠬᠤ ᠪᠤᠶᠤ ᠤᠰᠤᠨ ᠴᠥᠭᠦᠷᠥᠮ᠎ᠤᠨ ᠦᠶᠡᠷ᠎ᠢ ᠰᠡᠷᠭᠡᠶ᠋ᠢᠯᠡᠬᠦ ᠬᠢᠵᠠᠭ᠋ᠠᠷᠯᠠᠯ᠎ᠤᠨ ᠤᠰᠤᠨ ᠲᠦᠪᠰᠢᠨ᠎ᠳᠤ ᠬᠦᠷᠬᠦ ᠵᠡᠷᠭᠡ ᠪᠠᠶ᠋ᠢᠳᠠᠯ ᠲᠤᠯᠭ᠋ᠠᠷᠠᠪᠠᠯ᠂ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠳᠤ ᠤᠷᠢᠳᠴᠢᠯᠠᠨ ᠮᠡᠳᠡᠭᠳᠡᠬᠦ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ ᠲᠡᠮᠦᠷ ᠵᠠᠮ᠎ᠢ ᠪᠦᠲᠦᠭᠡᠨ ᠪᠠᠶ᠋ᠢᠭᠤᠯᠬᠤ᠂ ᠪᠠᠷᠢᠯᠭ᠎ᠠ ᠪᠠᠷᠢᠬᠤ᠂ ᠲᠣᠨᠤᠭ ᠲᠥᠬᠦᠭᠡᠷᠦᠮᠵᠢ ᠵᠢ ᠬᠠᠮᠠᠭ᠋ᠠᠯᠠᠨ ᠬᠠᠮᠢᠶᠠᠷᠬᠤ ᠨᠢᠭᠡᠴᠢ᠎ᠨᠢ ᠲᠡᠮᠦᠷ ᠵᠠᠮ᠎ᠤᠨ ᠪᠠᠷᠢᠯᠭ᠎ᠠ ᠪᠠᠷᠢᠬᠤ᠂ ᠰᠡᠯᠪᠢᠨ ᠵᠠᠰᠠᠬᠤ ᠠᠵᠢᠯ ᠬᠢᠬᠦ ᠪᠤᠶᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠎ᠳᠤ᠂ ᠲᠠᠷᠢᠶᠠᠯᠠᠬᠤ ᠤᠷᠤᠨ᠂ ᠮᠠᠯᠵᠢᠬᠤ ᠣᠷᠣᠨ᠎ᠤ ᠵᠠᠮ ᠵᠶ᠋ᠠᠷ ᠥᠩᠭᠡᠷᠡᠬᠦ ᠴᠢᠬᠤᠯᠠᠲᠠᠶ ᠪᠠᠶ᠋ᠢᠪᠠᠯ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠵᠠᠮ ᠬᠠᠰᠢᠵᠤ᠂ ᠬᠤᠷᠢᠭ᠎ᠠ ᠲᠠᠯᠪᠢᠵᠤ᠂ ᠰᠦᠢ᠍ᠳᠬᠡᠯ ᠬᠤᠷᠢᠶᠠᠵᠤ ᠪᠣᠯᠬᠤ ᠦᠭᠡᠢ᠃
      ᠠᠷᠪᠠᠨ ᠨᠠᠢ᠍ᠮᠠᠳᠤᠭ᠋ᠠᠷ ᠵᠦᠢ᠍ᠯ ᠶᠠᠮᠠᠷᠪᠠ ᠨᠢᠭᠡᠴᠢ ᠪᠤᠶᠤ ᠬᠤᠪᠢ ᠬᠥᠮᠦᠨ ᠬᠠᠤᠯᠢ ᠶᠣᠰᠣᠭ᠋ᠠᠷ ᠵᠠᠭ᠋ᠠᠭᠯᠠᠨ ᠲᠣᠭᠲᠠᠭ᠋ᠠᠭᠰᠠᠨ ᠴᠠᠬᠢᠯᠭ᠋ᠠᠨ ᠬᠦᠴᠦᠨ᠎ᠤ ᠬᠡᠯᠬᠢᠶᠡᠨ᠎ᠤ ᠱᠤᠭᠤᠮ᠎ᠤᠨ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠬᠡᠷ ᠪᠠᠷᠢᠯᠭ᠎ᠠ ᠪᠠ ᠪᠠᠷᠢᠯᠭ᠎ᠠ ᠵᠢᠨ ᠪᠤᠰᠤᠳ ᠵᠦᠢ᠍ᠯᠡᠰ ᠪᠤᠶᠤ ᠲᠠᠷᠢᠶᠠᠯᠠᠩ ᠣᠢ ᠰᠢᠭᠤᠶ ᠵᠢᠨ ᠲᠠᠷᠢᠮᠠᠯ ᠲᠠᠷᠢᠬᠤ᠂ ᠶᠠᠭᠤᠮ᠎ᠠ ᠬᠡᠤᠮ᠎ᠠ ᠤᠪᠤᠭ᠋ᠠᠯᠠᠨ ᠲᠠᠯᠪᠢᠬᠤ ᠵᠡᠷᠭᠡ ᠲᠡᠮᠦᠷ ᠵᠠᠮ᠎ᠤᠨ ᠠᠮᠤᠷ ᠲᠦᠪᠰᠢᠨ᠎ᠳᠤ ᠠᠶᠤᠯ ᠲᠦᠭᠰᠢᠬᠦᠷᠢ ᠤᠴᠠᠷᠠᠭᠤᠯᠬᠤ ᠪᠤᠯᠤᠮᠵᠢᠳᠠᠢ ᠦᠢ᠍ᠯᠡ ᠠᠵᠢᠯᠯᠠᠭ᠎ᠠ ᠵᠢ ᠬᠢᠵᠦ ᠪᠣᠯᠬᠤ ᠦᠭᠡᠢ᠃
      ᠠᠷᠪᠠ ᠶᠢᠰᠦᠳᠦᠬᠡᠷ ᠵᠦᠢ᠍ᠯ ᠲᠡᠬᠡᠳᠦ ᠬᠤᠷᠳᠤ ᠵᠢᠨ ᠲᠡᠮᠦᠷ ᠵᠠᠮ᠎ᠤᠨ ᠱᠤᠭᠤᠮ᠎ᠤᠨ ᠬᠤᠶᠠᠷ ᠬᠠᠵᠠᠭᠤ᠎ᠠᠴᠠ 100 ᠮᠧᠲᠷ᠎ᠤᠨ ᠭᠦᠷᠢᠶ᠎ᠡ ᠬᠡᠪᠴᠢᠶᠡᠨ᠎ᠤ ᠲᠤᠳᠤᠷ᠎ᠠ ᠪᠤᠯ ᠲᠡᠬᠡᠳᠦ ᠬᠤᠷᠳᠤ ᠵᠢᠨ ᠲᠡᠮᠦᠷ ᠵᠠᠮ᠎ᠤᠨ ᠪᠠᠷᠢᠯᠭ᠎ᠠ ᠵᠢᠨ ᠠᠮᠤᠷ ᠲᠦᠪᠰᠢᠨ᠎ᠤ ᠡᠵᠡᠮᠳᠡᠬᠦ ᠲᠤᠭᠤᠷᠢᠭ ᠪᠣᠯᠤᠨ᠎ᠠ᠃ ᠡᠵᠡᠮᠳᠡᠬᠦ ᠣᠷᠣᠨ᠎ᠤ ᠳᠣᠲᠣᠷᠠᠬᠢ ᠬᠡᠷ ᠪᠠᠷᠢᠯᠭ᠎ᠠ ᠪᠠ ᠪᠠᠷᠢᠯᠭ᠎ᠠ ᠵᠢᠨ ᠪᠤᠰᠤᠳ ᠵᠦᠢ᠍ᠯᠡᠰ᠎ᠨᠢ ᠲᠡᠮᠦᠷ ᠵᠠᠮ᠎ᠤᠨ ᠠᠮᠤᠷ ᠲᠦᠪᠰᠢᠨ᠎ᠢ ᠨᠥᠯᠥᠭᠡᠯᠡᠭᠰᠡᠨ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠤᠯᠢ ᠶᠣᠰᠣᠭ᠋ᠠᠷ ᠨᠤᠷᠠᠭ᠋ᠠᠬᠤ ᠪᠤᠶᠤ ᠴᠡᠭᠴᠡᠯᠡᠨ ᠵᠠᠰᠠᠬᠤ ᠬᠡᠷᠡᠭᠲᠡᠶ᠃
