ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠵᠠᠷᠯᠢᠭ
244 ᠳ᠋ᠤᠬᠡᠷ ᠲᠣᠭ᠋ᠠᠲᠤ
《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠯᠳᠡ ᠵᠢ ᠵᠠᠷᠯᠠᠨ ᠨᠡᠢ᠌ᠳᠡᠯᠡᠬᠦ ᠬᠠᠤᠯᠢ ᠬᠡᠷᠡᠭᠵᠢᠬᠦᠯᠬᠦ ᠪᠦᠭᠦ ᠶᠠᠪᠤᠴᠠ ᠵᠢ ᠰᠢᠩᠬᠡᠬᠡᠨ ᠲᠡᠮᠳᠡᠭᠯᠡᠬᠦ ᠬᠠᠤᠯᠢ ᠬᠡᠷᠡᠭᠵᠢᠬᠦᠯᠬᠦ ᠴᠢᠬᠤᠯᠠ ᠶᠡᠬᠡ ᠲᠤᠨᠨᠳᠠᠭ᠋ᠠᠯ᠎ᠤᠨ ᠬᠠᠤᠯᠢ ᠲᠦᠷᠢᠮ᠎ᠤᠨ ᠬᠢᠨᠠᠨ ᠬᠠᠷᠭᠤᠭᠤᠯᠤᠯᠳᠠ ᠵᠢᠨ ᠠᠷᠭ᠎ᠠ》 ᠵᠢ 2020 ᠣᠨ᠎ᠤ 1 ᠳ᠋ᠤᠬᠡᠷ ᠰᠠᠷ᠎ᠠ ᠵᠢᠨ 21᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠶᠠᠳᠤᠭ᠋ᠠᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠨᠡᠶ᠋ᠢᠲᠡᠯᠡᠪᠡ᠂ 2020 ᠣᠨ᠎ᠤ 4 ᠳ᠋ᠤᠬᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ
2020 ᠣᠨ᠎ᠤ 2 ᠳ᠋ᠤᠭ᠋ᠠᠷ ᠰᠠᠷ᠎ᠠ ᠵᠢᠨ 17᠎ᠤ ᠡᠳᠦᠷ
ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ
ᠬᠠᠤᠯᠢ ᠬᠡᠷᠡᠭᠵᠢᠬᠦᠯᠦᠯᠳᠡ ᠵᠢ ᠵᠠᠷᠯᠠᠨ ᠨᠡᠢ᠌ᠳᠡᠯᠡᠬᠦ ᠬᠠᠤᠯᠢ ᠬᠡᠷᠡᠭᠵᠢᠬᠦᠯᠬᠦ ᠪᠦᠭᠦ
ᠶᠠᠪᠤᠴᠠ ᠵᠢ ᠰᠢᠩᠬᠡᠬᠡᠨ ᠲᠡᠮᠳᠡᠭᠯᠡᠬᠦ ᠬᠠᠤᠯᠢ ᠬᠡᠷᠡᠭᠵᠢᠬᠦᠯᠬᠦ ᠴᠢᠬᠤᠯᠠ ᠶᠡᠬᠡ
ᠲᠤᠨᠨᠳᠠᠭ᠋ᠠᠯ᠎ᠤᠨ ᠬᠠᠤᠯᠢ ᠲᠦᠷᠢᠮ᠎ᠤᠨ ᠬᠢᠨᠠᠨ ᠬᠠᠷᠭᠤᠭᠤᠯᠤᠯᠳᠠ ᠵᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠶ ᠲᠤᠢ᠍ᠷᠢᠮ
ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠳᠡᠰ ᠳᠠᠷᠠᠭ᠋ᠠᠯᠠᠯ᠎ᠢ ᠵᠢᠷᠤᠮᠵᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠨ᠂ ᠡᠷᠬᠡ᠎ᠳᠦ ᠠᠷᠠᠳ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ᠂ ᠴᠢᠩᠭ᠎ᠠ ᠵᠢᠷᠤᠮᠵᠢᠭᠤᠨ ᠲᠥᠪ ᠭᠣᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠬᠤ ᠵᠢᠨ ᠲᠤᠰᠠᠳᠠ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠤᠷᠭ᠋ᠠᠭᠤᠯᠢ ᠵᠢᠨ ᠬᠠᠤᠯᠢ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ᠎ᠳᠤ ᠬᠢᠨᠠᠯᠲᠠ ᠲᠠᠯᠪᠢᠬᠤ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ᠎ᠤ ᠪᠤᠳᠠᠳᠠᠢ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠤᠨᠨᠳᠠᠭ᠋ᠠᠪᠠ᠃
ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠲᠤᠳᠤᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠣᠯᠠᠨ ᠨᠡᠢ᠍ᠢ᠍ᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠶ᠋ᠢᠭᠤᠯᠤᠯᠲᠠ (ᠳᠣᠷᠣᠭᠰᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠭᠡᠵᠦ ᠨᠡᠷᠡᠢ᠌ᠳᠦᠨᠠ)᠎ᠨᠤᠭᠤᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠯᠳᠡ ᠵᠢ ᠵᠠᠷᠯᠠᠨ ᠨᠡᠢ᠌ᠳᠡᠯᠡᠬᠦ᠂ ᠬᠠᠤᠯᠢ ᠬᠡᠷᠡᠭᠵᠢᠬᠦᠯᠬᠦ ᠪᠦᠭᠦ ᠶᠠᠪᠤᠴᠠ ᠵᠢ ᠰᠢᠩᠬᠡᠬᠡᠨ ᠲᠡᠮᠳᠡᠭᠯᠡᠬᠦ ᠪᠠ ᠬᠠᠤᠯᠢ ᠬᠡᠷᠡᠭᠵᠢᠬᠦᠯᠬᠦ ᠴᠢᠬᠤᠯᠠ ᠶᠡᠬᠡ ᠲᠤᠨᠨᠳᠠᠭ᠋ᠠᠯ᠎ᠤᠨ ᠬᠠᠤᠯᠢ ᠲᠦᠷᠢᠮ᠎ᠤᠨ ᠬᠢᠨᠠᠨ ᠬᠠᠷᠭᠤᠭᠤᠯᠤᠯᠳᠠ (ᠳᠣᠷᠣᠭᠰᠢ ᠭᠤᠷᠪᠠᠨ ᠵᠦᠢ᠍ᠯ᠎ᠤᠨ ᠳᠦᠷᠢᠮ ᠭᠡᠵᠦ ᠨᠡᠷᠡᠢ᠌ᠳᠦᠨᠠ) ᠵᠢ ᠬᠡᠷᠡᠭᠵᠢᠭᠦᠯᠬᠦ᠎ᠳᠤ ᠲᠣᠰ ᠠᠷᠭ᠎ᠠ ᠵᠢ ᠲᠤᠬᠢᠷᠠᠭᠤᠯᠤᠨ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠤᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠭᠤᠷᠪᠠᠨ ᠵᠦᠢ᠍ᠯ᠎ᠤᠨ ᠳᠦᠷᠢᠮ᠎ᠢ ᠪᠦᠬᠦ ᠲᠠᠯ᠎ᠠ᠎ᠪᠠᠷ ᠶᠠᠪᠤᠨᠨᠳᠠᠭᠤᠯᠵᠦ᠂ ᠭᠤᠷᠪᠠᠨ ᠵᠦᠢ᠍ᠯ᠎ᠤᠨ ᠳᠦᠷᠢᠮ᠎ᠤᠨ ᠬᠡᠷᠡᠭᠵᠢᠭᠦᠯᠦᠭᠰᠡᠨ ᠪᠠᠶ᠋ᠢᠳᠠᠯ᠎ᠢ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠦᠳᠦᠬᠡᠨ ᠪᠠᠶ᠋ᠢᠭᠤᠯᠤᠯᠲᠠ ᠵᠢᠨ ᠰᠢᠯᠭ᠋ᠠᠨ ᠲᠤᠨᠨᠳᠠᠭ᠋ᠠᠬᠤ ᠰᠢᠰᠲ᠋ᠧᠮᠵᠢ᠎ᠳᠤ ᠤᠷᠤᠭᠤᠯᠬᠤ ᠬᠡᠷᠡᠭᠳᠡᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠤᠷᠪᠠᠨ ᠵᠦᠢ᠍ᠯ᠎ᠤᠨ ᠲᠦᠷᠢᠮ ᠤᠨ ᠬᠡᠷᠡᠭᠵᠢᠬᠦᠯᠬᠦ ᠵᠢ ᠵᠣᠬᠢᠶᠠᠨ ᠪᠠᠶ᠋ᠢᠭᠤᠯᠤᠨ ᠵᠢᠯᠣᠭᠣᠳᠬᠤ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠠᠷᠢᠭᠤᠴᠠᠬᠤ ᠬᠡᠷᠡᠭᠳᠡᠢ᠃
ᠲᠡᠬᠡᠳᠦ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠳᠣᠣᠷᠠᠳᠤ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠭᠤᠷᠪᠠᠨ ᠵᠦᠢ᠍ᠯ᠎ᠤᠨ ᠳᠦᠷᠢᠮ᠎ᠢ ᠬᠡᠷᠡᠭᠵᠢᠬᠦᠯᠬᠦ ᠵᠢ ᠵᠢᠯᠤᠭᠤᠳᠬᠤ ᠪᠠ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃
ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠵᠢᠨ ᠮᠡᠳᠡᠭᠡ ᠵᠠᠩᠭᠢᠴᠢᠯᠠᠬᠤ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠶᠡᠷᠦᠩᠬᠡᠢ᠌ᠯᠡᠭᠰᠡᠨ ᠬᠠᠮᠢᠶᠠᠷᠤᠯᠳᠠ ᠵᠢᠨ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲ᠋ᠧᠮ᠎ᠢ ᠬᠠᠷᠢᠭᠤᠴᠠᠨ ᠪᠠᠶ᠋ᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ᠎ᠨᠢ ᠵᠠᠯᠭ᠋ᠠᠯᠳᠤᠭᠤᠯᠤᠨ ᠬᠡᠷᠡᠭᠯᠡᠵᠦ᠂ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭ᠎ᠠ ᠪᠠᠷᠢᠮᠲᠠ ᠵᠢ ᠴᠤᠭᠯᠠᠭᠤᠯᠬᠤ ᠪᠠ ᠮᠡᠳᠡᠭᠡ ᠵᠠᠩᠭᠢ ᠵᠢ ᠬᠠᠮᠳᠤ᠎ᠪᠠᠷ ᠬᠦᠷᠲᠡᠯᠴᠡᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ᠃
ᠲᠠᠪᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠬᠠᠷᠢᠭᠤᠴᠠᠯᠭ᠎ᠠ᠎ᠪᠠᠷ ᠲᠣᠳᠣᠷᠬᠠᠶ᠂ ᠬᠠᠮᠢᠶᠠᠷᠤᠯᠲᠠ᠎ᠪᠠᠷ ᠵᠢᠷᠤᠮᠵᠢᠭᠤᠨ᠂ ᠣᠷᠣᠭᠤᠯᠤᠯᠲᠠ᠎ᠪᠠᠷ ᠲᠤᠨᠨᠳᠠᠭᠤᠨ ᠪᠠᠢ᠌ᠬᠤ ᠬᠠᠤᠯᠢ ᠬᠡᠷᠡᠭᠵᠢᠬᠦᠯᠬᠦ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠯᠳᠡ ᠵᠢᠨ ᠴᠢᠬᠤᠯᠠ ᠬᠡᠷᠡᠭᠴᠡᠬᠡᠨ᠎ᠤ ᠲᠣᠨᠣᠭ ᠲᠥᠬᠥᠭᠡᠷᠦᠮᠵᠢ ᠪᠠ ᠵᠠᠷᠤᠳᠠᠯ᠎ᠢ ᠪᠠᠲᠤᠯᠠᠬᠤ ᠬᠡᠷᠡᠭᠲᠡᠶ᠃
ᠬᠤᠶᠠᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠯᠳᠡ ᠵᠢ ᠵᠠᠷᠯᠠᠨ ᠨᠡᠢ᠌ᠳᠡᠯᠡᠬᠦ
ᠵᠢᠷᠭᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ᠎ᠨᠢ ᠬᠡᠨ ᠬᠠᠤᠯᠢ ᠬᠡᠷᠡᠭᠵᠢᠬᠦᠯᠪᠡᠯ ᠬᠡᠨ ᠵᠠᠷᠯᠠᠨ ᠨᠡᠢ᠌ᠳᠡᠯᠡᠬᠦ ᠵᠠᠷᠴᠢᠮ ᠶᠣᠰᠣᠭ᠋ᠠᠷ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠭᠰᠡᠨ ᠮᠡᠳᠡᠬᠡ ᠵᠠᠩᠭᠢ ᠵᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠨᠡᠶ᠋ᠢᠲᠡᠯᠡᠬᠦ᠂ ᠬᠦᠴᠦᠨ ᠦᠭᠡᠶ ᠪᠣᠯᠭ᠋ᠠᠬᠤ ᠪᠠ ᠰᠢᠨᠡᠳᠬᠡᠬᠦ ᠳᠦᠷᠢᠮ᠎ᠢ ᠪᠠᠶ᠋ᠢᠭᠤᠯᠬᠤ ᠬᠡᠷᠡᠭᠲᠡᠶ᠃
ᠳᠣᠯᠣᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ᠎ᠨᠢ ᠫᠤᠷᠲ᠋ᠧᠯ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠂ ᠠᠵᠢᠯ ᠶᠠᠪᠤᠳᠠᠯ ᠭᠦᠢ᠍ᠴᠡᠳᠬᠡᠬᠦ ᠲᠢᠩᠬᠢᠮ᠎ᠤᠨ ᠵᠠᠷᠯᠠᠨ ᠨᠡᠢ᠌ᠳᠡᠯᠡᠬᠦ ᠪᠤᠯᠤᠩ᠂ ᠦᠢ᠍ᠯᠡᠴᠢᠯᠡᠬᠡᠨ᠎ᠤ ᠴᠤᠩᠬᠤᠪᠴᠢ ᠵᠡᠷᠭᠡ ᠠᠴᠢᠶᠠᠯᠠᠪᠤᠷᠢ᠎ᠪᠠᠷ ᠳᠠᠮᠵᠢᠭᠤᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠮᠡᠳᠡᠭᠡ ᠵᠠᠩᠭᠢ ᠵᠢ ᠢᠯᠡ ᠪᠤᠯᠭ᠋ᠠᠬᠤ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠵᠠᠰᠠᠭ᠎ᠤᠨ ᠶᠠᠪᠤᠳᠠᠯ᠎ᠤᠨ ᠰᠦᠯᠵᠢᠶᠡᠨ᠎ᠳᠤ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠮᠡᠳᠡᠭᠡ ᠵᠠᠩᠭᠢ ᠵᠢ ᠢᠯᠡ ᠪᠤᠯᠭ᠋ᠠᠬᠤ ᠬᠡᠷᠡᠭᠲᠡᠶ᠃
ᠨᠠᠢ᠍ᠮᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ᠎ᠨᠢ ᠳᠣᠤᠷᠠᠬᠢ ᠮᠡᠲᠦ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠦᠨᠳᠦᠰᠦᠨ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠵᠠᠷᠯᠠᠨ ᠨᠡᠢ᠌ᠳᠡᠯᠡᠬᠦ ᠬᠡᠷᠡᠭᠲᠡᠶ᠄
(ᠨᠢᠭᠡ) ᠬᠠᠤᠯᠢ ᠬᠡᠷᠡᠭᠵᠢᠭᠦᠯᠬᠦ ᠭᠣᠤᠯ ᠴᠣᠭᠴᠠ᠂ ᠠᠯᠪᠠᠯᠠᠬᠤ ᠭᠠᠵᠠᠷ᠂ ᠴᠢᠮᠡᠬᠡ ᠬᠤᠯᠪᠤᠭ᠋ᠠᠨ᠎ᠤ ᠬᠠᠶᠢᠭ᠂ ᠠᠰᠠᠭᠤᠨ ᠯᠠᠪᠯᠠᠬᠤ ᠤᠳᠠᠰᠤ᠂ ᠬᠢᠨᠠᠯᠲᠠ ᠲᠠᠯᠪᠢᠬᠤ ᠤᠳᠠᠰᠤ;
(ᠬᠤᠶᠠᠷ) ᠬᠠᠤᠯᠢ ᠬᠡᠷᠡᠭᠵᠢᠭᠦᠯᠬᠦ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ᠂ ᠲᠠᠰᠢᠷᠠᠮ ᠵᠶ᠋ᠠᠷ ᠰᠤᠭᠤᠴᠢᠨ ᠪᠠᠢ᠌ᠴᠠᠭ᠋ᠠᠨᠨᠰᠠᠨ ᠵᠦᠢ᠍ᠯᠡᠰ᠎ᠤᠨ ᠨᠠᠷᠢᠨ ᠬᠠᠭᠤᠳᠠᠰᠤ;
(ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠳᠠᠳ᠎ᠤᠨ ᠣᠪᠣᠭ ᠨᠡᠷ᠎ᠡ᠂ ᠨᠢᠬᠡᠴᠢ᠂ ᠲᠤᠰᠢᠶᠠᠯ᠂ ᠬᠡᠷᠡᠯ ᠵᠢᠷᠤᠭ᠂ ᠬᠠᠤᠯᠢ ᠬᠡᠷᠡᠭᠵᠢᠭᠦᠯᠬᠦ ᠦᠨᠡᠮᠯᠡᠯ᠎ᠤᠨ ᠨᠣᠮᠧᠷ᠂ ᠬᠠᠤᠯᠢ ᠬᠡᠷᠡᠭᠵᠢᠭᠦᠯᠬᠦ ᠲᠥᠷᠥᠯ ᠢᠯᠭ᠋ᠠᠯ᠂ ᠬᠠᠤᠯᠢ ᠬᠡᠷᠡᠭᠵᠢᠭᠦᠯᠬᠦ ᠣᠷᠣᠨ ᠪᠦᠰᠡ ᠵᠡᠷᠭᠡ ᠮᠡᠳᠡᠭᠡ ᠵᠠᠩᠭᠢ;
(ᠲᠦᠷᠪᠡ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠵᠦᠢ᠍ᠯᠡᠰ᠎ᠤᠨ ᠦᠢ᠍ᠯᠡᠴᠢᠯᠡᠬᠦ ᠡᠳᠡᠬᠡᠳ᠂ ᠭᠦᠯᠢᠶᠡᠨ ᠠᠪᠴᠤ ᠰᠢ᠌ᠳᠪᠦᠷᠢᠯᠡᠬᠦ ᠨᠦᠭᠦᠴᠡᠯ᠂ ᠭᠦᠢ᠍ᠴᠡᠳᠬᠡᠬᠦ ᠠᠷᠭ᠎ᠠ ᠮᠠᠶᠢᠭ᠂ ᠭᠦᠢ᠍ᠴᠡᠳᠬᠡᠬᠦ ᠴᠤᠪᠤᠷᠠᠯ᠂ ᠭᠦᠢ᠍ᠴᠡᠳᠬᠡᠬᠦ ᠴᠠᠭ᠎ᠤᠨ ᠬᠢᠵᠠᠭ᠋ᠠᠷ᠂ ᠰᠦᠢ᠍ᠳᠬᠡᠯ ᠬᠤᠷᠢᠶᠠᠬᠤ ᠪᠠᠷᠢᠮᠵᠢᠶ᠎ᠠ᠂ ᠰᠦᠢ᠍ᠳᠬᠡᠯ ᠬᠤᠷᠢᠶᠠᠬᠤ ᠦᠨᠳᠦᠰᠦᠯᠡᠯ ᠵᠢᠴᠢ ᠭᠤᠶᠤᠴᠢᠯᠠᠬᠤ ᠮᠠᠲᠸᠷᠢᠶᠠᠯ᠎ᠤᠨ ᠭᠠᠷᠴᠠᠭ᠂ ᠭᠦᠰᠦᠨᠦᠭ ᠵᠡᠷᠬᠡ;
(ᠲᠠᠪᠤ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠴᠤᠪᠤᠷᠠᠯ;
(ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠤᠨᠨᠳᠠᠭ᠋ᠠᠯ᠂ ᠲᠤᠨᠨᠳᠠᠭ᠋ᠠᠯ ᠲᠦᠷᠢᠮ᠎ᠳᠤ ᠲᠤᠨᠨᠳᠠᠭ᠋ᠠᠨᠨᠰᠠᠨ ᠰᠠᠨᠠᠭ᠋ᠠᠴᠢᠯᠠᠭ᠎ᠠ᠎ᠠᠴᠠ᠎ᠪᠠᠨ ᠵᠠᠷᠯᠠᠨ ᠨᠡᠢ᠌ᠳᠡᠯᠡᠬᠦ ᠴᠢᠬᠤᠯᠠᠳᠠᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠪᠤᠰᠤᠳ ᠦᠨᠳᠦᠰᠦᠨ ᠮᠡᠳᠡᠬᠡ ᠵᠠᠩᠬᠢ᠃
ᠶᠢᠰᠦᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠠᠵᠢᠯᠳᠠᠳ ᠬᠠᠤᠯᠢ ᠬᠡᠷᠡᠭᠵᠢᠬᠦᠯᠬᠦ ᠶᠠᠪᠤᠴᠠ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠦᠨᠡᠮᠯᠡᠯ ᠵᠶ᠋ᠡᠨ ᠰᠠᠨᠠᠭ᠋ᠠᠴᠢᠯᠠᠭ᠎ᠠ᠎ᠠᠴᠠ᠎ᠪᠠᠨ ᠦᠵᠡᠬᠦᠯᠬᠦ
ᠬᠡᠷᠡᠭᠳᠡᠢ᠃
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠠᠵᠢᠯᠳᠠᠳ ᠬᠢᠨᠠᠯᠳᠠ ᠲᠠᠯᠪᠢᠵᠦ ᠪᠠᠢ᠌ᠴᠠᠭ᠋ᠠᠯᠳᠠ ᠬᠢᠬᠦ᠂ ᠪᠠᠢ᠌ᠴᠠᠭ᠋ᠠᠵᠦ ᠬᠡᠷᠡᠴᠢ ᠠᠪᠬᠤ᠂ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠬᠤ ᠪᠠ ᠠᠯᠪᠠᠳᠠᠨ ᠭᠦᠢ᠍ᠴᠡᠳᠬᠡᠬᠦᠯᠬᠦ᠂ ᠪᠢᠴᠢᠭ ᠬᠠᠷ᠎ᠠ ᠵᠢ ᠭᠠᠷᠳᠠᠭᠤᠯᠤᠨ ᠭᠦᠷᠬᠡᠬᠦ ᠵᠡᠷᠬᠡ ᠬᠠᠤᠯᠢ ᠬᠡᠷᠡᠭᠵᠢᠬᠦᠯᠬᠦ ᠠᠵᠢᠯᠯᠠᠭ᠎ᠠ ᠵᠢ ᠦᠷᠨᠢᠬᠦᠯᠬᠦ᠎ᠳᠤ᠂ ᠲᠤᠬᠠᠢ ᠵᠢᠨ ᠭᠦᠮᠦᠨ᠎ᠳᠤᠨᠢ ᠬᠠᠤᠯᠢ ᠬᠡᠷᠡᠭᠵᠢᠬᠦᠯᠬᠦ ᠵᠢᠨ ᠤᠴᠢᠷ ᠰᠢᠯᠳᠠᠭ᠋ᠠᠨ᠂ ᠬᠠᠤᠯᠢ ᠬᠡᠷᠡᠭᠵᠢᠬᠦᠯᠬᠦ ᠦᠨᠳᠦᠰᠦᠯᠡᠯ᠂ ᠡᠷᠬᠡ ᠡᠭᠦᠷᠬᠡ᠂ ᠠᠪᠤᠷᠠᠨ ᠲᠤᠰᠠᠯᠠᠬᠤ ᠠᠷᠭ᠎ᠠ ᠮᠠᠶᠢᠭ ᠵᠡᠷᠬᠡ ᠠᠭᠤᠯᠭ᠎ᠠ ᠵᠢ ᠮᠡᠳᠡᠭᠳᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠪᠢᠴᠢᠭ ᠬᠠᠷ᠎ᠠ ᠵᠢ ᠬᠠᠤᠯᠢ ᠶᠤᠰᠤᠭ᠋ᠠᠷ ᠭᠠᠷᠭ᠋ᠠᠵᠦ ᠦᠭᠬᠦ ᠬᠡᠷᠡᠭᠳᠡᠢ᠃
ᠠᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ ᠵᠶ᠋ᠠᠨ ᠨᠡᠶ᠋ᠢᠭᠡᠮ ᠨᠡᠢ᠌ᠳᠡ᠎ᠳᠤ ᠬᠠᠤᠯᠢ ᠶᠣᠰᠣᠭ᠋ᠠᠷ ᠢᠯᠡ ᠪᠤᠯᠭ᠋ᠠᠵᠦ᠂ ᠨᠡᠶ᠋ᠢᠭᠡᠮ᠎ᠤᠨ᠎ᠬᠢᠨ᠎ᠤ ᠬᠢᠨᠠᠯᠳᠠ ᠲᠠᠯᠪᠢᠯᠳᠠ ᠵᠢ ᠬᠦᠯᠢᠶᠡᠬᠦ ᠬᠡᠷᠡᠭᠲᠡᠶ᠃ ᠢᠯᠡ ᠪᠣᠯᠭ᠋ᠠᠬᠤ ᠠᠭᠤᠯᠭ᠎ᠠ᠎ᠳᠤ ᠬᠠᠤᠯᠢ ᠬᠡᠷᠡᠭᠵᠢᠭᠦᠯᠬᠦ ᠭᠣᠤᠯ ᠴᠣᠭᠴᠠ᠂ ᠬᠠᠤᠯᠢ ᠬᠡᠷᠡᠭᠵᠢᠭᠦᠯᠬᠦ ᠡᠲᠡᠭᠡᠳ᠂ ᠬᠡᠷᠡᠭ᠎ᠤᠨ ᠪᠣᠳᠠᠲᠤ ᠪᠠᠢ᠌ᠳᠠᠯ᠂ ᠬᠠᠤᠯᠢ ᠬᠡᠷᠡᠭᠵᠢᠭᠦᠯᠬᠦ ᠲᠥᠷᠥᠯ ᠢᠯᠭ᠋ᠠᠯ᠂ ᠬᠠᠤᠯᠢ ᠬᠡᠷᠡᠭᠵᠢᠭᠦᠯᠬᠦ ᠳ᠋ᠦᠩᠨᠡᠯᠲᠡ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠮᠡᠳᠡᠭᠡ ᠵᠠᠩᠭᠢ ᠪᠠᠭᠲᠠᠨ᠎ᠠ᠃
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠲᠤᠨᠨᠳᠠᠭ᠋ᠠᠯ᠎ᠢ ᠵᠠᠷᠯᠠᠨ ᠨᠡᠢ᠌ᠳᠡᠯᠡᠬᠦᠳᠤᠪᠠᠨ ᠪᠠᠩᠬᠢ ᠵᠢᠨ᠎ᠬᠢᠨ ᠲᠠᠩᠰᠠᠨ ᠨᠤᠮᠸᠷ᠂ ᠭᠦᠳᠡᠯᠬᠦ ᠭᠦᠷᠦᠩᠬᠡ ᠪᠤᠶᠤ ᠦᠯᠦ ᠭᠦᠳᠡᠯᠬᠦ ᠭᠦᠷᠦᠩᠬᠡ ᠵᠢᠨ ᠡᠷᠬᠡ ᠬᠠᠷᠢᠶᠠᠯᠠᠯ᠎ᠤᠨ ᠦᠨᠡᠮᠯᠡᠯ᠎ᠤᠨ ᠨᠤᠮᠸᠷ᠂ ᠨᠢᠬᠡᠴᠢ ᠪᠤᠶᠤ ᠬᠤᠪᠢ ᠭᠦᠮᠦᠨ᠎ᠤ ᠡᠳ᠋ ᠭᠦᠷᠦᠩᠬᠡ ᠵᠢᠨ ᠪᠠᠢ᠌ᠳᠠᠯ ᠵᠡᠷᠬᠡ ᠡᠳ᠋ ᠭᠦᠷᠦᠩᠬᠡ᠎ᠳᠤ ᠬᠤᠯᠪᠤᠨᠨᠳᠠᠬᠤ ᠮᠡᠳᠡᠬᠡ ᠵᠠᠩᠬᠢ ᠵᠢᠴᠢ ᠲᠤᠬᠠᠢ ᠵᠢᠨ ᠭᠦᠮᠦᠨ᠎ᠤ ᠬᠤᠪᠢ ᠵᠢᠨ᠎ᠬᠢᠨ᠎ᠤ ᠬᠡᠷ ᠪᠦᠯᠢ ᠵᠢᠨ ᠬᠠᠶᠢᠭ᠂ ᠪᠡᠶ᠎ᠡ ᠵᠢᠨ ᠦᠨᠡᠮᠯᠡᠯ᠎ᠤᠨ ᠨᠤᠮᠸᠷ᠂ ᠮᠡᠳᠡᠬᠡ ᠬᠤᠯᠪᠤᠭ᠎ᠠ ᠵᠢᠨ ᠠᠷᠭ᠎ᠠ ᠮᠠᠶᠢᠭ ᠵᠡᠷᠬᠡ ᠮᠡᠳᠡᠬᠡ ᠵᠠᠩᠬᠢ ᠵᠢ ᠨᠢᠭᠤᠴᠠᠯᠠᠬᠤ ᠬᠡᠷᠡᠭᠳᠡᠢ᠃
ᠠᠷᠪᠠᠨ ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠳᠤ ᠳᠣᠤᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ ᠢᠯᠡ ᠪᠤᠯᠭ᠋ᠠᠵᠦ ᠪᠤᠯᠬᠤ ᠦᠭᠡᠢ᠄
(ᠨᠢᠬᠡ) ᠲᠤᠬᠠᠢ ᠵᠢᠨ ᠭᠦᠮᠦᠨ᠎ᠨᠢ ᠨᠠᠰᠤᠨ᠎ᠳᠤ ᠦᠯᠦ ᠭᠦᠷᠦᠭᠰᠡᠳ ᠪᠠᠢ᠌ᠬᠤ ;
(ᠬᠣᠶᠠᠷ) ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠠ ᠬᠤᠪᠢ ᠬᠥᠮᠦᠨ᠎ᠤ ᠨᠢᠭᠤᠴᠠ᠎ᠳᠤ ᠬᠣᠯᠪᠣᠭᠳᠠᠭᠰᠠᠨ ;
(ᠭᠤᠷᠪᠠ) ᠢᠯᠡ ᠪᠤᠯᠭ᠋ᠠᠨᠨᠰᠠᠨᠤ ᠲᠠᠷᠠᠭ᠎ᠠ ᠤᠯᠤᠰ᠎ᠤᠨ ᠠᠮᠤᠷ ᠲᠦᠪᠰᠢᠨ᠂ ᠤᠯᠠᠨ ᠨᠡᠢ᠌ᠳᠡ ᠵᠢᠨ ᠠᠮᠤᠷ ᠲᠦᠪᠰᠢᠨ᠂ ᠠᠵᠦ ᠠᠬᠤᠢ ᠵᠢᠨ ᠠᠮᠤᠷ ᠲᠦᠪᠰᠢᠨ ᠪᠤᠶᠤ ᠨᠡᠢ᠌ᠬᠡᠮ᠎ᠤᠨ ᠠᠮᠤᠷ ᠲᠤᠨᠨᠳᠠᠭᠤᠨᠢ ᠨᠦᠯᠦᠬᠡᠯᠡᠵᠦ
ᠮᠡᠳᠡᠬᠦ;
(ᠲᠦᠷᠪᠡ) ᠢᠯᠡ ᠪᠤᠯᠭ᠋ᠠᠨᠨᠰᠠᠨᠤ ᠲᠠᠷᠠᠭ᠎ᠠ ᠲᠤᠰ ᠬᠡᠷᠡᠭ᠎ᠲᠤ ᠬᠠᠮᠢᠶᠠᠳᠠᠬᠤ ᠪᠤᠰᠤᠳ ᠬᠡᠷᠡᠭ᠎ᠢ ᠪᠠᠶ᠋ᠢᠴᠠᠭ᠋ᠠᠨ ᠰᠢ᠌ᠳᠪᠦᠷᠢᠯᠡᠬᠦ ᠵᠢ ᠨᠥᠯᠥᠭᠡᠯᠡᠵᠦ ᠮᠡᠳᠡᠬᠦ;
(ᠲᠠᠪᠤ) ᠬᠡᠷᠡᠭ᠎ᠨᠢ ᠶᠠᠯ᠎ᠠ᠎ᠲᠠᠢ᠎ᠪᠠᠷ ᠰᠡᠵᠢᠭᠯᠡᠭᠳᠡᠬᠡᠳ ᠲᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠰᠢᠯᠵᠢᠬᠦᠯᠦᠨ ᠭᠦᠷᠬᠡᠵᠦ ᠪᠠᠢ᠌ᠴᠠᠭ᠋ᠠᠨ ᠰᠢ᠌ᠳᠪᠦᠷᠢᠯᠡᠬᠦ ᠴᠢᠬᠤᠯᠠᠳᠠᠢ ᠪᠤᠶᠤ ᠲᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠪᠠᠢ᠌ᠴᠠᠭ᠋ᠠᠨ ᠰᠢ᠌ᠳᠪᠦᠷᠢᠯᠡᠵᠦ ᠪᠠᠢ᠌ᠭ᠎ᠠ;
(ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮᠲᠤ ᠲᠤᠨᠨᠳᠠᠭ᠋ᠠᠨᠨᠰᠠᠨ ᠢᠯᠡ ᠪᠤᠯᠭ᠋ᠠᠵᠦ ᠪᠤᠯᠬᠤ ᠦᠬᠡᠢ ᠪᠤᠰᠤᠳ ᠪᠠᠢ᠌ᠳᠠᠯ᠃
ᠠᠷᠪᠠᠨ ᠬᠣᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠢ᠌ᠳᠬᠡᠯ ᠲᠤᠷᠭ᠋ᠠᠭᠤᠯᠢ᠎ᠪᠠᠷ ᠲᠤᠨᠨᠳᠠᠨᠨᠰᠠᠨ ᠮᠡᠳᠡᠭᠡ ᠵᠠᠩᠭᠢ ᠵᠢ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠨ 7 ᠠᠵᠢᠯᠯᠠᠬᠤ ᠡᠳᠦᠷ᠎ᠤᠨ ᠳᠣᠲᠣᠷ᠎ᠠ ᠢᠯᠡ ᠪᠤᠯᠭ᠋ᠠᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠪᠤᠰᠤᠳ ᠮᠡᠳᠡᠭᠡ ᠵᠠᠩᠭᠢ ᠵᠢ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠨ ᠬᠣᠷᠢᠨ ᠠᠵᠢᠯᠯᠠᠬᠤ ᠡᠳᠦᠷ᠎ᠤᠨ ᠳᠣᠲᠣᠷ᠎ᠠ ᠢᠯᠡ ᠪᠤᠯᠭ᠋ᠠᠬᠤ ᠬᠡᠷᠡᠭᠲᠡᠶ᠃ ᠢᠯᠡ ᠪᠤᠯᠭ᠋ᠠᠬᠤ ᠬᠤᠭᠤᠴᠠᠭ᠎ᠠ ᠬᠢᠵᠠᠭ᠋ᠠᠷ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ ᠵᠶ᠋ᠠᠷ ᠬᠡᠷᠡᠭᠵᠢᠬᠦᠯᠦᠨ᠎ᠠ᠃
ᠠᠷᠪᠠᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠳᠦᠰᠦᠨ ᠮᠡᠳᠡᠭᠡ ᠵᠠᠩᠭᠢ᠎ᠳᠤ ᠬᠤᠪᠢᠷᠠᠯᠳᠠ ᠭᠠᠷᠤᠨᠨᠰᠠᠨ ᠪᠠᠢ᠌ᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠯᠳᠡ ᠵᠢ ᠵᠠᠷᠯᠠᠨ ᠨᠡᠢ᠌ᠳᠡᠯᠡᠬᠦ ᠠᠯᠳᠠᠭ᠎ᠠ ᠵᠠᠯᠠᠷᠠᠭᠤᠯᠬᠤ ᠲᠣᠭᠲᠠᠴᠠ ᠪᠠᠶ᠋ᠢᠭᠤᠯᠬᠤ ᠬᠡᠷᠡᠭᠲᠡᠶ᠃ ᠨᠢᠬᠡᠨᠳᠡ ᠢᠯᠡ ᠪᠤᠯᠭ᠋ᠠᠨᠨᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠲᠣᠭᠲᠠᠭ᠋ᠠᠯ᠎ᠨᠢ ᠬᠠᠤᠯᠢ ᠶᠣᠰᠣᠭ᠋ᠠᠷ ᠭᠦᠴᠦᠨ ᠦᠭᠡᠢ ᠪᠣᠯᠭ᠋ᠠᠭᠳᠠᠭᠰᠠᠨ᠂ ᠬᠠᠤᠯᠢ᠎ᠠᠴᠠ ᠵᠥᠷᠢᠴᠡᠭᠰᠡᠨ ᠵᠶ᠋ᠠᠷ ᠨᠤᠲᠠᠯᠠᠭᠳᠠᠭᠰᠠᠨ ᠪᠤᠶᠤ ᠰᠢᠨ᠎ᠠ᠎ᠪᠠᠷ ᠲᠤᠨᠨᠳᠠᠭ᠋ᠠᠯᠭ᠋ᠠᠬᠤᠪᠠᠷ ᠱᠠᠭ᠋ᠠᠷᠳᠠᠭᠰᠠᠨ ᠪᠠᠢ᠌ᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠤᠤᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠲᠣᠭᠲᠠᠭ᠋ᠠᠯ᠎ᠤᠨ ᠮᠡᠳᠡᠭᠡ ᠵᠠᠩᠭᠢ᠎ᠪᠠᠨ ᠲᠠᠷᠤᠢ ᠲᠦᠷᠬᠡᠨ ᠭᠦᠴᠦᠨ ᠦᠬᠡᠢ ᠪᠤᠯᠭ᠋ᠠᠬᠤ ᠬᠡᠷᠡᠭᠲᠡᠶ᠃
