ᠢᠯᠡ ᠵᠠᠰᠠᠭ   -   ᠲᠦᠷᠦ᠎ᠶᠢᠨ ᠪᠤᠳᠤᠯᠭ᠎ᠠ ᠬᠠᠤᠯᠢ ᠳᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠬᠠᠮᠢᠶᠠᠷᠤᠯᠲᠠ ᠵᠢᠨ ᠠᠷᠭ᠎ᠠ
ᠨᠡᠶ᠋ᠢᠲᠡᠯᠡᠭᠰᠡᠨ ᠴᠠᠭ᠄ 2020-03-11

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
                     
                                   245 ᠳ᠋ᠤᠭ᠋ᠠᠷ ᠲᠣᠭ᠋ᠠᠲᠤ
 

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠬᠠᠮᠢᠶᠠᠷᠤᠯᠲᠠ ᠵᠢᠨ ᠠᠷᠭ᠎ᠠ》 ᠵᠢ 2020 ᠣᠨ᠎ᠤ 1 ᠳ᠋ᠦ᠍ᠭᠡᠷ ᠰᠠᠷ᠎ᠠ ᠵᠢᠨ 21᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠶᠠᠳᠤᠭ᠋ᠠᠷ ᠤᠳᠠᠭ᠋ᠠᠨ᠎ᠤ ᠪᠠᠢ᠌ᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠨᠡᠢ᠌ᠲᠡᠯᠡᠪᠡ᠂ 2020 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
                                 

                      ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ   ᠪᠦ᠋ ᠰᠢᠶᠣᠣ ᠯᠢᠨ
                                         

                                      2020 ᠣᠨ᠎ᠤ 2 ᠳ᠋ᠤᠭ᠋ᠠᠷ ᠰᠠᠷ᠎ᠠ ᠵᠢᠨ 24᠎ᠤ ᠡᠳᠦᠷ


                    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ
                    ᠬᠥᠳᠡᠯᠦᠯᠲᠡ ᠵᠢᠨ ᠰᠡᠷᠡᠮᠵᠢᠯᠡᠭᠦᠯᠬᠦ ᠬᠠᠮᠢᠶᠠᠷᠤᠯᠲᠠ ᠵᠢᠨ ᠠᠷᠭ᠎ᠠ


              ᠨᠢᠭᠡᠳᠦᠭᠡᠷ ᠪᠦᠯᠦᠭ   ᠶᠡᠷᠦᠩᠬᠡᠶ ᠲᠦᠷᠢᠮ
 
      ᠨᠢᠭᠡᠳᠦᠭᠡᠷ ᠵᠦᠢ᠍ᠯ   ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠠᠵᠢᠯᠯᠠᠭ᠎ᠠ ᠵᠢ ᠵᠢᠷᠤᠮᠵᠢᠭᠤᠯᠵᠤ᠂ ᠭᠠᠵᠠᠷ ᠬᠥᠳᠡᠯᠦᠯᠲᠡ ᠵᠢᠨ ᠭᠠᠮᠰᠢᠭ᠎ᠤᠨ ᠬᠣᠬᠢᠷᠠᠯ᠎ᠢ ᠪᠠᠭ᠋ᠠᠰᠬᠠᠨ᠂ ᠠᠷᠠᠳ ᠲᠦᠮᠡᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ 《ᠪᠥᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠬᠥᠳᠡᠯᠦᠯᠲᠡ᠎ᠠᠴᠠ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠬᠠᠤᠯᠢ》  《ᠭᠠᠵᠠᠷ ᠬᠥᠳᠡᠯᠦᠯᠲᠡ ᠵᠢ ᠬᠢᠨᠠᠨ ᠰᠢᠨᠵᠢᠬᠦ ᠬᠠᠮᠢᠶᠠᠷᠤᠯᠲᠠ ᠵᠢᠨ ᠲᠦᠷᠢᠮ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ᠎ᠢ ᠲᠥᠯᠥᠪᠵᠢᠭᠦᠯᠵᠦ ᠪᠥᠳᠥᠭᠡᠨ ᠪᠠᠶ᠋ᠢᠭᠤᠯᠬᠤ᠂ ᠮᠡᠳᠡᠭᠡ ᠵᠠᠩᠭᠢ ᠨᠡᠶ᠋ᠢᠲᠡᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯᠯᠠᠭ᠎ᠠ ᠵᠢ ᠶᠠᠪᠤᠭᠳᠠᠭᠤᠯᠬᠤ᠎ᠳᠤ ᠲᠤᠰ ᠠᠷᠭ᠎ᠠ ᠵᠢ ᠵᠢᠷᠤᠮᠯᠠᠨ ᠰᠠᠬᠢᠬᠤ ᠬᠡᠷᠡᠭᠲᠡᠢ᠃
      ᠭᠤᠷᠪᠠᠳᠤᠭ᠋ᠠᠷ ᠵᠦᠢ᠍ᠯ   ᠲᠣᠰ ᠠᠷᠭ᠎ᠠ᠎ᠳᠤ ᠬᠡᠯᠡᠵᠦ ᠪᠠᠶ᠋ᠢᠭ᠎ᠠ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠭᠡᠳᠡᠭ᠎ᠨᠢ ᠭᠠᠵᠠᠷ ᠬᠥᠳᠡᠯᠦᠭᠰᠡᠨ᠎ᠤ ᠳᠠᠷᠠᠭ᠎ᠠ᠂ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ᠎ᠢ ᠠᠰᠢᠭᠯᠠᠨ᠂ ᠭᠠᠵᠠᠷ ᠬᠥᠳᠡᠯᠦᠯᠲᠡ᠎ᠳᠤ ᠡᠪᠳᠡᠭᠳᠡᠨ ᠰᠦᠢ᠍ᠳᠬᠡᠭᠳᠡᠵᠦ ᠮᠡᠳᠡᠬᠦ ᠣᠷᠣᠨ ᠪᠦᠰᠡ᠎ᠳᠤ ᠰᠡᠷᠡᠮᠵᠢ ᠵᠢᠨ ᠮᠡᠳᠡᠭᠡ ᠵᠠᠩᠭᠢ ᠵᠢ ᠤᠷᠢᠳᠴᠢᠯᠠᠨ ᠮᠡᠳᠡᠭᠳᠡᠬᠦ ᠵᠢ ᠵᠢᠭ᠋ᠠᠵᠤ ᠪᠣᠶ᠃

