ᠢᠯᠡ ᠵᠠᠰᠠᠭ   -   ᠲᠦᠷᠦ᠎ᠶᠢᠨ ᠪᠤᠳᠤᠯᠭ᠎ᠠ ᠬᠠᠤᠯᠢ ᠳᠦᠷᠢᠮ
ᠵᠠᠰᠠᠭ᠎ᠤᠨ ᠣᠷᠳᠣᠨ᠎ᠤ ᠬᠡᠰᠡᠭ ᠲᠣᠭᠲᠠᠭ᠋ᠠᠯ ᠲᠦᠷᠢᠮ᠎ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ
ᠨᠡᠶ᠋ᠢᠲᠡᠯᠡᠭᠰᠡᠨ ᠴᠠᠭ᠄ 2020-06-15

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ


                              246 ᠳ᠋ᠤᠭ᠋ᠠᠷ ᠲᠣᠭ᠋ᠠᠲᠤ


   《ᠵᠠᠰᠠᠭ᠎ᠤᠨ ᠣᠷᠳᠣᠨ᠎ᠤ ᠬᠡᠰᠡᠭ ᠲᠣᠭᠲᠠᠭ᠋ᠠᠯ ᠲᠦᠷᠢᠮ᠎ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ》᠎ᠢ 2020 ᠣᠨ᠎ᠤ 5 ᠳ᠋ᠤᠭ᠋ᠠᠷ ᠰᠠᠷ᠎ᠠ ᠵᠢᠨ 7᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ   ᠠᠷᠪᠠᠳᠤᠭ᠋ᠠᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ ᠡᠳᠦᠭᠡ ᠨᠡᠢ᠌ᠲᠡᠯᠡᠪᠡ᠂ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃


                      ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ     ᠪᠦ᠋ ᠰᠢᠶᠤᠤ ᠯᠢᠨ
                                                       

                               2020 ᠣᠨ᠎ᠤ 5 ᠳ᠋ᠤᠭ᠋ᠠᠷ ᠰᠠᠷ᠎ᠠ ᠵᠢᠨ 29᠎ᠤ ᠡᠳᠦᠷ


        ᠵᠠᠰᠠᠭ᠎ᠤᠨ ᠤᠷᠳᠤᠨ᠎ᠤ   ᠬᠡᠰᠡᠭ ᠲᠣᠭᠲᠠᠭ᠋ᠠᠯ ᠲᠦᠷᠢᠮ᠎ᠳᠤ ᠵᠠᠰᠠᠪᠤᠷᠢ ᠣᠷᠣᠭᠤᠯᠬᠤ ᠪᠠ

        ᠬᠦᠴᠦᠨ ᠦᠭᠡᠢ ᠪᠣᠯᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ

                ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ


      ᠨᠡᠶ᠋ᠢᠭᠡᠮ ᠵᠢᠷᠤᠮ᠎ᠤᠨ ᠬᠠᠤᠯᠢ ᠳᠦᠷᠢᠮ᠎ᠤᠨ ᠨᠢᠭᠡᠳᠦᠯᠲᠡᠢ ᠪᠠᠢ᠌ᠬᠤ ᠵᠢ ᠬᠠᠮᠠᠭ᠋ᠠᠯᠠᠨ᠂ ᠵᠠᠰᠠᠭ᠎ᠢ ᠴᠣᠮᠬᠠᠳᠬᠠᠵᠤ ᠡᠷᠬᠡ ᠵᠢ ᠲᠠᠯᠪᠢᠬᠤ᠂ ᠲᠠᠯᠪᠢᠬᠤ ᠪᠠ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡᠨ᠎ᠤ ᠥᠭᠡᠷᠡᠴᠢᠯᠡᠯᠲᠡ ᠵᠢ ᠰᠢᠯᠢᠳᠡᠭᠵᠢᠭᠦᠯᠬᠦ ᠵᠢ ᠬᠠᠤᠯᠢ ᠶᠣᠰᠣᠭ᠋ᠠᠷ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠭᠰᠠᠨ᠎ᠨᠢ᠄
      ᠨᠢᠭᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 2 ᠲᠣᠭᠲᠠᠭ᠋ᠠᠯ ᠳᠦᠷᠢᠮ᠎ᠤᠨ ᠬᠡᠰᠡᠭ ᠵᠦᠢ᠍ᠯ ᠵᠤᠷᠪᠤᠰ᠎ᠲᠤ ᠵᠠᠰᠠᠪᠤᠷᠢ ᠣᠷᠣᠭᠤᠯᠤᠨ᠎ᠠ᠃ (ᠳᠠᠭ᠋ᠠᠯᠳᠤᠭᠤᠯᠤᠯ 1)
      ᠬᠣᠶᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠨᠡᠢ᠌ᠭᠡᠮ᠎ᠤᠨ ᠪᠠᠲᠤᠯᠠᠭ᠎ᠠ ᠵᠢᠨ ᠰᠦᠢ᠍ᠳᠭᠡᠯ᠎ᠢ ᠴᠤᠭᠯᠠᠭᠤᠯᠬᠤ ᠬᠠᠮᠢᠶᠠᠷᠤᠯᠲᠠ ᠵᠢᠨ ᠠᠷᠭ᠎ᠠ》 ᠵᠢ ᠬᠦᠴᠦᠨ ᠦᠭᠡᠢ ᠪᠣᠯᠭ᠋ᠠᠨ᠎ᠠ᠃ (ᠳᠠᠭ᠋ᠠᠯᠳᠤᠭᠤᠯᠤᠯ 2)
      ᠲᠤᠰ ᠲᠣᠭᠲᠠᠭ᠋ᠠᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠲᠣᠰ ᠲᠣᠭᠲᠠᠭ᠋ᠠᠯ᠎ᠢ ᠦᠨᠳᠦᠰᠦᠯᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨ᠎ᠡ ᠬᠠᠩᠰᠢ ᠬᠢᠨᠠᠨ ᠲᠣᠭᠲᠠᠭ᠋ᠠᠵᠤ ᠦᠨᠡᠮᠰᠢᠬᠦ ᠬᠠᠮᠢᠶᠠᠷᠤᠯᠲᠠ ᠵᠢᠨ ᠠᠷᠭ᠎ᠠ》᠎ᠳᠤ ᠵᠣᠬᠢᠬᠤ ᠵᠠᠰᠠᠪᠤᠷᠢ   ᠤᠷᠤᠭᠤᠯᠤᠨ ᠳᠠᠬᠢᠵᠤ ᠨᠡᠢ᠌ᠲᠡᠯᠡᠪᠡ᠃
      ᠳᠠᠭ᠋ᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠠᠰᠠᠪᠤᠷᠢ ᠣᠷᠣᠭᠤᠯᠬᠤ᠎ᠪᠠᠷ ᠲᠣᠭᠲᠠᠭ᠋ᠠᠭᠰᠠᠨ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ
     2. ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠦᠴᠦᠨ ᠦᠭᠡᠢ ᠪᠣᠯᠭ᠋ᠠᠬᠤ᠎ᠪᠠᠷ ᠲᠣᠭᠲᠠᠭ᠋ᠠᠭᠰᠠᠨ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ

ᠳᠠᠭ᠋ᠠᠯᠳᠤᠭᠤᠯᠤᠯ 1


            ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ
    ᠵᠠᠰᠠᠪᠤᠷᠢ ᠣᠷᠣᠭᠤᠯᠬᠤ᠎ᠪᠠᠷ ᠲᠣᠭᠲᠠᠭ᠋ᠠᠭᠰᠠᠨ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ


      ᠨᠢᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢᠨ ᠶᠢᠰᠦᠳᠦᠭᠡᠷ ᠵᠦᠢ᠍ᠯ᠎ᠢ᠄ 《ᠴᠢᠯᠠᠭᠤᠨ ᠲᠣᠰᠣ ᠬᠢᠮᠢ ᠵᠢᠨ ᠪᠠᠷᠢᠯᠭ᠎ᠠ ᠪᠠ ᠤᠭᠰᠠᠷᠠᠬᠤ ᠪᠠᠷᠢᠯᠭ᠎ᠠ ᠵᠢᠨ ᠪᠠᠷᠢᠯᠭ᠎ᠠ ᠪᠠᠷᠢᠬᠤ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠎ᠳᠠᠬᠢ ᠤᠯᠠᠨ ᠨᠡᠶ᠋ᠢᠲᠡ ᠵᠢᠨ ᠠᠰᠢᠭ ᠲᠤᠰᠠ᠂ ᠤᠯᠠᠨ ᠨᠡᠶ᠋ᠢᠲᠡ ᠵᠢᠨ ᠠᠮᠤᠷ ᠲᠦᠪᠰᠢᠨ᠂ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ᠎ᠳᠤ ᠬᠣᠯᠪᠣᠭᠳᠠᠭᠰᠠᠨ ᠠᠭᠤᠯᠭ᠎ᠠ ᠵᠢ ᠪᠣᠯ ᠴᠢᠯᠠᠭᠤᠨ ᠲᠣᠰᠣ ᠬᠢᠮᠢ ᠵᠢᠨ ᠪᠠᠷᠢᠯᠭ᠎ᠠ ᠪᠠ ᠤᠭᠰᠠᠷᠠᠬᠤ ᠪᠠᠷᠢᠯᠭ᠎ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠪᠠᠶ᠋ᠢᠴᠠᠭ᠋ᠠᠬᠤ ᠬᠡᠷᠡᠭᠲᠡᠶ᠃ ᠪᠠᠷᠢᠯᠭ᠎ᠠ ᠪᠠᠷᠢᠬᠤ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ ᠵᠶ᠋ᠠᠨ ᠬᠢᠨᠠᠨ ᠪᠠᠢ᠌ᠴᠠᠭ᠋ᠠᠯᠭ᠋ᠠᠵᠤ ᠵᠥᠪᠰᠢᠶᠡᠷᠡᠭᠦᠯᠦᠭᠰᠡᠨ ᠦᠭᠡᠢ ᠪᠣᠯ ᠬᠡᠷᠡᠭᠯᠡᠵᠦ ᠪᠣᠯᠬᠤ ᠦᠭᠡᠢ᠃》 ᠭᠡᠵᠦ ᠵᠠᠰᠠᠪᠤᠷᠢ ᠣᠷᠣᠭᠤᠯᠪᠠ᠃
      ᠬᠣᠶᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨ᠎ᠡ ᠬᠠᠩᠰᠢ ᠬᠢᠨᠠᠨ ᠲᠣᠭᠲᠠᠭ᠋ᠠᠵᠤ ᠦᠨᠡᠮᠰᠢᠬᠦ ᠬᠠᠮᠢᠶᠠᠷᠤᠯᠲᠠ ᠵᠢᠨ ᠠᠷᠭ᠎ᠠ》᠎ᠳᠠᠬᠢ 《ᠬᠢᠨᠠᠨ ᠲᠣᠭᠲᠠᠭ᠋ᠠᠵᠤ ᠦᠨᠡᠮᠰᠢᠬᠦ》 ᠭᠡᠰᠡᠨ᠎ᠢ ᠴᠥᠮ