ᠠᠷᠪᠠᠨ ᠳᠥᠷᠪᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭ᠎ᠠ ᠪᠦᠷᠢᠳᠬᠡᠯ᠎ᠤᠨ ᠣᠨ᠎ᠤ ᠮᠡᠳᠡᠭᠦᠯᠦᠯᠲᠡ ᠵᠢᠨ ᠳᠦᠷᠢᠮ᠎ᠢ ᠪᠠᠢ᠌ᠭᠤᠯᠵᠦ᠂ ᠵᠢᠯ ᠪᠦᠷᠢ ᠵᠢᠨ ᠨᠢᠭᠡᠳᠦᠭᠡᠷ ᠰᠠᠷ᠎ᠠ ᠵᠢᠨ ᠭᠤᠴᠢᠨ ᠨᠢᠭᠡᠨ᠎ᠤ ᠡᠳᠦᠷ᠎ᠠᠴᠠ ᠡᠮᠦᠨ᠎ᠡ ᠠᠳᠠᠯᠢ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠡᠭᠡᠷ᠎ᠡ ᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠪᠠᠶ᠋ᠢᠳᠠᠯ ᠵᠢᠴᠢ ᠬᠣᠯᠪᠣᠭᠳᠠᠯ ᠪᠦᠬᠦᠢ ᠲᠣᠭ᠎ᠠ ᠪᠠᠷᠢᠮᠲᠠ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠤᠷᠢᠶᠠᠩᠭᠤᠶ᠋ᠢᠯᠠᠨ ᠵᠠᠳᠠᠯᠤᠯᠳᠠ ᠬᠢᠭᠰᠡᠨ᠎ᠤ ᠳᠠᠷᠠᠭ᠎ᠠ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠳᠡᠭᠡᠷ᠎ᠡ ᠨᠢᠭᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
ᠭᠤᠷᠪᠠᠳᠤᠭ᠋ᠠᠷ ᠪᠦᠯᠦᠭ ᠬᠠᠤᠯᠢ ᠬᠡᠷᠡᠭᠵᠢᠬᠦᠯᠬᠦ ᠪᠦᠭᠦ ᠶᠠᠪᠤᠴᠠ ᠵᠢ ᠰᠢᠩᠬᠡᠬᠡᠨ ᠲᠡᠮᠳᠡᠭᠯᠡᠬᠦ
ᠠᠷᠪᠠᠨ ᠲᠠᠪᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠦᠰᠦᠭ ᠪᠢᠴᠢᠭ᠂ ᠳᠠᠭᠤ ᠳᠦᠷᠰᠦ ᠰᠢᠩᠭᠡᠭᠡᠯᠲᠡ ᠵᠡᠷᠭᠡ᠎ᠪᠠᠷ ᠲᠡᠮᠳᠡᠭᠯᠡᠬᠦ ᠠᠷᠭ᠎ᠠ ᠮᠠᠶᠢᠭ᠎ᠢ ᠲᠣᠭᠲᠠᠭ᠋ᠠᠯ ᠶᠤᠰᠤᠭ᠋ᠠᠷ ᠬᠡᠷᠡᠭᠯᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠵᠢᠨ ᠡᠬᠢᠯᠡᠭᠦᠯᠬᠦ᠂ ᠪᠠᠢ᠌ᠴᠠᠭ᠋ᠠᠯᠳᠠ ᠬᠢᠵᠦ ᠭᠡᠷᠡᠴᠢ ᠠᠪᠬᠤ᠂ ᠬᠢᠨᠠᠨ ᠬᠠᠷᠭᠤᠭᠤᠯᠵᠤ ᠲᠤᠨᠨᠳᠠᠭ᠋ᠠᠬᠤ᠂ ᠬᠦᠷᠭᠡᠵᠦ ᠬᠡᠷᠡᠭᠵᠢᠭᠦᠯᠬᠦ ᠵᠡᠷᠭᠡ ᠪᠦᠬᠦ ᠶᠠᠪᠤᠴᠠ ᠵᠢ ᠰᠢᠩᠬᠡᠬᠡᠨ ᠲᠡᠮᠳᠡᠭᠯᠡᠬᠦ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠦᠰᠦᠭ ᠪᠢᠴᠢᠭ ᠵᠶ᠋ᠡᠷ ᠲᠡᠮᠳᠡᠭᠯᠡᠬᠦ ᠪᠣᠯ ᠴᠠᠭ᠋ᠠᠰᠤᠨ ᠪᠢᠴᠢᠭ ᠮᠠᠲ᠋ᠧᠷᠢᠶᠠᠯ ᠪᠤᠶᠤ ᠡᠯᠸᠺᠲᠷᠤᠨ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ᠎ᠳᠤ ᠪᠦᠭᠦ ᠶᠠᠪᠤᠴᠠ ᠵᠢᠨ ᠲᠡᠮᠳᠡᠭᠯᠡᠯ ᠬᠢᠬᠦ ᠠᠷᠭ᠎ᠠ ᠮᠠᠶᠢᠭ ᠪᠣᠯᠤᠨ᠎ᠠ᠃ ᠦᠰᠦᠭ ᠪᠢᠴᠢᠭ ᠵᠶ᠋ᠠᠷ ᠲᠡᠮᠳᠡᠭᠯᠡᠬᠦ᠎ᠳᠤ᠎ᠪᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠦᠷᠢᠮ᠎ᠳᠦ ᠪᠢᠴᠢᠭ ᠬᠠᠷ᠎ᠠ ᠵᠢᠨ ᠵᠣᠷᠪᠤᠰᠯᠢᠭᠢ ᠬᠡᠷᠡᠭᠯᠡᠬᠦ ᠬᠡᠷᠡᠭᠲᠡᠶ᠂ ᠲᠡᠮᠳᠡᠭᠯᠡᠬᠦ ᠬᠦᠴᠦᠨ ᠵᠦᠢ᠍ᠯ᠎ᠳᠤ ᠴᠠᠭ ᠬᠤᠭᠤᠴᠠᠭ᠎ᠠ᠂ ᠭᠠᠵᠠᠷ ᠣᠷᠣᠨ᠂ ᠬᠠᠤᠯᠢ ᠬᠡᠷᠡᠭᠵᠢᠭᠦᠯᠬᠦ ᠠᠵᠢᠯᠲᠠᠨ᠂ ᠬᠠᠤᠯᠢ ᠬᠡᠷᠡᠭᠵᠢᠭᠦᠯᠬᠦ ᠡᠲᠡᠭᠡᠳ᠂ ᠬᠠᠤᠯᠢ ᠬᠡᠷᠡᠭᠵᠢᠭᠦᠯᠬᠦ ᠠᠭᠤᠯᠭ᠎ᠠ᠂ ᠬᠠᠤᠯᠢ ᠬᠡᠷᠡᠭᠵᠢᠭᠦᠯᠬᠦ ᠶᠠᠪᠤᠴᠠ ᠵᠡᠷᠭᠡ ᠮᠡᠳᠡᠭᠡ ᠵᠠᠩᠭᠢ ᠵᠢ ᠪᠠᠭᠲᠠᠭ᠋ᠠᠬᠤ ᠬᠡᠷᠡᠭᠲᠡᠶ᠃
ᠠᠷᠪᠠᠨ ᠳᠣᠯᠣᠳᠤᠭ᠋ᠠᠷ ᠵᠦᠢ᠍ᠯ ᠳᠠᠭᠤ ᠳᠦᠷᠰᠦ ᠰᠢᠩᠭᠡᠭᠡᠯᠲᠡ ᠵᠶ᠋ᠠᠷ ᠰᠢᠩᠬᠡᠬᠡᠨ ᠲᠡᠮᠳᠡᠭᠯᠡᠬᠦ ᠪᠣᠯ ᠭᠡᠷᠡᠯ ᠵᠢᠷᠤᠭ᠎ᠤᠨ ᠮᠠᠰᠢᠨ᠂ ᠳᠠᠭᠤ ᠰᠢᠩᠭᠡᠭᠡᠬᠦ ᠮᠠᠰᠢᠨ᠂ ᠳᠦᠷᠰᠦ ᠰᠢᠩᠭᠡᠭᠡᠬᠦ ᠮᠠᠰᠢᠨ᠂ ᠬᠠᠤᠯᠢ ᠬᠡᠷᠡᠭᠵᠢᠭᠦᠯᠬᠦ ᠲᠡᠮᠳᠡᠭᠯᠡᠭᠦᠷ᠂ ᠬᠠᠤᠯᠢ ᠬᠡᠷᠡᠭᠵᠢᠭᠦᠯᠬᠦ ᠤᠶᠤᠨᠴᠢ ᠦᠵᠦᠭᠦᠷ᠂ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠰᠢᠬᠦ ᠵᠡᠷᠭᠡ ᠰᠢᠩᠬᠡᠬᠡᠨ ᠲᠡᠮᠳᠡᠭᠯᠡᠬᠦ ᠲᠦᠭᠦᠬᠡᠷᠦᠮᠵᠢ᠎ᠪᠠᠷ ᠳᠠᠮᠵᠢᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠪᠤᠴᠠ ᠵᠢ ᠲᠤᠬᠠᠢ ᠵᠢᠨ ᠴᠠᠭᠲᠤᠨᠢ ᠰᠢᠩᠬᠡᠬᠡᠨ ᠲᠡᠮᠳᠡᠭᠯᠡᠬᠦ ᠠᠷᠭ᠎ᠠ ᠮᠠᠶᠢᠭ ᠪᠣᠯᠤᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠮᠠᠷᠭᠤᠯᠳᠤᠭ᠋ᠠᠨ ᠡᠭᠦᠰᠬᠦ ᠪᠤᠯᠤᠮᠵᠢ ᠪᠦᠭᠦᠢ ᠠᠬᠤᠢ ᠲᠠᠯᠠᠪᠠᠢ᠎ᠳᠤ ᠬᠠᠤᠯᠢ ᠬᠡᠷᠡᠭᠵᠢᠭᠦᠯᠬᠦ᠂ ᠪᠠᠢ᠌ᠴᠠᠭ᠋ᠠᠯᠳᠠ ᠬᠢᠵᠦ ᠭᠡᠷᠡᠴᠢ ᠠᠪᠬᠤ᠂ ᠭᠡᠷᠡᠴᠢᠯᠡᠭᠡ ᠰᠣᠨᠣᠰᠬᠤ᠂ ᠭᠦᠷᠬᠡᠯᠳᠡ ᠵᠢ ᠬᠤᠴᠤᠷᠭ᠋ᠠᠨ ᠠᠪᠬᠤ ᠪᠠ ᠠᠯᠪᠠᠨ ᠵᠠᠷ ᠬᠦᠷᠭᠡᠬᠦ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠶᠠᠪᠤᠴᠠ ᠵᠢ ᠳᠠᠭᠤ ᠳᠦᠷᠰᠦ ᠰᠢᠩᠭᠡᠭᠡᠯᠲᠡ᠎ᠪᠠᠷ ᠰᠢᠩᠬᠡᠬᠡᠨ ᠲᠡᠮᠳᠡᠭᠯᠡᠬᠦ ᠬᠡᠷᠡᠭᠲᠡᠶ᠃ ᠡᠳ᠋ ᠬᠥᠷᠥᠩᠭᠡ ᠵᠢ ᠪᠠᠶ᠋ᠢᠴᠠᠭ᠋ᠠᠨ ᠪᠢᠲᠡᠭᠦᠮᠵᠢᠯᠡᠬᠦ᠂ ᠦᠯᠡᠳᠡᠬᠡᠨ ᠠᠪᠬᠤ ᠪᠠ ᠠᠯᠪᠠᠲᠠᠨ ᠨᠤᠷᠠᠭ᠋ᠠᠯᠭ᠋ᠠᠬᠤ ᠵᠡᠷᠭᠡ ᠬᠥᠮᠦᠨ᠎ᠤ ᠪᠡᠶ᠎ᠡ ᠵᠢᠨ ᠡᠷᠬᠡ ᠴᠢᠯᠥᠭᠡ᠂ ᠠᠮᠢ ᠨᠠᠰᠤᠨ᠎ᠤ ᠡᠷᠡᠭᠦᠯ ᠮᠡᠨᠳᠦ᠂ ᠡᠳ᠋ ᠬᠥᠷᠥᠩᠭᠡ ᠵᠢᠨ ᠴᠢᠬᠤᠯᠠ ᠶᠡᠬᠡ ᠡᠷᠬᠡ ᠠᠰᠢᠭ᠎ᠲᠤ ᠰᠢᠭᠤᠳ ᠬᠣᠯᠪᠣᠭᠳᠠᠭᠰᠠᠨ ᠠᠬᠤᠢ ᠲᠠᠯᠠᠪᠠᠢ ᠵᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠠᠤᠯᠢ ᠬᠡᠷᠡᠭᠵᠢᠬᠦᠯᠵᠦ ᠬᠡᠷᠡᠭ ᠰᠢ᠌ᠳᠪᠦᠷᠢᠯᠡᠬᠦ ᠲᠠᠯᠠᠪᠤᠷ ᠭᠠᠵᠠᠷ᠎ᠤᠨ ᠪᠥᠬᠥ ᠶᠠᠪᠤᠴᠠ ᠵᠢ ᠳᠠᠭᠤ ᠳᠦᠷᠰᠦ ᠰᠢᠩᠭᠡᠭᠡᠯᠲᠡ᠎ᠪᠠᠷ ᠰᠢᠩᠬᠡᠬᠡᠨ ᠲᠡᠮᠳᠡᠭᠯᠡᠬᠦ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠳᠠᠭᠤ ᠳᠦᠷᠰᠦ ᠰᠢᠩᠬᠡᠬᠡᠯᠳᠡ᠎ᠪᠠᠷ ᠰᠢᠩᠬᠡᠬᠡᠨ ᠲᠡᠮᠳᠡᠭᠯᠡᠬᠦ᠎ᠳᠤ᠎ᠪᠠᠨ ᠳᠣᠤᠷᠠᠬᠢ ᠠᠭᠤᠯᠭ᠎ᠠ ᠵᠢ ᠭᠣᠤᠯᠳᠠᠯᠭ᠎ᠠ᠎ᠲᠠᠢ ᠰᠢᠩᠬᠡᠬᠡᠨ ᠲᠡᠮᠳᠡᠭᠯᠡᠬᠦ ᠬᠡᠷᠡᠭᠲᠡᠶ᠄
(ᠨᠢᠬᠡ) ᠠᠬᠤᠢ ᠲᠠᠯᠠᠪᠠᠢ ᠵᠢᠨ ᠬᠠᠤᠯᠢ ᠬᠡᠷᠡᠭᠵᠢᠬᠦᠯᠬᠦ ᠤᠷᠴᠢᠨ ᠨᠦᠭᠦᠴᠡᠯ ᠵᠢᠴᠢ ᠬᠠᠤᠯᠢ ᠬᠡᠷᠡᠭᠵᠢᠬᠦᠯᠬᠦ ᠠᠵᠢᠯᠳᠠᠨ ᠬᠡᠷᠡᠴᠢ ᠦᠨᠡᠮᠯᠡᠯ ᠵᠶ᠋ᠡᠨ ᠦᠵᠡᠬᠦᠯᠦᠭᠰᠡᠨ᠂ ᠡᠷᠬᠡ ᠠᠰᠢᠭ ᠪᠠ ᠡᠭᠦᠷᠬᠡ ᠬᠠᠷᠢᠭᠤᠴᠠᠯᠭ᠎ᠠ ᠵᠢ᠎ᠨᠢ ᠮᠡᠳᠡᠭᠳᠡᠭᠰᠡᠨ ᠪᠠᠢ᠌ᠳᠠᠯ;
(ᠬᠣᠶᠠᠷ) ᠲᠤᠬᠠᠶ ᠵᠢᠨ ᠬᠥᠮᠦᠨ᠂ ᠭᠡᠷᠡᠴᠢᠯᠡᠭᠴᠢ ᠵᠡᠷᠭᠡ ᠠᠬᠤᠢ ᠲᠠᠯᠠᠪᠠᠢ ᠵᠢᠨ ᠬᠣᠯᠪᠣᠭᠳᠠᠯ ᠪᠦᠬᠦᠢ ᠭᠦᠮᠦᠰ᠎ᠤᠨ ᠳᠦᠷᠢ ᠲᠥᠷᠬᠦ ᠵᠢᠨ ᠣᠨᠴᠠᠯᠢᠭ ᠰᠢᠨᠵᠢ ᠪᠠ ᠦᠭᠡ ᠶᠠᠷᠢᠶ᠎ᠠ ᠬᠥᠳᠡᠯᠦᠯ ᠪᠠᠷᠢᠯ;
(ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠠᠵᠢᠯᠳᠠᠨ ᠰᠤᠳᠤᠯᠤᠨ ᠪᠠᠢ᠌ᠴᠠᠭ᠋ᠠᠯᠳᠠ ᠬᠢᠭᠰᠡᠨ᠂ ᠪᠠᠢ᠌ᠴᠠᠭ᠋ᠠᠨᠨᠰᠠᠨ ᠪᠠ ᠬᠡᠷᠡᠴᠢ ᠠᠪᠤᠨᠨᠰᠠᠨ ᠪᠠᠢ᠌ᠳᠠᠯ;
(ᠲᠦᠷᠪᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ᠎ᠲᠠᠢ ᠬᠠᠮᠢᠶ᠎ᠠ ᠪᠦᠭᠦᠢ ᠴᠢᠬᠤᠯᠠ ᠡᠳ᠋ ᠪᠤᠳᠠᠰ ᠵᠢᠴᠢ ᠪᠤᠰᠤᠳ ᠬᠡᠷᠡᠴᠢ ᠪᠠᠷᠢᠮᠳᠠ;
(ᠲᠠᠪᠤ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠠᠵᠢᠯᠳᠠᠳ ᠬᠤᠯᠪᠤᠨᠨᠳᠠᠬᠤ ᠭᠦᠮᠦᠨ ᠬᠠᠷ᠎ᠠ᠂ ᠡᠳ᠋ ᠬᠤᠨᠨᠰᠢᠯᠳᠤ ᠠᠷᠭ᠎ᠠ ᠬᠡᠮᠵᠢᠶ᠎ᠡ ᠠᠪᠤᠨᠨᠰᠠᠨ ᠪᠠᠢ᠌ᠳᠠᠯ;
(ᠵᠢᠷᠭᠤᠭ᠎ᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠠᠵᠢᠯᠳᠠᠳ ᠠᠬᠤᠢ ᠲᠠᠯᠠᠪᠠᠢ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠪᠢᠴᠢᠭ ᠬᠠᠷ᠎ᠠ ᠵᠢ ᠵᠤᠬᠢᠶᠠᠬᠤ ᠪᠠ ᠭᠦᠷᠬᠡᠵᠦ ᠭᠠᠷᠳᠠᠭᠤᠯᠤᠨᠨᠰᠠᠨ ᠪᠠᠢ᠌ᠳᠠᠯ;
(ᠲᠤᠯᠤᠭ᠎ᠠ) ᠰᠢᠩᠬᠡᠬᠡᠨ ᠲᠡᠮᠳᠡᠭᠯᠡᠬᠦ ᠴᠢᠬᠤᠯᠠᠳᠠᠢ ᠪᠤᠰᠤᠳ ᠠᠭᠤᠯᠭ᠎ᠠ᠃
ᠲᠠᠭᠤ ᠲᠦᠷᠰᠦ ᠰᠢᠩᠬᠡᠬᠡᠯᠳᠡ᠎ᠪᠠᠷ ᠰᠢᠩᠬᠡᠬᠡᠨ ᠲᠡᠮᠳᠡᠭᠯᠡᠬᠦ᠎ᠳᠤ᠎ᠪᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠠᠵᠢᠯᠳᠠᠨ ᠪᠤᠯᠤᠨ ᠲᠤᠬᠠᠢ ᠵᠢᠨ ᠭᠦᠮᠦᠨ᠎ᠤ ᠬᠤᠶᠠᠷ ᠲᠠᠯ᠎ᠠ ᠵᠢᠨ᠎ᠬᠢ ᠪᠠᠢ᠌ᠳᠠᠯ᠎ᠢ ᠵᠡᠷᠬᠡ᠎ᠳᠤᠨᠢ ᠰᠢᠩᠬᠡᠬᠡᠨ ᠲᠡᠮᠳᠡᠭᠯᠡᠭᠰᠡᠨ ᠪᠠᠢ᠌ᠬᠤ ᠬᠡᠷᠡᠭᠳᠡᠢ᠃
ᠠᠷᠪᠠ ᠶᠢᠰᠦᠳᠦᠭᠡᠷ ᠵᠦᠢ᠍ᠯ ᠳᠠᠭᠤ ᠳᠦᠷᠰᠦ ᠰᠢᠩᠭᠡᠭᠡᠯᠲᠡ᠎ᠪᠠᠷ ᠰᠢᠩᠬᠡᠬᠡᠨ ᠲᠡᠮᠳᠡᠭᠯᠡᠬᠦ᠎ᠠᠴᠠ ᠡᠮᠦᠨ᠎ᠡ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠳᠠᠳ ᠲᠥᠬᠥᠭᠡᠷᠦᠮᠵᠢ᠎ᠪᠠᠨ ᠪᠠᠶ᠋ᠢᠴᠠᠭ᠋ᠠᠵᠤ᠂ ᠲᠤᠬᠠᠶ ᠵᠢᠨ ᠬᠥᠮᠦᠨ᠎ᠳᠤ ᠮᠡᠳᠡᠭᠳᠡᠬᠦ ᠵᠢᠨ ᠬᠠᠮᠳᠤ ᠴᠠᠭ᠂ ᠭᠠᠵᠠᠷ᠂ ᠬᠠᠤᠯᠢ ᠬᠡᠷᠡᠭᠵᠢᠭᠦᠯᠬᠦ ᠤᠴᠢᠷ ᠰᠢᠯᠲᠠᠭ᠋ᠠᠨ ᠵᠶ᠋ᠠᠨ ᠲᠤᠳᠤᠷᠬᠠᠢ᠌ᠯᠠᠬᠤ ᠬᠡᠷᠡᠭᠲᠡᠶ᠃ ᠳᠠᠭᠤ ᠳᠦᠷᠰᠦ ᠰᠢᠩᠭᠡᠭᠡᠯᠲᠡ᠎ᠪᠠᠷ ᠰᠢᠩᠬᠡᠬᠡᠨ ᠲᠡᠮᠳᠡᠭᠯᠡᠬᠦ᠎ᠳᠤ ᠠᠬᠤᠢ ᠲᠠᠯᠠᠪᠠᠢ᠎ᠳᠤ ᠡᠬᠢᠯᠡᠵᠦ ᠬᠠᠤᠯᠢ ᠬᠡᠷᠡᠭᠵᠢᠬᠦᠯᠦᠭᠰᠡᠨ᠎ᠠᠴᠠ ᠠᠬᠤᠢ ᠲᠠᠯᠠᠪᠠᠢ᠎ᠳᠤ ᠬᠠᠤᠯᠢ ᠬᠡᠷᠡᠭᠵᠢᠬᠦᠯᠵᠦ ᠳᠠᠭᠤᠰᠲᠠᠯ᠎ᠠ ᠲᠠᠰᠤᠯᠳᠠᠯ ᠦᠬᠡᠢ ᠶᠠᠪᠤᠭᠳᠠᠬᠤ ᠬᠡᠷᠡᠭᠳᠡᠢ᠃
ᠲᠥᠬᠥᠭᠡᠷᠦᠮᠵᠢ ᠵᠢᠨ ᠰᠠᠭ᠋ᠠᠳ ᠲᠤᠳᠬᠠᠷ᠂ ᠠᠭᠤᠷ ᠠᠮᠢᠰᠬᠤᠯ᠎ᠤᠨ ᠤᠷᠰᠢᠭ᠂ ᠵᠣᠷᠢᠭᠤᠳᠠ ᠬᠠᠷᠰᠢᠯᠠᠭᠰᠠᠨ ᠵᠡᠷᠭᠡ ᠪᠤᠰᠤᠳᠴᠢ ᠰᠢᠯᠲᠠᠭ᠎ᠠ᠎ᠠᠴᠠ ᠪᠤᠯᠵᠤ ᠳᠠᠭᠤ ᠳᠦᠷᠰᠦ ᠰᠢᠩᠭᠡᠭᠡᠯᠲᠡ᠎ᠪᠠᠷ ᠰᠢᠩᠬᠡᠬᠡᠨ ᠲᠡᠮᠳᠡᠭᠯᠡᠬᠦ ᠵᠢ ᠲᠠᠰᠤᠯᠳᠠᠭᠤᠯᠤᠭᠰᠠᠨ ᠪᠠᠶ᠋ᠢᠪᠠᠯ᠂ ᠲᠠᠬᠢᠵᠦ ᠰᠢᠩᠬᠡᠬᠡᠨ ᠲᠡᠮᠳᠡᠭᠯᠡᠬᠦ᠎ᠳᠤ᠎ᠪᠠᠨ ᠲᠠᠰᠤᠯᠳᠠᠭᠰᠠᠨ ᠰᠢᠯᠲᠠᠭ᠋ᠠᠨ᠎ᠤ ᠲᠤᠬᠠᠶ ᠠᠪᠢᠶ᠎ᠠ᠎ᠪᠠᠷ ᠲᠤᠳᠤᠷᠬᠠᠢ᠌ᠯᠠᠬᠤ ᠬᠡᠷᠡᠭᠲᠡᠶ; ᠦᠨᠡᠬᠡᠷ ᠦᠷᠭᠦᠯᠵᠢᠯᠡᠨ ᠰᠢᠩᠬᠡᠬᠡᠨ ᠲᠡᠮᠳᠡᠭᠯᠡᠬᠦ ᠵᠢᠨ ᠠᠷᠭ᠎ᠠ ᠦᠭᠡᠢ ᠪᠤᠯᠤᠨᠨᠰᠠᠨ ᠪᠠᠢ᠌ᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠳᠤ ᠮᠡᠳᠡᠭᠦᠯᠬᠦ ᠵᠢᠨ ᠬᠠᠮᠲᠤ᠂ ᠠᠬᠤᠢ ᠲᠠᠯᠠᠪᠠᠢ᠎ᠳᠤ ᠬᠠᠤᠯᠢ ᠬᠡᠷᠡᠭᠵᠢᠬᠦᠯᠵᠦ ᠳᠠᠭᠤᠰᠤᠭᠰᠠᠨ᠎ᠤ ᠳᠠᠷᠠᠭ᠎ᠠ ᠪᠠᠶ᠋ᠢᠳᠠᠯ ᠵᠶ᠋ᠠᠨ ᠪᠢᠴᠢᠭ ᠵᠶ᠋ᠠᠷ ᠲᠣᠳᠣᠷᠬᠠᠶ᠋ᠢᠯᠠᠬᠤ ᠬᠡᠷᠡᠭᠲᠡᠶ᠃
ᠬᠣᠷᠢᠳᠤᠭ᠋ᠠᠷ ᠵᠦᠢ᠍ᠯ ᠲᠠᠭᠤ ᠳᠦᠷᠰᠦ ᠰᠢᠩᠭᠡᠭᠡᠯᠲᠡ᠎ᠪᠠᠷ ᠰᠢᠩᠬᠡᠬᠡᠨ ᠲᠡᠮᠳᠡᠭᠯᠡᠭᠰᠡᠨ᠎ᠤ ᠳᠠᠷᠠᠭ᠎ᠠ᠂ ᠬᠠᠤᠯᠢ ᠬᠡᠷᠡᠭᠵᠢᠬᠦᠯᠬᠦ ᠠᠵᠢᠯᠳᠠᠳ ᠲᠠᠭᠤ ᠳᠦᠷᠰᠦ ᠰᠢᠩᠭᠡᠭᠡᠯᠲᠡ᠎ᠪᠠᠷ ᠰᠢᠩᠬᠡᠬᠡᠨ ᠲᠡᠮᠳᠡᠭᠯᠡᠭᠰᠡᠨ ᠮᠡᠳᠡᠭᠡ ᠵᠠᠩᠭᠢ᠎ᠪᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠵᠦ ᠬᠡᠷᠡᠭ ᠰᠢ᠌ᠳᠪᠦᠷᠢᠯᠡᠬᠦ ᠰᠢᠰᠲ᠋ᠧᠮ᠎ᠳᠤ ᠬᠣᠷᠢᠨ ᠳᠥᠷᠪᠡᠨ ᠴᠠᠭ᠎ᠤᠨ ᠳᠣᠲᠣᠷ᠎ᠠ ᠳᠠᠮᠵᠢᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠵᠦ ᠬᠡᠷᠡᠭ ᠰᠢ᠌ᠳᠪᠦᠷᠢᠯᠡᠬᠦ ᠰᠢᠰᠲ᠋ᠧᠮ᠎ᠨᠢ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠯᠳᠡ ᠵᠢᠨ ᠶᠡᠷᠦᠩᠬᠡᠢ᠌ᠯᠡᠭᠰᠡᠨ ᠬᠠᠮᠢᠶᠠᠷᠤᠯᠳᠠ ᠵᠢᠨ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲ᠋ᠧᠮ᠎ᠯᠦᠭᠡ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠳᠡᠷᠡᠯᠴᠡᠬᠦ ᠬᠡᠷᠡᠭᠲᠡᠶ᠃
ᠦᠷᠭᠦᠯᠵᠢᠯᠡᠨ ᠬᠠᠤᠯᠢ ᠬᠡᠷᠡᠭᠵᠢᠭᠦᠯᠬᠦ᠂ ᠣᠨᠳᠣᠤ ᠭᠠᠵᠠᠷ᠎ᠲᠤ ᠬᠠᠤᠯᠢ ᠬᠡᠷᠡᠭᠵᠢᠭᠦᠯᠬᠦ ᠪᠤᠶᠤ ᠠᠯᠤᠰ ᠬᠡᠳᠦ ᠵᠢᠨ ᠬᠢᠯᠢ ᠬᠢᠵᠠᠭ᠋ᠠᠷ ᠤᠷᠤᠨ᠂ ᠤᠰᠤᠨ ᠳᠡᠭᠡᠷ᠎ᠡ᠂ ᠵᠠᠮ ᠬᠠᠷᠢᠯᠴᠠᠭ᠎ᠠ ᠳᠥᠭᠥᠮ ᠲᠦᠳᠡ ᠦᠭᠡᠢ ᠭᠠᠵᠠᠷ ᠣᠷᠣᠨ᠎ᠳᠤ ᠬᠠᠤᠯᠢ ᠬᠡᠷᠡᠭᠵᠢᠭᠦᠯᠦᠭᠰᠡᠨ᠎ᠠᠴᠠ ᠪᠣᠯᠵᠤ᠂ ᠲᠣᠭᠲᠠᠭᠰᠠᠨ ᠴᠠᠭ ᠬᠢᠵᠠᠭ᠋ᠠᠷ᠎ᠤᠨ ᠳᠣᠲᠣᠷ᠎ᠠ ᠳᠠᠭᠤ ᠳᠦᠷᠰᠦ ᠰᠢᠩᠭᠡᠭᠡᠯᠲᠡ᠎ᠪᠠᠷ ᠰᠢᠩᠬᠡᠬᠡᠨ ᠲᠡᠮᠳᠡᠭᠯᠡᠭᠰᠡᠨ ᠮᠡᠳᠡᠬᠡ ᠵᠠᠩᠭᠢ᠎ᠪᠠᠨ ᠳᠠᠮᠵᠢᠭᠤᠯᠬᠤ ᠵᠢᠨ ᠠᠷᠭ᠎ᠠ ᠦᠭᠡᠢ ᠪᠤᠯᠤᠨᠨᠰᠠᠨ ᠪᠠᠢ᠌ᠪᠠᠯ᠂ ᠨᠥᠬᠥᠴᠡᠯ ᠪᠦᠷᠢᠳᠦᠭᠰᠡᠨᠤ ᠳᠠᠷᠠᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠳᠠᠳ ᠲᠠᠷᠤᠢ᠌ᠬᠠᠨ ᠲᠡᠮᠵᠢᠭᠤᠯᠬᠤ ᠬᠡᠷᠡᠭᠲᠡᠶ᠃
ᠬᠣᠷᠢᠨ ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠠᠵᠢᠯ᠎ᠤᠨ ᠬᠡᠷᠡᠭᠴᠡᠬᠡ᠎ᠪᠠᠨ ᠦᠨᠳᠦᠰᠦᠯᠡᠨ ᠳᠠᠭᠤ ᠳᠦᠷᠰᠦ ᠰᠢᠩᠭᠡᠭᠡᠯᠲᠡ᠎ᠪᠠᠷ ᠰᠢᠩᠬᠡᠬᠡᠨ ᠲᠡᠮᠳᠡᠭᠯᠡᠬᠦ ᠲᠥᠬᠥᠭᠡᠷᠦᠮᠵᠢ ᠲᠣᠬᠢᠷᠠᠭᠤᠯᠵᠤ᠂ ᠠᠰᠠᠭᠤᠨ ᠯᠠᠪᠯᠠᠬᠤ ᠭᠡᠷ ᠪᠠ ᠭᠡᠷᠡᠴᠢᠯᠡᠭᠡ ᠰᠣᠨᠣᠰᠬᠤ ᠭᠡᠷ ᠵᠡᠷᠭᠡ ᠳᠠᠭᠤ ᠳᠦᠷᠰᠦ ᠰᠢᠩᠭᠡᠭᠡᠯᠲᠡ᠎ᠪᠠᠷ ᠰᠢᠩᠬᠡᠬᠡᠨ ᠲᠡᠮᠳᠡᠭᠯᠡᠬᠦ ᠲᠠᠯᠠᠪᠤᠷ ᠭᠠᠵᠠᠷ᠎ᠢ ᠪᠠᠶ᠋ᠢᠭᠤᠯᠬᠤ ᠬᠡᠷᠡᠭᠲᠡᠶ᠃