      ᠳᠥᠷᠪᠡᠳᠦᠭᠡᠷ ᠵᠦᠢ᠍ᠯ   ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠠᠵᠢᠯ᠎ᠳᠤ ᠵᠠᠰᠠᠭ᠎ᠤᠨ ᠣᠷᠳᠣᠨ ᠭᠣᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶ᠋ᠢᠭᠡᠮ᠎ᠤᠨ᠎ᠬᠢᠨ ᠣᠷᠣᠯᠴᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃
      ᠲᠠᠪᠤᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠠᠵᠢᠯ᠎ᠳᠤ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠠᠵᠢᠯ᠎ᠢ ᠲᠤᠰ ᠱᠠᠲᠤᠨ᠎ᠤ ᠭᠠᠵᠠᠷ ᠬᠥᠳᠡᠯᠦᠯᠲᠡ᠎ᠠᠴᠠ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠲᠥᠯᠥᠪᠵᠢᠭᠦᠯᠭᠡ᠎ᠳᠤ ᠣᠷᠣᠭᠤᠯᠬᠤ ᠬᠡᠷᠡᠭᠲᠡᠢ᠃
      ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠠᠵᠢᠯ᠎ᠳᠤ ᠬᠡᠷᠡᠭᠰᠡᠬᠦ ᠵᠠᠷᠤᠳᠠᠯ᠎ᠢ ᠠᠵᠢᠯ ᠶᠠᠪᠤᠳᠠᠯ ᠬᠠᠮᠢᠶᠠᠷᠬᠤ ᠡᠷᠬᠡ ᠬᠢᠭᠡᠳ ᠵᠠᠷᠤᠯᠭ᠎ᠠ ᠵᠢᠨ ᠬᠠᠷᠢᠭᠤᠴᠠᠯᠭ᠎ᠠ᠎ᠯᠤᠭ᠎ᠠ ᠲᠣᠬᠢᠷᠠᠯᠴᠠᠭᠤᠯᠬᠤ ᠵᠠᠷᠴᠢᠮ ᠶᠣᠰᠣᠭ᠋ᠠᠷ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠱᠠᠲᠤ ᠬᠤᠪᠢᠶᠠᠵᠤ ᠳᠠᠭ᠋ᠠᠭ᠋ᠠᠨ ᠡᠭᠦᠷᠭᠡᠯᠡᠬᠦ

ᠬᠡᠷᠡᠭᠲᠡᠢ᠃
      ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ ᠬᠥᠳᠡᠯᠦᠯᠲᠡ ᠵᠢᠨ ᠠᠵᠢᠯ᠎ᠢ ᠬᠠᠷᠢᠭᠤᠴᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶ᠋ᠢᠭᠤᠯᠤᠮᠵᠢ (ᠳᠣᠷᠣᠭᠰᠢ ᠭᠠᠵᠠᠷ ᠬᠥᠳᠡᠯᠦᠯᠲᠡ ᠵᠢᠨ ᠠᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠭᠡᠵᠦ ᠲᠣᠪᠴᠢᠯᠠᠨ᠎ᠠ)᠎ᠨᠤᠭᠤᠳ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠠᠵᠢᠯ᠎ᠳᠤ ᠬᠢᠨᠠᠯᠲᠠ ᠬᠠᠮᠢᠶᠠᠷᠤᠯᠲᠠ ᠬᠢᠬᠦ ᠵᠢ ᠬᠠᠷᠢᠭᠤᠴᠠᠬᠤ ᠬᠡᠷᠡᠭᠲᠡᠢ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠭ᠋ᠠᠯᠢ ᠵᠢᠨ ᠡᠬᠢ ᠪᠠᠶᠠᠯᠢᠭ᠂ ᠰᠤᠷᠭ᠋ᠠᠨ ᠬᠥᠮᠦᠵᠢᠯ᠂ ᠷᠠᠳᠢᠣ᠋ ᠲᠧᠯᠸᠢᠰ᠂ ᠴᠠᠭ ᠠᠭᠤᠷ ᠪᠠ ᠴᠢᠮᠡᠭᠡ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠳᠣᠯᠣᠳᠤᠭ᠋ᠠᠷ ᠵᠦᠢ᠍ᠯ   ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ᠎ᠳᠤ ᠨᠡᠶ᠋ᠢᠭᠡᠮ᠎ᠤᠨ ᠬᠦᠴᠦᠨ᠎ᠤ᠎ᠬᠢᠨ ᠬᠠᠤᠯᠢ ᠶᠣᠰᠣᠭ᠋ᠠᠷ ᠣᠷᠣᠯᠴᠠᠬᠤ ᠵᠢ ᠥᠪᠡᠷᠲᠡᠭᠡᠨ ᠵᠠᠰᠠᠬᠤ ᠣᠷᠣᠨ᠎ᠠᠴᠠ ᠵᠣᠷᠢᠭᠵᠢᠭᠤᠯᠤᠨ ᠳᠡᠮᠵᠢᠵᠦ ᠪᠠᠢ᠌ᠭ᠋ᠠᠳ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠠᠵᠢᠯ᠎ᠳᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠦᠢ᠍ᠯᠡᠳᠬᠦᠨ᠎ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠬᠡᠷᠡᠭᠯᠡᠬᠦ ᠠᠵᠢᠯᠯᠠᠭ᠎ᠠ ᠦᠷᠨᠢᠭᠦᠯᠬᠦ ᠬᠡᠷᠡᠭᠲᠡᠢ᠃
           