《ᠮᠠᠭ᠋ᠠᠳᠯᠠᠨ ᠲᠣᠭᠲᠠᠭ᠋ᠠᠬᠤ》 ᠪᠣᠯᠭ᠋ᠠᠨ ᠬᠠᠯᠠᠵᠤ᠂ ᠨᠡᠷᠠᠢ᠌ᠳᠣᠯ᠎ᠢ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ》 ᠭᠡᠵᠦ ᠵᠠᠰᠠᠪᠤᠷᠢ ᠣᠷᠣᠭᠤᠯᠪᠠ᠃
      ᠬᠣᠶᠠᠳᠤᠭ᠋ᠠᠷ ᠵᠦᠢ᠍ᠯ᠎ᠳᠤ᠄ 《ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠤ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠠᠵᠢᠯᠯᠠᠭ᠎ᠠ ᠬᠢᠬᠦ᠎ᠳᠤ ᠡᠷᠬᠡᠪᠰᠢ ᠲᠣᠰ ᠠᠷᠭ᠎ᠠ ᠵᠢ ᠵᠢᠷᠤᠮᠯᠠᠬᠤ ᠬᠡᠷᠡᠭᠲᠡᠶ》 ᠭᠡᠵᠦ ᠵᠠᠰᠠᠪᠤᠷᠢ ᠣᠷᠣᠭᠤᠯᠪᠠ᠃
      ᠭᠤᠷᠪᠠᠳᠤᠭ᠋ᠠᠷ ᠵᠦᠢ᠍ᠯ᠎ᠳᠤ᠄ 《ᠲᠤᠰ ᠠᠷᠭ᠎ᠠ᠎ᠳᠤ ᠬᠡᠯᠡᠵᠦ ᠪᠠᠶ᠋ᠢᠭ᠎ᠠ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠭᠡᠳᠡᠭ᠎ᠨᠢ ᠤᠯᠤᠰ᠎ᠤᠨ ᠬᠣᠯᠪᠣᠭᠳᠠᠯ ᠪᠦᠬᠦᠢ ᠪᠠᠢ᠌ᠭᠤᠯᠭ᠎ᠠ᠎ᠠᠴᠠ ᠳᠤᠷᠠᠳᠴᠤ᠂ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠨᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠢ᠌ᠴᠠᠭ᠋ᠠᠬᠤ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠠᠵᠢᠯ᠎ᠳᠤ ᠬᠣᠯᠪᠣᠭᠳᠠᠭᠰᠠᠨ ᠦᠨ᠎ᠡ ᠬᠠᠩᠰᠢ᠎ᠨᠢ ᠲᠣᠳᠣᠷᠬᠠᠶ ᠦᠭᠡᠢ ᠪᠤᠶᠤ ᠦᠨ᠎ᠡ ᠬᠠᠩᠰᠢ᠎ᠳᠤ᠎ᠨᠢ ᠮᠠᠷᠭᠤᠭ᠋ᠠᠨ᠎ᠲᠠᠢ᠂ ᠵᠠᠬ᠎ᠠ ᠳᠡᠯᠭᠡᠭᠦᠷ ᠵᠶ᠋ᠠᠷ ᠦᠨ᠎ᠡ ᠬᠠᠩᠰᠢ ᠵᠢ ᠲᠣᠬᠢᠷᠠᠭᠤᠯᠬᠤ ᠢᠯᠡ ᠦᠢ᠍ᠯᠡᠳᠭᠦᠨ᠂ ᠳᠠᠯᠳᠠ ᠡᠳ᠋ ᠬᠥᠷᠥᠩᠭᠡ ᠪᠠ ᠡᠯ᠎ᠡ ᠲᠥᠷᠥᠯ᠎ᠤᠨ ᠲᠥᠯᠥᠪᠦᠷᠢ᠎ᠲᠠᠢ ᠦᠢ᠍ᠯᠡᠴᠢᠯᠡᠭᠡᠨ᠎ᠳᠤ ᠦᠨ᠎ᠡ ᠬᠠᠩᠰᠢ ᠵᠢᠨ ᠨᠤᠲᠠᠯᠠᠯᠲᠠ ᠬᠢᠬᠦ ᠦᠢ᠍ᠯᠡ ᠠᠵᠢᠯᠯᠠᠭ᠎ᠠ ᠵᠢ ᠵᠢᠭ᠋ᠠᠵᠤ ᠪᠣᠢ᠃》 ᠭᠡᠵᠦ ᠵᠠᠰᠠᠪᠤᠷᠢ ᠣᠷᠣᠭᠤᠯᠪᠠ᠃
      ᠲᠠᠪᠤᠳᠤᠭ᠋ᠠᠷ ᠵᠦᠢ᠍ᠯ᠎ᠳᠤ᠄ 《ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠦᠨ᠎ᠡ ᠬᠠᠩᠰᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠨᠢ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠠᠵᠢᠯ᠎ᠢ ᠡᠭᠦᠷᠭᠡᠯᠡᠬᠦ ᠬᠡᠷᠡᠭᠲᠡᠢ᠃》 ᠭᠡᠵᠦ ᠵᠠᠰᠠᠪᠤᠷᠢ ᠣᠷᠣᠭᠤᠯᠪᠠ᠃
      ᠵᠢᠷᠭᠤᠳᠤᠭ᠋ᠠᠷ ᠵᠦᠢ᠍ᠯ᠎ᠳᠤ᠄ 《ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠦᠨ᠎ᠡ ᠬᠠᠩᠰᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠨᠢ ᠲᠣᠰ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠢᠴᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠭᠴᠡ ᠬᠠᠮᠢᠶᠠᠷᠬᠣ ᠰᠠᠯᠠᠭ᠎ᠠ ᠮᠥᠴᠢᠷ᠎ᠤᠨ ᠬᠠᠷᠢᠶ᠎ᠠ ᠪᠠᠶ᠋ᠢᠭᠤᠯᠤᠮᠵᠢ ᠵᠢᠨ ᠳᠤᠷᠠᠳᠤᠭᠰᠠᠨ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠵᠦᠢ᠍ᠯᠡᠰ᠎ᠢ ᠬᠠᠷᠢᠭᠤᠴᠠᠬᠤ ᠬᠡᠷᠡᠭᠲᠡᠢ᠃》 ᠭᠡᠵᠦ ᠵᠠᠰᠠᠪᠤᠷᠢ ᠣᠷᠣᠭᠤᠯᠪᠠ᠃
      ᠶᠢᠰᠦᠳᠦᠭᠡᠷ ᠵᠦᠢ᠍ᠯ᠎ᠢ ᠨᠠᠢ᠍ᠮᠠᠳᠤᠭ᠋ᠠᠷ ᠵᠦᠢ᠍ᠯ ᠪᠣᠯᠭ᠋ᠠᠵᠤ᠂ ᠳᠣᠣᠷᠠᠬᠢ ᠮᠡᠲᠦ ᠵᠠᠰᠠᠪᠤᠷᠢ ᠣᠷᠣᠭᠤᠯᠪᠠ᠄ 《ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠠᠵᠢᠯᠲᠠᠨ᠎ᠨᠢ ᠲᠤᠬᠠᠢ᠌ᠲᠠᠢ ᠬᠥᠮᠦᠨ᠎ᠲᠠᠢ ᠰᠠᠳᠤᠨ ᠲᠥᠷᠥᠯ᠎ᠤᠨ ᠬᠠᠷᠢᠴᠠᠭ᠎ᠠ᠂ ᠰᠢᠭᠤᠳ ᠠᠰᠢᠭ ᠬᠣᠣᠷ᠎ᠤᠨ ᠬᠠᠷᠢᠴᠠᠭ᠎ᠠ ᠪᠤᠶᠤ ᠪᠤᠰᠤᠳ ᠬᠠᠷᠢᠴᠠᠭ᠎ᠠ᠎ᠲᠠᠢ ᠪᠠᠢ᠌ᠵᠤ᠂ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠳ᠋ᠦᠩᠨᠡᠯᠲᠡ ᠵᠢᠨ ᠭᠣᠤᠯᠴᠢ ᠴᠢᠨᠠᠷ ᠪᠠ ᠣᠨᠣᠪᠴᠢᠲᠤ ᠴᠢᠨᠠᠷ᠎ᠢ ᠨᠥᠯᠥᠭᠡᠯᠡᠵᠦ ᠮᠡᠳᠡᠬᠦ᠎ᠳᠤ ᠬᠦᠷᠪᠡᠯ᠂ ᠵᠠᠶ᠋ᠢᠯᠠᠬᠤ ᠬᠡᠷᠡᠭᠲᠡᠶ᠃
      ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠠᠵᠢᠯᠲᠠᠨ᠎ᠤ ᠵᠠᠶ᠋ᠢᠯᠠᠬᠤ ᠡᠰᠡᠬᠦ ᠵᠢ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠲᠣᠭᠲᠠᠭ᠋ᠠᠬᠤ ᠬᠡᠷᠡᠭᠲᠡᠢ᠃ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ᠎ᠤ ᠵᠠᠶ᠋ᠢᠯᠠᠬᠤ ᠡᠰᠡᠬᠦ ᠵᠢ ᠠᠳᠠᠯᠢ ᠱᠠᠲᠤᠨ᠎ᠤ ᠦᠨ᠎ᠡ ᠬᠠᠩᠰᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠭ᠋ᠠᠬᠤ ᠬᠡᠷᠡᠭᠲᠡᠢ᠃》
      ᠠᠷᠪᠠᠳᠤᠭ᠋ᠠᠷ ᠵᠦᠢ᠍ᠯ᠎ᠢ ᠶᠢᠰᠦᠳᠦᠭᠡᠷ ᠵᠦᠢ᠍ᠯ ᠪᠣᠯᠭ᠋ᠠᠵᠤ᠂ 《ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ ᠵᠢᠨ ᠭᠦᠢ᠍ᠴᠡᠳᠬᠡᠭᠰᠡᠨ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠵᠦᠢ᠍ᠯᠡᠰ᠎ᠲᠤ᠂ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠵᠢ ᠳᠤᠷᠠᠳᠤᠭᠰᠠᠨ ᠪᠠᠶ᠋ᠢᠭᠤᠯᠭ᠎ᠠ ᠵᠢᠨ ᠭᠠᠷᠭ᠋ᠠᠭᠰᠠᠨ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠬᠠᠮᠵᠢᠯᠴᠠᠭ᠋ᠠᠨ᠎ᠤ ᠪᠢᠴᠢᠭ ᠪᠠᠶ᠋ᠢᠬᠤ ᠬᠡᠷᠡᠭᠲᠡᠶ᠃》 ᠭᠡᠵᠦ ᠵᠠᠰᠠᠪᠤᠷᠢ ᠣᠷᠣᠭᠤᠯᠪᠠ᠃
      ᠠᠷᠪᠠᠨ ᠬᠣᠶᠠᠳᠤᠭ᠋ᠠᠷ ᠵᠦᠢ᠍ᠯ᠎ᠢ ᠠᠷᠪᠠᠨ ᠨᠢᠭᠡᠳᠦᠭᠡᠷ ᠵᠦᠢ᠍ᠯ ᠪᠣᠯᠭ᠋ᠠᠵᠤ᠂ ᠳᠣᠣᠷᠠᠬᠢ ᠮᠡᠲᠦ ᠵᠠᠰᠠᠪᠤᠷᠢ ᠣᠷᠣᠭᠤᠯᠪᠠ᠄ 《ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠨᠢ ᠳᠣᠣᠷᠠᠬᠢ ᠲᠣᠭᠲᠠᠭ᠋ᠠᠯ ᠶᠣᠰᠣᠭ᠋ᠠᠷ ᠦᠨ᠎ᠡ ᠬᠠᠩᠰᠢ ᠵᠢ ᠮᠠᠭ᠋ᠠᠳᠯᠠᠨ ᠲᠣᠭᠲᠠᠭ᠋ᠠᠬᠤ ᠬᠡᠷᠡᠭᠲᠡᠢ᠄
     (ᠨᠢᠭᠡ) ᠵᠠᠬ᠎ᠠ ᠳᠡᠯᠭᠡᠭᠦᠷ ᠵᠶ᠋ᠡᠷ ᠲᠣᠬᠢᠷᠠᠭᠤᠯᠬᠤ ᠦᠨ᠎ᠡ ᠬᠠᠩᠰᠢ᠎ᠳᠤ ᠬᠠᠷᠢᠶᠠᠯᠠᠭᠳᠠᠪᠡᠯ᠂ ᠵᠠᠬ᠎ᠠ ᠳᠡᠯᠭᠡᠭᠦᠷ᠎ᠤᠨ ᠳᠤᠮᠳᠠ ᠵᠢᠨ ᠦᠨ᠎ᠡ᠎ᠪᠠᠷ ᠲᠣᠭ᠋ᠠᠴᠠᠯᠠᠨ ᠪᠣᠳᠣᠬᠤ ᠬᠡᠷᠡᠭᠲᠡᠢ;
     (ᠬᠣᠶᠠᠷ) ᠦᠢ᠍ᠯᠡᠳᠴᠦ ᠳᠠᠭᠤᠰᠤᠭ᠋ᠠᠳᠤᠶ ᠬᠠᠭ᠋ᠠᠰ ᠳᠤᠲᠠᠭᠤ ᠵᠦᠢ᠍ᠯᠡᠰ᠎ᠢ ᠪᠣᠯ ᠦᠢ᠍ᠯᠡᠳᠴᠦ ᠳᠠᠭᠤᠰᠤᠭᠰᠠᠨ ᠬᠡᠮᠵᠢᠶ᠎ᠡ ᠪᠠ ᠥᠪᠡᠷ᠎ᠤᠨ ᠥᠷᠲᠡᠭ ᠵᠶ᠋ᠠᠷ᠎ᠨᠢ ᠲᠣᠭ᠋ᠠᠴᠠᠯᠠᠨ ᠪᠣᠳᠣᠬᠤ ᠬᠡᠷᠡᠭᠲᠡᠢ;
     (ᠭᠤᠷᠪᠠ) ᠬᠡᠷᠡᠭᠯᠡᠭᠰᠡᠨ ᠡᠳ᠋ ᠪᠣᠳᠠᠰ᠎ᠢ ᠪᠣᠯ ᠬᠠᠭᠤᠴᠢᠷᠠᠭᠰᠠᠨ ᠪᠠᠢ᠌ᠳᠠᠯ᠂ ᠣᠳᠣ ᠵᠢᠨ ᠦᠨ᠎ᠡ ᠥᠷᠲᠡᠭ ᠪᠤᠶᠤ ᠦᠯᠡᠳᠡᠭᠰᠡᠨ ᠦᠨ᠎ᠡ ᠥᠷᠲᠡᠭ ᠵᠶ᠋ᠡᠷ᠎ᠨᠢ ᠨᠤᠭᠤᠯᠤᠨ ᠪᠣᠳᠣᠬᠤ ᠬᠡᠷᠡᠭᠲᠡᠢ;
     (ᠳᠥᠷᠪᠡ)   ᠪᠠᠷᠢᠴᠠᠭ᠋ᠠᠯᠠᠬᠤ ᠪᠠ ᠥᠷᠢ ᠲᠥᠯᠥᠬᠦ ᠡᠳ᠋ ᠪᠣᠳᠠᠰ᠂ ᠬᠤᠳᠠᠯᠳᠤᠬᠤ ᠪᠤᠶᠤ ᠦᠨ᠎ᠡ ᠬᠠᠶᠠᠵᠤ ᠬᠤᠳᠠᠯᠳᠤᠬᠤ ᠡᠳ᠋ ᠪᠣᠳᠠᠰ᠂ ᠡᠵᠡᠨ ᠦᠭᠡᠢ ᠡᠳ᠋ ᠪᠣᠳᠠᠰ᠎ᠢ ᠪᠣᠯ ᠵᠠᠬ᠎ᠠ ᠳᠡᠯᠭᠡᠭᠦᠷ᠎ᠤᠨ ᠪᠠᠶ᠋ᠢᠳᠠᠯ᠎ᠲᠠᠢ ᠤᠶᠠᠯᠳᠤᠭᠤᠯᠤᠨ ᠲᠣᠬᠢᠷᠠᠮᠵᠢᠲᠠᠢ ᠬᠠᠷᠢᠴᠠᠯ ᠵᠶ᠋ᠠᠷ ᠨᠤᠭᠤᠯᠤᠨ ᠪᠣᠳᠣᠬᠤ ᠬᠡᠷᠡᠭᠲᠡᠢ;
     (ᠲᠠᠪᠤ)   ᠡᠨᠳᠡᠯ᠎ᠳᠤ ᠡᠪᠳᠡᠭᠳᠡᠵᠦ ᠰᠦᠢ᠍ᠲᠦᠭᠰᠡᠨ ᠡᠳ᠋ ᠪᠣᠳᠠᠰ᠎ᠢ ᠪᠣᠯ ᠡᠪᠳᠡᠷᠡᠵᠦ ᠰᠦᠢ᠍ᠲᠦᠭᠰᠡᠨ ᠪᠠᠢ᠌ᠳᠠᠯ ᠪᠠ ᠵᠠᠰᠠᠵᠤ ᠰᠠᠢ᠌ᠵᠢᠷᠠᠭᠤᠯᠬᠤ ᠵᠠᠷᠤᠳᠠᠯ ᠵᠶ᠋ᠡᠷ᠎ᠨᠢ ᠲᠣᠭ᠋ᠠᠴᠠᠯᠠᠨ ᠪᠣᠳᠣᠬᠤ ᠬᠡᠷᠡᠭᠲᠡᠢ;
     (ᠵᠢᠷᠭᠤᠭ᠎ᠠ) ᠦᠢ᠍ᠯᠡᠴᠢᠯᠡᠭᠡᠨ᠎ᠤ ᠲᠥᠷᠥᠯ ᠵᠦᠢ᠍ᠯ᠎ᠢ ᠪᠣᠯ ᠲᠤᠬᠠᠶ ᠵᠢᠨ ᠭᠠᠵᠠᠷ᠎ᠤᠨ ᠵᠠᠬ᠎ᠠ ᠳᠡᠯᠭᠡᠭᠦᠷ᠎ᠤᠨ ᠦᠢ᠍ᠯᠡᠴᠢᠯᠡᠭᠡᠨ᠎ᠤ   ᠳᠤᠮᠳᠠᠴᠢ ᠦᠨ᠎ᠡ᠎ᠪᠠᠷ ᠲᠣᠭ᠋ᠠᠴᠠᠯᠠᠨ ᠪᠣᠳᠣᠬᠤ ᠬᠡᠷᠡᠭᠲᠡᠢ᠃》