ᠬᠣᠷᠢᠨ ᠬᠣᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠭᠰᠡᠨ ᠪᠦᠬᠦ ᠶᠠᠪᠤᠴᠠ ᠵᠢᠨ ᠦᠰᠦᠭ ᠪᠢᠴᠢᠭ᠎ᠤᠨ ᠲᠡᠮᠳᠡᠭᠯᠡᠯ ᠪᠠ ᠳᠠᠭᠤ ᠳᠦᠷᠰᠦ ᠰᠢᠩᠭᠡᠭᠡᠯᠲᠡ᠎ᠪᠠᠷ ᠰᠢᠩᠬᠡᠬᠡᠨ ᠲᠡᠮᠳᠡᠭᠯᠡᠭᠰᠡᠨ ᠮᠠᠲ᠋ᠧᠷᠢᠶᠠᠯ ᠵᠶ᠋ᠡᠨ ᠬᠠᠤᠯᠢ ᠶᠣᠰᠣᠭ᠋ᠠᠷ ᠬᠠᠳᠠᠭ᠋ᠠᠯᠠᠬᠤ ᠬᠡᠷᠡᠭᠲᠡᠶ᠃
ᠬᠣᠷᠢᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠬᠣᠯᠪᠣᠭᠳᠠᠯ ᠪᠦᠬᠦᠢ ᠠᠵᠢᠯᠲᠠᠨ᠎ᠨᠢ ᠬᠠᠤᠯᠢ ᠬᠡᠷᠡᠭᠵᠢᠬᠦᠯᠦᠭᠰᠡᠨ ᠶᠠᠪᠤᠴᠠ ᠵᠢᠨ ᠠᠩᠬᠠᠨ᠎ᠤ ᠲᠡᠮᠳᠡᠭᠯᠡᠯ᠎ᠢ ᠬᠠᠭᠤᠷᠮᠠᠨᠨᠯᠠᠨ ᠵᠤᠬᠢᠶᠠᠬᠤ᠂ ᠵᠠᠰᠠᠪᠤᠷᠢ ᠤᠷᠤᠭᠤᠯᠬᠤ᠂ ᠨᠠᠢ᠌ᠷᠠᠭᠤᠯᠬᠤ᠂ ᠡᠰᠬᠡᠬᠦ ᠪᠠ ᠬᠠᠰᠤᠵᠤ ᠬᠠᠶᠠᠵᠦ ᠪᠣᠯᠬᠤ ᠦᠭᠡᠶ᠂ ᠬᠠᠤᠯᠢ᠎ᠪᠠᠷ ᠲᠣᠭᠲᠠᠭ᠋ᠠᠭᠰᠠᠨ ᠬᠠᠳᠠᠭ᠋ᠠᠯᠠᠬᠤ ᠬᠤᠭᠤᠴᠠᠭ᠎ᠠ ᠬᠢᠵᠠᠭ᠋ᠠᠷ᠎ᠤᠨ ᠳᠣᠲᠣᠷ᠎ᠠ ᠦᠰᠦᠭ ᠪᠢᠴᠢᠭ᠎ᠤᠨ ᠲᠡᠮᠳᠡᠭᠯᠡᠯ ᠪᠠ ᠳᠠᠭᠤ ᠳᠦᠷᠰᠦ ᠰᠢᠩᠭᠡᠭᠡᠯᠲᠡ ᠵᠢᠨ ᠲᠡᠮᠳᠡᠭᠯᠡᠯ᠎ᠤᠨ ᠮᠠᠲ᠋ᠧᠷᠢᠶᠠᠯ᠎ᠢ ᠤᠰᠠᠳᠬᠠᠵᠤ ᠪᠣᠯᠬᠤ ᠦᠭᠡᠶ᠃
ᠬᠣᠷᠢᠨ ᠳᠥᠷᠪᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠰᠦᠭ ᠪᠢᠴᠢᠭ᠎ᠤᠨ ᠲᠡᠮᠳᠡᠭᠯᠡᠯ ᠪᠠ ᠳᠠᠭᠤ ᠳᠦᠷᠰᠦ ᠰᠢᠩᠭᠡᠭᠡᠯᠲᠡ ᠵᠢᠨ ᠲᠡᠮᠳᠡᠭᠯᠡᠯ᠎ᠤᠨ ᠮᠠᠲ᠋ᠧᠷᠢᠶᠠᠯ᠎ᠨᠢ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠤᠶᠤ ᠬᠤᠪᠢ ᠬᠥᠮᠦᠨ᠎ᠤ ᠨᠢᠭᠤᠴᠠ᠎ᠳᠤ ᠬᠤᠯᠪᠤᠨᠨᠳᠠᠨᠨᠰᠠᠨ ᠪᠠᠢ᠌ᠪᠠᠯ᠂ ᠨᠢᠭᠤᠴᠠ ᠵᠢ ᠬᠠᠮᠠᠭ᠋ᠠᠯᠠᠬᠤ ᠠᠵᠢᠯ᠎ᠤᠨ ᠬᠤᠯᠪᠤᠨᠨᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶᠠᠷᠬᠤ ᠬᠡᠷᠡᠭᠲᠡᠶ᠃
ᠬᠢᠨᠠᠨ ᠪᠠᠶ᠋ᠢᠴᠠᠭ᠋ᠠᠬᠤ᠂ ᠰᠢᠭᠦᠨ ᠲᠠᠰᠤᠯᠬᠤ᠂ ᠪᠠᠶ᠋ᠢᠴᠠᠭ᠋ᠠᠬᠤ᠂ ᠳᠣᠲᠣᠭ᠋ᠠᠳᠤ ᠵᠢ ᠬᠠᠮᠠᠭ᠋ᠠᠯᠠᠬᠤ᠂ ᠬᠢᠨᠠᠨ ᠪᠤᠳᠤᠬᠤ ᠵᠡᠷᠬᠡ ᠲᠦᠷᠦ ᠵᠢᠨ ᠪᠠᠶ᠋ᠢᠭᠤᠯᠭ᠎ᠠ᠎ᠨᠢ ᠬᠡᠷᠡᠭ ᠰᠢ᠌ᠳᠪᠦᠷᠢᠯᠡᠬᠦ ᠬᠡᠷᠡᠭᠴᠡᠭᠡ᠎ᠠᠴᠠ ᠪᠤᠯᠵᠤ᠂ ᠬᠠᠮᠢᠶ᠎ᠠ ᠪᠦᠬᠦᠢ ᠬᠡᠷᠡᠭ᠎ᠤᠨ ᠬᠠᠤᠯᠢ ᠬᠡᠷᠡᠭᠵᠢᠭᠦᠯᠦᠭᠰᠡᠨ ᠶᠠᠪᠤᠴᠠ ᠵᠢᠨ ᠲᠡᠮᠳᠡᠭᠯᠡᠯ᠎ᠢ ᠬᠠᠤᠯᠢ ᠶᠣᠰᠣᠭ᠋ᠠᠷ ᠠᠪᠴᠤ ᠦᠵᠡᠬᠦ ᠪᠠ ᠬᠠᠭᠤᠯᠠᠪᠤᠷᠢᠯᠠᠬᠤ᠎ᠳᠤ ᠭᠦᠷᠪᠡᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠪᠰᠤᠷᠤᠨ ᠬᠠᠩᠭ᠋ᠠᠬᠤ ᠬᠡᠷᠡᠭᠲᠡᠶ᠃
ᠲᠤᠬᠠᠶ ᠵᠢᠨ ᠬᠥᠮᠦᠨ᠂ ᠠᠰᠢᠭ ᠬᠣᠤᠷ᠎ᠤᠨ ᠬᠠᠷᠢᠴᠠᠭ᠎ᠠ᠎ᠲᠠᠢ ᠭᠦᠮᠦᠰ᠎ᠨᠢ ᠲᠡᠭᠦᠨ᠎ᠯᠦᠭᠡ ᠬᠣᠯᠪᠣᠭᠳᠠᠬᠤ ᠬᠠᠤᠯᠢ ᠬᠡᠷᠡᠭᠵᠢᠬᠦᠯᠦᠭᠰᠡᠨ ᠶᠠᠪᠤᠴᠠ ᠵᠢᠨ ᠲᠡᠮᠳᠡᠭᠯᠡᠯ᠎ᠢ ᠪᠠᠶ᠋ᠢᠴᠠᠭ᠋ᠠᠨ ᠦᠵᠡᠬᠦ᠂ ᠬᠠᠭᠤᠯᠠᠪᠤᠷᠢᠯᠠᠬᠤ᠎ᠪᠠᠷ ᠱᠠᠭ᠋ᠠᠷᠳᠠᠭᠰᠠᠨ ᠪᠠᠶ᠋ᠢᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠪᠰᠤᠷᠤᠨ ᠬᠠᠩᠭ᠋ᠠᠬᠤ ᠬᠡᠷᠡᠭᠲᠡᠶ᠃
ᠲᠦᠷᠪᠡᠳᠦᠬᠡᠷ ᠪᠦᠯᠦᠭ ᠬᠠᠤᠯᠢ ᠬᠡᠷᠡᠭᠵᠢᠬᠦᠯᠬᠦ ᠴᠢᠬᠤᠯᠠ ᠶᠡᠬᠡ ᠲᠤᠨᠨᠳᠠᠭ᠋ᠠᠯ᠎ᠤᠨ ᠬᠠᠤᠯᠢ ᠲᠦᠷᠢᠮ᠎ᠤᠨ ᠬᠢᠨᠠᠨ ᠬᠠᠷᠭᠤᠭᠤᠯᠤᠯᠳᠠ
ᠬᠣᠷᠢᠨ ᠲᠠᠪᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠬᠠᠤᠯᠢ ᠬᠡᠷᠡᠭᠵᠢᠭᠦᠯᠬᠦ ᠴᠢᠬᠤᠯᠠ ᠶᠡᠬᠡ ᠲᠣᠭᠲᠠᠭ᠋ᠠᠯ ᠭᠠᠷᠭ᠋ᠠᠬᠤ᠎ᠠᠴᠠ᠎ᠪᠠᠨ ᠡᠮᠦᠨ᠎ᠡ᠂ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠳᠠ ᠬᠢᠬᠦ ᠬᠡᠷᠡᠭᠲᠡᠶ᠃ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭ᠋ᠠᠳ ᠪᠠᠳᠤᠯᠠᠨᠨᠳᠠᠨᠨᠰᠠᠨ ᠦᠭᠡᠢ ᠪᠠᠢ᠌ᠪᠠᠯ ᠬᠠᠤᠯᠢ ᠬᠡᠷᠡᠭᠵᠢᠭᠦᠯᠬᠦ ᠴᠢᠬᠤᠯᠠ ᠶᠡᠬᠡ ᠲᠣᠭᠲᠠᠭ᠋ᠠᠯ ᠭᠠᠷᠭ᠋ᠠᠵᠤ ᠪᠣᠯᠬᠤ ᠦᠭᠡᠢ᠃
ᠬᠤᠷᠢᠨ ᠵᠢᠷᠭᠤᠳᠤᠭ᠋ᠠᠷ ᠵᠦᠢ᠍ᠯ ᠲᠤᠤᠷᠠᠬᠢ ᠪᠠᠢ᠌ᠳᠠᠯ᠎ᠠᠴᠠ ᠨᠢᠬᠡ᠎ᠨᠢ ᠪᠠᠢ᠌ᠬᠤ ᠬᠠᠤᠯᠢ ᠬᠡᠷᠡᠭᠵᠢᠬᠦᠯᠬᠦ ᠲᠤᠨᠨᠳᠠᠭ᠋ᠠᠯ᠎ᠢ ᠬᠠᠤᠯᠢ ᠲᠦᠷᠢᠮ ᠵᠶ᠋ᠠᠷ ᠬᠢᠨᠠᠨ ᠬᠠᠷᠭᠤᠭᠤᠯᠤᠯᠳᠠ ᠬᠢᠬᠦ ᠬᠡᠷᠡᠭᠳᠡᠢ᠄
(ᠨᠢᠭᠡ) ᠤᠯᠠᠨ ᠨᠡᠶ᠋ᠢᠲᠡ ᠵᠢᠨ ᠴᠢᠬᠤᠯᠠ ᠶᠡᠬᠡ ᠠᠰᠢᠭ ᠲᠤᠰᠠ᠎ᠳᠤ ᠬᠣᠯᠪᠣᠭᠳᠠᠭᠰᠠᠨ;
(ᠬᠣᠶᠠᠷ) ᠬᠦᠨᠳᠦ ᠶᠡᠬᠡ ᠨᠡᠶ᠋ᠢᠭᠡᠮ᠎ᠤᠨ ᠨᠥᠯᠥᠭᠡ ᠭᠠᠷᠭ᠋ᠠᠵᠤ ᠮᠡᠳᠡᠬᠦ ᠪᠤᠶᠤ ᠨᠡᠶ᠋ᠢᠭᠡᠮ᠎ᠤᠨ ᠲᠦᠭᠰᠢᠭᠦᠷᠢ ᠡᠭᠦᠰᠬᠡᠭᠰᠡᠨ;
(ᠭᠤᠷᠪᠠ) ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ ᠪᠤᠶᠤ ᠭᠤᠷᠪᠠᠳᠠᠬᠢ ᠬᠥᠮᠦᠨ᠎ᠤ ᠴᠢᠬᠤᠯᠠ ᠶᠡᠬᠡ ᠡᠷᠬᠡ ᠠᠰᠢᠭ᠎ᠲᠤ ᠰᠢᠭᠤᠳ ᠬᠣᠯᠪᠣᠭᠳᠠᠭᠰᠠᠨ;
(ᠲᠦᠷᠪᠡ) ᠭᠡᠷᠡᠴᠢᠯᠡᠭᠡ ᠰᠣᠨᠣᠰᠬᠤ ᠲᠡᠰ ᠲᠠᠷᠠᠭ᠋ᠠᠯᠠᠯ ᠵᠶ᠋ᠡᠷ ᠲᠠᠮᠵᠢᠭ᠋ᠠᠳ ᠭᠠᠷᠭ᠋ᠠᠭᠰᠠᠨ;
(ᠲᠠᠪᠤ) ᠬᠡᠷᠡᠭ᠎ᠤᠨ ᠪᠠᠶ᠋ᠢᠳᠠᠯ᠎ᠨᠢ ᠭᠦᠴᠢᠷ ᠲᠦᠪᠡᠭᠳᠡᠢ ᠪᠦᠬᠡᠳ ᠪᠤᠳᠤᠯᠢᠶᠠᠨᠲᠠᠶ ᠪᠠᠶ᠋ᠢᠵᠤ᠂ ᠬᠠᠤᠯᠢ ᠴᠠᠭ᠋ᠠᠵᠠ ᠵᠢᠨ ᠤᠯᠠᠨ ᠬᠠᠷᠢᠴᠠᠭ᠎ᠠ᠎ᠳᠤ ᠬᠣᠯᠪᠣᠭᠳᠠᠭᠰᠠᠨ;
(ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮᠲᠤ ᠲᠣᠭᠲᠠᠭ᠋ᠠᠭᠰᠠᠨ ᠬᠠᠤᠯᠢ ᠲᠦᠷᠢᠮ᠎ᠤᠨ ᠬᠢᠨᠠᠨ ᠬᠠᠷᠭᠤᠭᠤᠯᠤᠯᠲᠠ ᠬᠢᠬᠦ ᠬᠡᠷᠡᠭᠳᠡᠢ ᠬᠠᠤᠯᠢ ᠬᠡᠷᠡᠭᠵᠢᠭᠦᠯᠬᠦ ᠪᠤᠰᠤᠳ ᠲᠣᠭᠲᠠᠭ᠋ᠠᠯ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠥᠷᠥᠯ ᠢᠯᠭ᠋ᠠᠯ᠂ ᠬᠠᠤᠯᠢ ᠬᠡᠷᠡᠭᠵᠢᠭᠦᠯᠬᠦ ᠱᠠᠲᠤ ᠲᠡᠰ᠂ ᠬᠠᠷᠢᠶᠠᠯᠠᠨᠨᠳᠠᠬᠤ ᠬᠦᠷᠢᠶ᠎ᠡ ᠴᠠᠷᠠᠭ᠎ᠠ᠂ ᠬᠡᠷᠡᠭ᠎ᠲᠤ ᠬᠤᠯᠪᠤᠨᠨᠳᠠᠨᠨᠰᠠᠨ ᠵᠣᠭᠣᠰ᠎ᠤᠨ ᠲᠣᠭ᠎ᠠ ᠵᠡᠷᠭᠡ ᠬᠦᠴᠦᠨ ᠵᠦᠢ᠍ᠯ᠎ᠢ ᠦᠨᠳᠦᠰᠦᠯᠡᠵᠦ᠂ ᠲᠣᠰ ᠰᠢᠰᠲ᠋ᠧᠮ᠎ᠤᠨ ᠵᠶ᠋ᠠᠨ ᠬᠠᠤᠯᠢ ᠬᠡᠷᠡᠭᠵᠢᠭᠦᠯᠬᠦ ᠴᠢᠬᠤᠯᠠ ᠶᠡᠬᠡ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠳᠠ ᠵᠢᠨ ᠵᠦᠢ᠍ᠯᠡᠰ ᠪᠠ ᠪᠠᠷᠢᠮᠵᠢᠶ᠎ᠠ ᠵᠢ ᠲᠣᠭᠲᠠᠭ᠋ᠠᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠶ᠃
ᠬᠣᠷᠢᠨ ᠳᠣᠯᠣᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠬᠠᠤᠯᠢ ᠬᠡᠷᠡᠭᠵᠢᠬᠦᠯᠬᠦ ᠬᠡᠷᠡᠭ ᠭᠦᠢ᠍ᠴᠡᠳᠬᠡᠬᠦ ᠵᠢ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠳᠠᠯᠤᠭᠠ ᠰᠠᠯᠭ᠋ᠠᠬᠤ ᠵᠠᠷᠴᠢᠮ ᠶᠣᠰᠣᠭ᠋ᠠᠷ ᠬᠠᠤᠯᠢ ᠬᠡᠷᠡᠭᠵᠢᠭᠦᠯᠬᠦ ᠴᠢᠬᠤᠯᠠ ᠶᠡᠬᠡ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠳᠠ ᠵᠢᠨ ᠪᠠᠶ᠋ᠢᠭᠤᠯᠤᠮᠵᠢ᠎ᠪᠠᠨ ᠲᠣᠳᠣᠷᠬᠠᠶ᠋ᠢᠯᠠᠬᠤ ᠬᠡᠷᠡᠭᠲᠡᠶ᠃
ᠬᠣᠷᠢᠨ ᠨᠠᠢ᠍ᠮᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠤᠯᠤᠰ᠎ᠤᠨ ᠬᠤᠯᠪᠤᠨᠨᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠠᠵᠢᠯ᠎ᠤᠨ ᠬᠡᠷᠡᠭᠴᠡᠭᠡ᠎ᠳᠤ ᠲᠣᠬᠢᠷᠠᠭᠰᠠᠨ ᠬᠠᠤᠯᠢ ᠳᠦᠷᠢᠮ᠎ᠤᠨ ᠬᠢᠨᠠᠨ ᠬᠠᠷᠭᠤᠭᠤᠯᠤᠨᠨᠴᠢ ᠵᠢ ᠲᠣᠬᠢᠷᠠᠭᠤᠯᠬᠤ ᠬᠡᠷᠡᠭᠲᠡᠶ᠃ ᠬᠠᠤᠯᠢ ᠲᠦᠷᠢᠮ᠎ᠤᠨ ᠬᠢᠨᠠᠨ ᠬᠠᠷᠭᠤᠭᠤᠯᠬᠤ ᠠᠵᠢᠯ᠎ᠢ ᠠᠩᠬ᠎ᠠ ᠭᠠᠷᠳᠠᠵᠦ ᠬᠢᠬᠦ ᠠᠵᠢᠯᠳᠠᠳ ᠤᠯᠤᠰ᠎ᠤᠨ ᠨᠢᠬᠡᠳᠦᠯᠳᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠢ ᠣᠯᠤᠭᠰᠠᠨ ᠪᠠᠶ᠋ᠢᠬᠤ ᠬᠡᠷᠡᠭᠲᠡᠶ᠃
ᠬᠣᠷᠢ ᠶᠢᠰᠦᠳᠦᠭᠡᠷ ᠵᠦᠢ᠍ᠯ ᠬᠠᠤᠯᠢ ᠬᠡᠷᠡᠭᠵᠢᠭᠦᠯᠬᠦ ᠵᠢ ᠳᠠᠭ᠋ᠠᠭ᠋ᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠬᠠᠤᠯᠢ ᠲᠦᠷᠢᠮ᠎ᠤᠨ ᠬᠢᠨᠠᠨ ᠬᠠᠷᠭᠤᠭᠤᠯᠬᠤ ᠪᠠᠶ᠋ᠢᠭᠤᠯᠤᠮᠵᠢ᠎ᠳᠤ ᠬᠢᠨᠠᠨ ᠬᠠᠷᠭᠤᠭᠤᠯᠬᠤ᠎ᠪᠠᠨ ᠲᠤᠷᠠᠳᠤᠨ ᠲᠡᠪᠰᠢᠬᠦᠯᠬᠦ᠎ᠳᠤ᠂ ᠳᠣᠤᠷᠠᠬᠢ ᠮᠠᠲᠸᠷᠢᠶᠠᠯ᠎ᠢ ᠲᠤᠰᠢᠶᠠᠨ ᠲᠡᠪᠰᠢᠬᠦᠯᠬᠦ ᠬᠡᠷᠡᠭᠲᠡᠶ᠄
(ᠨᠢᠭᠡ) ᠪᠠᠢ᠌ᠴᠠᠭ᠋ᠠᠯᠳᠠ ᠳᠠᠭᠤᠰᠬᠠᠭᠰᠠᠨ ᠮᠡᠳᠡᠭᠦᠯᠦᠯᠲᠡ ᠪᠤᠶᠤ ᠬᠣᠯᠪᠣᠭᠳᠠᠯ ᠪᠦᠬᠦᠢ ᠬᠢᠨᠠᠨ ᠪᠠᠶ᠋ᠢᠴᠠᠭ᠋ᠠᠭᠰᠠᠨ ᠪᠠᠢ᠌ᠳᠠᠯ᠎ᠤᠨ ᠲᠤᠬᠠᠶ ᠮᠡᠳᠡᠭᠦᠯᠦᠯᠲᠡ;
(ᠬᠣᠶᠠᠷ) ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠣᠷᠣᠯᠠᠨ ᠲᠤᠭᠤᠷᠪᠢᠭᠰᠠᠨ ᠨᠤᠤᠷᠠᠭ;
(ᠭᠤᠷᠪᠠ) ᠬᠠᠤᠯᠢ ᠬᠡᠷᠡᠭᠵᠢᠭᠦᠯᠬᠦ ᠲᠣᠭᠲᠠᠭ᠋ᠠᠯ ᠭᠠᠷᠭ᠋ᠠᠨᠨᠰᠠᠨ ᠬᠠᠮᠢᠶ᠎ᠠ ᠪᠦᠬᠦᠢ ᠦᠨᠳᠦᠰᠦᠯᠡᠯ;
(ᠲᠦᠷᠪᠡ) ᠬᠠᠤᠯᠢ ᠬᠡᠷᠡᠭᠵᠢᠭᠦᠯᠬᠦ ᠲᠣᠭᠲᠠᠭ᠋ᠠᠯ ᠭᠠᠷᠭ᠋ᠠᠭᠰᠠᠨ ᠭᠡᠷᠡᠴᠢ ᠪᠠᠷᠢᠮᠲᠠ ᠵᠢᠨ ᠮᠠᠲ᠋ᠧᠷᠢᠶᠠᠯ;
(ᠲᠠᠪᠤ) ᠭᠡᠷᠡᠴᠢᠯᠡᠭᠡ ᠰᠤᠨᠤᠰᠬᠤ᠂ ᠦᠨᠡᠯᠡᠨ ᠵᠢᠱ᠌ᠢᠬᠦ᠎ᠪᠠᠷ ᠲᠡᠮᠵᠢᠨᠨᠰᠠᠨ ᠪᠤᠯ᠂ ᠭᠡᠷᠡᠴᠢᠯᠡᠭᠡ ᠰᠣᠨᠣᠰᠤᠭᠰᠠᠨ ᠲᠡᠮᠳᠡᠭᠯᠡᠯ᠂ ᠦᠨᠡᠯᠡᠨ ᠵᠢᠱ᠌ᠢᠭᠰᠡᠨ ᠮᠡᠳᠡᠭᠦᠯᠦᠯᠲᠡ᠎ᠪᠠᠨ ᠲᠤᠰᠢᠶᠠᠨ ᠲᠡᠪᠰᠢᠬᠦᠯᠦᠨ᠎ᠠ;
(ᠵᠢᠷᠭᠤᠭ᠎ᠠ) ᠲᠤᠰᠢᠶᠠᠨ ᠲᠡᠪᠰᠢᠬᠦᠯᠬᠦ ᠬᠡᠷᠡᠭᠳᠡᠢ ᠪᠤᠰᠤᠳ ᠮᠠᠲ᠋ᠧᠷᠢᠶᠠᠯ᠃
ᠲᠤᠰᠢᠶᠠᠨ ᠲᠡᠪᠰᠢᠬᠦᠯᠦᠭᠰᠡᠨ ᠮᠠᠲ᠋ᠧᠷᠢᠶᠠᠯ᠎ᠨᠢ ᠪᠦᠷᠢᠨ ᠭᠦᠢ᠍ᠴᠡᠳ ᠪᠤᠰᠤ ᠭᠡᠵᠦ ᠬᠠᠤᠯᠢ ᠲᠦᠷᠢᠮ᠎ᠤᠨ ᠬᠢᠨᠠᠨ ᠬᠠᠷᠭᠤᠭᠤᠯᠬᠤ ᠪᠠᠶ᠋ᠢᠭᠤᠯᠤᠮᠵᠢ ᠦᠵᠡᠪᠡᠯ᠂ ᠬᠠᠤᠯᠢ ᠬᠡᠷᠡᠭᠵᠢᠬᠦᠯᠬᠦ ᠵᠢ ᠳᠠᠭ᠋ᠠᠭ᠋ᠠᠨ ᠭᠦᠢ᠍ᠴᠡᠳᠬᠡᠬᠦ ᠪᠠᠶ᠋ᠢᠭᠤᠯᠤᠮᠵᠢ ᠵᠢ ᠵᠢᠭ᠋ᠠᠨ ᠲᠤᠨᠨᠳᠠᠭ᠋ᠠᠨᠨᠰᠠᠨ ᠴᠠᠭ᠎ᠤᠨ ᠳᠣᠲᠣᠷ᠎ᠠ ᠮᠠᠲ᠋ᠧᠷᠢᠶᠠᠯ ᠵᠶ᠋ᠡᠨ ᠨᠦᠭᠦᠪᠦᠷᠢᠯᠡᠬᠦᠯᠬᠦᠪᠠᠷ ᠱᠠᠭ᠋ᠠᠷᠳᠠᠬᠤ ᠪᠤᠶᠤ ᠬᠠᠤᠯᠢ ᠬᠡᠷᠡᠭᠵᠢᠬᠦᠯᠬᠦ ᠵᠢ ᠳᠠᠭ᠋ᠠᠭ᠋ᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠪᠤᠴᠠᠭ᠋ᠠᠨ ᠶᠠᠪᠤᠭᠤᠯᠵᠦ ᠮᠠᠲ᠋ᠧᠷᠢᠶᠠᠯ ᠵᠶ᠋ᠠᠨ ᠨᠥᠬᠥᠪᠥᠷᠢᠯᠡᠭᠰᠡᠨᠤ ᠳᠠᠷᠠᠭ᠎ᠠ ᠲᠠᠬᠢᠵᠦ ᠲᠤᠰᠢᠶᠠᠯᠭ᠋ᠠᠬᠤ᠎ᠪᠠᠷ ᠱᠠᠭ᠋ᠠᠷᠳᠠᠵᠤ ᠪᠣᠯᠤᠨ᠎ᠠ᠃
ᠭᠤᠴᠢᠳᠤᠭ᠋ᠠᠷ ᠵᠦᠢ᠍ᠯ ᠬᠠᠤᠯᠢ ᠲᠦᠷᠢᠮ᠎ᠤᠨ ᠬᠢᠨᠠᠨ ᠬᠠᠷᠭᠤᠭᠤᠯᠬᠤ ᠪᠠᠶ᠋ᠢᠭᠤᠯᠤᠮᠵᠢ᠎ᠨᠢ ᠳᠣᠤᠷᠠᠬᠢ ᠮᠡᠲᠦ ᠠᠭᠤᠯᠭ᠎ᠠ ᠳᠤ ᠬᠠᠤᠯᠢ ᠲᠦᠷᠢᠮ᠎ᠤᠨ ᠬᠢᠨᠠᠨ ᠬᠠᠷᠭᠤᠭᠤᠯᠤᠯᠳᠠ ᠬᠢᠬᠦ ᠬᠡᠷᠡᠭᠲᠡᠶ᠄
(ᠨᠢᠭᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ᠎ᠨᠢ ᠬᠠᠤᠯᠢ᠎ᠳᠤ ᠨᠡᠶ᠋ᠢᠴᠡᠬᠦ ᠡᠰᠡᠬᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠨᠢ ᠬᠠᠤᠯᠢ ᠬᠡᠷᠡᠭᠵᠢᠭᠦᠯᠬᠦ ᠬᠢᠷᠢ ᠬᠡᠮ᠎ᠢ ᠪᠦᠷᠢᠳᠦᠭᠦᠯᠦᠭᠰᠡᠨ ᠡᠰᠡᠬᠦ;
(ᠬᠣᠶᠠᠷ) ᠲᠣᠰ ᠰᠠᠯᠠᠭ᠎ᠠ ᠮᠥᠴᠢᠷ᠎ᠤᠨ ᠬᠠᠤᠯᠢ᠎ᠪᠠᠷ ᠲᠣᠭᠲᠠᠭ᠋ᠠᠭᠰᠠᠨ ᠡᠷᠬᠡ ᠬᠢᠵᠠᠭ᠋ᠠᠷ᠎ᠠᠴᠠ᠎ᠪᠠᠨ ᠳᠠᠪᠠᠭᠰᠠᠨ ᠡᠰᠡᠬᠦ;
(ᠭᠤᠷᠪᠠ) ᠬᠡᠷᠡᠭ᠎ᠤᠨ ᠪᠣᠳᠠᠲᠤ ᠪᠠᠢ᠌ᠳᠠᠯ᠎ᠨᠢ ᠲᠣᠳᠣᠷᠬᠠᠶ ᠡᠰᠡᠬᠦ᠂ ᠭᠡᠷᠡᠴᠢ ᠪᠠᠷᠢᠮᠲᠠ᠎ᠨᠢ ᠬᠠᠤᠯᠢ᠎ᠳᠤ ᠨᠡᠶ᠋ᠢᠴᠡᠬᠦ ᠪᠠ ᠪᠦᠷᠢᠨ ᠭᠦᠢ᠍ᠴᠡᠳ ᠡᠰᠡᠬᠦ;
(ᠲᠦᠷᠪᠡ) ᠲᠤᠬᠢᠷᠠᠭᠤᠯᠤᠨ ᠬᠡᠷᠡᠭᠯᠡᠭᠰᠡᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠲᠦᠷᠢᠮ᠎ᠨᠢ ᠵᠦᠪ ᠣᠨᠣᠪᠴᠢᠲᠠᠶ ᠪᠠᠢ᠌ᠬᠤ ᠡᠰᠡᠬᠦ;
(ᠲᠠᠪᠤ) ᠲᠤᠬᠢᠷᠠᠭᠤᠯᠤᠨ ᠬᠡᠷᠡᠭᠯᠡᠭᠰᠡᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ᠎ᠨᠢ ᠲᠣᠬᠢᠷᠠᠮᠵᠢᠲᠠᠶ ᠪᠠᠢ᠌ᠬᠤ ᠡᠰᠡᠬᠦ;
(ᠵᠢᠷᠭᠤᠭ᠎ᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠡᠰ ᠲᠠᠷᠠᠭ᠋ᠠᠯᠠᠯ᠎ᠨᠢ ᠬᠠᠤᠯᠢ᠎ᠳᠤ ᠨᠡᠶ᠋ᠢᠴᠡᠬᠦ
ᠡᠰᠡᠬᠦ;
(ᠳᠣᠯᠣᠭ᠎ᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ᠎ᠨᠢ ᠪᠦᠷᠢᠨ ᠭᠦᠢ᠍ᠴᠡᠳ᠂ ᠵᠢᠷᠤᠮᠵᠢᠭᠤᠨ ᠡᠰᠡᠬᠦ;
