4 ᠳ᠋ᠦ᠍ᠭᠡᠷ ᠰᠠᠷ᠎ᠠ ᠵᠢᠨ 8᠎ᠤ ᠡᠳᠦᠷ ᠰᠤᠷᠪᠤᠯᠵᠢᠯᠠᠭᠴᠢ ᠵᠢᠨ ᠣᠢ᠌ᠯᠠᠭ᠋ᠠᠭᠰᠠᠨ ᠵᠶ᠋ᠠᠷ᠂ ᠣᠲᠣ ᠪᠣᠯᠲᠠᠯ᠎ᠠ᠂ ᠮᠠᠨ᠎ᠤ ᠣᠷᠣᠨ᠎ᠤ ᠨᠡᠢ᠌ᠲᠡᠯᠡᠭᠰᠡᠨ ᠦᠨᠡᠨᠴᠢ ᠢᠲᠡᠭᠡᠮᠵᠢ ᠵᠢᠨ ᠨᠡᠢ᠌ᠲᠡᠯᠢᠭ ᠠᠵᠤ ᠠᠬᠤᠢ᠌ᠯᠠᠯ 21 ᠲᠦᠮᠡ ᠵᠢ ᠳᠠᠪᠠᠪᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠢᠨ ᠦᠨᠡᠨᠴᠢ ᠢᠲᠡᠭᠡᠮᠵᠢ ᠵᠢᠨ ᠨᠡᠢ᠌ᠲᠡᠯᠢᠭ ᠠᠵᠤ ᠠᠬᠤᠢ᠌ᠯᠠᠯ᠎ᠢ ᠰᠤᠩᠭᠤᠬᠤ ᠲᠣᠭᠲᠠᠴᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠳᠤ ᠨᠠᠩ ᠳᠥᠭᠥᠮ ᠳᠥᠲᠡ ᠢᠲᠡᠭᠡᠮᠵᠢ ᠵᠢᠨ ᠪᠡᠯᠡ ᠲᠣᠬᠢᠷᠠᠭᠤᠯᠬᠤ ᠦᠢ᠍ᠯᠡᠴᠢᠯᠡᠭᠡ ᠬᠠᠩᠭ᠋ᠠᠵᠤ᠂ ᠣᠯᠠᠨ ᠰᠠᠯᠠᠭ᠎ᠠ ᠮᠥᠴᠢᠷ᠎ᠲᠠᠢ ᠬᠠᠮᠵᠢᠯᠴᠠᠨ ᠢᠲᠡᠭᠡᠮᠵᠢ᠎ᠲᠠᠢ ᠪᠠᠢ᠌ᠬᠤ ᠵᠢ ᠤᠷᠮᠠᠰᠢᠭᠤᠯᠬᠤ ᠰᠢᠨ᠎ᠡ ᠰᠢᠪᠲᠤᠯᠤᠯᠲᠠ ᠵᠢ ᠪᠡᠶᠡᠯᠡᠭᠦᠯᠬᠦ᠎ᠪᠠᠷ ᠪᠠᠢ᠌ᠨ᠎ᠠ᠃
2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠨᠡᠢ᠌ᠲᠡᠯᠢᠭ ᠠᠵᠤ ᠠᠬᠤᠢ᠌ᠯᠠᠯ᠎ᠢ ᠰᠤᠩᠭᠤᠬᠤ ᠬᠠᠮᠢᠶᠠᠷᠤᠯᠲᠠ ᠵᠢᠨ ᠠᠷᠭ᠎ᠠ》 ᠵᠢ ᠰᠢᠨ᠎ᠡ᠎ᠪᠠᠷ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭ᠋ᠠᠵᠤ᠂ ᠦᠨᠡᠨᠴᠢ ᠢᠲᠡᠭᠡᠮᠵᠢ ᠵᠢᠨ ᠨᠡᠢ᠌ᠲᠡᠯᠢᠭ ᠠᠵᠤ ᠠᠬᠤᠢ᠌ᠯᠠᠯ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠰᠢᠯᠢᠳᠡᠭᠵᠢᠭᠦᠯᠦᠨ᠂ ᠰᠣᠩᠭᠣᠬᠤ ᠡᠲᠡᠭᠡᠳ᠎ᠢ ᠨᠠᠷᠢᠯᠢᠭᠵᠢᠭᠤᠯᠵᠤ᠂ ᠤᠷᠮᠠᠰᠢᠭᠤᠯᠬᠤ ᠠᠷᠭ᠎ᠠ ᠬᠡᠮᠵᠢᠶ᠎ᠡ ᠵᠢ ᠪᠠᠶᠠᠯᠢᠭᠵᠢᠭᠤᠯᠪᠠ᠃ ᠣᠲᠣ ᠪᠣᠯᠲᠠᠯ᠎ᠠ᠂ ᠨᠡᠢ᠌ᠲᠡᠯᠡᠭᠰᠡᠨ ᠦᠨᠡᠨᠴᠢ ᠢᠲᠡᠭᠡᠮᠵᠢ ᠵᠢᠨ ᠨᠡᠢ᠌ᠲᠡᠯᠢᠭ ᠠᠵᠤ ᠠᠬᠤᠢ᠌ᠯᠠᠯ ᠨᠡᠶ᠋ᠢᠲᠡ 21 ᠲᠦᠮᠡ ᠵᠢ ᠳᠠᠪᠠᠪᠠ ᠂ ᠡᠭᠦᠨ᠎ᠳᠤ ᠦᠨᠡᠨᠴᠢ ᠢᠲᠡᠭᠡᠮᠵᠢ ᠵᠢᠨ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ 1304᠂ ᠦᠨᠡᠨᠴᠢ ᠢᠲᠡᠭᠡᠮᠵᠢ ᠵᠢᠨ ᠬᠡᠪ ᠳᠠᠭᠤᠷᠢᠶᠠᠯ ᠠᠵᠤ ᠠᠬᠤᠢ᠌ᠯᠠᠯ 21 ᠪᠣᠶ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠰᠣᠩᠭᠣᠬᠤ ᠠᠷᠭ᠎ᠠ ᠵᠢᠨ ᠶᠣᠰᠣᠭ᠋ᠠᠷ᠂ ᠪᠥᠬᠥ ᠣᠷᠣᠨ᠎ᠤ ᠡᠯ᠎ᠡ ᠰᠠᠯᠠᠭ᠎ᠠ ᠮᠥᠴᠢᠷ᠎ᠠᠴᠠ ᠢᠲᠡᠭᠡᠮᠵᠢ᠎ᠲᠠᠢ ᠪᠠᠢ᠌ᠬᠤ ᠵᠢ ᠤᠷᠮᠠᠰᠢᠭᠤᠯᠬᠤ ᠠᠷᠭ᠎ᠠ ᠬᠡᠮᠵᠢᠶ᠎ᠡ ᠵᠢ ᠴᠤᠭᠯᠠᠭᠤᠯᠵᠤ᠂ ᠵᠢᠷᠤᠮᠵᠢᠯᠳᠤ ᠴᠢᠨᠠᠷ ᠪᠠ ᠪᠣᠯᠣᠮᠵᠢᠲᠤ ᠴᠢᠨᠠᠷ᠎ᠢ ᠳᠡᠭᠡᠭᠰᠢᠯᠡᠭᠦᠯᠪᠡ᠃
ᠢᠲᠡᠭᠡᠮᠵᠢ ᠵᠢᠨ ᠲᠡᠮᠳᠡᠭᠯᠡᠯ ᠵᠶ᠋ᠡᠷ ᠰᠠᠢ᠌ᠨ ᠡᠵᠡᠩᠨᠡᠯᠲᠡ ᠵᠢᠨ ᠭᠣᠣᠯ ᠴᠣᠭᠴᠠ ᠵᠢ ᠦᠨᠡᠨ ᠬᠦ᠌ ᠬᠠᠪᠰᠤᠷᠴᠤ ᠲᠥᠬᠥᠮ ᠲᠥᠲᠡ ᠬᠠᠷᠠᠭ᠋ᠠᠯᠵᠠᠯ᠎ᠲᠠᠢ ᠪᠡᠯᠡ ᠲᠣᠬᠢᠷᠠᠭᠤᠯᠭ᠎ᠠ ᠵᠢᠨ ᠢᠲᠡᠭᠡᠮᠵᠢᠲᠦ ᠵᠢᠭᠡᠯᠡᠯᠭᠡ ᠵᠢᠨ ᠦᠢ᠍ᠯᠡᠴᠢᠯᠡᠭᠡ ᠬᠦᠷᠲᠡᠭᠡᠨ ᠂ ᠪᠡᠯᠡ ᠲᠣᠬᠢᠷᠠᠭᠤᠯᠬᠤ᠎ᠳᠤ ᠬᠦᠴᠢᠷᠲᠡᠢ᠂ ᠪᠡᠯᠡ ᠲᠣᠬᠢᠷᠠᠭᠤᠯᠬᠤ᠎ᠳᠤ ᠦᠨᠡᠲᠡᠢ ᠪᠠᠢ᠌ᠬᠤ ᠠᠰᠠᠭᠤᠳᠠᠯ᠎ᠢ ᠨᠠᠮᠳᠠᠭᠤᠯᠬᠤ ᠵᠢᠨ ᠲᠦᠯᠦᠭᠡ ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠣᠷᠣᠨ᠎ᠤ ᠳᠣᠲᠣᠷᠠᠬᠢ ᠡᠬᠢ ᠪᠠᠶᠠᠯᠢᠭᠤᠳᠢ ᠢᠳᠡᠪᠬᠢᠲᠡᠢ᠎ᠪᠠᠷ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠪᠡᠯᠡ ᠲᠣᠬᠢᠷᠠᠭᠤᠯᠭ᠎ᠠ ᠵᠢᠨ ᠶᠡᠷᠦᠩᠬᠡᠢ᠌ᠯᠡᠭᠰᠡᠨ ᠢᠲᠡᠭᠡᠮᠵᠢ ᠵᠢᠨ ᠦᠢ᠍ᠯᠡᠴᠢᠯᠡᠭᠡᠨ᠎ᠤ ᠲᠠᠪᠴᠠᠩ᠎ᠤᠨ ᠥᠪᠥᠷ ᠮᠣᠩᠭᠣᠯ᠎ᠤᠨ ᠵᠠᠩᠭᠢᠯᠠᠭ᠎ᠠ ᠪᠠᠶ᠋ᠢᠭᠤᠯᠬᠤ ᠠᠵᠢᠯ᠎ᠢ ᠬᠦᠴᠦᠯᠡᠨ ᠠᠬᠢᠭᠤᠯᠪᠠ ᠃ ᠣᠲᠣ ᠪᠣᠯᠲᠠᠯ᠎ᠠ᠂ ᠨᠢᠭᠡᠨᠲᠡ 450 ᠳ᠋ᠦᠩᠰᠢᠭᠤᠷ ᠲᠥᠭᠥᠷᠢᠭ᠎ᠢ ᠳᠠᠪᠠᠭᠰᠠᠨ ᠢᠲᠡᠭᠡᠮᠵᠢᠲᠦ ᠵᠢᠭᠡᠯᠡᠯᠭᠡ ᠲᠠᠯᠪᠢᠵᠤ ᠂ ᠡᠭᠦᠨ᠎ᠤ ᠳᠣᠲᠣᠷ᠎ᠠ ᠴᠡᠪᠡᠷ ᠢᠲᠡᠭᠡᠮᠵᠢᠲᠦ ᠵᠢᠭᠡᠯᠡᠯᠭᠡ 235 ᠳ᠋ᠦᠩᠰᠢᠭᠤᠷ ᠲᠥᠭᠥᠷᠢᠭ ᠰᠢᠬᠠᠮ ᠪᠠᠢ᠌ᠪᠠ ᠃
ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠲᠠᠢ ᠬᠠᠮᠲᠤᠷᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠭᠠᠢ᠌ᠯᠢ ᠲᠤᠰᠢᠶᠠᠬᠤ ᠢᠲᠡᠭᠡᠮᠵᠢ ᠵᠢᠨ ᠬᠠᠮᠲᠤᠷᠠᠭᠰᠠᠨ ᠤᠷᠮᠠᠰᠢᠭᠤᠯᠤᠯ᠎ᠤᠨ ᠺᠠᠷᠲ〉᠎ᠤᠨ ᠲᠦᠷ ᠬᠡᠷᠡᠭᠵᠢᠭᠦᠯᠬᠦ ᠠᠷᠭ᠎ᠠ》 ᠵᠢ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃ ᠲᠣᠰ ᠠᠷᠭ᠎ᠠ᠎ᠳᠤ A ᠲᠠᠰ᠎ᠤᠨ ᠭᠠᠢ᠌ᠯᠢ ᠲᠤᠰᠢᠶᠠᠬᠤ ᠢᠲᠡᠭᠡᠮᠵᠢ᠎ᠪᠠᠷ ᠭᠣᠣᠯ ᠲᠤᠯᠬᠤ ᠴᠡᠭ ᠪᠣᠯᠭ᠋ᠠᠵᠤ᠂ 《 ᠤᠷᠢᠳ ᠵᠶ᠋ᠠᠷ ᠭᠦᠢ᠍ᠴᠡᠳᠬᠡᠬᠦ᠂ ᠲᠦᠷᠭᠡᠨ ᠭᠦᠢ᠍ᠴᠡᠳᠬᠡᠬᠦ᠂ ᠭᠠᠷ ᠭᠦᠢ᠍ᠴᠡᠳᠬᠡᠯ᠎ᠢ ᠳᠥᠭᠥᠮᠴᠢᠯᠡᠬᠦ᠂ ᠥᠪᠡᠷ᠎ᠤᠨ ᠥᠷᠲᠡᠭ᠎ᠢ ᠪᠠᠭᠤᠷᠠᠭᠤᠯᠬᠤ》 ᠵᠡᠷᠭᠡ ᠲᠠᠯ᠎ᠠ᠎ᠪᠠᠷ 45 ᠵᠤᠷᠪᠤᠰ ᠢᠲᠡᠭᠡᠮᠵᠢ᠎ᠲᠠᠢ ᠪᠠᠢ᠌ᠬᠤ ᠵᠢ ᠤᠷᠮᠠᠰᠢᠭᠤᠯᠬᠤ ᠠᠷᠭ᠎ᠠ ᠬᠡᠮᠵᠢᠶ᠎ᠡ ᠨᠡᠢ᠌ᠲᠡᠯᠡᠵᠦ᠂ ᠢᠲᠡᠭᠡᠮᠵᠢ᠎ᠲᠠᠢ ᠪᠠᠢ᠌ᠪᠠᠯ ᠠᠰᠢᠭ ᠬᠦᠷᠲᠡᠵᠦ ᠂ ᠢᠲᠡᠭᠡᠮᠵᠢ᠎ᠲᠠᠢ ᠪᠣᠯ ᠦᠷᠲᠡᠭ᠎ᠲᠠᠢ ᠵᠢ ᠪᠡᠶᠡᠯᠡᠭᠦᠯᠪᠡ᠃