      ᠠᠷᠪᠠᠨ ᠭᠤᠷᠪᠠᠳᠤᠭ᠋ᠠᠷ ᠵᠦᠢ᠍ᠯ᠎ᠢ ᠠᠷᠪᠠᠨ ᠬᠣᠶᠠᠳᠤᠭ᠋ᠠᠷ ᠵᠦᠢ᠍ᠯ ᠪᠣᠯᠭ᠋ᠠᠵᠤ᠂ 《ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠨᠢ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠵᠢ ᠳᠤᠷᠠᠳᠤᠭᠰᠠᠨ ᠪᠠᠶ᠋ᠢᠭᠤᠯᠭ᠎ᠠ ᠵᠢᠨ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠵᠦᠢ᠍ᠯᠡᠰ᠎ᠢ ᠳᠤᠷᠠᠳᠤᠭᠰᠠᠨ ᠡᠳᠦᠷ᠎ᠠᠴᠠ ᠡᠬᠢᠯᠡᠨ 7 ᠠᠵᠢᠯᠯᠠᠬᠤ ᠡᠳᠦᠷ᠎ᠤᠨ ᠳᠣᠲᠣᠷ᠎ᠠ ᠦᠨ᠎ᠡ ᠬᠠᠩᠰᠢ ᠵᠢᠨ ᠮᠠᠭ᠋ᠠᠳᠯᠠᠵᠤ ᠲᠣᠭᠲᠠᠭ᠋ᠠᠭᠰᠠᠨ ᠳ᠋ᠦᠩᠨᠡᠯᠲᠡ ᠭᠠᠷᠭ᠋ᠠᠬᠤ ᠬᠡᠷᠡᠭᠲᠡᠢ; ᠠᠰᠲᠠᠭ᠋ᠠᠨ ᠪᠣᠯᠵᠣᠭᠰᠠᠨ ᠱᠠᠭ᠋ᠠᠷᠳᠠᠯᠭ᠎ᠠ᠎ᠲᠠᠢ ᠪᠣᠯ ᠪᠣᠯᠵᠣᠨ ᠲᠣᠭᠲᠠᠭᠰᠠᠨ ᠬᠤᠭᠤᠴᠠᠭ᠋ᠠᠨ᠎ᠳᠤ ᠬᠢᠬᠦ ᠬᠡᠷᠡᠭᠲᠡᠶ᠃》 ᠭᠡᠵᠦ ᠵᠠᠰᠠᠪᠤᠷᠢ ᠣᠷᠤᠭᠤᠯᠪᠠ᠃
      ᠠᠷᠪᠠᠨ ᠳᠥᠷᠪᠡᠳᠦᠭᠡᠷ ᠵᠦᠢ᠍ᠯ᠎ᠢ ᠠᠷᠪᠠᠨ ᠭᠤᠷᠪᠠᠳᠤᠭ᠋ᠠᠷ ᠵᠦᠢ᠍ᠯ ᠪᠣᠯᠭ᠋ᠠᠵᠤ᠄ 《ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠵᠢ ᠳᠤᠷᠠᠳᠤᠭᠰᠠᠨ ᠪᠠᠶ᠋ᠢᠭᠤᠯᠭ᠎ᠠ᠎ᠨᠢ ᠦᠨ᠎ᠡ ᠬᠠᠩᠰᠢ ᠵᠢᠨ ᠮᠠᠭ᠋ᠠᠳᠯᠠᠵᠤ ᠲᠣᠭᠲᠠᠭ᠋ᠠᠭᠰᠠᠨ ᠳ᠋ᠦᠩᠨᠡᠯᠲᠡ᠎ᠳᠤ ᠣᠨᠳᠣᠤ ᠰᠠᠨᠠᠯ᠎ᠲᠠᠢ ᠪᠠᠶ᠋ᠢᠪᠠᠯ᠂ ᠦᠨ᠎ᠡ ᠬᠠᠩᠰᠢ ᠵᠢᠨ ᠮᠠᠭ᠋ᠠᠳᠯᠠᠵᠤ ᠲᠣᠭᠲᠠᠭ᠋ᠠᠭᠰᠠᠨ ᠳ᠋ᠦᠩᠨᠡᠯᠲᠡ ᠵᠢ ᠭᠠᠷᠳᠠᠭᠰᠠᠨ ᠡᠳᠦᠷ᠎ᠠᠴᠠ ᠡᠬᠢᠯᠡᠨ 60 ᠡᠳᠦᠷ᠎ᠤᠨ ᠳᠣᠲᠣᠷ᠎ᠠ᠂ ᠳᠡᠭᠡᠳᠦ ᠨᠢᠭᠡ ᠱᠠᠲᠤᠨ᠎ᠤ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠳᠤ ᠳᠠᠬᠢᠨ ᠬᠠᠷᠭᠤᠭᠤᠯᠬᠤ᠎ᠪᠠᠷ ᠳᠤᠷᠠᠳᠴᠤ ᠪᠣᠯᠣᠨ᠎ᠠ᠂ ᠳᠠᠬᠢᠨ ᠬᠠᠷᠭᠤᠭᠤᠯᠬᠤ ᠵᠢ ᠬᠣᠶᠠᠷ ᠤᠳᠠᠭ᠎ᠠ᠎ᠠᠴᠠ ᠢᠯᠡᠭᠦᠦ ᠳᠤᠷᠠᠳᠴᠤ ᠪᠣᠯᠬᠤ ᠦᠭᠡᠢ᠃》 ᠭᠡᠵᠦ   ᠵᠠᠰᠠᠪᠤᠷᠢ ᠣᠷᠣᠭᠤᠯᠪᠠ᠃
      ᠠᠷᠪᠠᠨ ᠲᠠᠪᠤᠳᠤᠭ᠋ᠠᠷ ᠵᠦᠢ᠍ᠯ᠎ᠢ ᠠᠷᠪᠠᠨ ᠳᠥᠷᠪᠡᠳᠦᠭᠡᠷ ᠵᠦᠢ᠍ᠯ ᠪᠣᠯᠭ᠋ᠠᠵᠤ᠂ 《ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ ᠵᠢᠨ ᠭᠠᠷᠭ᠋ᠠᠭᠰᠠᠨ ᠦᠨ᠎ᠡ ᠬᠠᠩᠰᠢ ᠵᠢᠨ ᠮᠠᠭ᠋ᠠᠳᠯᠠᠵᠤ ᠲᠣᠭᠲᠠᠭ᠋ᠠᠭᠰᠠᠨ ᠳ᠋ᠦᠩᠨᠡᠯᠲᠡ᠎ᠳᠤ᠂ ᠳᠤᠷᠠᠳᠤᠭᠰᠠᠨ ᠪᠠᠶ᠋ᠢᠭᠤᠯᠭ᠎ᠠ᠎ᠪᠠᠷ ᠨᠤᠲᠠᠯᠠᠭᠤᠯᠤᠭᠰᠠᠨ᠎ᠤ ᠳᠠᠷᠠᠭ᠎ᠠ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ᠂ ᠬᠠᠤᠯᠢ ᠴᠠᠭ᠋ᠠᠵᠠ ᠪᠠ ᠵᠠᠰᠠᠭ ᠵᠠᠬᠢᠷᠭ᠋ᠠᠨ᠎ᠤ ᠠᠵᠢᠯ᠎ᠤᠨ ᠦᠨᠳᠦᠰᠦᠯᠡᠯ ᠪᠣᠯᠭ᠋ᠠᠬᠤ ᠬᠡᠷᠡᠭᠲᠡᠢ᠃》 ᠭᠡᠵᠦ ᠵᠠᠰᠠᠪᠤᠷᠢ ᠣᠷᠣᠭᠤᠯᠪᠠ᠃