(ᠨᠠᠢ᠍ᠮᠠ) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠶᠠᠯ᠎ᠠ ᠬᠢᠭᠰᠡᠨ᠎ᠳᠤ ᠰᠡᠵᠢᠭᠯᠡᠭᠳᠡᠬᠡᠳ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠭᠦᠷᠬᠡᠬᠦ ᠬᠡᠷᠡᠭᠳᠡᠢ ᠪᠠᠢ᠌ᠬᠤ ᠡᠰᠡᠬᠦ;
(ᠶᠢᠰᠦ) ᠬᠢᠨᠠᠨ ᠬᠠᠷᠭᠤᠭᠤᠯᠬᠤ ᠬᠡᠷᠡᠭᠳᠡᠢ ᠪᠤᠰᠤᠳ ᠠᠭᠤᠯᠭ᠎ᠠ᠃
ᠭᠤᠴᠢᠨ ᠨᠢᠭᠡᠳᠦᠭᠡᠷ ᠵᠦᠢ᠍ᠯ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠪᠠᠶ᠋ᠢᠭᠤᠯᠤᠮᠵᠢ᠎ᠨᠢ ᠬᠠᠤᠯᠢ ᠬᠡᠷᠡᠭᠵᠢᠭᠦᠯᠬᠦ ᠵᠢ ᠲᠠᠭ᠋ᠠᠭ᠋ᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠢᠨᠠᠭᠤᠯᠬᠤ᠎ᠪᠠᠷ ᠭᠦᠷᠬᠡᠭᠰᠡᠨ ᠮᠠᠲ᠋ᠧᠷᠢᠶᠠᠯ᠎ᠢ ᠭᠠᠷᠳᠠᠵᠦ ᠠᠪᠤᠨᠨᠰᠠᠨ ᠡᠳᠦᠷ᠎ᠠᠴᠠ ᠡᠬᠢᠯᠡᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠳᠠ ᠵᠢ ᠪᠡᠶᠡᠯᠡᠭᠦᠯᠬᠦ ᠬᠡᠷᠡᠭᠲᠡᠶ᠃ ᠪᠠᠶ᠋ᠢᠳᠠᠯ᠎ᠨᠢ ᠪᠤᠳᠤᠯᠢᠶᠠᠨᠲᠠᠶ ᠪᠠᠶ᠋ᠢᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠤᠯᠢ ᠲᠦᠷᠢᠮ᠎ᠤᠨ ᠠᠵᠢᠯ᠎ᠢ ᠭᠤᠤᠯᠴᠢᠯᠠᠨ ᠬᠠᠮᠢᠶᠠᠷᠬᠤ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠲᠠᠪᠤᠨ ᠠᠵᠢᠯᠯᠠᠬᠤ ᠡᠳᠦᠷ ᠤᠷᠲᠤᠳᠬᠠᠵᠤ ᠪᠣᠯᠤᠨ᠎ᠠ᠃ ᠮᠠᠲ᠋ᠧᠷᠢᠶᠠᠯ ᠨᠦᠭᠦᠪᠦᠷᠢᠯᠡᠬᠦ ᠴᠠᠭ᠎ᠢ ᠬᠢᠨᠠᠨ ᠬᠠᠷᠭᠤᠭᠤᠯᠬᠤ ᠴᠠᠭ ᠬᠤᠭᠤᠴᠠᠭ᠋ᠠᠨ᠎ᠳᠤ ᠪᠣᠳᠣᠵᠤ ᠤᠷᠤᠭᠤᠯᠬᠤ ᠦᠭᠡᠢ᠃
ᠭᠤᠴᠢᠨ ᠬᠣᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠲᠠᠭ᠋ᠠᠭ᠋ᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠪᠠᠶ᠋ᠢᠭᠤᠯᠤᠮᠵᠢ ᠵᠢᠨ ᠭᠠᠷᠭ᠋ᠠᠭᠰᠠᠨ ᠬᠢᠨᠠᠨ ᠬᠠᠷᠭᠤᠭᠤᠯᠤᠨᠨᠰᠠᠨ ᠰᠠᠨᠠᠯ᠎ᠢ ᠬᠦᠯᠢᠶᠡᠨ ᠠᠪᠬᠤ ᠬᠡᠷᠡᠭᠳᠡᠢ᠂ ᠣᠨᠳᠣᠤ ᠰᠠᠨᠠᠯ᠎ᠲᠠᠢ ᠪᠠᠶ᠋ᠢᠪᠠᠯ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠪᠠᠶ᠋ᠢᠭᠤᠯᠤᠮᠵᠢ᠎ᠯᠤᠭ᠎ᠠ ᠵᠥᠪᠳᠡᠯᠴᠡᠨ ᠨᠡᠪᠲᠡᠷᠡᠯᠴᠡᠬᠦ ᠬᠡᠷᠡᠭᠲᠡᠶ᠂ ᠨᠡᠪᠲᠡᠷᠡᠯᠴᠡᠭᠰᠡᠨ ᠴᠤ᠌ ᠰᠠᠨᠠᠯ ᠨᠢᠭᠡᠳᠦᠭᠰᠡᠨ ᠦᠭᠡᠶ ᠪᠠᠶ᠋ᠢᠪᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠳᠤ ᠮᠡᠳᠡᠭᠦᠯᠦᠨ ᠲᠤᠨᠨᠳᠠᠭ᠋ᠠᠯᠭ᠋ᠠᠬᠤ ᠬᠡᠷᠡᠭᠲᠡᠶ᠃
ᠲᠠᠪᠤᠳᠤᠭ᠋ᠠᠷ ᠪᠦᠯᠦᠭ ᠬᠢᠨᠠᠯᠲᠠ ᠲᠠᠯᠪᠢᠯᠳᠠ ᠬᠢᠬᠡᠳ ᠬᠠᠷᠢᠭᠤᠴᠠᠯᠭ᠎ᠠ
ᠭᠤᠴᠢᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠬᠠᠤᠯᠢ ᠬᠡᠷᠡᠭᠵᠢᠬᠦᠯᠬᠦ ᠠᠵᠢᠯᠲᠠᠨ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ᠂ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠢ᠌ᠪᠠᠯ᠂ ᠲᠡᠭᠦᠨ᠎ᠤ ᠲᠣᠰ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠤᠶᠤ ᠬᠠᠤᠯᠢ ᠬᠡᠷᠡᠭᠵᠢᠭᠦᠯᠬᠦ ᠠᠵᠢᠯᠳᠠᠨ᠎ᠤ ᠬᠠᠷᠢᠶ᠎ᠠ ᠪᠦᠭᠦᠢ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠤᠶᠤ ᠬᠦᠨᠳᠦ ᠬᠡᠴᠡᠬᠦᠦ ᠦᠷ᠎ᠡ ᠳ᠋ᠦᠩ᠎ᠲᠠᠢ ᠪᠤᠯᠤᠨᠨᠰᠠᠨ ᠪᠤᠯ᠂ ᠰᠢᠭᠤᠳ ᠬᠠᠷᠢᠭᠤᠴᠠᠵᠦ ᠪᠠᠶ᠋ᠢᠭ᠎ᠠ ᠭᠤᠤᠯᠴᠢᠯᠠᠨ ᠬᠠᠮᠢᠶᠠᠷᠬᠤ ᠬᠥᠮᠦᠨ ᠪᠠ ᠪᠤᠰᠤᠳ ᠬᠠᠷᠢᠭᠤᠴᠠᠯᠭ᠎ᠠ᠎ᠲᠠᠢ ᠬᠥᠮᠦᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ; ᠶᠠᠯᠠᠳᠤ ᠭᠦᠷᠦᠭᠰᠡᠨ ᠪᠤᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠬᠦ ᠵᠢ ᠵᠠᠷᠯᠠᠨ ᠨᠡᠢ᠌ᠳᠡᠯᠡᠬᠦ᠂ ᠬᠠᠤᠯᠢ ᠬᠡᠷᠡᠭᠵᠢᠭᠦᠯᠬᠦ ᠪᠦᠭᠦ ᠶᠠᠪᠤᠴᠠ ᠵᠢ ᠰᠢᠩᠬᠡᠬᠡᠨ ᠲᠡᠮᠳᠡᠭᠯᠡᠬᠦ ᠪᠠ ᠬᠠᠤᠯᠢ ᠬᠡᠷᠡᠭᠵᠢᠭᠦᠯᠬᠦ ᠴᠢᠬᠤᠯᠠ ᠶᠡᠬᠡ ᠲᠣᠭᠲᠠᠭ᠋ᠠᠯ᠎ᠤᠨ ᠬᠠᠤᠯᠢ ᠲᠦᠷᠢᠮ᠎ᠤᠨ ᠬᠢᠨᠠᠨ ᠬᠠᠷᠭᠤᠭᠤᠯᠤᠯᠳᠠ ᠵᠢ ᠲᠣᠭᠲᠠᠭ᠋ᠠᠯ ᠶᠣᠰᠣᠭ᠋ᠠᠷ ᠬᠢᠭᠰᠡᠨ ᠥᠭᠡᠢ;
(ᠬᠣᠶᠠᠷ) ᠨᠢᠬᠡᠨᠳᠡ ᠵᠠᠷᠯᠠᠨ ᠨᠡᠢ᠌ᠳᠡᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ᠎ᠨᠢ ᠣᠨᠣᠪᠴᠢ ᠥᠬᠡᠶ ᠪᠠᠢ᠌ᠳᠠᠯ᠎ᠠ ᠴᠠᠭ ᠲᠤᠬᠠᠶ᠎ᠳᠤᠨᠢ ᠵᠠᠯᠠᠷᠠᠭᠤᠯᠤᠭᠰᠠᠨ ᠥᠬᠡᠶ;
(ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠥᠬᠥ ᠶᠠᠪᠤᠴᠠ ᠵᠢ ᠲᠡᠮᠳᠡᠭᠯᠡᠭᠰᠡᠨ ᠮᠠᠲ᠋ᠧᠷᠢᠶᠠᠯ᠎ᠢ ᠬᠠᠤᠯᠢ ᠶᠣᠰᠣᠭ᠋ᠠᠷ ᠬᠠᠳᠠᠭ᠋ᠠᠯᠠᠭᠰᠠᠨ ᠥᠬᠡᠶ;
(ᠳᠥᠷᠪᠡ) ᠬᠠᠤᠯᠢ ᠬᠡᠷᠡᠭᠵᠢᠭᠦᠯᠬᠦ ᠶᠠᠪᠤᠴᠠ ᠵᠢᠨ ᠠᠩᠬᠠᠨ᠎ᠤ ᠲᠡᠮᠳᠡᠭᠯᠡᠯ᠎ᠢ ᠬᠠᠭᠤᠷᠮᠠᠨᠨᠯᠠᠨ ᠵᠤᠬᠢᠶᠠᠬᠤ᠂ ᠵᠠᠰᠠᠪᠤᠷᠢ ᠤᠷᠤᠭᠤᠯᠬᠤ᠂ ᠨᠠᠢ᠌ᠷᠠᠭᠤᠯᠬᠤ᠂ ᠡᠰᠬᠡᠬᠦ᠂ ᠬᠠᠰᠤᠵᠦ ᠬᠠᠶᠠᠨᠨᠰᠠᠨ ᠪᠤᠶᠤ ᠬᠠᠤᠯᠢ᠎ᠪᠠᠷ ᠲᠣᠭᠲᠠᠭ᠋ᠠᠭᠰᠠᠨ ᠬᠤᠭᠤᠴᠠᠭ᠎ᠠ ᠬᠢᠵᠠᠭ᠋ᠠᠷ᠎ᠤᠨ ᠲᠤᠳᠤᠷ᠎ᠠ ᠥᠰᠥᠭ ᠪᠢᠴᠢᠭ᠎ᠤᠨ ᠲᠡᠮᠳᠡᠭᠯᠡᠯ ᠪᠠ ᠲᠠᠭᠤ ᠳᠦᠷᠰᠦ ᠰᠢᠩᠭᠡᠭᠡᠯᠲᠡ ᠵᠢᠨ ᠲᠡᠮᠳᠡᠭᠯᠡᠯ᠎ᠤᠨ ᠮᠠᠲᠸᠷᠢᠶᠠᠯ᠎ᠢ ᠤᠰᠠᠳᠬᠠᠭᠰᠠᠨ;
(ᠲᠠᠪᠤ) ᠬᠠᠤᠯᠢ ᠲᠦᠷᠢᠮ᠎ᠤᠨ ᠬᠢᠨᠠᠨ ᠬᠠᠷᠭᠤᠭᠤᠯᠬᠤ ᠪᠠᠶ᠋ᠢᠭᠤᠯᠤᠮᠵᠢ᠎ᠨᠢ ᠬᠢᠨᠠᠨ ᠬᠠᠷᠭᠤᠭᠤᠯᠬᠤ ᠶᠠᠪᠤᠴᠠ᠎ᠳᠤ ᠬᠤᠳᠠᠯ ᠬᠠᠭᠤᠷᠮᠠᠭ ᠵᠶ᠋ᠠᠷ ᠵᠤᠬᠢᠶᠠᠨᠨᠰᠠᠨ᠂ ᠠᠯᠪᠠᠨ ᠲᠤᠰᠢᠶᠠᠯ᠎ᠳᠤ᠎ᠪᠠᠨ ᠠᠯᠮᠠᠶ᠋ᠢᠷᠠᠨ ᠣᠰᠣᠯᠳᠠᠭᠰᠠᠨ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠎ᠠᠴᠠ ᠪᠣᠯᠵᠣ ᠰᠢ᠌ᠳᠪᠦᠷᠢ ᠵᠢᠨ ᠠᠯᠳᠠᠭ᠎ᠠ ᠭᠠᠷᠭ᠋ᠠᠨᠨᠰᠠᠨ;
(ᠵᠢᠷᠭᠤᠭ᠎ᠠ) ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠵᠢᠷᠭᠤᠳᠤᠭ᠋ᠠᠷ ᠪᠦᠯᠦᠭ ᠲᠠᠭ᠋ᠠᠯᠳᠤᠭᠤᠯᠤᠯ ᠲᠤᠢ᠍ᠷᠢᠮ
ᠭᠤᠴᠢᠨ ᠳᠥᠷᠪᠡᠳᠦᠭᠡᠷ ᠵᠦᠢ᠍ᠯ ᠲᠤᠰ ᠠᠷᠭ᠎ᠠ ᠵᠢ 2020 ᠣᠨ᠎ᠤ 4 ᠳ᠋ᠤᠬᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠠ᠃