ᠢᠯᠡ ᠵᠠᠰᠠᠭ   -   ᠲᠦᠷᠦ᠎ᠶᠢᠨ ᠪᠤᠳᠤᠯᠭ᠎ᠠ ᠬᠠᠤᠯᠢ ᠳᠦᠷᠢᠮ
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ ᠪᠠ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠲᠠᠭ᠋ᠠᠬᠤ ᠳᠡᠰ ᠳᠠᠷᠠᠭ᠋ᠠᠯᠠᠯ᠎ᠤᠨ ᠲᠣᠭᠲᠠᠭ᠋ᠠᠯ
ᠨᠡᠶ᠋ᠢᠲᠡᠯᠡᠭᠰᠡᠨ ᠴᠠᠭ᠄ 2020-04-17

        ᠥᠪᠥᠷ ᠮᠣᠩᠭᠣᠯ᠎ᠤᠨ ᠥᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ                                            
                                             243 ᠳ᠋ᠤᠭ᠋ᠠᠷ ᠲᠤᠭ᠋ᠠᠳᠤ  


         《ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ ᠪᠠ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠲᠠᠭ᠋ᠠᠬᠤ ᠳᠡᠰ ᠳᠠᠷᠠᠭ᠋ᠠᠯᠠᠯ᠎ᠤᠨ ᠲᠣᠭᠲᠠᠭ᠋ᠠᠯ》᠎ᠢ 2019 ᠣᠨ᠎ᠤ 11 ᠳ᠋ᠤᠭᠡᠷ ᠰᠠᠷ᠎ᠠ ᠵᠢᠨ 28᠎ᠤ ᠡᠳᠦᠷ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠤᠷᠢᠨ ᠳᠦᠷᠪᠡᠳᠦᠭᠡᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠦᠪᠯᠡᠵᠦ ᠪᠠᠲᠤᠯᠠᠭ᠋ᠠᠳ᠂ ᠡᠳᠦᠭᠡ ᠨᠡᠶ᠋ᠢᠲᠡᠯᠡᠪᠡ᠂ 2020 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠤᠨ᠎ᠠ᠃


                            ᠥᠪᠡᠷᠲᠡᠭᠡᠨ ᠵᠠᠰᠠᠭ᠍ᠣ ᠤᠷᠤᠨ᠎ᠤ ᠲᠡᠷᠢᠭᠦᠯᠡᠭᠴᠢ   ᠪᠦ᠋ ᠰᠢᠶᠤᠤ ᠯᠢᠨ


                                  2019 ᠣᠨ᠎ᠤ 12 ᠳ᠋ᠤᠭ᠋ᠠᠷ ᠰᠠᠷ᠎ᠠ ᠵᠢᠨ 15᠎ᠤ ᠡᠳᠦᠷ


          ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ
          ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ ᠪᠠ ᠵᠠᠰᠠᠭ᠎ᠤᠨ ᠣᠷᠳᠤᠨ᠎ᠤ
          ᠲᠤᠭᠲᠠᠭ᠋ᠠᠯ ᠳᠥᠷᠢᠮ᠎ᠢ ᠲᠤᠭᠲᠠᠭ᠋ᠠᠬᠤ ᠳᠡᠰ ᠳᠠᠷᠠᠭ᠋ᠠᠯᠠᠯ᠎ᠤᠨ ᠲᠣᠭᠲᠠᠭ᠋ᠠᠯ


    ᠨᠢᠭᠡᠳᠦᠭᠡᠷ ᠪᠦᠯᠦᠭ ᠶᠡᠷᠦᠩᠬᠡᠢ ᠳᠥᠷᠢᠮ
    ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ᠎ᠢ ᠨᠣᠣᠷᠠᠭᠯᠠᠨ ᠲᠤᠭᠲᠠᠭ᠋ᠠᠬᠤ ᠪᠠ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠲᠠᠭ᠋ᠠᠬᠤ ᠳᠡᠰ ᠳᠠᠷᠠᠭ᠋ᠠᠯᠠᠯ᠎ᠢ ᠵᠢᠷᠤᠮᠵᠢᠭᠤᠯᠵᠤ᠂ ᠬᠠᠤᠯᠢ ᠲᠤᠭᠲᠠᠭ᠋ᠠᠬᠤ ᠶᠠᠰᠤ ᠴᠢᠨᠠᠷ᠎ᠢ ᠪᠠᠲᠤᠯᠠᠨ᠂ ᠬᠠᠤᠯᠢ ᠲᠣᠭᠲᠠᠭ᠋ᠠᠯᠲᠠ ᠵᠢᠨ ᠬᠦᠲᠦᠯᠦᠨ ᠳᠠᠭ᠋ᠠᠭᠤᠯᠬᠤ ᠪᠠ ᠲᠦᠯᠬᠢᠨ ᠠᠬᠢᠭᠤᠯᠬᠤ ᠦᠢ᠍ᠯᠡᠳᠦᠯ᠎ᠢ ᠪᠠᠳᠠᠷᠠᠭᠤᠯᠬᠤ ᠵᠢᠨ ᠲᠤᠰᠠᠲᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠲᠤᠭᠲᠠᠭ᠋ᠠᠬᠤ ᠬᠠᠤᠯᠢ》 《ᠲᠤᠭᠲᠠᠭ᠋ᠠᠯ ᠳᠥᠷᠢᠮ᠎ᠢ ᠲᠤᠭᠲᠠᠭ᠋ᠠᠬᠤ ᠳᠡᠰ ᠳᠠᠷᠠᠭ᠋ᠠᠯᠠᠯ᠎ᠤᠨ ᠳᠥᠷᠢᠮ》 ᠵᠡᠷᠭᠡ ᠬᠠᠤᠯᠢ ᠴᠠᠭ᠋ᠠᠵᠠ᠂ ᠬᠠᠤᠯᠢ ᠲᠤᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠤᠷᠤᠨ᠎ᠤ ᠪᠤᠳᠠᠲᠠᠢ᠎ᠲᠠᠢ ᠤᠶᠠᠯᠳᠤᠭᠤᠯᠤᠨ᠂ ᠲᠤᠰ ᠲᠤᠭᠲᠠᠭ᠋ᠠᠯ᠎ᠢ ᠲᠤᠭᠲᠠᠭ᠋ᠠᠪᠠ᠃
      ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ᠎ᠢ ᠨᠣᠣᠷᠠᠭᠯᠠᠨ ᠲᠤᠭᠲᠠᠭ᠋ᠠᠬᠤ ᠪᠠ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠲᠠᠭ᠋ᠠᠬᠤ᠎ᠳᠤ ᠲᠤᠰ ᠲᠤᠭᠲᠠᠭ᠋ᠠᠯ᠎ᠢ ᠲᠣᠬᠢᠷᠠᠭᠤᠯᠤᠨ ᠬᠡᠷᠡᠭᠯᠡᠨ᠎ᠡ᠃
      ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠨᠢ ᠵᠠᠰᠠᠭ᠎ᠤᠨ ᠣᠷᠳᠤᠨ᠎ᠤ ᠬᠠᠤᠯᠢ ᠲᠣᠭᠲᠠᠭ᠋ᠠᠯᠲᠠ ᠵᠢᠨ ᠠᠵᠢᠯ᠎ᠢ ᠤᠳᠤᠷᠢᠳᠬᠤ᠎ᠪᠠᠨ ᠴᠢᠩᠭ᠋ᠠᠳᠬᠠᠵᠤ᠂ ᠬᠠᠤᠯᠢ ᠲᠣᠭᠲᠠᠭ᠋ᠠᠯᠲᠠ ᠵᠢᠨ ᠠᠵᠢᠯ᠎ᠤᠨ ᠶᠠᠪᠤᠴᠠ᠎ᠳᠠᠬᠢ ᠴᠢᠬᠤᠯᠠ ᠶᠡᠭᠡ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ ᠪᠠ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ ᠲᠣᠭᠲᠠᠭ᠋ᠠᠬᠤ ᠵᠢ ᠵᠣᠬᠢᠶᠠᠨ ᠪᠠᠶ᠋ᠢᠭᠤᠯᠬᠤ᠂ ᠵᠢᠯᠤᠭᠤᠳᠬᠤ᠂ ᠵᠣᠬᠢᠴᠠᠭᠤᠯᠬᠤ ᠪᠠ ᠲᠦᠰᠦᠯ᠎ᠢ ᠬᠢᠨᠠᠨ ᠪᠠᠶ᠋ᠢᠴᠠᠭ᠋ᠠᠬᠤ ᠠᠵᠢᠯ᠎ᠢ ᠪᠤᠲᠠᠲᠠᠢ ᠬᠠᠷᠢᠭᠤᠴᠠᠬᠤ ᠬᠡᠷᠡᠭᠲᠡᠢ᠃
    ᠳᠦᠷᠪᠡᠳᠦᠭᠡᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ ᠪᠠ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠣᠭᠲᠠᠭ᠋ᠠᠬᠤ᠎ᠳᠤ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠤᠯᠭ᠎ᠠ ᠪᠠ ᠰᠢᠢ᠍ᠳᠪᠦᠷᠢᠳᠦ ᠪᠣᠳᠤᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠤᠯᠢ ᠲᠣᠭᠲᠠᠭ᠋ᠠᠬᠤ ᠬᠠᠤᠯᠢ᠎ᠠᠴᠠ ᠲᠣᠭᠲᠠᠭ᠋ᠠᠭᠰᠠᠨ ᠬᠠᠤᠯᠢ ᠲᠣᠭᠲᠠᠭ᠋ᠠᠯᠲᠠ ᠵᠢᠨ ᠵᠠᠷᠴᠢᠮ᠎ᠢ ᠵᠢᠷᠦᠮᠯᠠᠵᠤ᠂ ᠦᠨᠳᠦᠰᠦᠨ ᠬᠠᠤᠯᠢ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠲᠠᠭ᠋ᠠᠯ ᠪᠤᠯᠤᠨ ᠪᠤᠰᠤᠳ ᠳᠡᠭᠡᠳᠦ ᠪᠠᠶ᠋ᠢᠷᠢ ᠵᠢᠨ ᠬᠠᠤᠯᠢ ᠵᠢᠨ ᠲᠣᠭᠲᠠᠭ᠋ᠠᠯ᠎ᠲᠠᠢ ᠨᠡᠶ᠋ᠢᠴᠡᠬᠦᠯᠦᠨ᠂ ᠨᠡᠶ᠋ᠢᠲᠡ ᠣᠯᠠᠨ᠎ᠤ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠨ ᠬᠠᠤᠯᠢ ᠲᠣᠭᠲᠠᠭ᠋ᠠᠯᠲᠠ ᠵᠢᠨ ᠠᠵᠢᠯᠯᠠᠭ᠋ᠠᠨ᠎ᠳᠤ ᠣᠷᠤᠯᠴᠠᠬᠤ ᠵᠢ ᠪᠠᠲᠤᠯᠠᠨ᠂ ᠣᠷᠤᠨ ᠨᠤᠲᠤᠭ᠎ᠤᠨ ᠣᠨᠴᠠᠯᠢᠭ ᠪᠤᠯᠤᠨ ᠦᠨᠳᠦᠰᠦᠲᠡᠨ᠎ᠤ ᠣᠨᠴᠠᠯᠢᠭ᠎ᠢ ᠢᠯᠡᠷᠡᠭᠦᠯᠵᠦ᠂ ᠬᠠᠨᠲᠤᠯᠭ᠋ᠠᠲᠤ ᠴᠢᠨᠠᠷ ᠪᠤᠯᠤᠨ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠴᠢᠩᠭ᠋ᠠᠳᠬᠠᠬᠤ ᠬᠡᠷᠡᠭᠲᠡᠢ᠃
    ᠲᠠᠪᠤᠳᠤᠭ᠋ᠠᠷ ᠵᠦᠢ᠍ᠯ ᠤᠯᠤᠰ ᠲᠦᠷᠦ ᠵᠢᠨ ᠲᠠᠯ᠎ᠠ᠎ᠪᠠᠷ᠎ᠬᠢ ᠬᠠᠤᠯᠢ ᠴᠠᠭ᠋ᠠᠵᠠ ᠬᠠᠤᠯᠢ ᠲᠤᠭᠲᠠᠭ᠋ᠠᠯ᠎ᠤᠨ ᠵᠠᠰᠠᠭ᠎ᠤᠨ ᠣᠷᠳᠤᠨ᠎ᠤ ᠲᠦᠭᠦᠷ ᠲᠤᠭᠲᠠᠭ᠋ᠠᠯ ᠳᠥᠷᠢᠮ ᠪᠣᠯᠤᠨ ᠠᠵᠤ ᠠᠬᠤᠢ ᠨᠡᠶ᠋ᠢᠭᠡᠮ᠎ᠤᠨ ᠲᠠᠯ᠎ᠠ᠎ᠪᠠᠷ᠎ᠬᠢ ᠵᠠᠰᠠᠭ᠎ᠤᠨ ᠣᠷᠳᠤᠨ᠎ᠤ ᠴᠢᠬᠤᠯᠠ ᠶᠡᠭᠡ ᠲᠤᠭᠲᠠᠭ᠋ᠠᠯ ᠳᠥᠷᠢᠮ᠎ᠢ ᠲᠤᠭᠲᠠᠭ᠋ᠠᠬᠤ᠎ᠳᠤ᠂ ᠬᠤᠯᠪᠣᠭᠳᠠᠯ ᠪᠦᠬᠦᠢ ᠲᠤᠭᠲᠠᠭ᠋ᠠᠯ ᠶᠤᠰᠤᠭ᠋ᠠᠷ ᠴᠠᠭ ᠲᠤᠬᠠᠢ᠎ᠳᠤ᠎ᠨᠢ ᠥᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠳᠤ ᠮᠡᠳᠡᠭᠦᠯᠬᠦ ᠬᠡᠷᠡᠭᠲᠡᠢ᠃
      ᠵᠢᠷᠭᠤᠳᠤᠭ᠋ᠠᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ ᠲᠤᠭᠲᠠᠭ᠋ᠠᠬᠤ ᠳᠡᠰ ᠳᠠᠷᠠᠭ᠋ᠠᠯᠠᠯ᠎ᠳᠤ ᠲᠤᠭᠲᠠᠭ᠋ᠠᠬᠤ ᠵᠦᠢ᠍ᠯ᠂ ᠲᠤᠭᠤᠷᠪᠢᠬᠤ᠂ ᠬᠢᠨᠠᠨ ᠪᠠᠶ᠋ᠢᠴᠠᠭ᠋ᠠᠬᠤ᠂ ᠲᠤᠨᠨᠳᠠᠭ᠋ᠠᠬᠤ᠂ ᠬᠢᠨᠠᠨ ᠶᠠᠷᠢᠯᠴᠠᠭᠤᠯᠬᠤ᠎ᠪᠠᠷ ᠳᠡᠪᠰᠢᠭᠦᠯᠬᠦ ᠵᠢ ᠪᠠᠭᠲᠠᠭ᠋ᠠᠨ᠎ᠠ᠃ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠣᠭᠲᠠᠭ᠋ᠠᠬᠤ ᠳᠡᠰ ᠳᠠᠷᠠᠭ᠋ᠠᠯᠠᠯ᠎ᠳᠤ ᠲᠤᠭᠲᠠᠭ᠋ᠠᠬᠤ ᠵᠦᠢ᠍ᠯ᠂ ᠲᠤᠭᠤᠷᠪᠢᠬᠤ᠂ ᠬᠢᠨᠠᠨ ᠪᠠᠶ᠋ᠢᠴᠠᠭ᠋ᠠᠬᠤ᠂ ᠲᠣᠭᠲᠠᠭ᠋ᠠᠬᠤ᠂ ᠨᠡᠶ᠋ᠢᠲᠡᠯᠡᠬᠦ᠂ ᠪᠦᠷᠢᠳᠭᠡᠨ ᠳᠠᠩᠰᠠᠯᠠᠬᠤ ᠪᠠ ᠲᠠᠶ᠋ᠢᠯᠪᠤᠷᠢᠯᠠᠬᠤ ᠵᠢ ᠪᠠᠭᠲᠠᠭ᠋ᠠᠨ᠎ᠠ᠃
      ᠳᠤᠯᠤᠳᠤᠭ᠋ᠠᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ ᠪᠠ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠣᠭᠲᠠᠭ᠋ᠠᠬᠤ᠎ᠳᠤ ᠬᠠᠤᠯᠢ ᠲᠣᠭᠲᠠᠭ᠋ᠠᠯᠲᠠ ᠵᠢᠨ ᠮᠡᠷᠭᠡᠵᠢᠯ᠎ᠤᠨ ᠵᠢᠷᠦᠮᠵᠢᠯ᠎ᠳᠤ ᠨᠡᠶ᠋ᠢᠴᠡᠵᠦ᠂ ᠯᠣᠭᠢᠭ ᠴᠢᠨᠠᠷ ᠵᠶ᠋ᠠᠷ ᠴᠢᠩᠭ᠎ᠠ᠂ ᠡᠮᠬᠢ ᠵᠢᠷᠦᠮ ᠢᠯᠭᠤᠮ ᠲᠤᠳᠤ᠂ ᠠᠭᠤᠯᠭ᠎ᠠ᠎ᠨᠢ ᠲᠣᠳᠤᠷᠬᠠᠢ ᠪᠦᠭᠡᠳ ᠪᠣᠲᠠᠲᠠᠢ᠂ ᠬᠡᠯᠡ ᠬᠡᠯᠡᠯᠭᠡ ᠣᠨᠤᠪᠴᠢᠲᠠᠢ ᠪᠦᠭᠡᠳ ᠳᠦᠭᠦᠮ ᠠᠪᠰᠠᠷᠬᠠᠨ ᠪᠠᠶ᠋ᠢᠵᠤ᠂ ᠬᠡᠷᠡᠭᠵᠢᠭᠦᠯᠵᠦ ᠪᠣᠯᠬᠤᠶ᠋ᠢᠴᠠ ᠪᠠᠶ᠋ᠢᠬᠤ ᠬᠡᠷᠡᠭᠲᠡᠢ᠃ ᠳᠡᠭᠡᠳᠦ ᠪᠠᠶ᠋ᠢᠷᠢ ᠵᠢᠨ ᠬᠠᠤᠯᠢ᠎ᠳᠤ ᠨᠢᠭᠡᠨᠲᠡ ᠲᠣᠳᠤᠷᠬᠠᠢ ᠲᠣᠭᠲᠠᠭ᠋ᠠᠭᠰᠠᠨ ᠠᠭᠤᠯᠭ᠎ᠠ ᠵᠢ ᠪᠣᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ ᠪᠠ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠳᠤ ᠵᠠᠷᠴᠢᠮ ᠳᠡᠭᠡᠷ᠎ᠡ᠎ᠪᠠᠨ ᠲᠠᠪᠬᠤᠷᠳᠠᠭᠤᠯᠤᠨ ᠲᠣᠭᠲᠠᠭ᠋ᠠᠬᠤ ᠦᠭᠡᠢ᠃
      ᠨᠠᠢ᠍ᠮᠠᠳᠤᠭ᠋ᠠᠷ ᠵᠦᠢ᠍ᠯ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠲᠠᠭ᠋ᠠᠯ᠂ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠦᠨᠳᠦᠰᠦᠯᠡᠯ ᠪᠠᠶ᠋ᠢᠬᠤ ᠦᠭᠡᠢ ᠪᠣᠯ᠂ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠳᠤ ᠡᠷᠬᠡᠲᠦ ᠠᠷᠠᠳ᠂ ᠬᠠᠤᠯᠢ ᠵᠢᠨ ᠡᠷᠬᠡᠲᠡᠨ ᠪᠤᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠡᠷᠬᠡ ᠠᠰᠢᠭ᠎ᠢ᠎ᠨᠢ ᠬᠠᠰᠤᠵᠤ ᠬᠤᠬᠢᠷᠠᠭᠤᠯᠬᠤ ᠪᠤᠶᠤ ᠡᠭᠦᠷᠭᠡ ᠵᠢ᠎ᠨᠢ ᠨᠡᠮᠡᠭᠳᠡᠭᠦᠯᠬᠦ ᠵᠢᠷᠦᠮᠵᠢᠯ ᠲᠣᠭᠲᠠᠭ᠋ᠠᠵᠤ ᠪᠣᠯᠬᠤ