      ᠠᠷᠪᠠᠨ ᠵᠢᠷᠭᠤᠳᠤᠭ᠋ᠠᠷ ᠵᠦᠢ᠍ᠯ᠎ᠢ ᠬᠠᠰᠤᠪᠠ᠃
      ᠠᠷᠪᠠᠨ ᠳᠣᠯᠣᠳᠤᠭ᠋ᠠᠷ ᠵᠦᠢ᠍ᠯ᠎ᠢ ᠠᠷᠪᠠᠨ ᠲᠠᠪᠤᠳᠤᠭ᠋ᠠᠷ ᠵᠦᠢ᠍ᠯ ᠪᠣᠯᠭ᠋ᠠᠵᠤ᠂ ᠳᠣᠣᠷᠠᠬᠢ ᠮᠡᠲᠦ ᠵᠠᠰᠠᠪᠤᠷᠢ ᠣᠷᠣᠭᠤᠯᠪᠠ᠄ 《ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ ᠪᠤᠶᠤ ᠦᠨ᠎ᠡ ᠬᠠᠩᠰᠢ ᠵᠢᠨ ᠮᠠᠭ᠋ᠠᠳᠯᠠᠨ ᠲᠣᠭᠲᠠᠭ᠋ᠠᠬᠤ ᠠᠵᠢᠯᠲᠠᠨ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠲᠣᠮᠢᠯᠠᠵᠤ ᠪᠠᠭᠤᠯᠭ᠋ᠠᠬᠤ ᠪᠠᠶ᠋ᠢᠭᠤᠯᠭ᠎ᠠ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠬᠠᠷᠢᠭᠤᠴᠠᠯᠭ᠎ᠠ᠎ᠲᠠᠢ ᠤᠳᠤᠷᠢᠳᠤᠯᠭ᠎ᠠ ᠨᠠᠷ ᠪᠠ ᠰᠢᠭᠤᠳ ᠬᠠᠷᠢᠭᠤᠴᠠᠯᠭ᠎ᠠ᠎ᠲᠠᠢ ᠠᠵᠢᠯᠲᠠᠨ᠎ᠳᠤ ᠰᠢᠢ᠍ᠳᠬᠡᠯ ᠥᠭᠭᠦᠨ᠎ᠡ; ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄
     (ᠨᠢᠭᠡ) ᠬᠠᠤᠯᠢ ᠶᠣᠰᠣᠭ᠋ᠠᠷ ᠣᠯᠤᠭᠰᠠᠨ ᠦᠨ᠎ᠡ ᠬᠠᠩᠰᠢ ᠵᠢᠨ ᠮᠠᠭ᠋ᠠᠳᠯᠠᠵᠤ ᠲᠣᠭᠲᠠᠭ᠋ᠠᠭᠰᠠᠨ ᠮᠠᠲ᠋ᠧᠷᠢᠶᠠᠯ ᠪᠤᠶᠤ ᠣᠢ᠌ᠯᠠᠭ᠋ᠠᠭᠰᠠᠨ ᠪᠠᠢ᠌ᠳᠠᠯ᠎ᠢ ᠪᠤᠰᠤᠳ ᠵᠣᠷᠢᠯᠭ᠎ᠠ᠎ᠲᠠᠢ᠎ᠪᠠᠷ ᠬᠡᠷᠡᠭᠯᠡᠭᠰᠡᠨ;
     (ᠬᠣᠶᠠᠷ) ᠪᠡᠶᠡᠴᠢ ᠲᠠᠯ᠎ᠠ ᠵᠢᠨ ᠵᠣᠷᠢᠭᠤᠳᠠ ᠪᠤᠶᠤ ᠡᠨᠳᠡᠯ᠎ᠠᠴᠠ ᠪᠣᠯᠵᠤ᠂ ᠬᠤᠳᠠᠯ ᠬᠠᠭᠤᠷᠮᠠᠭ ᠦᠨ᠎ᠡ ᠬᠠᠩᠰᠢ ᠵᠢᠨ ᠮᠠᠭ᠋ᠠᠳᠯᠠᠵᠤ ᠲᠣᠭᠲᠠᠭ᠋ᠠᠭᠰᠠᠨ ᠳ᠋ᠦᠩᠨᠡᠯᠲᠡ ᠭᠠᠷᠭ᠋ᠠᠭᠰᠠᠨ ᠪᠤᠶᠤ ᠦᠨ᠎ᠡ ᠬᠠᠩᠰᠢ ᠵᠢᠨ ᠮᠠᠭ᠋ᠠᠳᠯᠠᠵᠤ ᠲᠣᠭᠲᠠᠭ᠋ᠠᠭᠰᠠᠨ ᠳ᠋ᠦᠩᠨᠡᠯᠲᠡ᠎ᠳᠤ᠎ᠨᠢ ᠬᠦᠨᠳᠦ ᠶᠡᠬᠡ ᠠᠯᠳᠠᠰᠢ ᠪᠤᠷᠤᠭᠤ᠎ᠲᠠᠢ ᠪᠣᠯᠣᠭᠰᠠᠨ;
     (ᠭᠤᠷᠪᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ  ᠃》
      ᠠᠷᠪᠠᠨ ᠨᠠᠢ᠍ᠮᠠᠳᠣᠭ᠋ᠠᠷ ᠵᠦᠢ᠍ᠯ᠎ᠢ ᠬᠠᠰᠤᠪᠠ᠃
      ᠡᠭᠦᠨ᠎ᠠᠴᠠ ᠭᠠᠳᠠᠨ᠎ᠠ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠲᠣᠭᠲᠠᠭ᠋ᠠᠯ ᠲᠦᠷᠢᠮ᠎ᠳᠠᠬᠢ ᠵᠦᠢ᠍ᠯ ᠵᠤᠷᠪᠤᠰ᠎ᠤᠨ ᠳ᠋ᠤᠭ᠋ᠠᠷ᠎ᠲᠤ ᠵᠣᠬᠢᠬᠤ ᠲᠣᠬᠢᠷᠠᠭᠤᠯᠤᠯᠲᠠ ᠬᠢᠪᠠ᠃
   
ᠳᠠᠭ᠋ᠠᠯᠳᠤᠭᠤᠯᠤᠯ 2


            ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ
      ᠬᠦᠴᠦᠨ ᠦᠭᠡᠢ ᠪᠣᠯᠭ᠋ᠠᠬᠤ᠎ᠪᠠᠷ ᠲᠣᠭᠲᠠᠭ᠋ᠠᠭᠰᠠᠨ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ


     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠨᠡᠢ᠌ᠭᠡᠮ᠎ᠤᠨ ᠪᠠᠲᠤᠯᠠᠭ᠎ᠠ ᠵᠢᠨ ᠰᠦᠢ᠍ᠳᠭᠡᠯ᠎ᠢ ᠴᠤᠭᠯᠠᠭᠤᠯᠬᠤ ᠬᠠᠮᠢᠶᠠᠷᠤᠯᠲᠠ ᠵᠢᠨ ᠠᠷᠭ᠎ᠠ》 (2006 ᠣᠨ᠎ᠤ 1   ᠳ᠋ᠤᠬᠡᠷ ᠰᠠᠷ᠎ᠠ ᠵᠢᠨ 19᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 143 ᠳ᠋ᠤᠭ᠋ᠠᠷ ᠲᠣᠭ᠋ᠠᠲᠤ᠎ᠪᠠᠷ ᠨᠡᠶ᠋ᠢᠲᠡᠯᠡᠪᠡ)  

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