      ᠬᠤᠷᠢᠳᠤᠭ᠋ᠠᠷ ᠵᠦᠢ᠍ᠯ ᠲᠡᠬᠡᠳᠦ ᠬᠤᠷᠳᠤ ᠵᠢᠨ ᠲᠡᠮᠦᠷ ᠵᠠᠮ᠎ᠤᠨ ᠱᠤᠭᠤᠮ᠎ᠤᠨ ᠵᠠᠮ᠎ᠤᠨ ᠲᠡᠯᠡᠩ᠎ᠤᠨ ᠨᠠᠯᠠᠤ ᠵᠢᠨ ᠢᠷᠤᠭ᠋ᠠᠷ᠂ ᠵᠠᠮ᠎ᠤᠨ ᠰᠤᠪᠠᠭ᠎ᠤᠨ ᠨᠠᠯᠠᠤ ᠵᠢᠨ ᠣᠷᠣᠢ᠂ ᠲᠡᠮᠦᠷ ᠵᠠᠮ᠎ᠤᠨ ᠬᠥᠭᠦᠷᠭᠡ ᠵᠢᠨ ᠭᠠᠳᠠᠷ ᠬᠠᠵᠠᠭᠤ᠎ᠠᠴᠠ ᠡᠬᠢᠯᠡᠨ ᠲᠣᠰ ᠪᠦᠷᠢ 200 ᠮᠧᠲᠷ᠎ᠤᠨ ᠬᠡᠪᠴᠢᠶᠡᠨ᠎ᠤ ᠳᠣᠲᠣᠷ᠎ᠠ ᠭᠠᠵᠠᠷ ᠳᠣᠤᠷᠠᠬᠢ ᠤᠰᠤ ᠵᠢ ᠲᠠᠳᠠᠨ ᠠᠪᠬᠤ ᠵᠢ ᠴᠠᠭ᠋ᠠᠵᠠᠯᠠᠬᠤ ᠬᠡᠷᠡᠭᠳᠡᠢ᠃
      ᠦᠬᠡᠷᠡᠴᠢᠯᠡᠵᠦ ᠲᠡᠰ ᠲᠡᠪᠰᠢᠬᠦᠯᠦᠬᠡᠳ ᠠᠶᠠᠯᠠᠯ᠎ᠤᠨ ᠬᠤᠷᠳᠤᠴᠠ ᠵᠢ᠎ᠨᠢ 200 ᠺᠢᠯᠣᠮᠧᠲᠷ᠎ᠠᠴᠠ ᠳᠡᠭᠡᠭᠰᠢ ᠪᠤᠯᠭ᠋ᠠᠨᠨᠰᠠᠨ ᠠᠶᠠᠨᠴᠢᠳ᠎ᠤᠨ ᠲᠡᠭᠡᠭᠡᠪᠦᠷᠢ ᠵᠢᠨ ᠲᠤᠰᠬᠠᠶ ᠱᠤᠭᠤᠮ᠎ᠤᠨ ᠵᠠᠮ᠎ᠤᠨ ᠲᠡᠯᠡᠩ᠎ᠤᠨ ᠨᠠᠯᠠᠤ ᠵᠢᠨ ᠢᠷᠤᠭ᠋ᠠᠷ᠂ ᠵᠠᠮ᠎ᠤᠨ ᠰᠤᠪᠠᠭ᠎ᠤᠨ ᠨᠠᠯᠠᠤ ᠵᠢᠨ ᠣᠷᠣᠢ᠂ ᠲᠡᠮᠦᠷ ᠵᠠᠮ᠎ᠤᠨ ᠬᠥᠭᠦᠷᠭᠡ ᠵᠢᠨ ᠭᠠᠳᠠᠷ ᠬᠠᠵᠠᠭᠤ᠎ᠠᠴᠠ ᠡᠬᠢᠯᠡᠨ ᠲᠣᠰ ᠪᠦᠷᠢ 200 ᠮᠧᠲᠷ᠎ᠤᠨ ᠬᠡᠪᠴᠢᠶᠡᠨ᠎ᠤ ᠳᠣᠲᠣᠷ᠎ᠠ ᠰᠢᠨ᠎ᠡ᠎ᠪᠠᠷ ᠤᠰᠤᠨ ᠬᠤᠳᠳᠤᠭ ᠮᠠᠯᠳᠠᠬᠤ ᠵᠢ ᠴᠠᠭ᠋ᠠᠵᠠᠯᠠᠨ᠎ᠠ᠃ ᠨᠢᠭᠡᠨᠲᠡ ᠮᠠᠯᠳ᠋ᠬᠠᠰᠠᠨ ᠤᠰᠤᠨ ᠬᠤᠳᠳᠤᠭ᠎ᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠰᠢᠯᠭ᠋ᠠᠨ ᠪᠠᠶ᠋ᠢᠴᠠᠭ᠋ᠠᠭ᠋ᠠᠳ ᠲᠡᠮᠦᠷ ᠵᠠᠮ᠎ᠤᠨ ᠠᠮᠤᠷ ᠲᠦᠪᠰᠢᠨ᠎ᠢ ᠨᠥᠯᠥᠭᠡᠯᠡᠭᠰᠡᠨ ᠪᠠᠶ᠋ᠢᠪᠠᠯ ᠪᠦᠭᠯᠡᠵᠦ ᠬᠠᠶᠠᠬᠤ ᠬᠡᠷᠡᠭᠲᠡᠶ᠃
      ᠬᠤᠷᠢᠨ ᠨᠢᠭᠡᠳᠦᠭᠡᠷ ᠵᠦᠢ᠍ᠯ ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠬᠡᠷᠡᠭᠴᠡᠭᠡ᠎ᠠᠴᠠ ᠪᠣᠯᠵᠤ᠂ ᠰᠢᠨ᠎ᠡ᠎ᠪᠠᠷ ᠪᠠᠶ᠋ᠢᠭᠤᠯᠤᠭᠰᠠᠨ᠂ ᠥᠭᠡᠷᠡᠴᠢᠯᠡᠨ ᠪᠠᠶ᠋ᠢᠭᠤᠯᠤᠭᠰᠠᠨ᠂ ᠨᠡᠮᠡᠵᠦ ᠪᠠᠶ᠋ᠢᠭᠤᠯᠬᠤ ᠵᠠᠰᠠᠮᠠᠯ ᠵᠠᠮ᠂ ᠬᠥᠭᠦᠷᠭᠡ᠂ ᠭᠤᠯᠳᠤᠩ ᠵᠢᠴᠢ ᠲᠡᠭᠦᠨ᠎ᠤ ᠳᠠᠭ᠋ᠠᠯᠲᠠ ᠪᠡᠯᠡᠳᠬᠡᠮᠵᠢ ᠵᠢ ᠪᠤᠯ ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠨᠢᠭᠡᠴᠢ ᠪᠤᠶᠤ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠳᠤᠷᠠᠯᠴᠠᠵᠦ ᠰᠢᠯᠭ᠋ᠠᠨ ᠠᠪᠴᠤ ᠬᠢᠷᠢ ᠲᠡᠩᠴᠡᠭᠰᠡᠨ᠎ᠤ ᠳᠠᠷᠠᠭ᠎ᠠ ᠬᠤᠯᠪᠣᠭᠳᠠᠯ ᠪᠦᠬᠦᠢ ᠲᠣᠭᠲᠠᠭ᠋ᠠᠯ ᠪᠠ ᠵᠦᠪᠯᠡᠯᠴᠡᠬᠡᠷ ᠶᠣᠰᠣᠭ᠋ᠠᠷ ᠬᠠᠮᠢᠶ᠎ᠠ ᠪᠦᠬᠦᠢ ᠨᠢᠭᠡᠴᠢ᠎ᠳᠤ ᠰᠢᠯᠵᠢᠭᠦᠯᠦᠨ ᠲᠤᠰᠢᠶᠠᠬᠤ ᠬᠡᠷᠡᠭᠲᠡᠶ᠃
      ᠬᠠᠮᠢᠶ᠎ᠠ ᠪᠦᠬᠦᠢ ᠨᠢᠬᠡᠴᠢ᠎ᠨᠢ ᠬᠦᠯᠢᠶᠡᠨ ᠠᠪᠬᠤ ᠵᠢ ᠲᠡᠪᠴᠢᠭᠰᠡᠨ ᠪᠤᠶᠤ ᠬᠦᠯᠢᠶᠡᠨ ᠠᠪᠬᠤ ᠨᠢᠬᠡᠴᠢ ᠦᠭᠡᠢ ᠪᠠᠶ᠋ᠢᠪᠠᠯ᠂ ᠪᠠᠶ᠋ᠢᠭ᠎ᠠ ᠭᠠᠵᠠᠷ᠎ᠤᠨ᠎ᠬᠢᠨ᠎ᠤ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠰᠶ᠋ᠢᠳᠪᠦᠷᠢᠯᠡᠬᠦ ᠬᠡᠷᠡᠭᠲᠡᠶ᠃
      ᠬᠤᠷᠢᠨ ᠬᠤᠶᠠᠳᠤᠭ᠋ᠠᠷ ᠵᠦᠢ᠍ᠯ ᠵᠠᠮ ᠱᠤᠭᠤᠮ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠵᠠᠮ ᠱᠤᠭᠤᠮ᠎ᠤᠨ ᠡᠵᠡᠩᠨᠡᠯᠳᠡ ᠵᠢᠨ ᠠᠵᠤ ᠠᠬᠤᠶ᠋ᠢᠯᠠᠯ᠎ᠨᠢ ᠵᠠᠮ ᠱᠤᠭᠤᠮ ᠪᠠ ᠲᠡᠮᠦᠷ ᠵᠠᠮ᠎ᠲᠠᠢ ᠵᠡᠷᠬᠡᠴᠡᠬᠦᠯᠵᠦ ᠲᠡᠪᠢᠰᠦᠭᠰᠡᠨ ᠵᠠᠮ᠎ᠤᠨ ᠬᠡᠰᠡᠭ᠂ ᠲᠡᠮᠦᠷ ᠵᠠᠮ᠎ᠤᠨ ᠭᠦᠭᠦᠷᠬᠡᠨ ᠲᠤᠤᠭᠤᠷ ᠦᠩᠬᠡᠷᠡᠬᠦ ᠵᠠᠮ᠂ ᠲᠡᠮᠦᠷ ᠵᠠᠮ᠎ᠤᠨ ᠱᠤᠭᠤᠮ᠎ᠤᠨ ᠲᠡᠬᠡᠭᠦᠷ ᠦᠩᠬᠡᠷᠡᠬᠦ ᠵᠠᠮᠳᠤ ᠭᠦᠭᠦᠷᠬᠡᠨ᠎ᠳᠤ ᠪᠠᠷᠢᠮᠵᠢᠶ᠎ᠠ ᠶᠣᠰᠣᠭ᠋ᠠᠷ ᠠᠮᠤᠷ ᠲᠦᠪᠰᠢᠨ᠎ᠤ ᠲᠤᠰᠠᠭ᠋ᠠᠷᠯᠠᠬᠤ ᠪᠡᠯᠡᠳᠬᠡᠮᠵᠢ᠂ ᠰᠡᠷᠭᠡᠶ᠋ᠢᠯᠡᠨ ᠬᠠᠮᠠᠭ᠋ᠠᠯᠠᠬᠤ ᠪᠡᠯᠡᠳᠬᠡᠮᠵᠢ᠂ ᠰᠡᠷᠡᠮᠵᠢᠯᠡᠭᠦᠯᠬᠦ ᠲᠡᠮᠳᠡᠭ ᠵᠢᠴᠢ ᠪᠤᠰᠤᠳ ᠳᠠᠭ᠋ᠠᠯᠲᠠ ᠲᠦᠭᠦᠬᠡᠷᠦᠮᠵᠢ ᠪᠠᠶ᠋ᠢᠷᠢᠯᠠᠭᠤᠯᠵᠦ᠂ ᠬᠠᠮᠳᠤ᠎ᠳᠤ᠎ᠨᠢ ᠡᠳᠦᠷ ᠲᠤᠲᠤᠮ᠎ᠤᠨ ᠬᠠᠮᠠᠭ᠋ᠠᠯᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠡᠮᠦᠷ ᠵᠠᠮ᠎ᠤᠨ ᠲᠡᠭᠡᠭᠡᠪᠦᠷᠢ ᠵᠢᠨ ᠠᠮᠤᠷ ᠲᠦᠪᠰᠢᠨ᠎ᠳᠤ ᠠᠶᠤᠯ ᠲᠦᠭᠰᠢᠭᠦᠷᠢ ᠤᠴᠠᠷᠠᠭᠤᠯᠵᠦ ᠮᠡᠳᠡᠬᠦ ᠳᠠᠯᠳᠠ ᠭᠡᠮ᠎ᠢ ᠴᠠᠭ ᠲᠤᠬᠠᠶ᠎ᠳᠤ᠎ᠨᠢ ᠠᠷᠢᠯᠭ᠋ᠠᠬᠤ ᠬᠡᠷᠡᠭᠲᠡᠶ᠃
      ᠲᠡᠮᠦᠷ ᠵᠠᠮ᠎ᠲᠠᠢ ᠵᠡᠷᠬᠡᠴᠡᠭᠦᠯᠵᠦ ᠲᠡᠪᠢᠰᠦᠭᠰᠡᠨ ᠵᠠᠮ ᠱᠤᠭᠤᠮ᠂ ᠲᠡᠮᠦᠷ ᠵᠠᠮ᠎ᠤᠨ ᠭᠦᠭᠦᠷᠬᠡᠨ ᠲᠤᠤᠭᠤᠷ ᠲᠡᠪᠢᠰᠦᠭᠰᠡᠨ ᠵᠠᠮ᠂ ᠲᠡᠮᠦᠷ ᠵᠠᠮ᠎ᠤᠨ ᠲᠡᠬᠡᠭᠦᠷ ᠦᠩᠬᠡᠷᠡᠬᠦ ᠵᠠᠮᠳᠤ ᠭᠦᠭᠦᠷᠬᠡ ᠵᠢᠨ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ᠎ᠨᠢ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠯᠤᠭ᠎ᠠ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠵᠥᠪᠯᠡᠯᠴᠡᠭᠡᠷ ᠲᠣᠭᠲᠠᠵᠤ᠂ ᠠᠷᠠᠴᠢᠯᠠᠨ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠬᠤᠷᠢᠨ ᠭᠤᠷᠪᠠᠳᠤᠭ᠋ᠠᠷ ᠵᠦᠢ᠍ᠯ ᠲᠡᠮᠦᠷ ᠵᠠᠮ᠎ᠤᠨ ᠱᠤᠭᠤᠮ᠎ᠤᠨ ᠬᠤᠶᠠᠷ ᠬᠠᠵᠠᠭᠤ ᠵᠢᠨ ᠠᠷᠠᠩᠭ᠎ᠠ᠂ ᠬᠤᠯᠠᠩ᠂ ᠤᠢ ᠮᠤᠳᠤᠨ᠎ᠤ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ᠎ᠨᠢ ᠠᠮᠤᠷ ᠲᠦᠪᠰᠢᠨ᠎ᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ᠂ ᠠᠷᠠᠩᠭ᠎ᠠ᠂ ᠬᠤᠯᠠᠩ᠂ ᠤᠢ ᠮᠤᠳᠤ ᠨᠠᠯᠠᠵᠦ ᠤᠨ᠋ᠬᠠᠰᠠᠨ ᠴᠤ᠌ ᠲᠡᠮᠦᠷ ᠵᠠᠮ᠎ᠤᠨ ᠪᠢᠳᠡᠭᠦᠮᠵᠢᠯᠡᠭᠰᠡᠨ ᠤᠷᠤᠨ᠎ᠳᠤ ᠤᠷᠤᠵᠦ ᠲᠡᠶ᠋ᠢᠯᠬᠦ ᠦᠬᠡᠢ ᠪᠠᠶ᠋ᠢᠬᠤ ᠵᠢ ᠪᠠᠳᠤᠯᠠᠬᠤ ᠬᠡᠷᠡᠭᠳᠡᠢ᠃ ᠪᠢᠲᠡᠭᠦᠮᠵᠢᠯᠡᠭᠰᠡᠨ ᠦᠭᠡᠢ ᠲᠡᠮᠦᠷ ᠵᠠᠮ᠎ᠨᠢ ᠲᠡᠪᠢᠰᠦᠭᠰᠡᠨ ᠵᠠᠮ᠎ᠤᠨ ᠲᠡᠯᠡᠩ᠎ᠤᠨ ᠨᠠᠯᠠᠤ ᠵᠢᠨ ᠢᠷᠤᠭ᠋ᠠᠷ᠂ ᠵᠠᠮ᠎ᠤᠨ ᠰᠤᠪᠠᠭ᠎ᠤᠨ ᠨᠠᠯᠠᠤ ᠵᠢᠨ ᠣᠷᠣᠢ᠂ ᠲᠡᠮᠦᠷ ᠵᠠᠮ᠎ᠤᠨ ᠬᠥᠭᠦᠷᠭᠡ ᠵᠢᠨ ᠭᠠᠳᠠᠷ ᠬᠠᠵᠠᠭᠤ᠎ᠪᠠᠷ ᠵᠠᠭ᠋ᠠᠭ ᠪᠤᠯᠭ᠋ᠠᠬᠤ ᠬᠡᠷᠡᠭᠳᠡᠢ᠃
      ᠠᠷᠠᠩᠭ᠎ᠠ᠂ ᠬᠤᠯᠠᠩ᠂ ᠣᠢ ᠮᠤᠳᠤ᠎ᠨᠢ ᠨᠠᠯᠠᠵᠦ ᠤᠨᠠᠭ᠋ᠠᠳ ᠲᠡᠮᠦᠷ ᠵᠠᠮ᠎ᠤᠨ ᠪᠡᠯᠡᠳᠬᠡᠮᠵᠢ ᠵᠢ ᠡᠪᠳᠡᠵᠦ ᠰᠦᠢ᠍ᠳᠬᠡᠭᠰᠡᠨ ᠪᠤᠶᠤ ᠲᠡᠮᠦᠷ ᠵᠠᠮ᠎ᠤᠨ ᠠᠮᠤᠷ ᠲᠦᠪᠰᠢᠨ᠎ᠤ ᠠᠳᠡᠯ ᠭᠠᠷᠭ᠋ᠠᠭᠰᠠᠨ ᠪᠠᠶ᠋ᠢᠪᠠᠯ᠂ ᠲᠡᠭᠦᠨ᠎ᠤ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ᠎ᠨᠢ ᠬᠠᠤᠯᠢ ᠶᠣᠰᠣᠭ᠋ᠠᠷ ᠲᠥᠯᠥᠪᠦᠷᠢ ᠥᠭᠬᠦ ᠬᠡᠷᠡᠭᠲᠡᠶ᠃
      ᠬᠤᠷᠢᠨ ᠳᠥᠷᠪᠡᠳᠦᠭᠡᠷ ᠵᠦᠢ᠍ᠯ ᠶᠠᠮᠠᠷᠪᠠ ᠨᠢᠭᠡᠴᠢ ᠪᠤᠶᠤ ᠬᠤᠪᠢ ᠬᠥᠮᠦᠨ᠎ᠤ ᠬᠡᠷᠡᠭᠯᠡᠵᠦ ᠪᠠᠶ᠋ᠢᠭ᠎ᠠ ᠷᠠᠳᠢᠣ᠋ ᠬᠤᠯᠪᠣᠭ᠋ᠠᠨ᠎ᠤ ᠪᠡᠯᠡᠳᠬᠡᠮᠵᠢ᠎ᠨᠢ ᠲᠡᠮᠦᠷ ᠵᠠᠮ᠎ᠤᠨ ᠷᠠᠳᠢᠣ᠋ ᠬᠤᠯᠪᠣᠭ᠋ᠠᠨ᠎ᠤ ᠪᠡᠯᠡᠳᠬᠡᠮᠵᠢ ᠵᠢᠨ ᠬᠡᠪ᠎ᠤᠨ ᠬᠡᠷᠡᠭᠯᠡᠯᠲᠡ ᠵᠢ ᠬᠠᠷᠰᠢᠯᠠᠵᠤ ᠪᠣᠯᠬᠤ ᠦᠭᠡᠢ᠃ ᠲᠡᠮᠦᠷ ᠵᠠᠮ᠎ᠤᠨ ᠷᠠᠳᠢᠣ᠋ ᠬᠤᠯᠪᠣᠭ᠋ᠠᠨ᠎ᠤ ᠪᠡᠯᠡᠳᠬᠡᠮᠵᠢ ᠵᠢᠨ ᠬᠡᠪ᠎ᠤᠨ ᠬᠡᠷᠡᠭᠯᠡᠯᠲᠡ ᠵᠢ ᠨᠥᠯᠥᠭᠡᠯᠡᠭᠰᠡᠨ ᠪᠠᠶ᠋ᠢᠪᠠᠯ᠂ ᠬᠠᠮᠢᠶ᠎ᠠ ᠪᠦᠬᠦᠢ ᠨᠢᠬᠡᠴᠢ ᠪᠤᠶᠤ ᠬᠤᠪᠢ ᠬᠥᠮᠦᠨ ᠲᠡᠷᠡ ᠳᠠᠷᠤᠶ᠎ᠳᠤ᠎ᠨᠢ ᠴᠡᠭᠴᠡᠯᠡᠨ ᠵᠠᠯᠠᠷᠠᠭᠤᠯᠬᠤ ᠬᠡᠷᠡᠭᠲᠡᠶ᠃
      ᠬᠤᠷᠢᠨ ᠲᠠᠪᠤᠳᠤᠭ᠋ᠠᠷ ᠵᠦᠢ᠍ᠯ ᠲᠡᠮᠦᠷ ᠵᠠᠮ᠎ᠤᠨ ᠠᠶᠠᠨᠴᠢᠳ᠎ᠨᠢ ᠲᠡᠮᠦᠷ ᠵᠠᠮ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ᠎ᠢ ᠵᠢᠷᠤᠮᠯᠠᠨ ᠰᠠᠬᠢᠵᠦ᠂ ᠠᠪᠴᠤ ᠶᠠᠪᠤᠭ᠎ᠠ ᠡᠳ᠋ ᠪᠣᠳᠠᠰ ᠵᠢᠴᠢ ᠭᠦᠮᠦᠨ᠎ᠤ ᠪᠡᠶ᠎ᠡ ᠵᠢᠨ ᠠᠮᠤᠷ ᠲᠦᠪᠰᠢᠨ᠎ᠤ ᠪᠠᠶ᠋ᠢᠴᠠᠭ᠋ᠠᠯᠳᠠ᠂ ᠦᠨᠡᠨ ᠨᠡᠷ᠎ᠡ ᠵᠢᠨ ᠪᠠᠶ᠋ᠢᠴᠠᠭ᠋ᠠᠨ ᠲᠤᠳᠤᠯᠠᠯᠳᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠶ᠃ ᠠᠮᠤᠷ ᠲᠦᠪᠰᠢᠨ᠎ᠤ ᠪᠠᠶ᠋ᠢᠴᠠᠭ᠋ᠠᠯᠲᠠ ᠭᠦᠯᠢᠶᠡᠬᠦ ᠵᠢ ᠲᠡᠪᠴᠢᠵᠦ᠂ ᠬᠤᠪᠢ ᠬᠥᠮᠦᠨ᠎ᠤ ᠬᠦᠴᠦᠨ ᠪᠦᠬᠦᠢ ᠪᠡᠶ᠎ᠡ ᠵᠢᠨ ᠦᠨᠡᠮᠯᠡᠯ ᠪᠠ ᠲᠡᠷᠭᠡᠨ ᠪᠢᠯᠧᠲ ᠬᠠᠩᠭ᠋ᠠᠬᠤ ᠦᠬᠡᠢ᠂ ᠡᠰᠡᠬᠦᠯ᠎ᠡ ᠪᠢᠯᠧᠲ᠂ ᠦᠨᠡᠮᠯᠡᠯ ᠪᠠ ᠬᠥᠮᠦᠨ ᠭᠤᠷᠪᠠ᠎ᠨᠢ ᠨᠢᠭᠡᠳᠦᠯ ᠦᠭᠡᠢ ᠪᠠᠶ᠋ᠢᠪᠠᠯ᠂ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠠᠴᠠ ᠲᠡᠭᠦᠨ᠎ᠤ ᠥᠷᠲᠡᠭᠡᠨ᠎ᠳᠤ ᠣᠷᠣᠵᠤ ᠲᠡᠷᠭᠡᠨ᠎ᠳᠤ ᠰᠠᠭᠤᠬᠤ ᠵᠢ᠎ᠨᠢ ᠲᠡᠪᠴᠢᠬᠦ ᠡᠷᠬᠡ᠎ᠲᠠᠢ᠃
      ᠬᠤᠷᠢᠨ ᠵᠢᠷᠭᠤᠳᠤᠭ᠋ᠠᠷ ᠵᠦᠢ᠍ᠯ ᠠᠶᠠᠨᠴᠢᠳ᠎ᠤᠨ ᠭᠠᠯᠲᠤ ᠲᠡᠷᠭᠡ᠎ᠨᠢ ᠴᠠᠭ᠎ᠠᠴᠠ᠎ᠪᠠᠨ ᠬᠤᠵᠢᠨᠨᠳᠠᠬᠤ᠂ ᠲᠤᠭᠤᠷᠢᠭᠤ ᠠᠶᠠᠯᠠᠬᠤ᠂ ᠲᠡᠭᠡᠭᠡᠪᠦᠷᠢᠯᠡᠬᠦ᠎ᠪᠠᠨ ᠵᠣᠭᠰᠣᠬᠤ ᠪᠠᠶ᠋ᠢᠳᠠᠯ ᠭᠠᠷᠪᠠᠯ᠂ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠨᠢ ᠠᠷᠭ᠋ᠠᠴᠠᠭ᠋ᠠᠬᠤ ᠠᠷᠭ᠎ᠠ ᠬᠡᠮᠵᠢᠶ᠎ᠡ ᠠᠪᠴᠤ᠂ ᠠᠶᠠᠨᠴᠢᠳ᠎ᠲᠤ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠮᠡᠳᠡᠬᠡᠯᠡᠨ ᠨᠡᠪᠳᠡᠷᠡᠭᠦᠯᠬᠦ ᠬᠡᠷᠡᠭᠲᠡᠶ᠃ ᠠᠶᠠᠨᠴᠢᠳ᠎ᠨᠢ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠲᠠᠢ ᠬᠠᠮᠵᠢᠯᠴᠠᠨ ᠲᠤᠬᠢᠷᠠᠭᠤᠯᠤᠨ ᠰᠶ᠋ᠢᠳᠪᠦᠷᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠬᠤᠷᠢᠨ ᠳᠣᠯᠣᠳᠤᠭ᠋ᠠᠷ ᠵᠦᠢ᠍ᠯ ᠲᠡᠮᠦᠷ ᠵᠠᠮ᠎ᠤᠨ ᠲᠡᠭᠡᠭᠡᠪᠦᠷᠢ ᠵᠢᠨ ᠲᠦᠷᠭᠡᠨ ᠬᠦᠷᠭᠡᠬᠦ ᠵᠦᠢ᠍ᠯ᠂ ᠠᠴᠢᠶ᠎ᠡ ᠲᠡᠬᠡᠬᠡᠰᠢ᠂ ᠪᠤᠭᠤᠳᠠᠯ ᠪᠠᠭᠯᠠᠭ᠎ᠠ ᠵᠢ ᠦᠨᠡᠨ ᠨᠡᠷ᠎ᠡ᠎ᠪᠠᠷ ᠲᠠᠩᠰᠠᠯᠠᠨ ᠲᠡᠮᠳᠡᠭᠯᠡᠬᠦ ᠪᠠ ᠲᠡᠳᠡᠬᠡᠷ᠎ᠲᠤ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠬᠦ ᠬᠡᠷᠡᠭᠲᠡᠶ᠃
      ᠨᠠᠶ᠋ᠢᠳᠠᠨ ᠲᠡᠭᠡᠭᠡᠪᠦᠷᠢᠯᠡᠭᠦᠯᠤᠭ᠌ᠴᠢ᠎ᠨᠢ ᠲᠦᠷᠭᠡᠨ ᠬᠦᠷᠭᠡᠬᠦ ᠵᠦᠢ᠍ᠯ᠂ ᠠᠴᠢᠶ᠎ᠡ ᠲᠡᠬᠡᠬᠡᠰᠢ᠂ ᠪᠤᠭᠤᠳᠠᠯ ᠪᠠᠭᠯᠠᠭ᠎ᠠ ᠵᠢ᠎ᠪᠠᠨ ᠨᠠᠶ᠋ᠢᠳᠡᠨ ᠲᠡᠬᠡᠬᠡᠪᠦᠷᠢᠯᠡᠬᠦᠯᠬᠦ ᠦᠶ᠎ᠡ᠎ᠳᠤ᠂ ᠡᠳ᠋ ᠪᠠᠷᠠᠭ᠎ᠠ ᠵᠢᠨ ᠨᠡᠷ᠎ᠡ᠂ ᠰᠢᠨᠵᠢ ᠴᠢᠨᠠᠷ᠂ ᠬᠦᠨᠳᠦ ᠵᠢᠨ ᠬᠡᠮᠵᠢᠶ᠎ᠡ ᠵᠢ ᠨᠢᠭᠤᠨ ᠳᠠᠷᠤᠵᠤ ᠬᠤᠳᠠᠯ ᠵᠶ᠋ᠠᠷ ᠮᠡᠳᠡᠬᠦᠯᠵᠦ ᠪᠣᠯᠬᠤ ᠦᠭᠡᠢ᠂ ᠠᠶᠤᠯ᠎ᠲᠠᠢ ᠵᠦᠢ᠍ᠯ᠂ ᠲᠡᠭᠡᠭᠡᠪᠦᠷᠢ ᠵᠢᠨ ᠬᠤᠷᠢᠭ᠋ᠠᠲᠠᠶ ᠵᠦᠢ᠍ᠯ᠎ᠢ ᠨᠢᠭᠤᠨ ᠲᠠᠯᠳᠠᠯᠠᠵᠦ ᠪᠣᠯᠬᠤ ᠦᠭᠡᠢ᠃ ᠵᠣᠷᠢᠭᠤᠳᠠ ᠡᠳ᠋ ᠪᠠᠷᠠᠭ᠎ᠠ ᠵᠢᠨ ᠨᠡᠷ᠎ᠡ᠂ ᠰᠢᠨᠵᠢ ᠴᠢᠨᠠᠷ᠂ ᠬᠦᠨᠳᠦ ᠵᠢᠨ ᠬᠡᠮᠵᠢᠶ᠎ᠡ ᠵᠢ ᠬᠤᠳᠠᠯ ᠵᠶ᠋ᠠᠷ ᠮᠡᠳᠡᠬᠦᠯᠬᠦ ᠪᠤᠶᠤ ᠠᠶᠤᠯ᠎ᠲᠠᠢ ᠵᠦᠢ᠍ᠯ᠂ ᠲᠡᠭᠡᠭᠡᠪᠦᠷᠢ ᠵᠢᠨ ᠬᠤᠷᠢᠭ᠋ᠠᠲᠠᠶ ᠵᠦᠢ᠍ᠯ᠎ᠢ ᠨᠢᠭᠤᠨ ᠲᠠᠯᠳᠠᠯᠬᠠᠰᠠᠨ ᠪᠠᠶ᠋ᠢᠪᠠᠯ᠂ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠨᠢ ᠳᠠᠭ᠋ᠠᠭ᠋ᠠᠴᠢᠯᠠᠨ ᠲᠡᠭᠡᠭᠡᠪᠦᠷᠢᠯᠡᠬᠦ ᠵᠢ ᠲᠡᠪᠴᠢᠬᠦ ᠡᠷᠬᠡ᠎ᠲᠠᠢ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠦᠯᠵᠦ ᠬᠠᠤᠯᠢ ᠶᠣᠰᠣᠭ᠋ᠠᠷ ᠰᠶ᠋ᠢᠳᠪᠦᠷᠢᠯᠡᠬᠦᠯᠬᠦ ᠬᠡᠷᠡᠭᠳᠡᠢ᠃
      ᠬᠤᠷᠢᠨ ᠨᠠᠢ᠍ᠮᠠᠳᠤᠭ᠋ᠠᠷ ᠵᠦᠢ᠍ᠯ ᠬᠥᠳᠡᠯᠭᠡᠭᠦᠷᠲᠦ ᠲᠡᠷᠬᠡᠨ ᠴᠤᠪᠤᠭ᠎ᠠ ᠵᠢᠨ ᠡᠯ᠎ᠡ ᠬᠡᠰᠡᠭ᠂ ᠡᠩ᠎ᠤᠨ ᠬᠤᠷᠳᠤᠴᠠᠲᠤ ᠠᠶᠠᠨᠴᠢᠳ᠎ᠤᠨ ᠭᠠᠯᠳᠤ ᠲᠡᠷᠬᠡᠨ᠎ᠤ ᠸᠠᠭᠤᠨ ᠪᠠ ᠠᠶᠠᠨᠴᠢᠳ᠎ᠤᠨ ᠲᠡᠭᠡᠭᠡᠪᠦᠷᠢ ᠵᠢᠨ ᠲᠡᠷᠭᠡᠨ ᠥᠷᠲᠡᠭᠡᠨ᠎ᠤ ᠲᠡᠷᠭᠡ ᠬᠦᠯᠢᠶᠡᠬᠦ ᠲᠠᠰᠤᠭ᠂ ᠪᠢᠯᠧᠲ ᠬᠤᠳᠠᠯᠳᠤᠬᠤ ᠲᠢᠩᠬᠢᠮ᠂ ᠪᠢᠯᠧᠲ ᠠᠪᠬᠤ ᠲᠢᠩᠬᠢᠮ᠂ ᠠᠴᠢᠶ᠎ᠡ ᠲᠡᠬᠡᠬᠡᠰᠢ ᠪᠤᠭᠤᠳᠠᠯ ᠪᠠᠭᠯᠠᠭ᠎ᠠ ᠬᠠᠳᠠᠭ᠋ᠠᠯᠠᠬᠤ ᠬᠡᠷ ᠵᠢᠴᠢ ᠲᠡᠮᠦᠷ ᠵᠠᠮ᠎ᠤᠨ ᠪᠠᠷᠠᠭ᠋ᠠᠨ᠎ᠤ ᠭᠦᠢ᠍ᠯᠬᠡᠬᠡᠨ᠎ᠤ ᠬᠦᠷᠢᠶᠡᠯᠡᠩ ᠲᠣᠭᠤᠷᠢᠭ᠂ ᠠᠴᠢᠶ᠎ᠠ ᠲᠡᠬᠡᠬᠡᠪᠦᠷᠢ ᠵᠢᠨ ᠲᠠᠯᠠᠪᠠᠢ ᠦᠷᠳᠡᠭᠡ ᠵᠡᠷᠭᠡ ᠭᠦᠷᠢᠶ᠎ᠡ ᠬᠡᠪᠴᠢᠶ᠎ᠡ ᠪᠤᠯ ᠴᠦᠮ ᠲᠠᠮᠠᠬᠢ ᠲᠠᠲᠠᠬᠤ ᠵᠢ ᠴᠠᠭ᠋ᠠᠵᠠᠯᠠᠬᠤ ᠲᠠᠯᠠᠪᠤᠷ ᠭᠠᠵᠠᠷ ᠪᠣᠯᠤᠨ᠎ᠠ᠃ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠨᠢ ᠲᠠᠮᠠᠬᠢ ᠲᠠᠲᠠᠬᠤ ᠵᠢ ᠴᠠᠭ᠋ᠠᠵᠠᠯᠠᠬᠤ ᠲᠠᠯᠠᠪᠤᠷ ᠭᠠᠵᠠᠷ᠎ᠲᠤ ᠤᠬᠠᠭᠤᠯᠭ᠎ᠠ ᠬᠢᠵᠦ᠂ ᠲᠠᠮᠠᠬᠢ ᠲᠠᠲᠠᠬᠤ ᠵᠢ ᠴᠠᠭ᠋ᠠᠵᠠᠯᠠᠬᠤ ᠲᠡᠮᠳᠡᠭ ᠲᠤᠬᠢᠷᠠᠭᠤᠯᠵᠦ᠂ ᠲᠠᠮᠠᠬᠢ ᠲᠠᠲᠠᠬᠤ ᠠᠵᠢᠯᠯᠠᠭ᠎ᠠ ᠵᠢ ᠬᠤᠷᠢᠭᠯᠠᠨ ᠵᠣᠭᠰᠣᠭ᠋ᠠᠬᠤ ᠬᠡᠷᠡᠭᠲᠡᠶ᠃
      ᠬᠤᠷᠢ ᠶᠢᠰᠦᠳᠦᠭᠡᠷ ᠵᠦᠢ᠍ᠯ ᠲᠡᠮᠦᠷ ᠵᠠᠮ᠎ᠤᠨ ᠠᠮᠤᠷ ᠲᠦᠪᠰᠢᠨ᠎ᠳᠤ ᠬᠤᠤᠷ ᠭᠦᠨᠦᠬᠡᠯ ᠤᠴᠠᠷᠠᠭᠤᠯᠬᠤ ᠲᠤᠤᠷᠠᠬᠢ ᠮᠡᠳᠦ ᠵᠢᠨ ᠦᠢ᠍ᠯᠡ ᠠᠵᠢᠯᠯᠠᠭ᠎ᠠ ᠬᠡᠷᠡᠭᠵᠢᠬᠦᠯᠬᠦ ᠵᠢ ᠴᠠᠭ᠋ᠠᠵᠠᠯᠠᠨ᠎ᠠ᠄
     (ᠨᠢᠭᠡ) ᠠᠯᠪᠠ᠎ᠪᠠᠷ ᠥᠷᠲᠡᠭᠡᠨ᠎ᠳᠤ ᠣᠷᠣᠵᠤ ᠲᠡᠷᠭᠡᠨ᠎ᠳᠤ ᠰᠠᠭᠤᠬᠤ᠂ ᠪᠤᠰᠤᠳ᠎ᠤᠨ ᠰᠠᠭᠤᠳᠠᠯ᠎ᠢ ᠬᠦᠴᠦᠷᠬᠡᠭᠯᠡᠨ ᠡᠵᠡᠯᠡᠬᠦ ᠪᠤᠶᠤ ᠬᠢᠮᠳᠠ ᠪᠢᠯᠧᠲ ᠵᠶ᠋ᠠᠷ ᠦᠨᠡᠳᠡᠢ ᠪᠢᠯᠧᠲ᠎ᠤᠨ ᠰᠠᠭᠤᠳᠠᠯ᠎ᠳᠤ ᠰᠠᠭᠤᠬᠤ;
     (ᠬᠤᠶᠠᠷ) ᠲᠡᠷᠭᠡᠨ᠎ᠠᠴᠠ ᠪᠠᠭᠤᠵᠤ ᠥᠷᠲᠡᠭᠡᠨ᠎ᠠᠴᠠ ᠭᠠᠷᠬᠤ ᠵᠢ ᠲᠡᠪᠴᠢᠬᠦ᠂ ᠲᠡᠷᠬᠡᠨ ᠦᠷᠳᠡᠭᠡ ᠭᠠᠯᠲᠤ ᠲᠡᠷᠭᠡ ᠵᠢ ᠪᠦᠭᠯᠡᠵᠦ ᠬᠠᠰᠢᠬᠤ;
     (ᠭᠤᠷᠪᠠ) ᠲᠡᠮᠦᠷ ᠵᠠᠮ᠎ᠤᠨ ᠠᠵᠢᠯᠲᠠᠨ ᠠᠵᠢᠯᠴᠢᠨ᠎ᠢ ᠴᠣᠬᠢᠵᠤ ᠬᠠᠷᠢᠶᠠᠬᠤ᠂ ᠲᠡᠮᠦᠷ ᠵᠠᠮ᠎ᠤᠨ ᠠᠵᠢᠯᠲᠠᠨ ᠠᠵᠢᠯᠴᠢᠨ᠎ᠤ ᠬᠡᠪ᠎ᠤᠨ ᠠᠵᠢᠯ᠎ᠢ ᠬᠠᠷᠰᠢᠯᠠᠵᠦ ᠨᠦᠯᠦᠬᠡᠯᠡᠬᠦ;
     (ᠲᠦᠷᠪᠡ) ᠲᠠᠮᠠᠬᠢ ᠲᠠᠲᠠᠬᠤ ᠵᠢ ᠴᠠᠭ᠋ᠠᠵᠠᠯᠠᠬᠤ ᠲᠠᠯᠠᠪᠤᠷ ᠭᠠᠵᠠᠷ᠎ᠲᠤ ᠲᠠᠮᠠᠬᠢ ᠲᠠᠲᠠᠬᠤ;
     (ᠲᠠᠪᠤ) ᠳᠤᠷ᠎ᠠ᠎ᠪᠠᠷ ᠵᠶ᠋ᠠᠨ ᠲᠡᠮᠦᠷ ᠵᠠᠮ᠎ᠢ ᠲᠠᠪᠠᠭᠤᠯᠵᠦ ᠭᠦᠨᠳᠡᠯᠢᠰᠬᠦ ᠪᠤᠶᠤ ᠲᠤᠤᠭᠤᠷ᠎ᠨᠢ ᠨᠦᠬᠡᠯᠡᠵᠦ ᠨᠡᠪᠲᠡᠯᠬᠦ;
     (ᠵᠢᠷᠭᠤᠭ᠎ᠠ) ᠲᠤᠷ᠎ᠠ᠎ᠪᠠᠷ ᠵᠶ᠋ᠠᠨ ᠲᠡᠮᠦᠷ ᠵᠠᠮ᠎ᠤᠨ ᠪᠢᠳᠡᠭᠦᠮᠵᠢᠯᠡᠭᠰᠡᠨ ᠤᠷᠤᠨ ᠪᠤᠶᠤ ᠲᠡᠮᠦᠷ ᠵᠠᠮ᠎ᠤᠨ ᠠᠵᠢᠯᠯᠠᠬᠤ ᠤᠷᠤᠨ᠎ᠳᠤ ᠤᠷᠤᠬᠤ;
     (ᠳᠣᠯᠤᠭ᠎ᠠ) ᠲᠡᠮᠦᠷ ᠵᠠᠮ᠎ᠤᠨ ᠲᠦᠭᠦᠬᠡᠷᠦᠮᠵᠢ ᠪᠡᠯᠡᠳᠬᠡᠮᠵᠢ ᠪᠤᠶᠤ ᠲᠡᠮᠳᠡᠭ᠎ᠢ ᠡᠪᠳᠡᠯᠡᠵᠦ ᠰᠦᠢ᠍ᠳᠬᠡᠬᠦ;
     (ᠨᠠᠢ᠍ᠮᠠ) ᠲᠡᠮᠦᠷ ᠵᠠᠮ᠎ᠤᠨ ᠮᠡᠳᠡᠭᠡ ᠵᠠᠩᠭᠢ ᠵᠢᠨ ᠲᠣᠤᠷ ᠰᠦᠯᠵᠢᠶᠡᠨ᠎ᠤ ᠰᠢᠰᠲ᠋ᠧᠮ᠎ᠳᠤ ᠲᠦᠷᠢᠨ ᠣᠷᠣᠬᠤ᠂ ᠲᠠᠭ᠋ᠠᠷᠢᠬᠤ᠂ ᠡᠪᠳᠡᠯᠡᠬᠦ᠂ ᠬᠠᠷᠰᠢᠯᠠᠵᠦ ᠨᠦᠯᠦᠬᠡᠯᠡᠬᠦ;
     (ᠶᠢᠰᠦ) ᠲᠡᠮᠦᠷ ᠵᠠᠮ ᠤᠷᠤᠭᠤ ᠶᠠᠭᠤᠮ᠎ᠠ ᠰᠢᠳᠡᠬᠦ ᠪᠤᠶᠤ ᠭᠠᠯᠲᠤ ᠲᠡᠷᠭᠡᠨ᠎ᠠᠴᠠ ᠭᠠᠳᠠᠭᠰᠢ᠎ᠪᠠᠨ

ᠬᠠᠶᠠᠬᠤ;
     (ᠠᠷᠪᠠ) ᠲᠡᠮᠦᠷ ᠵᠠᠮ᠎ᠤᠨ ᠠᠮᠤᠷ ᠲᠦᠪᠰᠢᠨ᠎ᠳᠤ ᠠᠰᠢᠭ ᠦᠭᠡᠢ ᠳᠠᠭᠤ ᠳᠦᠷᠰᠦ ᠰᠢᠩᠭᠡᠭᠡᠯᠲᠡ᠂ ᠬᠡᠷᠡᠯ ᠵᠢᠷᠤᠭ ᠦᠰᠦᠭ ᠪᠢᠴᠢᠭ᠎ᠤᠨ ᠮᠠᠲ᠋ᠧᠷᠢᠶᠠᠯ ᠨᠠᠶ᠋ᠢᠷᠠᠭᠤᠯᠤᠨ ᠵᠣᠬᠢᠶᠠᠬᠤ᠂ ᠤᠯᠠᠮᠵᠢᠯᠠᠬᠤ᠂ ᠲᠠᠮᠵᠢᠭᠤᠯᠤᠨ