ᠦᠭᠡᠢ᠃


      ᠬᠤᠶᠠᠳᠤᠭ᠋ᠠᠷ ᠪᠦᠯᠦᠭ ᠲᠣᠭᠲᠠᠭ᠋ᠠᠬᠤ ᠵᠦᠢ᠍ᠯ
      ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠣᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠠᠤᠯᠢ ᠲᠤᠨᠨᠳᠠᠭ᠋ᠠᠯᠳᠠ ᠵᠢᠨ ᠲᠦᠯᠦᠪᠵᠢᠭᠦᠯᠭᠡ ᠪᠤᠯᠤᠨ ᠬᠠᠤᠯᠢ ᠲᠤᠨᠨᠳᠠᠭ᠋ᠠᠯᠳᠠ ᠵᠢᠨ ᠣᠨ᠎ᠤ ᠲᠦᠯᠦᠪᠯᠡᠭᠡ ᠵᠢᠨ ᠰᠠᠨᠠᠭᠤᠯᠭ᠎ᠠ ᠵᠢ ᠳᠤᠷᠠᠳᠴᠦ᠂ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠤᠨ ᠬᠠᠤᠯᠢ ᠲᠤᠨᠨᠳᠠᠭ᠋ᠠᠯᠳᠠ ᠵᠢᠨ ᠣᠨ᠎ᠤ ᠲᠦᠯᠦᠪᠯᠡᠭᠡ ᠵᠢ ᠲᠤᠨᠨᠳᠠᠭ᠋ᠠᠬᠤ᠎ᠳᠤ᠎ᠪᠠᠨ᠂ ᠠᠵᠤ ᠠᠬᠤᠢ ᠨᠡᠶ᠋ᠢᠭᠡᠮ᠎ᠤᠨ ᠬᠦᠭᠵᠢᠯᠲᠡ ᠵᠢᠨ ᠱᠠᠭ᠋ᠠᠷᠳᠠᠯᠭ᠎ᠠ ᠵᠢ ᠦᠨᠳᠦᠰᠦᠯᠡᠵᠦ᠂ ᠨᠢᠭᠡᠳᠦᠯᠲᠡᠢ ᠲᠦᠯᠦᠪᠯᠡᠵᠦ ᠨᠡᠶ᠋ᠢᠲᠡ᠎ᠳᠤ᠎ᠨᠢ ᠬᠠᠷᠠᠭ᠋ᠠᠯᠵᠠᠨ᠂ ᠭᠤᠣᠯᠳᠠᠯᠭ᠎ᠠ᠎ᠪᠠᠨ ᠳᠣᠪᠤᠶ᠋ᠢᠯᠭ᠋ᠠᠵᠣ᠂ ᠲᠣᠭᠲᠠᠭ᠋ᠠᠬᠤ᠂ ᠵᠠᠰᠠᠪᠤᠷᠢ ᠣᠷᠤᠭᠤᠯᠬᠤ᠂ ᠬᠦᠴᠦᠨ ᠦᠭᠡᠢ ᠪᠣᠯᠭ᠋ᠠᠬᠤ ᠪᠠ ᠲᠠᠶ᠋ᠢᠯᠪᠤᠷᠢ ᠬᠢᠬᠦ ᠵᠢ ᠵᠡᠷᠭᠡ᠎ᠳᠤ᠎ᠨᠢ ᠬᠢᠬᠦ ᠬᠡᠷᠡᠭᠲᠡᠢ᠃ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠤᠨ ᠬᠠᠤᠯᠢ ᠲᠤᠨᠨᠳᠠᠭ᠋ᠠᠯᠳᠠ ᠵᠢᠨ ᠣᠨ᠎ᠤ ᠲᠦᠯᠦᠪᠯᠡᠭᠡ᠎ᠨᠢ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠠᠤᠯᠢ ᠲᠤᠨᠨᠳᠠᠭ᠋ᠠᠯᠳᠠ ᠵᠢᠨ ᠣᠨ᠎ᠤ ᠲᠦᠯᠦᠪᠯᠡᠭᠡ᠎ᠲᠠᠢ ᠬᠠᠷᠢᠯᠴᠠᠨ ᠵᠣᠯᠭ᠋ᠠᠯᠳᠤᠭᠰᠠᠨ ᠪᠠᠶ᠋ᠢᠬᠤ ᠬᠡᠷᠡᠭᠲᠡᠢ᠃
      ᠠᠷᠪᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠤᠷᠳᠤᠨ᠎ᠨᠢ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠂ ᠵᠠᠰᠠᠭ᠎ᠤᠨ ᠣᠷᠳᠤᠨ᠎ᠤ ᠲᠤᠭᠲᠠᠭ᠋ᠠᠯ ᠲᠦᠷᠢᠮ᠎ᠤᠨ ᠬᠠᠤᠯᠢ ᠲᠤᠨᠨᠳᠠᠭ᠋ᠠᠯᠳᠠ ᠵᠢᠨ ᠣᠨ᠎ᠤ ᠲᠦᠯᠦᠪᠯᠡᠭᠡ ᠵᠢᠨ ᠵᠦᠢ᠍ᠯᠡᠰ᠎ᠤᠨ ᠰᠠᠨᠠᠭᠤᠯᠭ᠎ᠠ ᠵᠢ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠬᠤᠷᠢᠶᠠᠵᠤ ᠪᠣᠯᠤᠨ᠎ᠠ᠃ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠵᠢᠯ ᠪᠦᠷᠢ ᠵᠢᠨ ᠳᠤᠤᠷ᠎ᠠ ᠬᠠᠭ᠋ᠠᠰ ᠵᠢᠯ᠎ᠳᠤ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠠᠯᠠᠭ᠎ᠠ ᠮᠦᠴᠢᠷ᠂ ᠠᠶ᠋ᠢᠮᠠᠭ᠎ᠤᠨ ᠵᠠᠬᠢᠷᠭ᠎ᠠ ᠪᠣᠯᠤᠨ ᠲᠤᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠤᠨ᠂ ᠬᠤᠯᠪᠤᠭᠳᠠᠯ ᠪᠦᠬᠦᠢ ᠵᠣᠬᠢᠶᠠᠨ ᠪᠠᠶ᠋ᠢᠭᠤᠯᠤᠯᠲᠠ᠎ᠠᠴᠠ ᠳᠠᠷᠠᠭ᠋ᠠᠬᠢ ᠣᠨ᠎ᠤ ᠬᠠᠤᠯᠢ ᠲᠤᠨᠨᠳᠠᠭ᠋ᠠᠯᠳᠠ ᠵᠢᠨ ᠲᠦᠯᠦᠪᠯᠡᠭᠡ ᠵᠢᠨ ᠵᠦᠢ᠍ᠯᠡᠰ᠎ᠤᠨ ᠰᠠᠨᠠᠭᠤᠯᠭ᠎ᠠ ᠵᠢ ᠬᠤᠷᠢᠶᠠᠬᠤ ᠬᠡᠷᠡᠭᠲᠡᠢ᠂ ᠪᠠᠰᠠ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠫᠤᠷᠲ᠋ᠧᠯ ᠰᠦᠯᠵᠢᠶ᠎ᠡ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ ᠫᠤᠷᠲ᠋ᠧᠯ ᠰᠦᠯᠵᠢᠶ᠎ᠡ ᠪᠤᠶᠤ ᠪᠤᠰᠤᠳ ᠠᠷᠭ᠎ᠠ ᠬᠡᠯᠪᠡᠷᠢ᠎ᠪᠠᠷ ᠳᠠᠮᠵᠢᠨ ᠬᠠᠤᠯᠢ ᠲᠣᠭᠲᠠᠭ᠋ᠠᠯᠲᠠ ᠵᠢᠨ ᠲᠦᠯᠦᠪᠯᠡᠭᠡ ᠵᠢᠨ ᠵᠦᠢ᠍ᠯᠡᠰ᠎ᠤᠨ ᠰᠠᠨᠠᠭᠤᠯᠭ᠎ᠠ ᠵᠢ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠬᠤᠷᠢᠶᠬᠠᠰᠠᠨ ᠴᠤ᠌ ᠪᠤᠯᠤᠨ᠎ᠠ᠃
      ᠠᠷᠪᠠᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠠᠯᠠᠭ᠎ᠠ ᠮᠦᠴᠢᠷ᠂ ᠠᠶ᠋ᠢᠮᠠᠭ᠎ᠤᠨ ᠵᠠᠬᠢᠷᠭ᠎ᠠ ᠪᠤᠯᠤᠨ ᠲᠤᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ ᠪᠤᠶᠤ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠲᠠᠭ᠋ᠠᠬᠤ ᠴᠢᠬᠤᠯᠠ᠎ᠲᠠᠢ ᠭᠡᠵᠦ ᠦᠵᠡᠭᠰᠡᠨ ᠪᠠᠶ᠋ᠢᠪᠠᠯ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠳᠤ ᠲᠣᠭᠲᠠᠭ᠋ᠠᠯᠭ᠋ᠠᠬᠤ᠎ᠪᠠᠷ ᠭᠤᠶᠤᠴᠢᠯᠠᠬᠤ ᠬᠡᠷᠡᠭᠲᠡᠢ᠃
      ᠠᠷᠪᠠᠨ ᠬᠤᠶᠠᠳᠤᠭ᠋ᠠᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠂ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠲᠠᠭ᠋ᠠᠬᠤ ᠵᠦᠢ᠍ᠯ ᠵᠶ᠋ᠠᠷ ᠮᠡᠳᠡᠭᠦᠯᠦᠨ ᠭᠤᠶᠤᠴᠢᠯᠠᠬᠤ᠎ᠳᠤ᠂ ᠳᠤᠤᠷᠠᠬᠢ ᠮᠡᠲᠦ ᠪᠢᠴᠢᠭᠯᠡᠭᠰᠡᠨ ᠮᠠᠲ᠋ᠧᠷᠢᠶᠠᠯ ᠵᠢᠴᠢ ᠡᠯᠧᠺᠲᠷᠤᠨ ᠪᠢᠴᠢᠭᠯᠡᠭᠰᠡᠨ ᠮᠠᠲ᠋ᠧᠷᠢᠶᠠᠯ᠎ᠤᠳ᠎ᠢ ᠮᠡᠳᠡᠭᠦᠯᠦᠨ ᠬᠦᠷᠭᠡᠬᠦ ᠬᠡᠷᠡᠭᠲᠡᠢ᠄
     (ᠨᠢᠭᠡ) ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ᠂ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠤᠨ ᠲᠦᠰᠦᠯ ᠪᠣᠯᠤᠨ ᠲᠤᠭᠤᠷᠪᠢᠬᠤ ᠲᠣᠳᠤᠷᠬᠠᠶ᠋ᠢᠯᠠᠯᠲᠠ;
     (ᠬᠤᠶᠠᠷ) ᠬᠠᠤᠯᠢ ᠴᠠᠭ᠋ᠠᠵᠠ᠂ ᠬᠠᠤᠯᠢ ᠲᠤᠭᠲᠠᠭ᠋ᠠᠯ᠎ᠤᠨ ᠦᠨᠳᠦᠰᠦᠯᠡᠯ ᠵᠢᠴᠢ ᠬᠠᠤᠯᠢ ᠲᠣᠭᠲᠠᠭ᠋ᠠᠯᠲᠠ ᠵᠢᠨ ᠬᠤᠯᠪᠤᠭᠳᠠᠯ ᠪᠦᠬᠦᠢ ᠮᠠᠲ᠋ᠧᠷᠢᠶᠠᠯ;
     (ᠭᠤᠷᠪᠠ) ᠬᠤᠷᠢᠶᠠᠭᠰᠠᠨ ᠰᠠᠨᠠᠯ ᠵᠶ᠋ᠠᠨ ᠡᠮᠬᠢᠳᠭᠡᠭᠰᠡᠨ ᠮᠠᠲ᠋ᠧᠷᠢᠶᠠᠯ;
     (ᠳᠥᠷᠪᠡ) ᠬᠢᠨᠠᠨ ᠵᠦᠪᠯᠡᠭᠦᠯᠬᠦ ᠰᠠᠨᠠᠭᠤᠯᠭ᠎ᠠ ᠵᠢᠨ ᠴᠠᠭ ᠬᠤᠭᠤᠴᠠᠭ᠎ᠠ᠃
      ᠲᠤᠭᠤᠷᠪᠢᠬᠤ ᠲᠣᠳᠤᠷᠬᠠᠶ᠋ᠢᠯᠠᠯᠲᠠ᠎ᠨᠢ ᠬᠠᠤᠯᠢ ᠲᠣᠭᠲᠠᠭ᠋ᠠᠯᠲᠠ ᠵᠢᠨ ᠴᠢᠬᠤᠯᠠ ᠴᠢᠨᠠᠷ ᠪᠣᠯᠤᠨ ᠬᠡᠷᠡᠭᠵᠢᠭᠦᠯᠦᠭᠦᠰᠢᠲᠡᠢ ᠴᠢᠨᠠᠷ᠂ ᠲᠤᠭᠤᠷᠪᠢᠬᠤ ᠶᠠᠪᠤᠴᠠ᠂ ᠰᠢᠢ᠍ᠳᠪᠦᠷᠢᠯᠡᠬᠦ᠎ᠪᠠᠷ ᠪᠠᠶ᠋ᠢᠭ᠎ᠠ ᠭᠤᠣᠯ ᠠᠰᠠᠭᠤᠳᠠᠯ᠂ ᠲᠤᠭᠲᠠᠭ᠋ᠠᠭᠰᠠᠨ ᠭᠤᠣᠯ ᠠᠷᠭ᠎ᠠ ᠬᠡᠮᠵᠢᠶ᠎ᠡ ᠵᠢᠴᠢ ᠭᠤᠣᠯ ᠪᠣᠯᠬᠤ ᠵᠦᠷᠢᠯᠳᠦᠭᠡᠨ᠎ᠲᠠᠢ ᠰᠠᠨᠠᠯ᠎ᠢ ᠵᠣᠬᠢᠴᠠᠭᠤᠯᠵᠤ ᠰᠢᠢ᠍ᠳᠪᠦᠷᠢᠯᠡᠭᠰᠡᠨ ᠪᠠᠶ᠋ᠢᠳᠠᠯ᠎ᠢ ᠪᠠᠭᠲᠠᠭ᠋ᠠᠬᠤ ᠬᠡᠷᠡᠭᠲᠡᠢ᠃
      ᠨᠤᠲᠠᠯᠠᠬᠤ ᠬᠤᠷᠠᠯ ᠪᠣᠯᠤᠨ ᠭᠡᠷᠡᠴᠢᠯᠡᠭᠡ ᠰᠣᠨᠣᠰᠬᠤ ᠬᠤᠷᠠᠯ ᠬᠢᠬᠦ᠎ᠳᠤ᠎ᠪᠠᠨ᠂ ᠨᠤᠲᠠᠯᠠᠬᠤ ᠬᠤᠷᠠᠯ ᠪᠣᠯᠤᠨ ᠭᠡᠷᠡᠴᠢᠯᠡᠭᠡ ᠰᠣᠨᠣᠰᠬᠤ ᠬᠤᠷᠠᠯ᠎ᠤᠨ ᠮᠡᠳᠡᠭᠦᠯᠦᠯᠲᠡ᠎ᠪᠠᠨ ᠪᠠᠰᠠ ᠮᠡᠳᠡᠭᠦᠯᠦᠨ ᠬᠦᠷᠭᠡᠬᠦ ᠬᠡᠷᠡᠭᠲᠡᠢ᠃
      ᠠᠷᠪᠠᠨ ᠭᠤᠷᠪᠠᠳᠤᠭ᠋ᠠᠷ ᠵᠦᠢ᠍ᠯ ᠣᠷᠤᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠤᠨ ᠬᠠᠤᠯᠢ ᠲᠤᠨᠨᠳᠠᠭ᠋ᠠᠯᠳᠠ ᠵᠢᠨ ᠲᠦᠯᠦᠪᠯᠡᠭᠡ ᠵᠢᠨ ᠰᠠᠨᠠᠭᠤᠯᠭ᠎ᠠ ᠪᠤᠯᠤᠨ ᠬᠠᠤᠯᠢ ᠲᠤᠨᠨᠳᠠᠭ᠋ᠠᠯᠳᠠ ᠵᠢᠨ ᠣᠨ᠎ᠤ ᠲᠦᠯᠦᠪᠯᠡᠭᠡ ᠵᠢᠨ ᠰᠠᠨᠠᠭᠤᠯᠭ᠎ᠠ ᠵᠢ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠲᠣᠭᠤᠷᠪᠢᠨ ᠲᠤᠭᠲᠠᠭ᠋ᠠᠵᠤ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ ᠵᠶ᠋ᠠᠷ ᠬᠢᠨᠠᠨ ᠲᠣᠭᠲᠠᠭ᠋ᠠᠯᠭ᠋ᠠᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠳᠤ ᠮᠡᠳᠡᠭᠦᠯᠦᠨ ᠬᠦᠷᠭᠡᠬᠦ ᠬᠡᠷᠡᠭᠲᠡᠢ᠃
      ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠭ᠎ᠠ ᠮᠦᠴᠢᠷ᠎ᠨᠢ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ ᠲᠤᠨᠨᠳᠠᠭ᠋ᠠᠬᠤ ᠵᠢᠨ ᠲᠣᠭᠲᠠᠭ᠋ᠠᠬᠤ ᠵᠦᠢ᠍ᠯ᠎ᠢ ᠭᠤᠶᠤᠴᠢᠯᠠᠬᠤ ᠪᠠ ᠢᠯᠡ᠎ᠪᠠᠷ ᠡᠯᠰᠡᠨ ᠴᠤᠭᠯᠠᠭᠤᠯᠤᠭᠰᠠᠨ ᠵᠠᠰᠠᠭ᠎ᠤᠨ ᠣᠷᠳᠤᠨ᠎ᠤ ᠲᠣᠭᠲᠠᠭ᠋ᠠᠯ ᠳᠥᠷᠢᠮ᠎ᠤᠨ ᠬᠠᠤᠯᠢ ᠲᠣᠭᠲᠠᠭ᠋ᠠᠯᠲᠠ ᠵᠢᠨ ᠲᠦᠯᠦᠪᠯᠡᠭᠡ ᠵᠢᠨ ᠲᠦᠷᠦᠯ ᠵᠦᠢ᠍ᠯ᠎ᠤᠨ ᠰᠠᠨᠠᠭᠤᠯᠭ᠎ᠠ᠎ᠳᠤ ᠦᠨᠡᠯᠡᠨ ᠵᠢᠱ᠌ᠢᠯᠲᠡ ᠪᠣᠯᠤᠨ ᠨᠤᠲᠠᠯᠠᠯᠲᠠ ᠬᠢᠵᠦ᠂ ᠵᠠᠰᠠᠭ᠎ᠤᠨ ᠣᠷᠳᠤᠨ᠎ᠤ ᠲᠣᠭᠲᠠᠭ᠋ᠠᠯ ᠳᠥᠷᠢᠮ᠎ᠤᠨ ᠬᠠᠤᠯᠢ ᠲᠣᠭᠲᠠᠭ᠋ᠠᠯᠲᠠ ᠵᠢᠨ ᠣᠨ᠎ᠤ ᠲᠦᠯᠦᠪᠯᠡᠭᠡ ᠵᠢ ᠲᠣᠭᠤᠷᠪᠢᠨ ᠲᠣᠭᠲᠠᠭ᠋ᠠᠵᠣ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠵᠦ ᠵᠦᠪᠰᠢᠶᠡᠷᠡᠭᠦᠯᠦᠭᠰᠡᠨ᠎ᠤ ᠳᠠᠷᠠᠭ᠎ᠠ ᠨᠡᠶ᠋ᠢᠭᠡᠮ ᠨᠡᠶ᠋ᠢᠲᠡ᠎ᠳᠤ ᠢᠯᠡ᠎ᠪᠠᠷ ᠨᠡᠶ᠋ᠢᠲᠡᠯᠡᠬᠦ ᠬᠡᠷᠡᠭᠲᠡᠢ᠃
      ᠠᠷᠪᠠᠨ ᠳᠥᠷᠪᠡᠳᠦᠭᠡᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ ᠪᠤᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠤᠨ ᠬᠠᠤᠯᠢ ᠲᠣᠭᠲᠠᠭ᠋ᠠᠯᠲᠠ ᠵᠢᠨ ᠣᠨ᠎ᠤ ᠲᠦᠯᠦᠪᠯᠡᠭᠡ ᠵᠢ ᠬᠡᠷᠡᠭᠵᠢᠭᠦᠯᠬᠦ ᠳᠤᠮᠳᠠ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠪᠤᠳᠠᠳᠤ ᠪᠠᠶ᠋ᠢᠳᠠᠯ ᠵᠶ᠋ᠠᠨ ᠦᠨᠳᠦᠰᠦᠯᠡᠨ᠂ ᠬᠠᠤᠯᠢ ᠲᠤᠭᠲᠠᠭ᠋ᠠᠯᠲᠠ ᠵᠢᠨ ᠣᠨ᠎ᠤ ᠲᠦᠯᠦᠪᠯᠡᠭᠡ᠎ᠳᠤ ᠲᠤᠬᠢᠷᠠᠭᠤᠯᠤᠯᠲᠠ ᠬᠢᠬᠦ ᠰᠠᠨᠠᠭᠤᠯᠭ᠎ᠠ ᠵᠢ ᠳᠤᠷᠠᠳᠴᠦ ᠪᠤᠯᠤᠨ᠎ᠠ᠃


      ᠭᠤᠷᠪᠠᠳᠤᠭ᠋ᠠᠷ ᠪᠦᠯᠦᠭ ᠲᠤᠭᠤᠷᠪᠢᠬᠤ
      ᠠᠷᠪᠠᠨ ᠲᠠᠪᠤᠳᠤᠭ᠋ᠠᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ ᠪᠤᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠲᠠᠭ᠋ᠠᠬᠤ ᠵᠦᠢ᠍ᠯ ᠵᠶ᠋ᠠᠷ ᠭᠤᠶᠤᠴᠢᠯᠠᠭᠰᠠᠨ ᠰᠠᠯᠠᠭ᠎ᠠ ᠮᠦᠴᠢᠷ ᠪᠤᠶᠤ ᠨᠢᠭᠡᠴᠢ᠎ᠠᠴᠠ ᠲᠤᠭᠤᠷᠪᠢᠨ᠎ᠠ᠃ ᠬᠤᠶᠠᠷ᠎ᠠᠴᠠ ᠳᠡᠭᠡᠭᠰᠢᠬᠢ ᠰᠠᠯᠠᠭ᠎ᠠ ᠮᠦᠴᠢᠷ᠎ᠤᠨ ᠡᠷᠬᠡ ᠲᠤᠰᠢᠶᠠᠯ᠎ᠲᠠᠢ ᠬᠤᠯᠪᠤᠭᠳᠠᠭᠰᠠᠨ ᠪᠠᠶ᠋ᠢᠪᠠᠯ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠨᠢᠭᠡ ᠰᠠᠯᠠᠭ᠎ᠠ ᠮᠦᠴᠢᠷ ᠪᠤᠶᠤ ᠬᠡᠳᠦᠨ ᠰᠠᠯᠠᠭ᠎ᠠ ᠮᠦᠴᠢᠷ᠎ᠢ ᠲᠣᠭᠲᠠᠭ᠋ᠠᠵᠤ ᠲᠤᠭᠤᠷᠪᠢᠬᠤ ᠠᠵᠢᠯ᠎ᠢ ᠬᠠᠮᠲᠤ᠎ᠪᠠᠷ ᠬᠠᠷᠢᠭᠤᠴᠠᠭᠤᠯᠤᠨ᠎ᠠ; ᠴᠢᠬᠤᠯᠠ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠪᠤᠶᠤ ᠶᠡᠷᠦᠩᠬᠡᠶ᠋ᠢᠯᠡᠭᠰᠡᠨ ᠴᠢᠨᠠᠷ ᠵᠶ᠋ᠠᠷ ᠨᠡᠯᠢᠶᠡᠳ ᠴᠢᠩᠭ᠎ᠠ ᠵᠦᠢ᠍ᠯᠡᠰ᠎ᠲᠤ ᠬᠤᠯᠪᠤᠭᠳᠠᠭᠰᠠᠨ ᠪᠣᠯ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠵᠣᠬᠢᠶᠠᠨ ᠪᠠᠶ᠋ᠢᠭᠤᠯᠵᠤ ᠲᠤᠭᠤᠷᠪᠢᠵᠤ ᠪᠤᠯᠤᠨ᠎ᠠ᠃
      ᠠᠶ᠋ᠢᠮᠠᠭ᠎ᠤᠨ ᠵᠠᠬᠢᠷᠭ᠎ᠠ᠎ᠠᠴᠠ ᠲᠤᠭᠲᠠᠭ᠋ᠠᠬᠤ ᠵᠦᠢ᠍ᠯ ᠵᠶ᠋ᠠᠷ ᠭᠤᠶᠤᠴᠢᠯᠠᠭᠰᠠᠨ ᠪᠣᠯ᠂ ᠠᠶ᠋ᠢᠮᠠᠭ᠎ᠤᠨ ᠵᠠᠬᠢᠷᠭ᠎ᠠ᠎ᠠᠴᠠ ᠵᠣᠬᠢᠶᠠᠨ ᠪᠠᠶ᠋ᠢᠭᠤᠯᠵᠤ ᠲᠣᠭᠤᠷᠪᠢᠬᠤ ᠬᠡᠷᠡᠭᠲᠡᠢ᠃
      ᠲᠤᠰᠬᠠᠢ ᠮᠡᠷᠭᠡᠵᠢᠯ᠎ᠤᠨ ᠴᠢᠨᠠᠷ ᠵᠶ᠋ᠠᠷ ᠨᠡᠯᠢᠶᠡᠳ ᠴᠢᠩᠭ᠎ᠠ ᠪᠣᠯᠬᠤ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠤᠷᠪᠢᠬᠤ᠎ᠳᠤ᠂ ᠬᠠᠮᠢᠶ᠎ᠠ ᠪᠦᠬᠦᠢ ᠬᠦᠷᠢᠶ᠎ᠡ ᠴᠠᠷᠠᠭ᠋ᠠᠨ᠎ᠳᠠᠬᠢ ᠳᠤᠰᠬᠠᠢ ᠮᠡᠷᠭᠡᠵᠢᠯᠲᠡᠨ᠎ᠢ ᠲᠤᠭᠤᠷᠪᠢᠬᠤ ᠠᠵᠢᠯ᠎ᠳᠤ ᠤᠷᠤᠯᠴᠠᠭᠤᠯᠬᠤ ᠪᠤᠶᠤ ᠬᠤᠯᠪᠤᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭ᠋ᠠᠨ ᠰᠤᠷᠭ᠋ᠠᠬᠤ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ ᠨᠠᠶ᠋ᠢᠳᠠᠵᠤ ᠲᠤᠭᠤᠷᠪᠢᠭᠤᠯᠵᠤ ᠪᠤᠯᠤᠨ᠎ᠠ᠃
      ᠠᠷᠪᠠᠨ ᠵᠢᠷᠭᠤᠳᠤᠭ᠋ᠠᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ ᠪᠤᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠤᠷᠪᠢᠬᠤ᠎ᠳᠤ᠂ ᠬᠠᠤᠯᠢ ᠶᠤᠰᠤᠭ᠋ᠠᠷ ᠨᠢᠭᠤᠴᠠ ᠵᠢ ᠬᠠᠮᠠᠭ᠋ᠠᠯᠠᠬᠤ᠎ᠠᠴᠠ ᠭᠠᠳᠠᠨ᠎ᠠ᠂ ᠲᠦᠰᠦᠯ ᠵᠢᠴᠢ ᠲᠦᠰᠦᠯ᠎ᠤᠨ ᠲᠣᠳᠤᠷᠬᠠᠶ᠋ᠢᠯᠠᠯᠲᠠ ᠵᠢ ᠨᠡᠶ᠋ᠢᠭᠡᠮ ᠨᠡᠶ᠋ᠢᠲᠡ᠎ᠳᠤ ᠢᠯᠡ᠎ᠪᠠᠷ ᠨᠡᠶ᠋ᠢᠲᠡᠯᠡᠵᠦ᠂ ᠰᠠᠨᠠᠯ ᠬᠤᠷᠢᠶᠠᠬᠤ ᠬᠡᠷᠡᠭᠲᠡᠢ᠃ ᠨᠡᠶ᠋ᠢᠭᠡᠮ ᠨᠡᠶ᠋ᠢᠲᠡ᠎ᠳᠤ ᠢᠯᠡ᠎ᠪᠠᠷ ᠨᠡᠶ᠋ᠢᠲᠡᠯᠡᠵᠦ ᠰᠠᠨᠠᠯ ᠬᠤᠷᠢᠶᠠᠬᠤ ᠬᠤᠭᠤᠴᠠᠭ᠎ᠠ ᠬᠢᠵᠠᠭ᠋ᠠᠷ᠎ᠨᠢ ᠡᠩ᠎ᠤᠨ ᠪᠠᠶ᠋ᠢᠳᠠᠯ᠎ᠳᠤ ᠭᠤᠴᠢᠨ ᠡᠳᠦᠷ᠎ᠠᠴᠠ ᠤᠬᠤᠷ ᠪᠠᠶ᠋ᠢᠯᠭ᠋ᠠᠵᠦ ᠪᠤᠯᠬᠤ ᠦᠭᠡᠢ᠃
      ᠠᠷᠪᠠᠨ ᠳᠤᠯᠤᠳᠤᠭ᠋ᠠᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ ᠪᠤᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠤᠷᠪᠢᠬᠤ᠎ᠳᠤ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠪᠤᠰᠤᠳ ᠪᠠᠶ᠋ᠢᠭᠤᠯᠤᠮᠵᠢ ᠪᠤᠶᠤ ᠰᠠᠯᠠᠭ᠎ᠠ ᠮᠦᠴᠢᠷ᠎ᠤᠨ ᠡᠭᠦᠷᠭᠡ ᠬᠠᠷᠢᠭᠤᠴᠠᠯᠭ᠎ᠠ᠎ᠳᠤ ᠬᠤᠯᠪᠤᠭᠳᠠᠭᠰᠠᠨ ᠪᠣᠯ᠂ ᠲᠤᠭᠤᠷᠪᠢᠬᠤ ᠨᠢᠭᠡᠴᠢ᠎ᠨᠢ ᠬᠠᠮᠢᠶ᠎ᠠ ᠪᠦᠬᠦᠢ ᠪᠠᠶ᠋ᠢᠭᠤᠯᠤᠮᠵᠢ ᠪᠤᠶᠤ ᠰᠠᠯᠠᠭ᠎ᠠ ᠮᠦᠴᠢᠷ᠎ᠤᠨ ᠰᠠᠨᠠᠯ᠎ᠢ ᠭᠦᠢ᠍ᠴᠡᠳ ᠬᠤᠷᠢᠶᠠᠭᠰᠠᠨ ᠪᠠᠶ᠋ᠢᠬᠤ ᠬᠡᠷᠡᠭᠲᠡᠢ᠃
      ᠠᠷᠪᠠᠨ ᠨᠠᠢ᠍ᠮᠠᠳᠤᠭ᠋ᠠᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ ᠪᠤᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠤᠷᠪᠢᠬᠤ᠎ᠳᠤ ᠨᠡᠶ᠋ᠢᠭᠡᠮ ᠨᠡᠶ᠋ᠢᠲᠡ ᠵᠢᠨ ᠨᠡᠶ᠋ᠢᠳᠡᠮ ᠠᠩᠬᠠᠷᠴᠦ ᠪᠠᠶ᠋ᠢᠭ᠎ᠠ ᠬᠠᠯᠠᠮᠰᠢᠯ ᠠᠰᠠᠭᠤᠳᠠᠯ ᠪᠠ ᠬᠦᠴᠢᠷᠲᠡᠢ ᠠᠰᠠᠭᠤᠳᠠᠯ ᠪᠤᠯᠤᠨ ᠠᠵᠤ ᠠᠬᠤᠢ ᠨᠡᠶ᠋ᠢᠭᠡᠮ᠎ᠤᠨ ᠬᠦᠭᠵᠢᠯᠲᠡ ᠵᠢᠨ ᠶᠠᠪᠤᠴᠠ᠎ᠳᠤ ᠳᠤᠪᠤᠶ᠋ᠢᠮ᠎ᠠ ᠵᠦᠷᠢᠴᠡᠯ ᠳᠣᠬᠢᠶᠠᠯᠳᠤᠬᠤ᠂ ᠡᠷᠬᠡᠳᠦ ᠠᠷᠠᠳ᠂ ᠬᠠᠤᠯᠢ ᠵᠢᠨ ᠡᠷᠬᠡᠲᠡᠨ ᠪᠤᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠡᠷᠬᠡ ᠠᠰᠢᠭ᠎ᠢ᠎ᠨᠢ ᠬᠠᠰᠤᠵᠤ ᠬᠤᠬᠢᠷᠠᠭᠤᠯᠬᠤ ᠪᠤᠶᠤ ᠡᠭᠦᠷᠭᠡ ᠵᠢ᠎ᠨᠢ ᠨᠡᠮᠡᠭᠳᠡᠭᠦᠯᠬᠦ᠂ ᠨᠡᠶ᠋ᠢᠭᠡᠮ ᠨᠡᠶ᠋ᠢᠲᠡ᠎ᠳᠤ ᠴᠢᠬᠤᠯᠠ ᠨᠦᠯᠦᠭᠡ ᠦᠵᠡᠭᠦᠯᠦᠭᠰᠡᠨ ᠵᠡᠷᠭᠡ ᠴᠢᠬᠤᠯᠠ ᠶᠡᠭᠡ ᠠᠰᠢᠭ ᠲᠤᠰᠠ ᠵᠢ ᠲᠣᠬᠢᠷᠠᠭᠤᠯᠬᠤ ᠵᠦᠢ᠍ᠯᠡᠰ᠎ᠲᠤ ᠬᠤᠯᠪᠤᠭᠳᠠᠭᠰᠠᠨ ᠪᠠᠶ᠋ᠢᠪᠠᠯ᠂ ᠲᠤᠭᠤᠷᠪᠢᠬᠤ ᠨᠢᠭᠡᠴᠢ᠎ᠨᠢ ᠨᠤᠲᠠᠯᠠᠯᠲᠠ ᠬᠢᠵᠦ ᠠᠰᠠᠭᠤᠨ ᠯᠠᠪᠯᠠᠵᠤ᠂ ᠬᠤᠯᠪᠤᠭᠳᠠᠯ ᠪᠦᠬᠦᠢ ᠲᠠᠯ᠎ᠠ ᠵᠢᠨ᠎ᠬᠢᠨ᠎ᠤ ᠰᠠᠨᠠᠯ᠎ᠢ ᠦᠷᠭᠡᠨ ᠳᠡᠯᠭᠡᠷ ᠰᠤᠨᠤᠰᠬᠤ ᠬᠡᠷᠡᠭᠲᠡᠢ᠃
      ᠠᠷᠪᠠ ᠶᠢᠰᠦᠳᠦᠭᠡᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ ᠪᠤᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠤᠷᠪᠢᠬᠤ᠎ᠳᠤ ᠴᠢᠬᠤᠯᠠ ᠶᠡᠭᠡ ᠠᠰᠢᠭ ᠲᠤᠰᠠ ᠵᠢᠨ ᠲᠤᠬᠢᠷᠠᠭᠤᠯᠤᠯᠲᠠ᠎ᠲᠠᠢ ᠬᠤᠯᠪᠤᠭᠳᠠᠬᠤ ᠪᠤᠶᠤ ᠴᠢᠬᠤᠯᠠ ᠶᠡᠭᠡ ᠰᠠᠨᠠᠯ᠎ᠤᠨ ᠵᠦᠷᠢᠯᠳᠦᠭᠡᠨ᠎ᠲᠠᠢ ᠪᠠᠶ᠋ᠢᠵᠤ᠂ ᠡᠷᠬᠡᠲᠦ ᠠᠷᠠᠳ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠡᠷᠬᠡ ᠠᠰᠢᠭ ᠪᠠ ᠡᠭᠦᠷᠭᠡ ᠬᠠᠷᠢᠭᠤᠴᠠᠯᠭ᠎ᠠ᠎ᠳᠤ ᠨᠡᠯᠢᠶᠡᠳ ᠶᠡᠭᠡ ᠨᠦᠯᠦᠭᠡ᠎ᠲᠠᠢ ᠪᠠᠶ᠋ᠢᠵᠤ᠂ ᠠᠷᠠᠳ ᠣᠯᠠᠨ ᠵᠶ᠋ᠠᠷ ᠵᠶ᠋ᠠᠨ ᠨᠡᠶ᠋ᠢᠳᠡᠮ ᠠᠩᠬᠠᠷᠴᠦ᠂ ᠭᠡᠷᠡᠴᠢᠯᠡᠭᠡ ᠰᠤᠨᠤᠰᠬᠤ ᠴᠢᠬᠤᠯᠠ᠎ᠲᠠᠢ ᠪᠣᠯ᠂ ᠲᠤᠭᠤᠷᠪᠢᠬᠤ ᠨᠢᠭᠡᠴᠢ᠎ᠨᠢ ᠭᠡᠷᠡᠴᠢᠯᠡᠭᠡ ᠰᠤᠨᠤᠰᠬᠤ ᠬᠤᠷᠠᠯ᠎ᠢ ᠬᠤᠷᠠᠯᠳᠤᠭᠤᠯᠬᠤ ᠬᠡᠷᠡᠭᠲᠡᠢ᠃
      ᠬᠤᠷᠢᠳᠤᠭ᠋ᠠᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ ᠪᠤᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠲᠤᠭᠤᠷᠪᠢᠬᠤ᠎ᠳᠤ ᠵᠠᠬ᠎ᠠ ᠳᠡᠯᠭᠡᠭᠦᠷ᠎ᠲᠤ ᠣᠷᠤᠬᠤ ᠵᠢ ᠵᠦᠪᠰᠢᠶᠡᠷᠡᠬᠦ᠂ ᠠᠵᠤ ᠦᠢ᠍ᠯᠡᠰ᠎ᠢ ᠭᠦᠭᠵᠢᠬᠦᠯᠬᠦ᠂ ᠬᠤᠳᠠᠯᠳᠤᠭ᠋ᠠᠴᠢᠨ ᠤᠷᠢᠵᠤ ᠪᠡᠯᠡ ᠣᠷᠤᠭᠤᠯᠬᠤ᠂ ᠳᠠᠭ᠋ᠠᠭ᠋ᠠᠴᠢᠯᠠᠯᠲᠠ ᠵᠠᠷᠯᠠᠬᠤ ᠪᠠ ᠬᠦᠯᠢᠶᠡᠬᠦ᠂ ᠵᠠᠰᠠᠭ᠎ᠤᠨ ᠣᠷᠳᠤᠨ᠎ᠤ ᠬᠤᠳᠠᠯᠳᠤᠨ ᠠᠪᠬᠤ᠂ ᠡᠵᠡᠩᠨᠡᠬᠦ ᠠᠵᠢᠯᠯᠠᠭ᠎ᠠ ᠵᠢ ᠵᠢᠷᠤᠮᠵᠢᠭᠤᠯᠬᠤ᠂ ᠬᠢᠷᠢ ᠴᠢᠳᠠᠮᠵᠢ ᠵᠢᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ᠎ᠤᠨ ᠭᠤᠣᠯ ᠴᠤᠭᠴᠠ ᠵᠢᠨ ᠠᠵᠤ ᠠᠬᠤᠢ ᠵᠢᠨ ᠠᠵᠢᠯᠯᠠᠭ᠎ᠠ᠎ᠲᠠᠢ ᠬᠤᠯᠪᠤᠭᠳᠠᠭᠰᠠᠨ ᠪᠣᠯ᠂ ᠲᠣᠭᠤᠷᠪᠢᠬᠤ ᠨᠢᠭᠡᠴᠢ᠎ᠨᠢ ᠤᠯᠤᠰ᠎ᠤᠨ ᠪᠠ ᠥᠪᠡᠷᠲᠡᠭᠡᠨ ᠵᠠᠰᠠᠬᠤ ᠤᠷᠤᠨ᠎ᠤ ᠬᠤᠯᠪᠤᠭᠳᠠᠯ ᠪᠦᠬᠦᠢ ᠲᠤᠭᠲᠠᠭ᠋ᠠᠯ ᠶᠤᠰᠤᠭ᠋ᠠᠷ ᠲᠥᠪ ᠭᠤᠣᠯᠴᠢ ᠦᠷᠢᠰᠦᠯᠳᠦᠭᠡᠨ᠎ᠤ ᠬᠢᠨᠠᠨ ᠪᠠᠶ᠋ᠢᠴᠠᠭ᠋ᠠᠯᠲᠠ ᠵᠢ ᠦᠷᠨᠢᠭᠦᠯᠵᠦ᠂ ᠵᠠᠬ᠎ᠠ ᠳᠡᠯᠭᠡᠭᠦᠷ᠎ᠤᠨ ᠭᠤᠣᠯ ᠴᠤᠭᠴᠠ ᠵᠢᠨ ᠰᠠᠨᠠᠯ᠎ᠢ ᠰᠤᠨᠤᠰᠬᠤ ᠬᠡᠷᠡᠭᠲᠡᠢ᠃
    ᠬᠤᠷᠢᠨ ᠨᠢᠭᠡᠳᠦᠭᠡᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ᠎ᠢ ᠲᠤᠭᠤᠷᠪᠢᠭᠰᠠᠨ ᠨᠢᠭᠡᠴᠢ ᠵᠢᠨ ᠬᠠᠤᠯᠢ ᠳᠥᠷᠢᠮ᠎ᠤᠨ ᠪᠠᠶ᠋ᠢᠭᠤᠯᠤᠮᠵᠢ᠎ᠠᠴᠠ ᠬᠢᠨᠠᠨ ᠬᠠᠷᠭᠤᠭᠤᠯᠵᠤ᠂ ᠲᠤᠭᠤᠷᠪᠢᠭᠰᠠᠨ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠵᠶ᠋ᠠᠷ ᠭᠠᠷ᠎ᠤᠨ ᠦᠰᠦᠭ ᠵᠢᠷᠤᠭᠤᠯᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃
      ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ᠎ᠢ ᠬᠡᠳᠦᠨ ᠨᠢᠭᠡᠴᠢ᠎ᠠᠴᠠ ᠬᠠᠮᠲᠤ᠎ᠪᠠᠷ ᠲᠤᠭᠤᠷᠪᠢᠭᠰᠠᠨ ᠪᠣᠯ᠂ ᠲᠤᠭᠤᠷᠪᠢᠭᠰᠠᠨ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠨᠠᠷ ᠬᠠᠮᠲᠤ᠎ᠪᠠᠷ ᠭᠠᠷ᠎ᠤᠨ ᠦᠰᠦᠭ ᠵᠢᠷᠤᠬᠤ ᠬᠡᠷᠡᠭᠲᠡᠢ᠃