              ᠬᠣᠶᠠᠳᠤᠭ᠋ᠠᠷ ᠪᠦᠯᠦᠭ   ᠲᠥᠯᠥᠪᠵᠢᠭᠦᠯᠭᠡ ᠬᠢᠭᠡᠳ ᠪᠥᠳᠥᠭᠡᠨ ᠪᠠᠶ᠋ᠢᠭᠤᠯᠤᠯᠲᠠ
 
      ᠨᠠᠢ᠍ᠮᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠠᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠥᠬᠥᠢ ᠰᠠᠯᠠᠭ᠎ᠠ ᠮᠥᠴᠢᠷ᠎ᠲᠠᠢ ᠬᠠᠮᠲᠤᠷᠠᠵᠤ᠂ ᠤᠯᠤᠰ᠎ᠤᠨ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ᠎ᠤᠨ ᠪᠦᠲᠦᠭᠡᠨ ᠪᠠᠢ᠌ᠭᠤᠯᠬᠤ ᠲᠥᠯᠥᠪᠵᠢᠭᠦᠯᠭᠡ ᠪᠠ ᠬᠠᠮᠢᠶ᠎ᠠ ᠪᠥᠬᠥᠢ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ᠎ᠤᠨ ᠪᠦᠲᠦᠭᠡᠨ ᠪᠠᠢ᠌ᠭᠤᠯᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃
      ᠶᠢᠰᠦᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠠᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ᠎ᠤᠨ ᠪᠦᠲᠦᠭᠡᠨ ᠪᠠᠢ᠌ᠭᠤᠯᠬᠤ ᠲᠥᠯᠥᠪᠵᠢᠭᠦᠯᠭᠡ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠦᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ᠎ᠢ ᠪᠦᠲᠦᠭᠡᠨ ᠪᠠᠢ᠌ᠭᠤᠯᠬᠤ ᠵᠢ ᠵᠣᠬᠢᠶᠠᠨ ᠪᠠᠶ᠋ᠢᠭᠤᠯᠬᠤ ᠬᠡᠷᠡᠭᠲᠡᠢ᠃
      ᠠᠷᠪᠠᠳᠤᠭ᠋ᠠᠷ ᠵᠦᠢ᠍ᠯ   ᠲᠣᠮᠣ ᠬᠡᠯᠪᠡᠷᠢ ᠵᠢᠨ ᠤᠰᠤᠨ ᠴᠥᠭᠥᠷᠥᠮ᠂ ᠴᠢᠯᠠᠭᠤᠨ ᠲᠣᠰᠣᠨ᠎ᠤ ᠠᠭᠤᠷᠬᠠᠶ᠂ ᠠᠭᠤᠷᠬᠠᠶ᠂ ᠴᠢᠯᠠᠭᠤᠨ ᠲᠣᠰᠣᠨ᠎ᠤ ᠬᠢᠮᠢ ᠵᠢᠨ ᠠᠵᠤ ᠦᠢ᠍ᠯᠡᠳᠪᠦᠷᠢ᠂ ᠳᠡᠭᠡᠳᠦ ᠬᠤᠷᠳᠤ ᠵᠢᠨ ᠲᠡᠮᠦᠷ ᠵᠠᠮ᠂ ᠬᠣᠲᠠ ᠵᠢᠨ ᠵᠢᠮᠲᠦ ᠵᠠᠮ ᠬᠠᠷᠢᠯᠴᠠᠭ᠎ᠠ ᠵᠡᠷᠭᠡ ᠴᠢᠬᠤᠯᠠ ᠶᠡᠬᠡ ᠪᠥᠲᠥᠭᠡᠨ ᠪᠠᠢ᠌ᠭᠤᠯᠬᠤ ᠪᠠᠷᠢᠯᠭ᠎ᠠ ᠪᠠ ᠬᠦᠨᠳᠦ ᠨᠣᠴᠢᠲᠠᠶ ᠡᠭᠦᠰᠦᠮᠡᠯ ᠭᠠᠮᠰᠢᠭ ᠭᠠᠷᠴᠤ ᠮᠡᠳᠡᠬᠦᠢ᠌ᠴᠡ ᠪᠥᠲᠥᠭᠡᠨ   ᠪᠠᠢ᠌ᠭᠤᠯᠬᠤ ᠪᠠᠷᠢᠯᠭ᠎ᠠ ᠵᠢ ᠪᠥᠲᠥᠭᠡᠨ ᠪᠠᠢ᠌ᠭᠤᠯᠬᠤ ᠨᠢᠭᠡᠴᠢ᠎ᠨᠢ ᠭᠠᠵᠠᠷ ᠬᠥᠳᠡᠯᠦᠯᠲᠡ ᠵᠢᠨ ᠪᠠᠴᠢᠮ ᠰᠢᠢ᠍ᠳᠪᠦᠷᠢᠯᠡᠬᠦ ᠰᠢᠰᠲ᠋ᠧᠮ᠎ᠢ ᠪᠠᠶ᠋ᠢᠭᠤᠯᠵᠤ᠂ ᠭᠠᠵᠠᠷ ᠬᠦᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠠᠦ᠋ᠲ᠋ᠣ᠋ ᠭᠥᠯᠢᠶᠡᠨ ᠠᠪᠬᠤ ᠪᠠ ᠨᠡᠪᠲᠡᠷᠡᠭᠦᠯᠦᠨ ᠮᠡᠳᠡᠭᠡᠯᠡᠬᠦ ᠲᠣᠨᠣᠭᠯᠠᠯ᠎ᠢ ᠤᠭᠰᠠᠷᠠᠬᠤ ᠬᠡᠷᠡᠭᠲᠡᠶ᠃
    ᠠᠷᠪᠠᠨ ᠨᠢᠭᠡᠳᠦᠭᠡᠷ ᠵᠦᠢ᠍ᠯ   ᠴᠢᠬᠤᠯᠠ ᠶᠡᠬᠡ ᠪᠥᠳᠥᠭᠡᠨ ᠪᠠᠢ᠌ᠭᠤᠯᠬᠤ ᠪᠠᠷᠢᠯᠭ᠎ᠠ ᠪᠠ ᠬᠦᠨᠳᠦ ᠨᠣᠴᠢᠲᠠᠢ ᠡᠭᠦᠰᠦᠮᠡᠯ ᠭᠠᠮᠰᠢᠭ ᠭᠠᠷᠴᠤ ᠮᠡᠳᠡᠬᠦᠢ᠌ᠴᠡ ᠪᠥᠳᠥᠭᠡᠨ ᠪᠠᠢ᠌ᠭᠤᠯᠬᠤ ᠪᠠᠷᠢᠯᠭ᠎ᠠ ᠵᠢ ᠪᠥᠳᠥᠭᠡᠨ ᠪᠠᠢ᠌ᠭᠤᠯᠬᠤ ᠨᠢᠭᠡᠴᠢ᠎ᠨᠢ ᠬᠡᠷᠡᠭᠴᠡᠭᠡ᠎ᠪᠠᠨ ᠦᠨᠳᠦᠰᠦᠯᠡᠨ ᠲᠤᠰᠬᠠᠢ ᠬᠡᠷᠡᠭᠯᠡᠬᠦ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ᠎ᠢ ᠪᠥᠳᠥᠭᠡᠨ ᠪᠠᠶ᠋ᠢᠭᠤᠯᠵᠤ ᠪᠣᠯᠤᠨ᠎ᠠ᠃ ᠪᠦᠲᠦᠭᠡᠨ ᠪᠠᠷᠢᠭᠤᠯᠬᠤ ᠨᠢᠭᠡᠴᠢ᠎ᠨᠢ ᠲᠤᠰᠬᠠᠶ ᠬᠡᠷᠡᠭᠯᠡᠬᠦ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ ᠪᠠᠶ᠋ᠢᠭᠤᠯᠤᠭᠰᠠᠨ ᠪᠠᠶ᠋ᠢᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠠᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲ᠋ᠧᠮ᠎ᠳᠤ ᠭᠠᠵᠠᠷ ᠬᠥᠳᠡᠯᠦᠯᠲᠡ ᠵᠢ ᠬᠢᠨᠠᠵᠤ ᠰᠢᠨᠵᠢᠭᠰᠡᠨ ᠮᠡᠳᠡᠭᠡ ᠵᠠᠩᠭᠢ᠎ᠪᠠᠨ ᠲᠤᠬᠠᠶ ᠵᠢᠨ ᠴᠠᠭ᠎ᠲᠤ᠎ᠨᠢ ᠳᠠᠮᠵᠢᠭᠤᠯᠤᠨ ᠬᠦᠷᠭᠡᠬᠦ ᠬᠡᠷᠡᠭᠲᠡᠶ᠃