ᠲᠠᠷᠬᠠᠭ᠋ᠠᠬᠤ᠃
      ᠭᠤᠴᠢᠳᠤᠭ᠋ᠠᠷ ᠵᠦᠢ᠍ᠯ ᠲᠤᠰ ᠲᠣᠭᠲᠠᠭ᠋ᠠᠯ᠎ᠤᠨ ᠨᠠᠢ᠍ᠮᠠᠳᠤᠭ᠋ᠠᠷ ᠵᠦᠢ᠍ᠯ᠂ ᠠᠷᠪᠠᠳᠤᠭ᠋ᠠᠷ ᠵᠦᠢ᠍ᠯ᠂ ᠠᠷᠪᠠᠨ ᠭᠤᠷᠪᠠᠳᠤᠭ᠋ᠠᠷ ᠵᠦᠢ᠍ᠯ᠂ ᠠᠷᠪᠠᠨ ᠲᠠᠪᠤᠳᠤᠭ᠋ᠠᠷ ᠵᠦᠢ᠍ᠯ᠂ ᠠᠷᠪᠠᠨ ᠳᠣᠯᠣᠳᠤᠭ᠋ᠠᠷ ᠵᠦᠢ᠍ᠯ᠂ ᠠᠷᠪᠠᠨ ᠨᠠᠢ᠍ᠮᠠᠳᠤᠭ᠋ᠠᠷ ᠵᠦᠢ᠍ᠯ᠂ ᠬᠤᠷᠢᠳᠤᠭ᠋ᠠᠷ ᠵᠦᠢ᠍ᠯ᠂ ᠬᠤᠷᠢᠨ ᠳᠥᠷᠪᠡᠳᠦᠭᠡᠷ ᠵᠦᠢ᠍ᠯ᠂ ᠬᠤᠷᠢ ᠶᠢᠰᠦᠳᠦᠭᠡᠷ ᠵᠦᠢ᠍ᠯ᠎ᠢ ᠵᠥᠷᠢᠴᠡᠵᠦ ᠲᠡᠮᠦᠷ ᠵᠠᠮ᠎ᠤᠨ ᠠᠮᠤᠷ ᠲᠦᠪᠰᠢᠨ᠎ᠳᠤ ᠬᠤᠤᠷ ᠬᠥᠨᠥᠭᠡᠯ ᠤᠴᠠᠷᠠᠭᠤᠯᠤᠭᠰᠠᠨ ᠪᠠᠶ᠋ᠢᠪᠠᠯ᠂ ᠬᠤᠯᠪᠣᠭᠳᠠᠯ ᠪᠦᠬᠦᠢ ᠬᠢᠨᠠᠯᠳᠠ ᠬᠠᠮᠢᠶᠠᠷᠤᠯᠳᠠ ᠵᠢᠨ ᠰᠠᠯᠠᠭ᠎ᠠ ᠮᠥᠴᠢᠷ ᠪᠤᠶᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠬᠤ ᠵᠢᠨ ᠬᠠᠮᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠤᠯᠭᠤᠬᠤ ᠬᠡᠷᠡᠭᠳᠡᠢ᠃ ᠶᠠᠯ᠎ᠠ᠎ᠳᠤ ᠭᠦᠷᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠤ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠬᠦ

ᠬᠡᠷᠡᠭᠳᠡᠢ᠃
      ᠭᠤᠴᠢᠨ ᠨᠢᠬᠡᠳᠦᠬᠡᠷ ᠵᠦᠢ᠍ᠯ ᠲᠡᠮᠦᠷ ᠵᠠᠮ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠬᠠᠷᠢᠭᠤᠴᠠᠬᠤ ᠨᠢᠭᠡᠴᠢ ᠵᠢᠴᠢ ᠠᠵᠢᠯᠳᠠᠨ ᠠᠵᠢᠯᠴᠢᠨ᠎ᠨᠢ ᠠᠯᠪᠠᠨ ᠲᠤᠰᠢᠶᠠᠯ᠎ᠳᠤ᠎ᠪᠠᠨ ᠠᠯᠮᠠᠶ᠋ᠢᠷᠠᠨ ᠤᠰᠤᠯᠳᠠᠵᠦ᠂ ᠡᠷᠬᠡ ᠲᠤᠰᠢᠶᠠᠯ ᠵᠶ᠋ᠠᠨ ᠲᠤᠷ᠎ᠠ᠎ᠪᠠᠷ ᠬᠡᠷᠡᠭᠯᠡᠵᠦ᠂ ᠬᠤᠪᠢ ᠵᠢᠨ ᠨᠠᠶ᠋ᠢᠷ ᠲᠠᠯ᠎ᠠ ᠬᠠᠷᠠᠵᠦ ᠬᠠᠤᠯᠢ ᠶᠤᠰᠤ ᠵᠢ ᠵᠦᠷᠢᠴᠡᠭᠰᠡᠨ ᠪᠠᠶ᠋ᠢᠪᠠᠯ᠂ ᠰᠢᠭᠤᠳ ᠬᠠᠷᠢᠭᠤᠴᠠᠵᠦ ᠪᠠᠶ᠋ᠢᠭ᠎ᠠ ᠭᠤᠤᠯᠯᠠᠨ ᠬᠠᠮᠢᠶᠠᠷᠤᠨᠨᠴᠢ ᠪᠣᠯᠤᠨ ᠪᠤᠰᠤᠳ ᠰᠢᠭᠤᠳ ᠬᠠᠷᠢᠭᠤᠴᠠᠬᠤ ᠭᠦᠮᠦᠰ᠎ᠲᠤ ᠬᠠᠤᠯᠢ ᠶᠣᠰᠣᠭ᠋ᠠᠷ ᠰᠢᠢ᠍ᠳᠬᠡᠯ ᠤᠯᠭᠤᠨ᠎ᠠ; ᠶᠠᠯ᠎ᠠ᠎ᠳᠤ ᠭᠦᠷᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠤ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠃
      ᠭᠤᠴᠢᠨ ᠬᠤᠶᠠᠳᠤᠭ᠋ᠠᠷ ᠵᠦᠢ᠍ᠯ ᠲᠤᠰ ᠲᠣᠭᠲᠠᠭ᠋ᠠᠯ᠎ᠢ 2019 ᠣᠨ᠎ᠤ 11 ᠳ᠋ᠤᠬᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