      ᠳᠦᠷᠪᠡᠳᠦᠭᠡᠷ ᠪᠦᠯᠦᠭ ᠬᠢᠨᠠᠨ ᠪᠠᠶ᠋ᠢᠴᠠᠭ᠋ᠠᠬᠤ
      ᠬᠤᠷᠢᠨ ᠬᠤᠶᠠᠳᠤᠭ᠋ᠠᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ᠎ᠢ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠬᠠᠷᠢᠭᠤᠴᠠᠵᠤ ᠬᠢᠨᠠᠨ ᠪᠠᠶ᠋ᠢᠴᠠᠭ᠋ᠠᠨ᠎ᠠ᠃
    ᠬᠤᠷᠢᠨ ᠭᠤᠷᠪᠠᠳᠤᠭ᠋ᠠᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ᠎ᠲᠤ ᠳᠤᠤᠷᠠᠬᠢ ᠪᠠᠶ᠋ᠢᠳᠠᠯ᠎ᠤᠨ ᠨᠢᠭᠡ᠎ᠨᠢ ᠤᠷᠤᠰᠢᠵᠦ ᠪᠠᠶ᠋ᠢᠪᠠᠯ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠠᠯᠭᠤᠷᠯᠠᠨ ᠬᠢᠨᠠᠨ ᠪᠠᠶ᠋ᠢᠴᠠᠭ᠋ᠠᠵᠦ ᠪᠤᠯᠤᠨ᠎ᠠ᠄
     (ᠨᠢᠭᠡ) ᠲᠤᠭᠲᠠᠭ᠋ᠠᠯ ᠶᠤᠰᠤᠭ᠋ᠠᠷ ᠢᠯᠡ᠎ᠪᠠᠷ ᠰᠠᠨᠠᠯ ᠬᠤᠷᠢᠶᠠᠭᠰᠠᠨ ᠦᠭᠡᠢ ᠪᠠᠶ᠋ᠢᠬᠤ;
     (ᠬᠤᠶᠠᠷ) ᠬᠤᠯᠪᠤᠭᠳᠠᠯ ᠪᠦᠬᠦᠢ ᠪᠠᠶ᠋ᠢᠭᠤᠯᠤᠮᠵᠢ ᠪᠤᠶᠤ ᠰᠠᠯᠠᠭ᠎ᠠ ᠮᠦᠴᠢᠷ᠎ᠨᠢ ᠬᠦᠷᠭᠡᠵᠦ ᠬᠢᠨᠠᠭᠤᠯᠤᠭᠰᠠᠨ ᠲᠦᠰᠦᠯ᠎ᠤᠨ ᠨᠤᠤᠷᠠᠭ᠎ᠲᠤ ᠨᠡᠯᠢᠶᠡᠳ ᠶᠡᠭᠡ ᠮᠠᠷᠭᠤᠭ᠋ᠠᠨ᠎ᠲᠠᠢ ᠪᠠᠶ᠋ᠢᠵᠤ᠂ ᠲᠤᠭᠤᠷᠪᠢᠭᠰᠠᠨ ᠨᠢᠭᠡᠴᠢ᠎ᠨᠢ ᠬᠤᠯᠪᠤᠭᠳᠠᠯ ᠪᠦᠬᠦᠢ ᠪᠠᠶ᠋ᠢᠭᠤᠯᠤᠮᠵᠢ ᠪᠤᠶᠤ ᠰᠠᠯᠠᠭ᠎ᠠ ᠮᠦᠴᠢᠷ᠎ᠲᠠᠢ ᠭᠦᠢ᠍ᠴᠡᠳ ᠵᠦᠪᠳᠡᠯᠴᠡᠭᠰᠡᠨ ᠦᠭᠡᠢ ᠪᠠᠶ᠋ᠢᠬᠤ;
     (ᠭᠤᠷᠪᠠ) ᠲᠤᠭᠤᠷᠪᠢᠭᠰᠠᠨ ᠨᠢᠭᠡᠴᠢ ᠵᠢᠨ ᠭᠤᠣᠯ ᠬᠠᠷᠢᠭᠤᠴᠠᠯᠭ᠋ᠠᠲᠠᠨ᠎ᠨᠢ ᠭᠠᠷ᠎ᠤᠨ ᠦᠰᠦᠭ ᠵᠢᠷᠤᠭᠰᠠᠨ ᠦᠭᠡᠢ ᠪᠠᠶ᠋ᠢᠬᠤ;
     (ᠳᠥᠷᠪᠡ) ᠲᠤᠭᠤᠷᠪᠢᠭᠰᠠᠨ ᠨᠢᠭᠡᠴᠢ᠎ᠨᠢ ᠠᠯᠭᠤᠷᠯᠠᠨ ᠬᠢᠨᠠᠨ ᠪᠠᠶ᠋ᠢᠴᠠᠭ᠋ᠠᠯᠲᠠ ᠬᠢᠯᠬᠡᠬᠦ ᠪᠢᠴᠢᠭᠯᠡᠭᠰᠡᠨ ᠭᠤᠶᠤᠴᠢᠯᠠᠯ ᠭᠠᠷᠭ᠋ᠠᠭᠰᠠᠨ ᠪᠠᠶ᠋ᠢᠬᠤ;
     (ᠲᠠᠪᠤ) ᠬᠠᠤᠯᠢ ᠴᠠᠭ᠋ᠠᠵᠠ᠂ ᠬᠠᠤᠯᠢ ᠲᠤᠭᠲᠠᠭ᠋ᠠᠯ᠎ᠳᠤ ᠲᠤᠨᠨᠳᠠᠭ᠋ᠠᠨᠨᠰᠠᠨ ᠠᠯᠭᠤᠷᠯᠠᠨ ᠬᠢᠨᠠᠨ ᠪᠠᠶ᠋ᠢᠴᠠᠭ᠋ᠠᠯᠲᠠ ᠬᠢᠵᠦ ᠪᠤᠯᠬᠤ ᠪᠤᠰᠤᠳ ᠪᠠᠶ᠋ᠢᠳᠠᠯ᠃
    ᠬᠤᠷᠢᠨ ᠳᠦᠷᠪᠡᠳᠦᠭᠡᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ᠎ᠲᠤ ᠳᠤᠤᠷᠠᠬᠢ ᠪᠠᠶ᠋ᠢᠳᠠᠯ᠎ᠤᠨ ᠨᠢᠭᠡ᠎ᠨᠢ ᠤᠷᠤᠰᠢᠵᠦ ᠪᠠᠶ᠋ᠢᠪᠠᠯ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠲᠤᠭᠤᠷᠪᠢᠭᠰᠠᠨ ᠨᠢᠭᠡᠴᠢ᠎ᠳᠤ ᠪᠤᠴᠠᠭ᠋ᠠᠵᠤ ᠪᠤᠯᠤᠨ᠎ᠠ᠄
     (ᠨᠢᠭᠡ) ᠬᠠᠤᠯᠢ ᠲᠤᠭᠲᠠᠭ᠋ᠠᠬᠤ ᠨᠦᠬᠦᠴᠡᠯ᠎ᠨᠢ ᠬᠠᠷᠠᠬᠠᠨ ᠳᠡᠭᠦᠯᠳᠡᠷ ᠪᠤᠯᠤᠭ᠋ᠠᠳᠦᠢ ᠪᠤᠶᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠠᠶ᠋ᠢᠬᠤ;
     (ᠬᠤᠶᠠᠷ) ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ ᠵᠶ᠋ᠠᠷ ᠳᠠᠮᠵᠢᠨ ᠰᠢᠢ᠍ᠳᠪᠦᠷᠢᠯᠡᠵᠦ ᠪᠣᠯᠬᠤ ᠠᠰᠠᠭᠤᠳᠠᠯ;
     (ᠭᠤᠷᠪᠠ) ᠬᠠᠤᠯᠢ ᠶᠤᠰᠤᠴᠢ ᠴᠢᠨᠠᠷ᠂ ᠵᠦᠢ ᠶᠤᠰᠤᠴᠢ ᠴᠢᠨᠠᠷ᠎ᠲᠠᠢ ᠴᠢᠬᠤᠯᠠ ᠶᠡᠭᠡ ᠠᠰᠠᠭᠤᠳᠠᠯ ᠤᠷᠤᠰᠢᠵᠤ ᠪᠠᠶ᠋ᠢᠬᠤ;
     (ᠳᠥᠷᠪᠡ) ᠬᠠᠤᠯᠢ ᠴᠠᠭ᠋ᠠᠵᠠ᠂ ᠬᠠᠤᠯᠢ ᠲᠤᠭᠲᠠᠭ᠋ᠠᠯ᠎ᠳᠤ ᠲᠤᠭᠲᠠᠭ᠋ᠠᠭᠰᠠᠨ ᠪᠣᠴᠠᠭ᠋ᠠᠵᠤ ᠪᠣᠯᠬᠤ ᠪᠤᠰᠤᠳ ᠪᠠᠶ᠋ᠢᠳᠠᠯ᠃

      ᠬᠤᠷᠢᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠠᠯᠭᠤᠷᠯᠠᠨ ᠬᠢᠨᠠᠨ ᠪᠠᠶ᠋ᠢᠴᠠᠭ᠋ᠠᠬᠤ ᠪᠤᠶᠤ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ᠎ᠢ ᠪᠤᠴᠠᠭ᠋ᠠᠬᠤ᠎ᠳᠤ᠎ᠪᠠᠨ᠂ ᠲᠤᠭᠤᠷᠪᠢᠭᠰᠠᠨ ᠨᠢᠭᠡᠴᠢ᠎ᠳᠤ ᠪᠢᠴᠢᠭᠯᠡᠭᠰᠡᠨ ᠬᠡᠯᠪᠡᠷᠢ᠎ᠪᠠᠷ ᠮᠡᠳᠡᠭᠳᠡᠬᠦ ᠪᠦᠭᠡᠳ ᠰᠢᠯᠲᠠᠭ᠋ᠠᠨ᠎ᠢ᠎ᠪᠠᠨ ᠲᠣᠳᠤᠷᠬᠠᠶ᠋ᠢᠯᠠᠭᠰᠠᠨ ᠪᠠᠶ᠋ᠢᠬᠤ ᠬᠡᠷᠡᠭᠲᠡᠢ᠃
      ᠬᠤᠷᠢᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ ᠵᠢᠴᠢ ᠲᠡᠳᠡᠬᠡᠷ᠎ᠤᠨ ᠲᠣᠳᠤᠷᠬᠠᠶ᠋ᠢᠯᠠᠯᠲᠠ ᠵᠢ᠎ᠨᠢ ᠬᠢᠨᠠᠨ ᠪᠠᠶ᠋ᠢᠴᠠᠭ᠋ᠠᠬᠤ᠎ᠳᠤ᠎ᠪᠠᠨ᠂ ᠨᠡᠶ᠋ᠢᠭᠡᠮ ᠨᠡᠶ᠋ᠢᠲᠡ᠎ᠳᠤ ᠢᠯᠡ᠎ᠪᠠᠷ ᠨᠡᠶ᠋ᠢᠲᠡᠯᠡᠵᠦ ᠰᠠᠨᠠᠯ ᠬᠤᠷᠢᠶᠠᠵᠤ ᠪᠤᠯᠤᠨ᠎ᠠ᠃ ᠨᠡᠶ᠋ᠢᠭᠡᠮ ᠨᠡᠶ᠋ᠢᠲᠡ᠎ᠳᠤ ᠢᠯᠡ᠎ᠪᠠᠷ ᠨᠡᠶ᠋ᠢᠲᠡᠯᠡᠵᠦ ᠰᠠᠨᠠᠯ ᠬᠤᠷᠢᠶᠠᠬᠤ ᠬᠤᠭᠤᠴᠠᠭ᠎ᠠ ᠬᠢᠵᠠᠭ᠋ᠠᠷ᠎ᠢ ᠡᠩ᠎ᠤᠨ ᠪᠠᠶ᠋ᠢᠳᠠᠯ᠎ᠳᠤ ᠭᠤᠴᠢᠨ ᠡᠳᠦᠷ᠎ᠠᠴᠠ ᠣᠬᠤᠷ ᠪᠠᠶ᠋ᠢᠯᠭ᠋ᠠᠵᠦ ᠪᠤᠯᠬᠤ ᠦᠭᠡᠢ᠃
      ᠬᠤᠷᠢᠨ ᠳᠤᠯᠤᠳᠤᠭ᠋ᠠᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ᠎ᠨᠢ ᠴᠢᠬᠤᠯᠠ ᠶᠡᠭᠡ ᠠᠰᠢᠭ ᠲᠤᠰᠠ ᠵᠢᠨ ᠲᠣᠬᠢᠷᠠᠭᠤᠯᠤᠯᠲᠠ᠎ᠲᠠᠢ ᠬᠤᠯᠪᠤᠭᠳᠠᠭᠰᠠᠨ ᠪᠣᠯ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠨᠤᠲᠠᠯᠠᠯᠲᠠ ᠬᠢᠵᠦ ᠠᠰᠠᠭᠤᠨ ᠯᠠᠪᠯᠠᠬᠤ ᠪᠦᠭᠡᠳ ᠬᠤᠯᠪᠤᠭᠳᠠᠯ ᠪᠦᠬᠦᠢ ᠲᠠᠯ᠎ᠠ ᠵᠢᠨ᠎ᠬᠢᠨ᠎ᠤ ᠰᠠᠨᠠᠯ᠎ᠢ ᠦᠷᠭᠡᠨ ᠳᠡᠯᠭᠡᠷ ᠰᠤᠨᠤᠰᠬᠤ ᠬᠡᠷᠡᠭᠲᠡᠢ᠃
      ᠨᠤᠲᠠᠯᠠᠵᠤ ᠠᠰᠠᠭᠤᠨ ᠯᠠᠪᠯᠠᠬᠤ᠎ᠳᠤ ᠰᠠᠭᠤᠳᠠᠯ᠎ᠤᠨ ᠬᠤᠷᠠᠯ᠂ ᠨᠤᠲᠠᠯᠠᠬᠤ ᠬᠤᠷᠠᠯ᠂ ᠭᠡᠷᠡᠴᠢᠯᠡᠭᠡ ᠰᠤᠨᠤᠰᠬᠤ ᠬᠤᠷᠠᠯ᠂ ᠨᠠᠶ᠋ᠢᠳᠠᠵᠤ ᠰᠤᠳᠤᠯᠤᠭᠤᠯᠬᠤ ᠵᠡᠷᠭᠡ ᠤᠯᠠᠨ ᠬᠡᠯᠪᠡᠷᠢ᠎ᠪᠠᠷ ᠳᠠᠮᠵᠢᠵᠤ ᠪᠣᠯᠣᠨ᠎ᠠ᠃
    ᠬᠤᠷᠢᠨ ᠨᠠᠢ᠍ᠮᠠᠳᠤᠭ᠋ᠠᠷ ᠵᠦᠢ᠍ᠯ ᠬᠤᠯᠪᠤᠭᠳᠠᠯ ᠪᠦᠬᠦᠢ ᠪᠠᠶ᠋ᠢᠭᠤᠯᠤᠮᠵᠢ ᠪᠤᠶᠤ ᠰᠠᠯᠠᠭ᠎ᠠ ᠮᠦᠴᠢᠷ᠎ᠨᠢ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ᠎ᠲᠤ ᠬᠤᠯᠪᠣᠭᠳᠠᠭᠰᠠᠨ ᠭᠤᠣᠯ ᠪᠤᠯᠬᠤ ᠠᠷᠭ᠎ᠠ ᠬᠡᠮᠵᠢᠶ᠎ᠡ᠂ ᠬᠠᠮᠢᠶᠠᠷᠤᠯᠲᠠ ᠵᠢᠨ ᠪᠠᠶ᠋ᠢᠭᠤᠯᠤᠯ᠂ ᠡᠷᠬᠡ ᠵᠢᠨ ᠬᠡᠪᠴᠢᠶ᠎ᠡ ᠬᠢᠵᠠᠭ᠋ᠠᠷᠯᠠᠯ ᠪᠠ ᠠᠵᠢᠯ᠎ᠤᠨ ᠬᠤᠪᠢᠶᠠᠷᠢᠯᠠᠯ ᠵᠡᠷᠭᠡ ᠠᠰᠠᠭᠤᠳᠠᠯ᠎ᠳᠤ ᠠᠳᠠᠯᠢ ᠪᠤᠰᠤ ᠵᠢᠨ ᠰᠠᠨᠠᠯ᠎ᠲᠠᠢ ᠪᠣᠯ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠵᠣᠬᠢᠴᠠᠭᠤᠯᠵᠤ ᠪᠠᠶ᠋ᠢᠭ᠋ᠠᠳ᠂ ᠰᠠᠨᠠᠯ ᠨᠢᠭᠡᠲᠡᠢ ᠪᠣᠯᠭ᠋ᠠᠬᠤ᠎ᠪᠠᠷ ᠴᠢᠷᠮᠠᠶ᠋ᠢᠬᠤ ᠬᠡᠷᠡᠭᠲᠡᠢ᠃ ᠨᠡᠯᠢᠶᠡᠳ ᠶᠡᠭᠡ ᠮᠠᠷᠭᠤᠭ᠋ᠠᠨ᠎ᠲᠠᠢ ᠴᠢᠬᠤᠯᠠ ᠵᠦᠢ᠍ᠯᠡᠰ᠎ᠢ ᠪᠣᠯ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠬᠤᠯᠪᠤᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭ᠋ᠠᠨ ᠰᠤᠷᠭ᠋ᠠᠬᠤ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ ᠨᠠᠶ᠋ᠢᠳᠠᠵᠤ ᠦᠨᠡᠯᠡᠨ ᠵᠢᠱ᠌ᠢᠯᠲᠡ ᠬᠢᠯᠭᠡᠬᠦ ᠬᠡᠷᠡᠭᠲᠡᠢ᠃
      ᠵᠣᠬᠢᠴᠠᠭᠤᠯᠬᠤ᠎ᠪᠠᠷ ᠳᠠᠮᠵᠢᠨ ᠰᠠᠨᠠᠯ ᠨᠢᠭᠡᠳᠴᠦ ᠳᠡᠶ᠋ᠢᠯᠦᠭᠰᠡᠨ ᠦᠭᠡᠢ ᠪᠠᠶ᠋ᠢᠪᠠᠯ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠭᠤᠣᠯ ᠠᠰᠠᠭᠤᠳᠠᠯ᠂ ᠬᠤᠯᠪᠤᠭᠳᠠᠯ ᠪᠦᠬᠦᠢ ᠪᠠᠶ᠋ᠢᠭᠤᠯᠤᠮᠵᠢ ᠪᠤᠶᠤ ᠰᠠᠯᠠᠭ᠎ᠠ ᠮᠦᠴᠢᠷ᠎ᠤᠨ ᠰᠠᠨᠠᠯ ᠪᠤᠯᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ ᠰᠠᠨᠠᠯ᠎ᠢ ᠴᠠᠭ ᠲᠤᠬᠠᠢ᠎ᠳᠤ᠎ᠨᠢ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠤᠯᠪᠤᠭᠳᠠᠯ ᠪᠦᠬᠦᠢ ᠤᠳᠤᠷᠢᠳᠤᠯᠭ᠎ᠠ᠎ᠳᠤ ᠮᠡᠳᠡᠭᠦᠯᠵᠦ ᠵᠣᠬᠢᠴᠠᠭᠤᠯᠤᠭᠤᠯᠬᠤ ᠪᠤᠶᠤ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠳᠤ ᠮᠡᠳᠡᠭᠦᠯᠵᠦ ᠰᠢᠢ᠍ᠳᠪᠦᠷᠢᠯᠡᠭᠦᠯᠬᠦ ᠬᠡᠷᠡᠭᠲᠡᠢ᠃
    ᠬᠤᠷᠢ ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠬᠢᠨᠠᠮᠠᠭ᠋ᠠᠢ ᠰᠤᠳᠤᠯᠵᠤ᠂ ᠲᠤᠭᠤᠷᠪᠢᠭᠰᠠᠨ ᠨᠢᠭᠡᠴᠢ᠎ᠲᠠᠢ ᠵᠦᠪᠳᠡᠯᠴᠡᠭᠰᠡᠨ᠎ᠤ ᠳᠠᠷᠠᠭ᠎ᠠ᠂ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠬᠦᠷᠭᠡᠵᠦ ᠬᠢᠨᠠᠭᠤᠯᠬᠤ ᠲᠦᠰᠦᠯ᠎ᠤᠨ ᠨᠤᠤᠷᠠᠭ᠎ᠲᠤ ᠵᠠᠰᠠᠪᠤᠷᠢ ᠤᠷᠤᠭᠤᠯᠵᠤ᠂ ᠲᠦᠰᠦᠯ ᠪᠠ ᠲᠦᠰᠦᠯ᠎ᠤᠨ ᠲᠣᠳᠤᠷᠬᠠᠶ᠋ᠢᠯᠠᠯᠲᠠ ᠬᠢᠬᠦ ᠬᠡᠷᠡᠭᠲᠡᠢ᠃ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠲᠦᠰᠦᠯ ᠵᠢᠴᠢ ᠳᠤᠳᠤᠷᠬᠠᠶ᠋ᠢᠯᠠᠯᠲᠠ᠎ᠳᠤ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ ᠭᠤᠣᠯ ᠬᠠᠷᠢᠭᠤᠴᠠᠯᠭ᠋ᠠᠲᠠᠨ᠎ᠠᠴᠠ ᠭᠠᠷ᠎ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠳᠡᠪᠰᠢᠭᠦᠯᠵᠦ ᠬᠢᠨᠠᠨ ᠵᠦᠪᠯᠡᠭᠦᠯᠬᠦ ᠬᠡᠷᠡᠭᠲᠡᠢ᠃


      ᠲᠠᠪᠤᠳᠤᠭ᠋ᠠᠷ ᠪᠦᠯᠦᠭ ᠲᠣᠭᠲᠠᠭ᠋ᠠᠬᠤ ᠬᠢᠭᠡᠳ ᠨᠡᠶ᠋ᠢᠲᠡᠯᠡᠬᠦ
      ᠭᠤᠴᠢᠳᠤᠭ᠋ᠠᠷ ᠵᠦᠢ᠍ᠯ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ ᠪᠣᠯᠤᠨ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠤᠨ ᠲᠦᠰᠦᠯ᠎ᠢ ᠬᠢᠨᠠᠨ ᠵᠦᠪᠯᠡᠬᠦ ᠦᠶ᠎ᠡ᠎ᠳᠤ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠲᠣᠳᠤᠷᠬᠠᠶ᠋ᠢᠯᠠᠯᠲᠠ ᠬᠢᠨ᠎ᠡ᠂ ᠪᠠᠰᠠ ᠲᠤᠭᠤᠷᠪᠢᠭᠰᠠᠨ ᠨᠢᠭᠡᠴᠢ᠎ᠠᠴᠠ ᠲᠤᠳᠤᠷᠬᠠᠶ᠋ᠢᠯᠠᠯᠲᠠ ᠬᠢᠵᠦ ᠪᠤᠯᠤᠨ᠎ᠠ᠃
    ᠭᠤᠴᠢᠨ ᠨᠢᠭᠡᠳᠦᠭᠡᠷ ᠵᠦᠢ᠍ᠯ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ᠎ᠢ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠪᠠᠶ᠋ᠢᠩᠭᠤ ᠵᠢᠨ ᠬᠤᠷᠠᠯ ᠪᠤᠶᠤ ᠪᠦᠭᠦᠳᠡ ᠬᠤᠷᠠᠯ᠎ᠠᠴᠠ ᠲᠤᠭᠲᠠᠭ᠋ᠠᠵᠤ᠂ ᠥᠪᠡᠷᠲᠡᠭᠡᠨ ᠵᠠᠰᠠᠬᠤ ᠤᠷᠤᠨ᠎ᠤ ᠲᠡᠷᠢᠭᠦᠯᠡᠭᠴᠢ᠎ᠠᠴᠠ ᠵᠦᠪᠯᠡᠯᠭᠡ᠎ᠳᠤ ᠭᠠᠷ᠎ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ ᠪᠤᠶᠤ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠳᠤ ᠳᠡᠪᠰᠢᠭᠦᠯᠵᠦ ᠬᠢᠨᠠᠨ ᠵᠦᠪᠯᠡᠭᠦᠯᠬᠦ ᠬᠡᠷᠡᠭᠲᠡᠢ᠃
    ᠭᠤᠴᠢᠨ ᠬᠤᠶᠠᠳᠤᠭ᠋ᠠᠷ ᠵᠦᠢ᠍ᠯ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠢ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠪᠠᠶ᠋ᠢᠩᠭᠤ ᠵᠢᠨ ᠬᠤᠷᠠᠯ ᠪᠤᠶᠤ ᠪᠦᠭᠦᠳᠡ ᠬᠤᠷᠠᠯ᠎ᠠᠴᠠ ᠲᠤᠭᠲᠠᠭ᠋ᠠᠵᠤ᠂ ᠥᠪᠡᠷᠲᠡᠭᠡᠨ ᠵᠠᠰᠠᠬᠤ ᠤᠷᠤᠨ᠎ᠤ ᠲᠡᠷᠢᠭᠦᠯᠡᠭᠴᠢ᠎ᠠᠴᠠ ᠵᠠᠷᠯᠢᠭ᠎ᠲᠤ ᠭᠠᠷ᠎ᠤᠨ ᠦᠰᠦᠭ ᠵᠢᠷᠤᠵᠤ ᠨᠡᠶ᠋ᠢᠲᠡᠯᠡᠬᠦ

ᠬᠡᠷᠡᠭᠲᠡᠢ᠃
      ᠭᠤᠴᠢᠨ ᠭᠤᠷᠪᠠᠳᠤᠭ᠋ᠠᠷ ᠵᠦᠢ᠍ᠯ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠢ ᠨᠡᠶ᠋ᠢᠲᠡᠯᠡᠬᠦ ᠵᠠᠷᠯᠢᠭ᠎ᠲᠤ ᠲᠣᠭᠲᠠᠭ᠋ᠠᠬᠤ ᠪᠠᠶ᠋ᠢᠭᠤᠯᠭ᠎ᠠ᠂ ᠳ᠋ᠤᠭ᠋ᠠᠷ ᠲᠤᠭ᠋ᠠᠳᠤ᠂ ᠲᠣᠭᠲᠠᠭ᠋ᠠᠯ ᠳᠥᠷᠢᠮ᠎ᠤᠨ ᠨᠡᠷᠡᠶ᠋ᠢᠳᠦᠯ᠂ ᠪᠠᠳᠤᠯᠠᠬᠤ ᠡᠳᠦᠷ ᠬᠤᠭᠤᠴᠠᠭ᠎ᠠ᠂ ᠬᠡᠷᠡᠭᠵᠢᠬᠦᠯᠬᠦ ᠡᠳᠦᠷ ᠬᠤᠭᠤᠴᠠᠭ᠎ᠠ᠂ ᠥᠪᠡᠷᠲᠡᠭᠡᠨ ᠵᠠᠰᠠᠬᠤ ᠤᠷᠤᠨ᠎ᠤ ᠲᠡᠷᠢᠭᠦᠯᠡᠭᠴᠢ ᠵᠢᠨ ᠭᠠᠷ᠎ᠤᠨ ᠦᠰᠦᠭ ᠵᠢᠴᠢ ᠨᠡᠶ᠋ᠢᠲᠡᠯᠡᠬᠦ ᠡᠳᠦᠷ ᠬᠤᠭᠤᠴᠠᠭ᠎ᠠ ᠵᠢ ᠲᠤᠳᠤᠷᠬᠠᠢ ᠪᠢᠴᠢᠬᠦ

ᠬᠡᠷᠡᠭᠲᠡᠢ᠃
      ᠭᠤᠴᠢᠨ ᠳᠦᠷᠪᠡᠳᠦᠭᠡᠷ ᠵᠦᠢ᠍ᠯ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠳᠤ ᠭᠠᠷ᠎ᠤᠨ ᠦᠰᠦᠭ ᠵᠢᠷᠤᠵᠤ ᠨᠡᠶ᠋ᠢᠲᠡᠯᠡᠭᠰᠡᠨ᠎ᠤ ᠳᠠᠷᠠᠭ᠎ᠠ᠂ 《ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠯᠪᠠᠨ ᠮᠡᠳᠡᠭᠡ》 《ᠥᠪᠥᠷ ᠮᠤᠩᠭᠤᠯ᠎ᠤᠨ ᠡᠳᠦᠷ᠎ᠤᠨ ᠰᠤᠨᠢᠨ》 ᠪᠤᠯᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠫᠤᠷᠲ᠋ᠧᠯ ᠰᠦᠯᠵᠢᠶᠡᠨ᠎ᠳᠤ ᠨᠡᠶ᠋ᠢᠲᠡᠯᠡᠬᠦ ᠬᠡᠷᠡᠭᠲᠡᠢ᠃ ᠨᠡᠶ᠋ᠢᠲᠡᠯᠡᠬᠦ᠎ᠳᠤ᠎ᠪᠠᠨ ᠮᠤᠩᠭᠤᠯ ᠬᠢᠲᠠᠳ ᠬᠤᠶᠠᠷ ᠵᠦᠢ᠍ᠯ᠎ᠤᠨ ᠦᠰᠦᠭ ᠪᠢᠴᠢᠭ᠎ᠢ ᠬᠡᠷᠡᠭᠯᠡᠬᠦ ᠬᠡᠷᠡᠭᠲᠡᠢ᠃ 《ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠯᠪᠠᠨ ᠮᠡᠳᠡᠭᠡ》 ᠳᠡᠭᠡᠷ᠎ᠡ ᠨᠡᠶ᠋ᠢᠲᠡᠯᠡᠭᠰᠡᠨ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠤᠨ ᠪᠢᠴᠢᠭᠯᠡᠭᠰᠡᠨ ᠮᠠᠲ᠋ᠧᠷᠢᠶᠠᠯ ᠵᠶ᠋ᠠᠷ ᠪᠠᠷᠢᠮᠵᠢᠶ᠎ᠠ ᠪᠢᠴᠢᠭᠯᠡᠭᠰᠡᠨ ᠮᠠᠲ᠋ᠧᠷᠢᠶᠠᠯ ᠪᠣᠯᠭ᠋ᠠᠨ᠎ᠠ᠃
      ᠭᠤᠴᠢᠨ ᠲᠠᠪᠤᠳᠤᠭ᠋ᠠᠷ ᠵᠦᠢ᠍ᠯ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠠᠷᠠᠭ᠎ᠠ ᠬᠡᠷᠡᠭᠵᠢᠭᠦᠯᠬᠦ ᠬᠡᠷᠡᠭᠲᠡᠢ; ᠤᠯᠤᠰ᠎ᠤᠨ ᠠᠮᠤᠷ ᠲᠥᠪᠰᠢᠨ᠎ᠲᠠᠢ ᠬᠤᠯᠪᠤᠭᠳᠠᠭᠰᠠᠨ ᠪᠤᠶᠤ ᠨᠡᠶ᠋ᠢᠲᠡᠯᠡᠭᠰᠡᠨ᠎ᠤ ᠳᠠᠷᠠᠭ᠎ᠠ ᠳᠠᠷᠤᠢ ᠲᠦᠷᠭᠡᠨ ᠬᠡᠷᠡᠭᠵᠢᠭᠦᠯᠬᠦ ᠦᠭᠡᠢ ᠪᠣᠯ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠬᠡᠷᠡᠭᠵᠢᠭᠦᠯᠬᠦ ᠵᠢ ᠬᠠᠷᠰᠢᠯᠠᠬᠤ ᠵᠡᠷᠭᠡ ᠬᠠᠤᠯᠢ᠎ᠳᠤ ᠲᠤᠭᠲᠠᠭ᠋ᠠᠭᠰᠠᠨ ᠪᠠᠶ᠋ᠢᠳᠠᠯ᠎ᠲᠠᠢ ᠪᠠᠶ᠋ᠢᠪᠠᠯ᠂ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠵᠦ ᠪᠤᠯᠤᠨ᠎ᠠ᠃


      ᠵᠢᠷᠭᠤᠳᠤᠭ᠋ᠠᠷ ᠪᠦᠯᠦᠭ ᠪᠦᠷᠢᠳᠭᠡᠨ ᠳᠠᠩᠰᠠᠯᠠᠬᠤ᠂ ᠲᠠᠶ᠋ᠢᠯᠪᠤᠷᠢᠯᠠᠬᠤ ᠪᠠ ᠦᠨᠡᠯᠡᠨ ᠵᠢᠱ᠌ᠢᠬᠦ
      ᠭᠤᠴᠢᠨ ᠵᠢᠷᠭᠤᠳᠤᠭ᠋ᠠᠷ ᠵᠦᠢ᠍ᠯ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠲᠣᠳᠤᠷ᠎ᠠ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠲᠥᠷᠥ ᠵᠢᠨ ᠶᠠᠪᠤᠳᠠᠯ᠎ᠤᠨ ᠬᠤᠷᠢᠶ᠎ᠠ ᠪᠤᠯᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠳᠤ ᠪᠦᠷᠢᠳᠭᠡᠨ ᠳᠠᠩᠰᠠᠯᠠᠭᠤᠯᠬᠤ ᠬᠡᠷᠡᠭᠲᠡᠢ᠃
      ᠭᠤᠴᠢᠨ ᠳᠤᠯᠤᠳᠤᠭ᠋ᠠᠷ ᠵᠦᠢ᠍ᠯ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠤᠨ ᠳᠠᠶ᠋ᠢᠯᠪᠤᠷᠢᠯᠠᠬᠤ ᠡᠷᠬᠡ᠎ᠨᠢ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠳᠤ ᠬᠠᠷᠢᠶᠠᠯᠠᠭᠳᠠᠨ᠎ᠠ᠃
      ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠤᠨ ᠲᠣᠭᠲᠠᠭ᠋ᠠᠯ᠎ᠨᠢ ᠪᠤᠲᠠᠲᠠᠢ ᠠᠭᠤᠯᠭ᠎ᠠ ᠵᠢ ᠤᠯᠠᠮ ᠨᠢᠭᠡ ᠠᠯᠬᠤᠮ ᠳᠤᠳᠤᠷᠬᠠᠶ᠋ᠢᠯᠠᠬᠤ ᠪᠤᠶᠤ ᠵᠠᠰᠠᠭ᠎ᠤᠨ ᠤᠷᠳᠤᠨ᠎ᠤ ᠲᠤᠭᠲᠠᠭ᠋ᠠᠯ ᠳᠥᠷᠢᠮ᠎ᠢ ᠲᠤᠭᠲᠠᠭ᠋ᠠᠭᠰᠠᠨ᠎ᠤ ᠳᠠᠷᠠᠭ᠎ᠠ ᠰᠢᠨ᠎ᠡ ᠪᠠᠶ᠋ᠢᠳᠠᠯ ᠭᠠᠷᠴᠦ᠂ ᠵᠠᠰᠠᠭ᠎ᠤᠨ ᠤᠷᠳᠤᠨ᠎ᠤ ᠲᠤᠭᠲᠠᠭ᠋ᠠᠯ ᠳᠥᠷᠢᠮ᠎ᠢ ᠲᠤᠬᠢᠷᠠᠭᠤᠯᠤᠨ ᠬᠡᠷᠡᠭᠯᠡᠬᠦ ᠦᠨᠳᠦᠰᠦᠯᠡᠯ᠎ᠢ ᠳᠤᠳᠤᠷᠬᠠᠶ᠋ᠢᠯᠠᠬᠤ ᠴᠢᠬᠤᠯᠠ᠎ᠲᠠᠢ ᠪᠠᠶ᠋ᠢᠪᠠᠯ᠂ ᠵᠠᠰᠠᠭ᠎ᠤᠨ ᠤᠷᠳᠤᠨ᠎ᠤ ᠲᠤᠭᠲᠠᠭ᠋ᠠᠯ ᠳᠥᠷᠢᠮ᠎ᠢ ᠬᠡᠷᠡᠭᠵᠢᠭᠦᠯᠦᠭᠰᠡᠨ ᠪᠠᠶ᠋ᠢᠭᠤᠯᠭ᠎ᠠ᠎ᠠᠴᠠ ᠲᠠᠶ᠋ᠢᠯᠪᠤᠷᠢᠯᠠᠬᠤ ᠰᠠᠨᠠᠯ ᠭᠠᠷᠭ᠋ᠠᠬᠤ ᠵᠢᠨ ᠬᠠᠮᠲᠤ ᠥᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠵᠶ᠋ᠠᠷ ᠬᠢᠨᠠᠨ ᠪᠠᠶ᠋ᠢᠴᠠᠭ᠋ᠠᠯᠭ᠋ᠠᠨ᠎ᠠ᠂ ᠪᠠᠰᠠ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠰᠢᠭᠤᠳ ᠰᠠᠨᠠᠯ ᠭᠠᠷᠭ᠋ᠠᠵᠤ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠳᠡᠪᠰᠢᠭᠦᠯᠵᠦ ᠵᠦᠪᠰᠢᠶᠡᠷᠡᠭᠦᠯᠦᠭᠰᠡᠨ᠎ᠤ ᠳᠠᠷᠠᠭ᠎ᠠ ᠨᠡᠶ᠋ᠢᠳᠡᠯᠡᠭᠰᠡᠨ ᠴᠤ᠌ ᠪᠤᠯᠤᠨ᠎ᠠ᠃
      ᠵᠠᠰᠠᠭ᠎ᠤᠨ ᠤᠷᠳᠤᠨ᠎ᠤ ᠲᠤᠭᠲᠠᠭ᠋ᠠᠯ ᠳᠥᠷᠢᠮ᠎ᠢ ᠲᠠᠶ᠋ᠢᠯᠪᠤᠷᠢᠯᠠᠬᠤ᠎ᠨᠢ ᠵᠠᠰᠠᠭ᠎ᠤᠨ ᠤᠷᠳᠤᠨ᠎ᠤ ᠲᠤᠭᠲᠠᠭ᠋ᠠᠯ ᠳᠥᠷᠢᠮ᠎ᠲᠠᠢ ᠠᠳᠠᠯᠢᠬᠠᠨ ᠬᠦᠴᠦᠨ᠎ᠲᠠᠢ᠃
      ᠭᠤᠴᠢᠨ ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠨᠢ ᠵᠠᠰᠠᠭ᠎ᠤᠨ ᠤᠷᠳᠤᠨ᠎ᠤ ᠲᠤᠭᠲᠠᠭ᠋ᠠᠯ ᠳᠥᠷᠢᠮ ᠪᠤᠶᠤ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠤᠨ ᠬᠤᠯᠪᠤᠭᠳᠠᠯ ᠪᠦᠬᠦᠢ ᠲᠤᠭᠲᠠᠭ᠋ᠠᠯ᠎ᠳᠤ ᠬᠠᠤᠯᠢ ᠲᠤᠭᠲᠠᠭ᠋ᠠᠯᠲᠠ ᠵᠢᠨ ᠳᠠᠷᠠᠭ᠋ᠠᠬᠢ ᠦᠨᠡᠯᠡᠨ ᠵᠢᠱ᠌ᠢᠯᠲᠡ ᠬᠢᠬᠦ ᠵᠢ ᠵᠤᠬᠢᠶᠠᠨ ᠪᠠᠶ᠋ᠢᠭᠤᠯᠬᠤ ᠵᠢᠨ ᠬᠠᠮᠲᠤ ᠦᠨᠡᠯᠡᠨ ᠵᠢᠱ᠌ᠢᠭᠰᠡᠨ ᠦᠷ᠎ᠡ ᠳ᠋ᠦ᠍ᠢ᠍ᠩ ᠵᠶ᠋ᠠᠨ ᠬᠤᠯᠪᠤᠭᠳᠠᠯ ᠪᠦᠬᠦᠢ ᠵᠠᠰᠠᠭ᠎ᠤᠨ ᠤᠷᠳᠤᠨ᠎ᠤ ᠲᠤᠭᠲᠠᠭ᠋ᠠᠯ ᠳᠥᠷᠢᠮ᠎ᠳᠤ ᠵᠠᠰᠠᠪᠤᠷᠢ ᠤᠷᠤᠭᠤᠯᠬᠤ᠂ ᠬᠦᠴᠦᠨ ᠦᠭᠡᠢ ᠪᠣᠯᠭ᠋ᠠᠬᠤ ᠵᠢᠨ ᠴᠢᠬᠤᠯᠠ ᠯᠠᠪᠯᠠᠯᠲᠠ ᠪᠣᠯᠭ᠋ᠠᠵᠤ ᠪᠤᠯᠤᠨ᠎ᠠ᠃
      ᠭᠤᠴᠢ ᠶᠢᠰᠦᠳᠦᠭᠡᠷ ᠵᠦᠢ᠍ᠯ ᠵᠠᠰᠠᠭ᠎ᠤᠨ ᠣᠷᠳᠤᠨ᠎ᠤ ᠲᠤᠭᠲᠠᠭ᠋ᠠᠯ ᠳᠥᠷᠢᠮ᠎ᠨᠢ ᠳᠤᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠵᠠᠰᠠᠭ᠎ᠤᠨ ᠤᠷᠳᠤᠨ᠎ᠤ ᠲᠤᠭᠲᠠᠭ᠋ᠠᠯ ᠳᠥᠷᠢᠮ᠎ᠢ ᠬᠡᠷᠡᠭᠵᠢᠭᠦᠯᠬᠦ ᠪᠠᠶ᠋ᠢᠭᠤᠯᠭ᠎ᠠ᠎ᠨᠢ ᠬᠠᠤᠯᠢ ᠲᠤᠭᠲᠠᠭ᠋ᠠᠯᠲᠠ ᠵᠢᠨ ᠳᠠᠷᠠᠭ᠋ᠠᠬᠢ ᠦᠨᠡᠯᠡᠨ ᠵᠢᠱ᠌ᠢᠯᠲᠡ ᠵᠢ ᠦᠷᠨᠢᠭᠦᠯᠬᠦ ᠬᠡᠷᠡᠭᠲᠡᠢ᠃ ᠴᠢᠬᠤᠯᠠ᠎ᠲᠠᠢ ᠦᠶᠡᠰ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠵᠠᠰᠠᠭ᠎ᠤᠨ ᠤᠷᠳᠤᠨ᠎ᠤ ᠲᠤᠭᠲᠠᠭ᠋ᠠᠯ ᠳᠥᠷᠢᠮ᠎ᠢ ᠬᠡᠷᠡᠭᠵᠢᠭᠦᠯᠬᠦ ᠪᠠᠶ᠋ᠢᠭᠤᠯᠭ᠎ᠠ᠎ᠲᠠᠢ ᠬᠠᠮᠲᠤ᠎ᠪᠠᠷ ᠦᠨᠡᠯᠡᠨ ᠵᠢᠱ᠌ᠢᠯᠲᠡ ᠦᠷᠨᠢᠭᠦᠯᠵᠣ ᠪᠣᠯᠤᠨ᠎ᠠ᠄
     (ᠨᠢᠭᠡ) ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ ᠪᠣᠯᠭ᠋ᠠᠵᠤ ᠳᠡᠭᠡᠭᠰᠢᠯᠡᠭᠦᠯᠬᠦ᠎ᠪᠠᠷ ᠪᠠᠶ᠋ᠢᠬᠤ;
     (ᠬᠤᠶᠠᠷ) ᠴᠢᠬᠤᠯᠠ ᠶᠡᠭᠡ ᠵᠠᠰᠠᠪᠤᠷᠢ ᠤᠷᠤᠭᠤᠯᠬᠤ᠎ᠪᠠᠷ ᠪᠠᠶ᠋ᠢᠬᠤ;
     (ᠭᠤᠷᠪᠠ) ᠬᠦᠴᠦᠨ ᠦᠭᠡᠢ ᠪᠣᠯᠭ᠋ᠠᠬᠤ᠎ᠪᠠᠷ ᠪᠠᠶ᠋ᠢᠭ᠎ᠠ ᠪᠤᠯᠪᠠᠴᠦ ᠨᠡᠯᠢᠶᠡᠳ ᠶᠡᠭᠡ ᠮᠠᠷᠭᠤᠭ᠋ᠠᠨ᠎ᠲᠠᠢ