      ᠲᠤᠰᠬᠠᠶ ᠬᠡᠷᠡᠭᠯᠡᠬᠦ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲ᠋ᠧᠮ᠎ᠤᠨ ᠪᠦᠲᠦᠭᠡᠨ ᠪᠠᠢ᠌ᠭᠤᠯᠬᠤ᠂ ᠠᠵᠢᠯᠯᠠᠭᠤᠯᠬᠤ᠂ ᠬᠠᠮᠠᠭ᠋ᠠᠯᠠᠬᠤ ᠵᠠᠷᠤᠳᠠᠯ᠎ᠢ ᠪᠦᠲᠦᠭᠡᠨ ᠪᠠᠶ᠋ᠢᠭᠤᠯᠬᠤ ᠨᠢᠭᠡᠴᠢ᠎ᠨᠢ ᠳᠠᠭ᠋ᠠᠭ᠋ᠠᠨ ᠡᠭᠦᠷᠭᠡᠯᠡᠬᠦ ᠬᠡᠷᠡᠭᠲᠡᠢ᠃
      ᠠᠷᠪᠠᠨ ᠬᠣᠶᠠᠳᠤᠭ᠋ᠠᠷ ᠵᠦᠢ᠍ᠯ   ᠨᠡᠶ᠋ᠢᠭᠡᠮ᠎ᠤᠨ ᠬᠦᠴᠦᠨ᠎ᠤ᠎ᠬᠢᠨ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ᠎ᠢ ᠪᠦᠲᠦᠭᠡᠨ ᠪᠠᠢ᠌ᠭᠤᠯᠬᠤ᠎ᠳᠤ ᠣᠷᠣᠯᠴᠠᠬᠤ᠎ᠪᠠᠷ ᠪᠠᠢ᠌ᠪᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠪᠦᠲᠦᠭᠡᠨ ᠪᠠᠶ᠋ᠢᠭᠤᠯᠤᠭᠰᠠᠨ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ   ᠬᠤᠷᠢᠶ᠎ᠠ ᠥᠷᠲᠡᠭᠡ (ᠴᠡᠭ)᠎ᠨᠢ ᠤᠯᠤᠰ᠎ᠤᠨ ᠬᠣᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ᠎ᠳᠤ ᠨᠠᠢ᠌ᠴᠡᠭᠰᠡᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲ᠋ᠧᠮ᠎ᠳᠤ ᠣᠷᠣᠭᠤᠯᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲ᠋ᠧᠮ᠎ᠳᠤ ᠣᠷᠣᠭᠤᠯᠤᠭᠰᠠᠨ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠬᠤᠷᠢᠶ᠎ᠠ ᠥᠷᠲᠡᠭᠡ (ᠴᠡᠭ) ᠵᠢ ᠬᠠᠮᠢᠶᠠᠷᠬᠤ ᠨᠢᠭᠡᠴᠢ᠎ᠨᠢ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ᠎ᠳᠤ ᠭᠠᠵᠠᠷ ᠬᠥᠳᠡᠯᠦᠯᠲᠡ ᠵᠢ ᠬᠢᠨᠠᠵᠤ ᠰᠢᠨᠵᠢᠭᠰᠡᠨ ᠮᠡᠳᠡᠭᠡ ᠵᠠᠩᠭᠢ᠎ᠪᠠᠨ ᠲᠤᠬᠠᠢ ᠵᠢᠨ ᠴᠠᠭ᠎ᠲᠤ᠎ᠨᠢ ᠳᠠᠮᠵᠢᠭᠤᠯᠤᠨ ᠬᠦᠷᠭᠡᠬᠦ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ   ᠭᠠᠵᠠᠷ ᠬᠥᠳᠡᠯᠦᠯᠲᠡ ᠵᠢᠨ ᠭᠣᠤᠯᠳᠠᠯᠭ᠎ᠠ᠎ᠲᠠᠢ ᠬᠢᠨᠠᠨ ᠠᠵᠢᠭᠯᠠᠵᠤ ᠰᠡᠷᠭᠡᠢ᠌ᠯᠡᠬᠦ ᠲᠣᠭᠣᠷᠢᠭ᠎ᠲᠠᠬᠢ ᠰᠤᠷᠭ᠋ᠠᠭᠤᠯᠢ᠂ ᠬᠡᠤᠬᠡᠳ᠎ᠤᠨ ᠴᠡᠴᠡᠷᠯᠢᠭ᠂ ᠡᠮᠨᠡᠯᠭᠡ ᠵᠢᠨ ᠬᠣᠷᠢᠶ᠎ᠠ᠂ ᠲᠡᠷᠭᠡᠨ ᠥᠷᠲᠡᠭᠡ᠂ ᠨᠢᠰᠬᠡᠯ᠎ᠤᠨ ᠪᠠᠭᠤᠳᠠᠯ᠂ ᠪᠡᠶ᠎ᠡ ᠵᠢᠨ ᠲᠠᠮᠢᠷ᠎ᠤᠨ ᠲᠠᠯᠠᠪᠠᠶ (ᠣᠷᠳᠣᠨ)᠂ ᠬᠤᠳᠠᠯᠳᠤᠭ᠋ᠠᠨ᠎ᠤ ᠲᠠᠯᠠᠪᠤᠷ᠂ ᠨᠣᠮ᠎ᠤᠨ ᠰᠠᠩ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ᠎ᠲᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠠᠦ᠋ᠲ᠋ᠣ᠋ ᠭᠥᠯᠢᠶᠡᠨ ᠠᠪᠬᠤ ᠪᠠ ᠨᠡᠪᠲᠡᠷᠡᠭᠦᠯᠦᠨ ᠮᠡᠳᠡᠭᠡᠯᠡᠬᠦ ᠲᠣᠨᠣᠭᠯᠠᠯ᠎ᠢ ᠤᠭᠰᠠᠷᠠᠬᠤ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ   ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ᠎ᠢ ᠪᠠᠢ᠌ᠭᠤᠯᠵᠤ ᠳᠠᠭᠤᠰᠤᠭᠰᠠᠨ᠎ᠤ ᠳᠠᠷᠠᠭ᠎ᠠ᠂ ᠵᠢᠯ ᠭᠠᠷᠤᠢ ᠲᠤᠷᠰᠢᠨ ᠠᠵᠢᠯᠯᠠᠭᠤᠯᠬᠤ ᠵᠢᠨ ᠬᠠᠮᠲᠤ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠯᠭ᠋ᠠᠨ ᠬᠤᠷᠢᠶᠠᠵᠤ ᠠᠪᠬᠤ᠎ᠳᠤ ᠬᠢᠷᠢ ᠲᠡᠩᠴᠡᠭᠰᠡᠨ ᠪᠠᠢ᠌ᠪᠠᠯ ᠵᠢᠩᠬᠢᠨᠢ᠎ᠪᠠᠷ ᠠᠵᠢᠯᠯᠠᠭᠤᠯᠵᠤ ᠪᠣᠯᠤᠨ᠎ᠠ᠃
           
                ᠭᠤᠷᠪᠠᠳᠤᠭ᠋ᠠᠷ ᠪᠦᠯᠦᠭ   ᠮᠡᠳᠡᠭᠡ ᠵᠠᠩᠭᠢ ᠨᠡᠶ᠋ᠢᠲᠡᠯᠡᠬᠦ ᠬᠢᠭᠡᠳ ᠰᠢᠢ᠍ᠳᠪᠦᠷᠢᠯᠡᠬᠦ
   
      ᠠᠷᠪᠠᠨ ᠲᠠᠪᠤᠳᠤᠭ᠋ᠠᠷ ᠵᠦᠢ᠍ᠯ   ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠨᠢᠭᠡᠳᠦᠯᠲᠡᠢ ᠨᠡᠶ᠋ᠢᠲᠡᠯᠡᠨ᠎ᠡ᠃ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠶᠠᠮᠠᠷ ᠨᠢᠭᠡᠨ ᠬᠡᠯᠪᠡᠷᠢ᠎ᠪᠠᠷ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠭᠡᠮ᠎ᠳᠤ ᠨᠡᠶ᠋ᠢᠲᠡᠯᠡᠵᠦ ᠪᠣᠯᠬᠤ ᠦᠭᠡᠢ᠃
      ᠠᠷᠪᠠᠨ ᠵᠢᠷᠭᠤᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠷᠠᠳᠢᠤ᠋᠂ ᠲᠧᠯᠸᠢᠰ᠂ ᠢᠨᠲᠸᠷ ᠰᠦᠯᠵᠢᠶ᠎ᠡ ᠵᠡᠷᠭᠡ ᠵᠠᠭᠤᠴᠢᠯᠠᠭᠤᠷ ᠵᠶ᠋ᠠᠷ ᠳᠠᠮᠵᠢᠭᠤᠯᠤᠨ ᠭᠠᠵᠠᠷ ᠬᠦᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠤᠯᠠᠨ ᠨᠡᠢ᠍ᠢ᠍ᠳᠡ᠎ᠳᠤ   ᠴᠠᠭ ᠲᠤᠬᠠᠢ᠎ᠳᠤ᠎ᠨᠢ᠂ ᠣᠨᠣᠪᠴᠢᠲᠠᠢ᠎ᠪᠠᠷ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃
      ᠠᠷᠪᠠᠨ ᠳᠣᠯᠣᠳᠤᠭ᠋ᠠᠷ ᠵᠦᠢ᠍ᠯ   ᠭᠠᠵᠠᠷ ᠬᠥᠳᠡᠯᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠦᠳᠡᠯᠥᠯᠲᠡ ᠵᠢᠨ ᠰᠡᠷᠡᠮᠵᠢᠯᠡᠭᠦᠯᠬᠦ ᠰᠢᠰᠲ᠋ᠧᠮ᠎ᠠᠴᠠ ᠭᠠᠵᠠᠷ ᠬᠦᠳᠡᠯᠦᠯᠲᠡ ᠵᠢᠨ ᠳᠣᠷᠭᠢᠭᠤᠯᠴᠠ᠎ᠨᠢ 6 ᠭ᠋ᠷᠠᠳᠦ᠋ᠰ᠎ᠠᠴᠠ ᠳᠡᠭᠡᠭᠰᠢ ᠪᠠᠢ᠌ᠬᠤ᠎ᠪᠠᠷ ᠵᠢᠱ᠌ᠢᠭᠰᠡᠨ ᠪᠠᠢ᠌ᠪᠠᠯ᠂ ᠵᠣᠬᠢᠴᠠᠩᠭᠤᠢ ᠪᠦᠬᠦᠢ ᠣᠷᠣᠨ ᠪᠦᠰᠡ᠎ᠳᠤ ᠭᠠᠵᠠᠷ ᠬᠦᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠢ᠌ᠲᠡᠯᠡᠬᠦ ᠬᠡᠷᠡᠭᠲᠡᠢ᠃
      ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ᠎ᠳᠤ ᠭᠠᠵᠠᠷ ᠭᠦᠳᠡᠯᠦᠯᠳᠡ ᠵᠢᠨ ᠲᠥᠪ᠂ ᠭᠠᠵᠠᠷ ᠭᠦᠳᠡᠯᠦᠯᠳᠡ ᠵᠢᠨ ᠳᠡᠰ᠂ ᠭᠠᠵᠠᠷ ᠭᠦᠳᠡᠯᠦᠯᠳᠡ ᠵᠢᠨ ᠴᠠᠭ᠂ ᠰᠡᠷᠡᠮᠵᠢᠯᠡᠭᠦᠯᠬᠦ ᠴᠠᠭ᠂ ᠭᠠᠵᠠᠷ ᠬᠦᠳᠡᠯᠦᠯᠲᠡ ᠵᠢᠨ ᠳᠣᠷᠬᠢᠭᠤᠯᠴᠠ ᠵᠢᠨ ᠵᠢᠱ᠌ᠢᠯᠲᠡ ᠵᠡᠷᠭᠡ ᠠᠭᠤᠯᠭ᠎ᠠ ᠪᠠᠭᠲᠠᠨ᠎ᠠ᠃
      ᠠᠷᠪᠠᠨ ᠨᠠᠢ᠍ᠮᠠᠳᠤᠭ᠋ᠠᠷ ᠵᠦᠢ᠍ᠯ   ᠨᠢᠭᠡᠨᠲᠡ ᠨᠡᠶ᠋ᠢᠲᠡᠯᠡᠭᠰᠡᠨ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ᠎ᠳᠤ ᠨᠡᠯᠢᠶᠡᠳ ᠶᠡᠬᠡ ᠵᠥᠷᠢᠶ᠎ᠡ᠎ᠲᠠᠢ ᠵᠦᠢ᠍ᠯ ᠭᠠᠷᠤᠭᠰᠠᠨ ᠪᠠᠢ᠌ᠪᠠᠯ᠂ ᠴᠠᠭ ᠲᠤᠬᠠᠶ᠎ᠳᠤ᠎ᠨᠢ ᠤᠤᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠬᠠᠯᠠᠵᠤ ᠵᠠᠯᠠᠷᠠᠭᠤᠯᠬᠤ ᠬᠡᠷᠡᠭᠲᠡᠶ᠃
      ᠠᠷᠪᠠ ᠶᠢᠰᠦᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠥᠬᠥᠢ ᠰᠠᠯᠠᠭ᠎ᠠ ᠮᠥᠴᠢᠷ᠎ᠤᠳ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠥᠯᠢᠶᠡᠨ ᠠᠪᠤᠭᠰᠠᠨ᠎ᠤ ᠲᠠᠷᠠᠭ᠎ᠠ᠂ ᠭᠠᠵᠠᠷ ᠬᠥᠳᠡᠯᠦᠯᠲᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ ᠶᠣᠰᠣᠭ᠋ᠠᠷ᠂ ᠭᠠᠵᠠᠷ ᠬᠥᠳᠡᠯᠦᠯᠲᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠢ ᠬᠠᠤᠯᠢ ᠶᠣᠰᠣᠭ᠋ᠠᠷ ᠴᠠᠭ ᠲᠤᠬᠠᠢ᠎ᠳᠤ᠎ᠨᠢ ᠰᠠᠶ᠋ᠢᠲᠤᠷ ᠬᠢᠬᠦ ᠬᠡᠷᠡᠭᠲᠡᠢ᠃
      ᠬᠣᠷᠢᠳᠤᠭ᠋ᠠᠷ ᠵᠦᠢ᠍ᠯ   ᠴᠢᠬᠤᠯᠠ ᠶᠡᠬᠡ ᠪᠥᠲᠥᠭᠡᠨ ᠪᠠᠢ᠌ᠭᠤᠯᠬᠤ ᠪᠠᠷᠢᠯᠭ᠎ᠠ᠂ ᠬᠦᠨᠳᠦ ᠨᠣᠴᠢᠲᠠᠶ ᠡᠭᠦᠰᠦᠮᠡᠯ ᠭᠠᠮᠰᠢᠭ ᠭᠠᠷᠴᠤ   ᠮᠡᠳᠡᠬᠦᠢ᠌ᠴᠡ ᠪᠥᠲᠥᠭᠡᠨ ᠪᠠᠢ᠌ᠭᠤᠯᠬᠤ ᠪᠠᠷᠢᠯᠭ᠎ᠠ ᠵᠢᠨ ᠬᠠᠮᠢᠶᠠᠷᠤᠯᠲᠠ ᠵᠢᠨ ᠨᠢᠭᠡᠴᠢ ᠪᠠ ᠬᠥᠮᠥᠨ ᠣᠯᠠᠨ ᠴᠤᠭᠯᠠᠷᠠᠬᠤ ᠲᠠᠯᠠᠪᠤᠷ ᠭᠠᠵᠠᠷ᠎ᠤᠳ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠭᠥᠯᠢᠶᠡᠨ ᠠᠪᠤᠭᠰᠠᠨ᠎ᠤ ᠳᠠᠷᠠᠭ᠎ᠠ᠂ ᠲᠣᠰ ᠲᠣᠰ᠎ᠤᠨ ᠠᠵᠢᠯ ᠲᠥᠷᠥᠯ᠎ᠤᠨ ᠲᠣᠭᠲᠠᠭ᠋ᠠᠯ ᠶᠣᠰᠣᠭ᠋ᠠᠷ ᠵᠣᠬᠢᠬᠤ ᠰᠢᠢ᠍ᠳᠪᠦᠷᠢᠯᠡᠬᠦ ᠪᠠ ᠠᠶᠤᠯ᠎ᠠᠴᠠ ᠵᠠᠢ᠌ᠳᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠬᠣᠷᠢᠨ ᠨᠢᠭᠡᠳᠦᠭᠡᠷ ᠵᠦᠢ᠍ᠯ   ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠡᠷᠡᠭᠯᠡᠬᠦ ᠱᠠᠭ᠋ᠠᠷᠳᠠᠯᠭ᠎ᠠ᠎ᠲᠠᠢ ᠨᠢᠭᠡᠴᠢ᠎ᠨᠦᠭᠦᠳ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠠᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠦᠢ᠍ᠯᠡᠴᠢᠯᠡᠭᠡ ᠵᠠᠬᠢᠶᠠᠯᠠᠵᠤ ᠪᠣᠯᠤᠨ᠎ᠠ᠃
         
              ᠳᠥᠷᠪᠡᠳᠦᠭᠡᠷ ᠪᠦᠯᠦᠭ   ᠤᠬᠠᠭᠤᠯᠭ᠎ᠠ ᠬᠥᠮᠦᠵᠢᠯ ᠬᠢᠭᠡᠳ ᠰᠣᠷᠢᠯᠲᠠ
   
      ᠬᠣᠷᠢᠨ ᠬᠣᠶᠠᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠬᠣᠯᠪᠣᠭᠳᠠᠯ ᠪᠥᠬᠥᠢ ᠰᠠᠯᠠᠭ᠎ᠠ ᠮᠥᠴᠢᠷ ᠪᠠ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠳ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠪᠠ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠦᠯ ᠵᠶ᠋ᠡᠷ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠵᠣᠬᠢᠶᠠᠨ ᠪᠠᠢ᠌ᠭᠤᠯᠵᠤ ᠥᠷᠨᠢᠭᠦᠯᠬᠦ ᠬᠡᠷᠡᠭᠲᠡᠢ᠃
      ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠤᠳ ᠰᠠᠭᠤᠭ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠵᠢ ᠦᠨᠳᠦᠰᠦᠯᠡᠨ᠂ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠪᠠ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠦᠯ ᠵᠶ᠋ᠡᠷ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠥᠷᠨᠢᠭᠦᠯᠬᠦ ᠬᠡᠷᠡᠭᠲᠡᠶ᠃
      ᠬᠣᠷᠢᠨ ᠭᠤᠷᠪᠠᠳᠤᠭ᠋ᠠᠷ ᠵᠦᠢ᠍ᠯ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠨᠦᠭᠦᠳ᠎ᠨᠢ ᠲᠤᠰ ᠨᠢᠭᠡᠴᠢ ᠵᠢᠨ ᠠᠵᠢᠯᠲᠠᠳ᠎ᠲᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠯᠭᠡ ᠵᠢ ᠤᠬᠠᠭᠤᠯᠵᠤ ᠬᠥᠮᠥᠵᠢᠭᠦᠯᠬᠦ᠎ᠪᠠᠨ ᠴᠢᠩᠭ᠋ᠠᠳᠬᠠᠵᠤ᠂ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠦᠯ ᠵᠶ᠋ᠡᠷ ᠪᠠᠴᠢᠮ ᠪᠠᠶ᠋ᠢᠳᠠᠯ ᠎ᠢ ᠠᠷᠭ᠋ᠠᠴᠠᠭ᠋ᠠᠬᠤ ᠰᠣᠷᠢᠯᠲᠠ ᠵᠢ ᠵᠢᠯ ᠪᠦᠷᠢ ᠨᠠᠭ᠋ᠠᠲᠤ ᠵᠠᠬ᠎ᠠ᠎ᠳᠤ᠎ᠪᠠᠨ ᠨᠢᠭᠡ ᠤᠳᠠᠭ᠎ᠠ ᠵᠣᠬᠢᠶᠠᠨ ᠪᠠᠶ᠋ᠢᠭᠤᠯᠬᠤ ᠬᠡᠷᠡᠭᠲᠡᠢ᠃
      ᠬᠣᠷᠢᠨ ᠳᠥᠷᠪᠡᠳᠦᠭᠡᠷ ᠵᠦᠢ᠍ᠯ   ᠰᠤᠷᠭ᠋ᠠᠭᠤᠯᠢ᠎ᠨᠤᠭᠤᠳ᠎ᠨᠢ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠯᠭᠡ ᠵᠢᠨ ᠬᠥᠮᠦᠵᠢᠯ᠎ᠢ ᠵᠢᠭ᠋ᠠᠨ ᠰᠤᠷᠭ᠋ᠠᠬᠤ ᠠᠭᠤᠯᠭ᠎ᠠ᠎ᠳᠤ ᠣᠷᠣᠭᠤᠯᠵᠤ᠂ ᠰᠤᠷᠤᠭᠴᠢᠳ᠎ᠤᠨ ᠠᠮᠤᠷ ᠲᠦᠪᠰᠢᠨ᠎ᠤ ᠦᠵᠡᠯ ᠤᠬᠠᠮᠰᠠᠷ᠎ᠢ ᠬᠥᠮᠦᠵᠢᠭᠦᠯᠵᠦ᠂ ᠰᠤᠷᠤᠯᠭ᠎ᠠ ᠵᠢᠨ ᠬᠤᠭᠤᠴᠠᠭ᠎ᠠ ᠪᠣᠯᠭ᠋ᠠᠨ᠎ᠳᠤ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠦᠯ ᠵᠶ᠋ᠡᠷ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠨᠠᠭ᠋ᠠᠲᠤ ᠵᠠᠬ᠎ᠠ᠎ᠳᠤ᠎ᠪᠠᠨ ᠨᠢᠭᠡ ᠤᠳᠠᠭ᠎ᠠ ᠵᠣᠬᠢᠶᠠᠨ ᠪᠠᠶ᠋ᠢᠭᠤᠯᠬᠤ ᠬᠡᠷᠡᠭᠲᠡᠢ᠃
      ᠬᠣᠷᠢᠨ ᠲᠠᠪᠤᠳᠤᠭ᠋ᠠᠷ ᠵᠦᠢ᠍ᠯ   ᠷᠠᠳᠢᠤ᠋᠂ ᠲᠧᠯᠸᠢᠰ᠂ ᠰᠣᠨᠢᠨ ᠰᠡᠳᠬᠦᠯ᠂ ᠢᠨᠲᠸᠷ ᠰᠦᠯᠵᠢᠶ᠎ᠡ ᠵᠡᠷᠭᠡ ᠵᠠᠭᠤᠴᠢᠯᠠᠭᠤᠷ᠎ᠤᠨ᠎ᠬᠢᠨ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠬᠦ ᠬᠡᠷᠡᠭᠲᠡᠢ᠃
      ᠬᠣᠷᠢᠨ ᠵᠢᠷᠭᠤᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ ᠬᠥᠳᠡᠯᠦᠯᠲᠡ ᠵᠢᠨ ᠠᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠣᠯᠪᠣᠭᠳᠠᠯ ᠪᠥᠬᠥᠢ ᠨᠢᠭᠡᠴᠢ ᠵᠢ ᠵᠢᠭ᠋ᠠᠨ ᠵᠢᠯᠣᠭᠣᠳᠴᠤ ᠬᠠᠪᠰᠤᠷᠴᠤ ᠰᠢᠮᠳᠠᠭᠤᠯᠵᠤ ᠪᠠᠶ᠋ᠢᠭ᠋ᠠᠳ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠯᠭᠡ ᠵᠢᠨ ᠤᠬᠠᠭᠤᠯᠭ᠎ᠠ ᠬᠥᠮᠦᠵᠢᠯ ᠪᠠ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠦᠯ ᠵᠶ᠋ᠡᠷ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠃
       
        ᠲᠠᠪᠤᠳᠤᠭ᠋ᠠᠷ ᠪᠦᠯᠦᠭ   ᠪᠡᠯᠡᠳᠬᠡᠮᠵᠢ ᠪᠠ ᠠᠵᠢᠭᠯᠠᠨ ᠰᠢᠨᠵᠢᠬᠦ ᠣᠷᠴᠢᠨ ᠲᠣᠭᠣᠷᠢᠨ᠎ᠤ ᠬᠠᠮᠠᠭ᠋ᠠᠯᠠᠯᠲᠠ
   

      ᠬᠣᠷᠢᠨ ᠳᠣᠯᠣᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ ᠬᠥᠳᠡᠯᠦᠯᠲᠡ ᠵᠢᠨ ᠠᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠪᠡᠯᠡᠳᠬᠡᠮᠵᠢ ᠪᠠ ᠭᠠᠵᠠᠷ ᠬᠥᠳᠡᠯᠦᠯᠲᠡ ᠵᠢᠨ ᠠᠵᠢᠭᠯᠠᠨ   ᠰᠢᠨᠵᠢᠬᠦ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ ᠵᠶ᠋ᠠᠨ ᠴᠢᠩᠭ᠋ᠠᠳᠬᠠᠵᠤ᠂ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠪᠡᠯᠡᠳᠬᠡᠮᠵᠢ ᠪᠠ ᠭᠠᠵᠠᠷ ᠬᠥᠳᠡᠯᠦᠯᠲᠡ ᠵᠢᠨ ᠠᠵᠢᠭᠯᠠᠨ ᠰᠢᠨᠵᠢᠬᠦ ᠣᠷᠴᠢᠨ ᠲᠣᠭᠣᠷᠢᠨ ᠡᠪᠳᠡᠭᠳᠡᠵᠦ ᠰᠦᠢ᠍ᠳᠦᠭᠰᠡᠨ ᠪᠠᠢ᠌ᠪᠠᠯ᠂ ᠴᠠᠭ ᠲᠤᠬᠠᠢ᠎ᠳᠤ᠎ᠨᠢ ᠵᠣᠬᠢᠶᠠᠨ ᠪᠠᠢ᠌ᠭᠤᠯᠵᠤ ᠰᠡᠷᠭᠦᠭᠡᠨ ᠠᠵᠢᠯᠯᠠᠭᠤᠯᠬᠤ ᠬᠡᠷᠡᠭᠲᠡᠢ᠃
      ᠬᠣᠷᠢᠨ ᠨᠠᠢ᠍ᠮᠠᠳᠤᠭ᠋ᠠᠷ ᠵᠦᠢ᠍ᠯ   ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠰᠢᠰᠲᠸᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠨᠢᠭᠡᠴᠢ ᠪᠠ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠥᠯᠢᠶᠡᠨ ᠠᠪᠬᠤ ᠨᠢᠭᠡᠴᠢ᠎ᠨᠦᠭᠦᠳ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠪᠡᠯᠡᠳᠬᠡᠮᠵᠢ᠎ᠳᠤ ᠬᠠᠮᠢᠶᠠᠷᠤᠯᠲᠠ ᠪᠠ ᠬᠠᠮᠠᠭ᠋ᠠᠯᠠᠯᠲᠠ᠎ᠪᠠᠨ ᠴᠢᠩᠭ᠋ᠠᠳᠬᠠᠬᠤ ᠬᠡᠷᠡᠭᠲᠡᠢ᠃
    ᠬᠣᠷᠢ ᠶᠢᠰᠦᠳᠦᠭᠡᠷ ᠵᠦᠢ᠍ᠯ ᠶᠠᠮᠠᠷᠪᠠ ᠨᠢᠬᠡᠴᠢ ᠪᠠ ᠬᠤᠪᠢ ᠬᠥᠮᠦᠨ ᠭᠡᠳ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠪᠡᠯᠡᠳᠬᠡᠮᠵᠢ ᠵᠢ ᠡᠵᠡᠯᠡᠵᠦ᠂ ᠰᠦᠢ᠍ᠳᠬᠡᠵᠦ᠂ ᠨᠤᠷᠠᠭ᠋ᠠᠵᠤ᠂ ᠳᠤᠷ᠎ᠠ᠎ᠪᠠᠷ ᠵᠶ᠋ᠠᠨ ᠰᠢᠯᠵᠢᠭᠦᠯᠵᠦ ᠪᠣᠯᠬᠤ ᠥᠭᠡᠢ᠂ ᠭᠠᠵᠠᠷ ᠬᠥᠳᠡᠯᠦᠯᠲᠡ ᠵᠢᠨ ᠠᠵᠢᠭᠯᠠᠨ ᠰᠢᠨᠵᠢᠬᠦ ᠣᠷᠴᠢᠨ ᠲᠣᠭᠣᠷᠢᠨ᠎ᠢ ᠬᠣᠬᠢᠷᠠᠭᠤᠯᠵᠤ ᠪᠣᠯᠬᠤ ᠥᠭᠡᠢ᠃
      ᠭᠤᠴᠢᠳᠤᠭ᠋ᠠᠷ ᠵᠦᠢ᠍ᠯ   ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠠᠵᠢᠯᠯᠠᠭ᠎ᠠ ᠵᠢᠨ ᠲᠠᠯ᠎ᠠ᠎ᠪᠠᠷ᠎ᠬᠢ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠡᠷᠬᠡ᠎ᠲᠠᠢ᠃ ᠢᠯᠡᠴᠢᠯᠡᠵᠦ ᠮᠡᠳᠡᠭᠦᠯᠦᠭᠰᠡᠨ᠎ᠢ ᠬᠦᠯᠢᠶᠡᠵᠦ ᠠᠪᠤᠭᠰᠠᠨ ᠨᠢᠭᠡᠴᠢ᠎ᠨᠢ ᠴᠠᠭ ᠲᠤᠬᠠᠶ᠎ᠳᠤ᠎ᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃
           
                    ᠵᠢᠷᠭᠤᠳᠤᠭ᠋ᠠᠷ ᠪᠦᠯᠦᠭ   ᠬᠠᠤᠯᠢ ᠴᠠᠭ᠋ᠠᠵᠠ ᠵᠢᠨ ᠬᠠᠷᠢᠭᠤᠴᠠᠯᠭ᠎ᠠ
   
      ᠭᠤᠴᠢᠨ ᠨᠢᠭᠡᠳᠦᠭᠡᠷ ᠵᠦᠢ᠍ᠯ   ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ᠎ᠳᠤ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠬᠥᠳᠡᠯᠦᠯᠲᠡ᠎ᠠᠴᠠ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠬᠠᠤᠯᠢ》 ᠵᠡᠷᠭᠡ ᠬᠣᠯᠪᠣᠭᠳᠠᠯ ᠪᠥᠬᠥᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠰᠢᠢ᠍ᠳᠭᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠠᠢ᠌ᠪᠠᠯ ᠲᠡᠷᠡ ᠬᠦ᠌ ᠲᠣᠭᠲᠠᠭ᠋ᠠᠯ ᠵᠶ᠋ᠠᠷ ᠬᠡᠷᠡᠭᠵᠢᠭᠦᠯᠬᠦ ᠬᠡᠷᠡᠭᠲᠡᠢ᠃
      ᠭᠤᠴᠢᠨ ᠬᠣᠶᠠᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠭᠡᠮ᠎ᠳᠤ ᠳᠤᠷ᠎ᠠ᠎ᠪᠠᠷ ᠵᠶ᠋ᠠᠨ ᠨᠡᠶ᠋ᠢᠲᠡᠯᠡᠵᠦ᠂ ᠠᠮᠤᠷ ᠲᠦᠪᠰᠢᠨ᠎ᠢ ᠬᠠᠮᠠᠭ᠋ᠠᠯᠠᠬᠤ ᠬᠠᠮᠢᠶᠠᠷᠤᠯᠲᠠ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠣᠯᠣᠭᠰᠠᠨ ᠪᠠᠢ᠌ᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠰᠢᠢ᠍ᠳᠭᠡᠵᠦ   ᠲᠣᠷᠭ᠋ᠠᠬᠤ ᠬᠡᠷᠡᠭᠲᠡᠢ; ᠶᠠᠯ᠎ᠠ᠎ᠳᠤ ᠬᠥᠷᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
      ᠭᠤᠴᠢᠨ ᠭᠤᠷᠪᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ ᠬᠥᠳᠡᠯᠦᠯᠲᠡ ᠵᠢᠨ ᠠᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠬᠣᠯᠪᠣᠭᠳᠠᠯ ᠪᠥᠬᠥᠢ ᠰᠠᠯᠠᠭ᠎ᠠ ᠮᠥᠴᠢᠷ᠎ᠤᠨ ᠠᠵᠢᠯᠲᠠᠳ ᠭᠠᠵᠠᠷ ᠬᠥᠳᠡᠯᠦᠯᠲᠡ ᠵᠢᠨ ᠰᠡᠷᠡᠮᠵᠢᠯᠡᠭᠦᠯᠬᠦ ᠠᠵᠢᠯ᠎ᠳᠤ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠬᠤᠪᠢ ᠵᠢᠨ ᠨᠠᠢ᠌ᠷ ᠬᠠᠷᠠᠵᠤ ᠬᠠᠤᠯᠢ ᠶᠣᠰᠣ ᠵᠢ ᠵᠦᠷᠢᠴᠡᠭᠰᠡᠨ᠂ ᠡᠷᠬᠡ ᠲᠤᠰᠢᠶᠠᠯ᠎ᠳᠤ᠎ᠪᠠᠨ ᠠᠯᠮᠠᠢ᠌ᠷᠠᠨ ᠣᠰᠣᠯᠳᠠᠭᠰᠠᠨ᠂ ᠬᠠᠤᠯᠢ ᠪᠤᠰᠤ ᠵᠢᠨ ᠠᠰᠢᠭ ᠲᠤᠰᠠ ᠣᠯᠤᠭᠰᠠᠨ ᠪᠠᠢ᠌ᠪᠠᠯ ᠰᠢᠭᠤᠳ ᠬᠠᠷᠢᠭᠤᠴᠠᠵᠤ ᠪᠠᠶ᠋ᠢᠭ᠎ᠠ ᠭᠣᠣᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠯᠭ᠎ᠠ᠎ᠲᠠᠢ ᠠᠵᠢᠯᠲᠠᠳ᠎ᠲᠤ᠎ᠨᠢ ᠬᠠᠤᠯᠢ ᠶᠣᠰᠣᠭ᠋ᠠᠷ ᠰᠢᠢ᠍ᠳᠬᠡᠯ ᠥᠭᠬᠦ ᠬᠡᠷᠡᠭᠲᠡᠢ; ᠶᠠᠯ᠎ᠠ᠎ᠳᠤ ᠬᠦᠷᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
         
                    ᠳᠣᠯᠣᠳᠤᠭ᠋ᠠᠷ ᠪᠦᠯᠦᠭ   ᠳᠠᠭ᠋ᠠᠯᠳᠤᠭᠤᠯᠤᠯ ᠲᠦᠷᠢᠮ
 
    ᠭᠤᠴᠢᠨ ᠳᠥᠷᠪᠡᠳᠦᠭᠡᠷ ᠵᠦᠢ᠍ᠯ ᠲᠣᠰ ᠠᠷᠭ᠎ᠠ ᠵᠢ 2020 ᠣᠨ᠎ᠤ 4 ᠳ᠋ᠤᠬᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