ᠪᠠᠶ᠋ᠢᠬᠤ;
     (ᠳᠥᠷᠪᠡ) ᠠᠵᠤ ᠠᠬᠤᠢ ᠨᠡᠶ᠋ᠢᠭᠡᠮ᠎ᠤᠨ ᠬᠦᠭᠵᠢᠯᠲᠡ ᠪᠤᠶᠤ ᠣᠯᠠᠨ ᠨᠡᠶ᠋ᠢᠲᠡ ᠵᠢᠨ ᠠᠰᠢᠭ ᠲᠤᠰᠠ᠎ᠲᠠᠢ ᠨᠢᠭᠲᠠ ᠬᠤᠯᠪᠤᠭ᠎ᠠ᠎ᠲᠠᠢ ᠪᠦᠭᠡᠳ ᠨᠢᠭᠡᠨᠲᠡ ᠬᠡᠷᠡᠭᠵᠢᠭᠦᠯᠦᠭᠡᠳ ᠪᠦᠭᠦᠯᠢ ᠲᠠᠪᠤᠨ ᠵᠢᠯ ᠪᠤᠯᠤᠭᠰᠠᠨ ᠪᠠᠶ᠋ᠢᠬᠤ;
     (ᠲᠠᠪᠤ) ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢ᠂ ᠤᠯᠤᠰ ᠲᠦᠷᠦ ᠵᠢᠨ ᠵᠦᠪᠯᠡᠯᠭᠡᠨ᠎ᠤ ᠭᠡᠰᠢᠭᠦᠨ ᠵᠢᠴᠢ ᠨᠡᠶ᠋ᠢᠭᠡᠮ ᠨᠡᠶ᠋ᠢᠲᠡ᠎ᠪᠠᠷ ᠵᠶ᠋ᠠᠨ ᠲᠤᠰᠬᠠᠭᠰᠠᠨ ᠠᠰᠠᠭᠤᠳᠠᠯ᠎ᠨᠢ ᠨᠡᠯᠢᠶᠡᠳ ᠲᠦᠪᠯᠡᠷᠡᠩᠭᠦᠢ ᠪᠠᠶ᠋ᠢᠬᠤ;
     (ᠵᠢᠷᠭᠤᠭ᠎ᠠ) ᠦᠨᠡᠯᠡᠨ ᠵᠢᠱ᠌ᠢᠬᠦ ᠴᠢᠬᠤᠯᠠ᠎ᠲᠠᠢ ᠪᠤᠰᠤᠳ ᠪᠠᠶ᠋ᠢᠳᠠᠯ᠃
      ᠵᠠᠰᠠᠭ᠎ᠤᠨ ᠤᠷᠳᠤᠨ᠎ᠤ ᠲᠤᠭᠲᠠᠭ᠋ᠠᠯ ᠳᠥᠷᠢᠮ᠎ᠢ ᠬᠡᠷᠡᠭᠵᠢᠭᠦᠯᠬᠦ ᠪᠠᠶ᠋ᠢᠭᠤᠯᠭ᠎ᠠ ᠪᠤᠶᠤ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠬᠤᠯᠪᠤᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭ᠋ᠠᠨ ᠰᠤᠷᠭ᠋ᠠᠬᠤ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠢᠭᠡᠴᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ ᠨᠠᠶ᠋ᠢᠳᠠᠵᠤ ᠬᠠᠤᠯᠢ ᠲᠤᠭᠲᠠᠭ᠋ᠠᠯᠲᠠ ᠵᠢᠨ ᠳᠠᠷᠠᠭ᠋ᠠᠬᠢ ᠦᠨᠡᠯᠡᠨ ᠵᠢᠱ᠌ᠢᠯᠲᠡ ᠬᠢᠯᠭᠡᠵᠦ ᠪᠤᠯᠤᠨ᠎ᠠ᠃
      ᠳᠡᠭᠡᠳᠦ ᠪᠠᠶ᠋ᠢᠷᠢ ᠵᠢᠨ ᠬᠠᠤᠯᠢ᠎ᠳᠤ ᠲᠤᠬᠢᠷᠠᠭᠤᠯᠤᠯᠲᠠ ᠬᠢᠭᠰᠡᠨ ᠪᠤᠶᠤ ᠪᠠᠴᠢᠮ ᠪᠠᠶ᠋ᠢᠳᠠᠯ ᠳᠣᠬᠢᠶᠠᠯᠳᠤᠭᠰᠠᠨ᠎ᠠᠴᠠ ᠪᠣᠯᠵᠤ ᠵᠠᠰᠠᠭ᠎ᠤᠨ ᠤᠷᠳᠤᠨ᠎ᠤ ᠲᠤᠭᠲᠠᠭ᠋ᠠᠯ ᠳᠥᠷᠢᠮ᠎ᠳᠤ ᠵᠠᠰᠠᠪᠤᠷᠢ ᠤᠷᠤᠭᠤᠯᠬᠤ ᠴᠢᠬᠤᠯᠠ᠎ᠲᠠᠢ ᠪᠣᠯ᠂ ᠬᠠᠤᠯᠢ ᠲᠤᠭᠲᠠᠭ᠋ᠠᠯᠲᠠ ᠵᠢᠨ ᠳᠠᠷᠠᠭ᠋ᠠᠬᠢ ᠦᠨᠡᠯᠡᠨ ᠵᠢᠱ᠌ᠢᠯᠲᠡ ᠵᠢ ᠦᠷᠨᠢᠭᠦᠯᠬᠦ ᠦᠭᠡᠢ ᠪᠠᠶ᠋ᠢᠵᠤ ᠴᠤ᠌ ᠪᠤᠯᠤᠨ᠎ᠠ᠃
      ᠳᠦᠴᠢᠳᠦᠭᠡᠷ ᠵᠦᠢ᠍ᠯ ᠬᠠᠤᠯᠢ ᠲᠤᠭᠲᠠᠭ᠋ᠠᠯᠲᠠ ᠵᠢᠨ ᠳᠠᠷᠠᠭ᠋ᠠᠬᠢ ᠦᠨᠡᠯᠡᠨ ᠵᠢᠱ᠌ᠢᠯᠲᠡ᠎ᠨᠢ ᠵᠠᠰᠠᠭ᠎ᠤᠨ ᠤᠷᠳᠤᠨ᠎ᠤ ᠲᠤᠭᠲᠠᠭ᠋ᠠᠯ ᠳᠦᠷᠢᠮ᠎ᠤᠨ ᠬᠠᠤᠯᠢ ᠲᠤᠭᠲᠠᠭ᠋ᠠᠯᠲᠠ ᠵᠢᠨ ᠴᠢᠨᠠᠷ ᠴᠢᠨᠰᠠᠭ᠎ᠠ᠂ ᠬᠡᠷᠡᠭᠵᠢᠭᠦᠯᠦᠭᠰᠡᠨ ᠠᠮᠵᠢᠯᠳᠠ ᠪᠦᠲᠦᠮᠵᠢ᠂ ᠣᠷᠤᠰᠢᠵᠤ ᠪᠠᠶ᠋ᠢᠭ᠎ᠠ ᠠᠰᠠᠭᠤᠳᠠᠯ ᠵᠢᠴᠢ ᠨᠦᠯᠦᠭᠡ ᠲᠤᠰᠬᠠᠯ ᠵᠡᠷᠭᠡ᠎ᠳᠤ ᠪᠠᠶ᠋ᠢᠴᠠᠭ᠋ᠠᠨ ᠰᠤᠳᠤᠯᠤᠯᠲᠠ ᠪᠠ ᠦᠨᠡᠯᠡᠯᠲᠡ ᠬᠢᠵᠦ᠂ ᠦᠷᠭᠦᠯᠵᠢᠯᠡᠨ ᠬᠡᠷᠡᠭᠵᠢᠭᠦᠯᠬᠦ᠂ ᠵᠠᠰᠠᠪᠤᠷᠢ ᠤᠷᠤᠭᠤᠯᠬᠤ ᠪᠤᠶᠤ ᠬᠦᠴᠦᠨ ᠦᠭᠡᠢ ᠪᠣᠯᠭ᠋ᠠᠬᠤ ᠰᠠᠨᠠᠭᠤᠯᠭ᠎ᠠ ᠳᠤᠷᠠᠳᠴᠦ᠂ ᠬᠠᠤᠯᠢ ᠲᠤᠭᠲᠠᠭ᠋ᠠᠯᠲᠠ ᠵᠢᠨ ᠳᠠᠷᠠᠭ᠋ᠠᠬᠢ ᠦᠨᠡᠯᠡᠨ ᠵᠢᠱ᠌ᠢᠯᠲᠡ ᠵᠢᠨ ᠮᠡᠳᠡᠭᠦᠯᠦᠯᠲᠡ ᠪᠣᠯᠭ᠋ᠠᠵᠤ ᠪᠦᠷᠢᠯᠳᠦᠭᠦᠯᠬᠦ ᠬᠡᠷᠡᠭᠲᠡᠢ᠃
    ᠳᠦᠴᠢᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠨᠢ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠠᠵᠤ ᠠᠬᠤᠢ ᠨᠡᠶ᠋ᠢᠭᠡᠮ᠎ᠤᠨ ᠬᠦᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠴᠢ ᠳᠡᠭᠡᠳᠦ ᠪᠠᠶ᠋ᠢᠷᠢ ᠵᠢᠨ ᠬᠠᠤᠯᠢ ᠵᠢ ᠲᠤᠭᠲᠠᠭ᠋ᠠᠬᠤ᠂ ᠵᠠᠰᠠᠪᠤᠷᠢ ᠤᠷᠤᠭᠤᠯᠬᠤ᠂ ᠬᠦᠴᠦᠨ ᠦᠭᠡᠢ ᠪᠣᠯᠭ᠋ᠠᠭᠰᠠᠨ ᠪᠠᠶ᠋ᠢᠳᠠᠯ᠎ᠢ ᠦᠨᠳᠦᠰᠦᠯᠡᠵᠦ᠂ ᠵᠠᠰᠠᠭ᠎ᠤᠨ ᠤᠷᠳᠤᠨ᠎ᠤ ᠲᠤᠭᠲᠠᠭ᠋ᠠᠯ ᠳᠦᠷᠢᠮ᠎ᠢ ᠢᠯᠭ᠋ᠠᠷᠠᠭᠤᠯᠬᠤ ᠠᠵᠢᠯ᠎ᠢ ᠴᠠᠭ ᠲᠤᠬᠠᠢ᠎ᠳᠤ᠎ᠨᠢ ᠵᠤᠬᠢᠶᠠᠨ ᠪᠠᠶ᠋ᠢᠭᠤᠯᠵᠤ ᠦᠷᠨᠢᠭᠦᠯᠬᠦ ᠬᠡᠷᠡᠭᠲᠡᠢ᠃
    ᠲᠦᠴᠢᠨ ᠬᠤᠶᠠᠳᠤᠭ᠋ᠠᠷ ᠵᠦᠢ᠍ᠯ ᠵᠠᠰᠠᠭ᠎ᠤᠨ ᠤᠷᠳᠤᠨ᠎ᠤ ᠲᠤᠭᠲᠠᠭ᠋ᠠᠯ ᠳᠦᠷᠢᠮ᠎ᠳᠤ ᠳᠤᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠵᠠᠰᠠᠪᠤᠷᠢ ᠤᠷᠤᠭᠤᠯᠬᠤ ᠪᠠ ᠬᠦᠴᠦᠨ ᠦᠭᠡᠢ ᠪᠣᠯᠭ᠋ᠠᠬᠤ ᠰᠠᠨᠠᠭᠤᠯᠭ᠎ᠠ ᠵᠢ ᠳᠠᠷᠤᠢ ᠲᠦᠷᠭᠡᠨ ᠳᠤᠷᠠᠳᠤᠨ ᠭᠠᠷᠭ᠋ᠠᠬᠤ ᠬᠡᠷᠡᠭᠲᠡᠢ᠄
     (ᠨᠢᠭᠡ) ᠰᠢᠨ᠎ᠡ᠎ᠪᠠᠷ ᠲᠤᠭᠲᠠᠭ᠋ᠠᠭᠰᠠᠨ ᠳᠡᠭᠡᠳᠦ ᠪᠠᠶ᠋ᠢᠷᠢ ᠵᠢᠨ ᠬᠠᠤᠯᠢ᠎ᠲᠠᠢ ᠬᠠᠷᠰᠢᠯᠳᠤᠬᠤ ᠪᠤᠶᠤ ᠦᠨᠳᠦᠰᠦᠯᠡᠵᠦ ᠪᠠᠶ᠋ᠢᠭᠰᠠᠨ ᠳᠡᠭᠡᠳᠦ ᠪᠠᠶ᠋ᠢᠷᠢ ᠵᠢᠨ ᠬᠠᠤᠯᠢ᠎ᠳᠤ ᠨᠢᠭᠡᠨᠲᠡ ᠵᠠᠰᠠᠪᠤᠷᠢ ᠤᠷᠤᠭᠤᠯᠤᠭᠰᠠᠨ ᠪᠤᠶᠤ ᠬᠦᠴᠦᠨ ᠦᠭᠡᠢ ᠪᠤᠯᠭ᠋ᠠᠭᠰᠠᠨ ᠪᠠᠶ᠋ᠢᠬᠤ;
     (ᠬᠤᠶᠠᠷ) ᠭᠤᠤᠯ ᠪᠤᠯᠬᠤ ᠠᠭᠤᠯᠭ᠎ᠠ᠎ᠨᠢ ᠰᠢᠨ᠎ᠡ᠎ᠪᠠᠷ ᠨᠡᠶ᠋ᠢᠲᠡᠯᠡᠭᠰᠡᠨ ᠬᠠᠤᠯᠢ ᠴᠠᠭ᠋ᠠᠵᠠ᠂ ᠬᠠᠤᠯᠢ ᠲᠤᠭᠲᠠᠭ᠋ᠠᠯ ᠵᠶ᠋ᠠᠷ ᠤᠷᠤᠯᠠᠭᠳᠠᠭᠰᠠᠨ ᠪᠠᠶ᠋ᠢᠬᠤ;
     (ᠭᠤᠷᠪᠠ) ᠲᠤᠬᠢᠷᠠᠭᠤᠯᠤᠯᠲᠠ ᠬᠢᠬᠦ ᠡᠲᠡᠭᠡᠳ᠎ᠨᠢ ᠨᠢᠭᠡᠨᠲᠡ ᠠᠷᠢᠯᠤᠭᠰᠠᠨ ᠪᠤᠶᠤ ᠬᠤᠪᠢᠷᠠᠯᠳᠠ ᠭᠠᠷᠤᠭᠰᠠᠨ ᠪᠠᠶ᠋ᠢᠬᠤ;
     (ᠳᠥᠷᠪᠡ) ᠬᠡᠷᠡᠭᠵᠢᠭᠦᠯᠵᠦ ᠪᠠᠶ᠋ᠢᠭ᠎ᠠ ᠭᠤᠣᠯ ᠴᠤᠭᠴᠠ᠎ᠳᠤ ᠬᠤᠪᠢᠷᠠᠯᠲᠠ ᠭᠠᠷᠤᠭᠰᠠᠨ ᠪᠠᠶ᠋ᠢᠬᠤ;
     (ᠲᠠᠪᠤ) ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠪᠠ ᠠᠵᠤ ᠠᠬᠤᠢ ᠨᠡᠶ᠋ᠢᠭᠡᠮ᠎ᠤᠨ ᠬᠦᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠲᠤᠬᠢᠷᠠᠯᠴᠠᠬᠤ ᠦᠭᠡᠢ ᠪᠤᠯᠤᠨᠨᠰᠠᠨ ᠪᠠᠶ᠋ᠢᠬᠤ;
     (ᠵᠢᠷᠭᠤᠭ᠎ᠠ) ᠵᠠᠰᠠᠪᠤᠷᠢ ᠤᠷᠤᠭᠤᠯᠬᠤ᠂ ᠬᠦᠴᠦᠨ ᠦᠭᠡᠢ ᠪᠣᠯᠭ᠋ᠠᠬᠤ ᠴᠢᠬᠤᠯᠠ᠎ᠲᠠᠢ ᠪᠤᠰᠤᠳ ᠪᠠᠶ᠋ᠢᠳᠠᠯ᠃


      ᠳᠤᠯᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
      ᠳᠦᠴᠢᠨ ᠭᠤᠷᠪᠠᠳᠤᠭ᠋ᠠᠷ ᠵᠦᠢ᠍ᠯ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠳᠤ ᠵᠠᠰᠠᠪᠤᠷᠢ ᠤᠷᠤᠭᠤᠯᠬᠤ᠂ ᠬᠦᠴᠦᠨ ᠦᠭᠡᠢ ᠪᠣᠯᠭ᠋ᠠᠬᠤ ᠲᠡᠰ ᠲᠠᠷᠠᠭ᠋ᠠᠯᠠᠯ᠎ᠳᠤ ᠲᠤᠰ ᠲᠤᠭᠲᠠᠭ᠋ᠠᠯ᠎ᠢ ᠲᠣᠬᠢᠷᠠᠭᠤᠯᠤᠨ ᠬᠡᠷᠡᠭᠯᠡᠨ᠎ᠡ᠃
      ᠲᠦᠴᠢᠨ ᠳᠦᠷᠪᠡᠳᠦᠭᠡᠷ ᠵᠦᠢ᠍ᠯ ᠲᠤᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠤᠨ᠎ᠨᠢ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ ᠪᠠ ᠵᠠᠰᠠᠭ᠎ᠤᠨ ᠣᠷᠳᠤᠨ᠎ᠤ ᠲᠤᠭᠲᠠᠭ᠋ᠠᠯ ᠳᠦᠷᠢᠮ᠎ᠢ ᠲᠤᠭᠲᠠᠭ᠋ᠠᠬᠤ᠎ᠳᠤ᠂ ᠲᠤᠰ ᠲᠤᠭᠲᠠᠭ᠋ᠠᠯ ᠵᠶ᠋ᠠᠷ ᠯᠠᠪᠯᠠᠯᠲᠠ ᠪᠤᠯᠭ᠋ᠠᠵᠤ ᠬᠡᠷᠡᠭᠵᠢᠭᠦᠯᠬᠦ

ᠬᠡᠷᠡᠭᠲᠡᠢ᠃
      ᠲᠦᠴᠢᠨ ᠲᠠᠪᠤᠳᠤᠭ᠋ᠠᠷ ᠵᠦᠢ᠍ᠯ ᠲᠤᠰ ᠲᠤᠭᠳᠠᠭ᠋ᠠᠯ᠎ᠢ 2020 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 1998 ᠣᠨ᠎ᠤ 10 ᠳ᠋ᠤᠭ᠋ᠠᠷ ᠰᠠᠷ᠎ᠠ ᠵᠢᠨ 29᠎ᠤ ᠡᠳᠦᠷ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠨᠡᠶ᠋ᠢᠲᠡᠯᠡᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠷᠤᠨ ᠨᠤᠲᠤᠭ᠎ᠤᠨ ᠴᠢᠨᠠᠷᠲᠠᠢ ᠬᠠᠤᠯᠢ ᠲᠤᠭᠲᠠᠭ᠋ᠠᠯ᠎ᠤᠨ ᠲᠦᠰᠦᠯ ᠪᠠ ᠲᠤᠭᠲᠠᠭ᠋ᠠᠯ ᠳᠦᠷᠢᠮ᠎ᠢ ᠲᠤᠭᠲᠠᠭ᠋ᠠᠬᠤ ᠲᠤᠭᠲᠠᠭ᠋ᠠᠯ》 (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠠᠷᠯᠢᠭ 91 ᠳ᠋ᠤᠭᠡᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃  

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