4 ᠰᠠᠷ᠎ᠠ ᠵᠢᠨ 8᠎ᠤ ᠡᠳᠦᠷ᠂ ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠬᠤᠷᠠᠯᠳᠤᠭᠤᠯᠤᠭᠰᠠᠨ 《ᠦᠨᠡᠨᠴᠢ ᠢᠲᠡᠭᠡᠮᠵᠢ᠎ᠲᠠᠢ ᠥᠪᠥᠷ ᠮᠣᠩᠭᠣᠯ᠎ᠤᠨ ᠪᠠᠢ᠌ᠭᠤᠯᠤᠯᠲᠠ》 ᠭᠡᠬᠦ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠠᠷ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠦᠴᠦᠲᠡᠢ ᠠᠬᠢᠭᠤᠯᠤᠯ ᠳᠣᠣᠷ᠎ᠠ᠂ ᠣᠳᠣᠬᠠᠨ᠎ᠳᠤ ᠥᠪᠥᠷ ᠮᠣᠩᠭᠣᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠨᠢ ᠨᠢᠭᠡᠨᠲᠡ ᠨᠠᠮ᠎ᠤᠨ ᠬᠣᠷᠢᠶ᠎ᠠ ᠤᠳᠤᠷᠢᠳᠬᠤ᠂ ᠵᠠᠰᠠᠭ᠎ᠤᠨ ᠣᠷᠳᠣᠨ ᠭᠣᠣᠯᠯᠠᠨ ᠠᠳᠬᠤᠬᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠬᠢᠨᠠᠯᠲᠠ ᠲᠠᠯᠪᠢᠬᠤ᠂ ᠤᠯᠤᠰ ᠲᠦᠷᠦ ᠵᠢᠨ ᠵᠥᠪᠯᠡᠯᠭᠡᠨ᠎ᠠᠴᠠ ᠵᠥᠪᠳᠡᠯᠴᠡᠬᠦ᠂ ᠡᠯ᠎ᠡ ᠰᠠᠯᠠᠭ᠎ᠠ ᠮᠥᠴᠢᠷ ᠬᠠᠮᠲᠤ᠎ᠪᠠᠷ ᠠᠳᠬᠤᠵᠤ ᠬᠠᠮᠲᠤ᠎ᠪᠠᠷ ᠪᠠᠶ᠋ᠢᠭᠤᠯᠬᠤ᠂ ᠪᠦᠭᠦ ᠨᠡᠢ᠌ᠭᠡᠮ ᠵᠶ᠋ᠡᠷ ᠵᠶ᠋ᠡᠨ ᠥᠷᠭᠡᠨ ᠵᠶ᠋ᠡᠷ ᠣᠷᠤᠯᠴᠠᠬᠤ ᠠᠵᠢᠯ᠎ᠤᠨ ᠪᠠᠢ᠌ᠷᠢᠰᠢᠯ᠎ᠢ ᠪᠦᠷᠢᠯᠳᠦᠭᠦᠯᠦᠭᠰᠡᠨ ᠪᠥᠭᠡᠳ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠪᠠ᠃
ᠲᠠᠨᠢᠯᠴᠠᠭᠤᠯᠤᠭᠰᠠᠨ ᠵᠶ᠋ᠠᠷ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠲᠦᠪᠰᠢᠨ ᠴᠢᠨᠠᠭᠰᠢᠳᠠ ᠳᠡᠭᠡᠭᠰᠢᠯᠡᠪᠡ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠭᠦ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ 12345 ᠬᠠᠯᠠᠮᠰᠢᠯ ᠤᠲᠠᠰᠤᠨ᠎ᠤ ᠬᠠᠮᠲᠤᠷᠠᠯᠴᠠᠬᠤ ᠲᠣᠭᠲᠠᠴᠠ ᠵᠢ ᠪᠠᠢ᠌ᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠲᠣᠪᠣᠢ᠌ᠮ᠎ᠠ ᠠᠰᠠᠭᠤᠳᠠᠯ᠎ᠳᠤ ᠲᠤᠰᠬᠠᠢ ᠴᠡᠭᠴᠡᠯᠡᠨ ᠵᠠᠰᠠᠯᠲᠠ ᠥᠷᠨᠢᠭᠦᠯᠪᠡ᠃ ᠡᠷᠬᠡ ᠬᠠᠷᠢᠭᠤᠴᠠᠯᠭ᠎ᠠ ᠵᠢᠨ ᠲᠣᠳᠣᠷᠬᠠᠢ ᠬᠠᠭᠤᠳᠠᠰᠤ ᠵᠢᠨ ᠳᠦᠷᠢᠮ᠎ᠢ ᠨᠠᠢ᠌ᠳᠠᠪᠤᠷᠢᠵᠢᠭᠤᠯᠤᠨ᠂ 681 ᠵᠦᠢ᠍ᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠪᠦᠭᠦ ᠡᠯᠧᠮᠧᠨ᠋ᠲ᠎ᠤᠨ ᠪᠠᠷᠢᠮᠵᠢᠶᠠᠵᠢᠭᠤᠯᠤᠯᠲᠠ ᠵᠢ ᠠᠬᠢᠭᠤᠯᠵᠤ᠂ ᠣᠳᠣᠬᠠᠨ᠎ᠳᠤ ᠨᠢᠭᠡᠨᠲᠡ 3595 ᠵᠦᠢ᠍ᠯ᠎ᠤᠨ ᠵᠢᠷᠤᠮᠵᠢᠭᠤᠯᠤᠯᠲᠠ ᠵᠢ ᠨᠢᠭᠡᠳᠦᠯᠲᠡᠢ ᠬᠡᠷᠡᠭᠵᠢᠭᠦᠯᠬᠦ᠎ᠪᠠᠷ ᠨᠡᠢ᠌ᠲᠡᠯᠡᠪᠡ᠃ ᠪᠦᠭᠦ ᠣᠷᠣᠨ᠎ᠤ ᠨᠢᠭᠡ ᠴᠣᠭᠴᠠᠵᠢᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠢ᠌ᠲ᠋ᠠ ᠵᠢᠨ ᠰᠢᠰᠲ᠋ᠧᠮ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ᠂ ᠬᠣᠲᠠ᠂ ᠰᠢᠶᠠᠨ᠂ ᠰᠢᠶᠠᠩ᠂ ᠲᠣᠰᠬᠣᠨ ᠲᠠᠪᠤᠨ ᠱᠠᠲᠤ ᠵᠢ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠵᠤ᠂ ᠪᠦᠭᠦ ᠣᠷᠣᠨ᠎ᠤ ᠨᠢᠭᠡᠳᠦᠯᠲᠡᠢ ᠡᠯᠧᠺᠲᠷᠣᠨ ᠦᠨᠡᠮᠯᠡᠯ᠎ᠤᠨ ᠬᠥᠮᠥᠷᠭᠡ ᠵᠢ ᠨᠢᠭᠡᠨᠲᠡ ᠥᠪᠡᠷᠲᠡᠭᠡᠨ ᠵᠠᠰᠠᠬᠤ ᠣᠷᠣᠨ᠎ᠤ 124 ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠲᠠᠢ ᠵᠣᠯᠭ᠋ᠠᠭᠤᠯᠵᠤ᠂ ᠦᠨᠡᠮᠯᠡᠯ᠎ᠤᠨ ᠲᠥᠷᠥᠯ ᠭᠡᠯᠪᠡᠷᠢ ᠵᠢᠨ 687 ᠲᠥᠷᠥᠯ᠎ᠤᠨ 7236 ᠲᠦᠮᠡ ᠭᠠᠷᠤᠢ ᠵᠤᠷᠪᠤᠰ ᠲᠣᠭ᠎ᠠ ᠪᠠᠷᠢᠮᠲᠠ ᠵᠢ ᠬᠤᠷᠠᠮᠳᠤᠭᠤᠯᠪᠠ; ᠲᠣᠭᠲᠠᠴᠠ ᠵᠢ ᠲᠡᠭᠦᠯᠳᠡᠷᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠳᠠᠯᠳᠤᠭ᠋ᠠᠨ᠎ᠤ ᠶᠠᠪᠤᠳᠠᠯ᠎ᠤᠨ ᠦᠨᠡᠨᠴᠢ ᠢᠲᠡᠭᠡᠮᠵᠢ ᠵᠢᠨ ᠲᠦᠪᠰᠢᠨ ᠴᠢᠨᠠᠭᠰᠢᠳᠠ ᠳᠡᠭᠡᠭᠰᠢᠯᠡᠪᠡ᠃ ᠢᠲᠡᠭᠡᠮᠵᠢ᠎ᠪᠠᠷ ᠰᠠᠭᠤᠷᠢ ᠪᠤᠯᠭ᠋ᠠᠬᠰᠠᠨ ᠰᠢᠨ᠎ᠡ ᠭᠡᠯᠪᠡᠷᠢ ᠵᠢᠨ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠡᠯ᠎ᠡ ᠬᠢᠨᠠᠨ ᠬᠠᠮᠢᠶᠠᠷᠬᠤ ᠠᠵᠢᠯ ᠲᠥᠷᠥᠯ᠎ᠤᠨ ᠢᠲᠡᠭᠡᠮᠵᠢ ᠵᠢᠨ ᠠᠮᠠᠯᠠᠯᠲᠠ ᠵᠢᠨ ᠳᠦᠷᠢᠮ᠎ᠢ ᠬᠡᠷᠡᠭᠵᠢᠭᠦᠯᠪᠡ᠃ ᠢᠲᠡᠭᠡᠮᠵᠢ ᠵᠢᠨ《ᠤᠯᠠᠭ᠋ᠠᠨ ᠬᠠᠷ᠎ᠠ ᠲᠠᠩᠰᠠ》 ᠵᠢᠨ ᠳᠦᠷᠢᠮ᠎ᠢ ᠰᠠᠢ᠌ᠲᠤᠷ ᠬᠡᠷᠡᠭᠯᠡᠵᠦ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢ ᠵᠠᠯᠠᠷᠠᠭᠤᠯᠤᠭᠰᠠᠨ᠎ᠤ ᠳᠠᠷᠠᠭ᠋ᠠᠬᠢ ᠢᠲᠡᠭᠡᠮᠵᠢ ᠵᠢᠨ ᠮᠡᠳᠡᠭᠡ ᠵᠠᠩᠭᠢ ᠵᠢ ᠵᠠᠰᠠᠨ ᠰᠡᠷᠭᠦᠭᠡᠬᠦ ᠠᠵᠢᠯ᠎ᠤᠨ ᠲᠥᠰᠥᠯ᠎ᠢ ᠲᠣᠭᠲᠠᠭ᠋ᠠᠵᠤ᠂ ᠢᠲᠡᠭᠡᠮᠵᠢ ᠵᠢ ᠵᠠᠰᠠᠨ ᠰᠡᠷᠭᠦᠭᠡᠬᠦ ᠠᠵᠢᠯ᠎ᠢ ᠥᠷᠨᠢᠭᠦᠯᠦᠨ᠂ ᠢᠲᠡᠭᠡᠯ ᠠᠯᠳᠠᠭᠰᠠᠨ ᠡᠵᠡᠩᠨᠡᠯᠲᠡ ᠵᠢᠨ ᠭᠣᠣᠯ ᠴᠣᠭᠴᠠ ᠵᠢᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢ ᠵᠠᠯᠠᠷᠠᠭᠤᠯᠬᠤ ᠵᠢ ᠵᠣᠷᠢᠬ᠍ᠵᠢᠭᠤᠯᠪᠠ; ᠦᠨᠡᠨᠴᠢ ᠢᠲᠡᠭᠡᠮᠵᠢ ᠵᠢᠨ ᠣᠷᠴᠢᠨ ᠠᠬᠤᠢ ᠵᠢ ᠪᠤᠢ ᠪᠤᠯᠭ᠋ᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠢ᠌ᠭᠡᠮ᠎ᠤᠨ ᠦᠨᠡᠨᠴᠢ ᠢᠲᠡᠭᠡᠮᠵᠢ ᠵᠢᠨ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠪᠡ᠃ 《ᠦᠨᠡᠨᠴᠢ ᠢᠲᠡᠭᠡᠮᠵᠢ᠎ᠲᠠᠢ ᠥᠪᠥᠷ ᠮᠣᠩᠭᠣᠯ᠎ᠤᠨ ᠪᠠᠢ᠌ᠭᠤᠯᠤᠯᠲᠠ》 ᠭᠡᠬᠦ 4 ᠳᠡᠪᠲᠡᠷ ᠰᠢᠷᠢᠰ ᠨᠣᠮ᠎ᠢ ᠢᠯᠡ᠎ᠪᠠᠷ ᠬᠡᠪᠯᠡᠨ ᠲᠠᠷᠬᠠᠭ᠋ᠠᠵᠤ᠂ ᠨᠠᠮ ᠵᠠᠰᠠᠭ᠎ᠤᠨ ᠪᠠᠢ᠌ᠭᠤᠯᠭ᠎ᠠ ᠵᠢᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠪᠣᠯᠪᠠᠰᠤᠷᠠᠯ ᠤᠬᠠᠭᠤᠯᠭ᠎ᠠ ᠵᠢᠨ ᠠᠵᠢᠯ᠎ᠢ ᠥᠷᠨᠢᠭᠦᠯᠪᠡ᠃ ᠡᠯ᠎ᠡ ᠲᠦᠷᠦᠯ᠎ᠤᠨ ᠦᠨᠡᠨᠴᠢ ᠢᠲᠡᠭᠡᠮᠵᠢᠲᠡᠢ ᠬᠥᠮᠥᠰ᠎ᠢ 《ᠤᠨᠤᠯ᠎ᠤᠨ ᠰᠤᠷᠤᠯᠴᠠᠯᠭ᠎ᠠ ᠵᠢᠨ ᠬᠥᠩᠭᠡᠨ ᠮᠣᠷᠢᠲᠤ ᠴᠡᠷᠢᠭ》᠎ᠤᠨ ᠤᠬᠠᠭᠤᠯᠤᠨ ᠲᠠᠢ᠌ᠯᠪᠤᠷᠢᠯᠠᠬᠤ ᠡᠩᠨᠡᠭᠡ᠎ᠳᠤ ᠣᠷᠣᠭᠤᠯᠵᠤ᠂ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠵᠠᠯᠭ᠋ᠠᠭ᠎ᠠ᠎ᠪᠠᠷ ᠡᠬᠢᠯᠡᠭᠦᠯᠵᠦ᠂ ᠢᠲᠡᠭᠡᠯ ᠠᠯᠳᠠᠭᠰᠠᠨ ᠲᠣᠪᠣᠢ᠌ᠮ᠎ᠠ ᠠᠰᠠᠭᠤᠳᠠᠯ᠎ᠢ ᠲᠤᠢ᠌ᠯᠪᠤᠷᠢᠲᠠᠢ ᠴᠡᠭᠴᠡᠯᠡᠨ ᠵᠠᠰᠠᠬᠤ ᠠᠵᠢᠯ᠎ᠢ ᠡᠬᠢᠯᠡᠭᠦᠯᠵᠦ᠂ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠵᠠᠯᠬᠠᠭ᠋ᠠᠨ ᠴᠡᠭᠡᠷᠯᠡᠭᠦᠯᠬᠦ ᠡᠷᠴᠢᠮ ᠵᠶ᠋ᠡᠨ ᠴᠢᠩᠭ᠋ᠠᠷᠠᠭᠤᠯᠪᠠ; ᠢᠯᠡ ᠲᠣᠳᠣ ᠲᠥᠪ ᠭᠣᠣᠯᠴᠢ ᠪᠠᠢ᠌ᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢ ᠴᠠᠭ᠋ᠠᠵᠠ ᠵᠢᠨ ᠢᠲᠡᠭᠡᠮᠵᠢ ᠵᠢᠨ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠪᠡ᠃ ᠬᠠᠤᠯᠢ ᠬᠡᠷᠡᠭᠵᠢᠭᠦᠯᠬᠦ ᠬᠠᠤᠯᠢ ᠴᠠᠭ᠋ᠠᠵᠠ ᠵᠢᠨ ᠮᠡᠳᠡᠭᠡ ᠵᠠᠩᠭᠢ ᠪᠦᠭᠦᠨ᠎ᠢ ᠢᠯᠡ ᠪᠤᠯᠭ᠋ᠠᠬᠤ ᠵᠢ ᠠᠬᠢᠭᠤᠯᠵᠤ᠂ ᠰᠢᠭᠦᠬᠦ ᠬᠣᠷᠢᠶ᠎ᠠ ᠵᠢᠨ ᠰᠢᠰᠲ᠋ᠧᠮ᠎ᠤᠨ᠎ᠬᠢᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢ 5.7 ᠲᠦᠮᠡ ᠭᠠᠷᠤᠢ ᠬᠤᠪᠢ ᠢᠯᠡ ᠪᠤᠯᠭ᠋ᠠᠵᠤ᠂ ᠰᠢᠭᠦᠨ ᠲᠠᠰᠤᠯᠬᠤ ᠶᠠᠪᠤᠴᠠ ᠵᠢᠨ ᠮᠡᠳᠡᠭᠡ ᠵᠠᠩᠭᠢ ᠵᠢ ᠢᠯᠡ ᠪᠤᠯᠭ᠋ᠠᠬᠰᠠᠨ ᠨᠤᠷᠮ᠎ᠠ 99.91%᠎ᠳᠤ ᠬᠦᠷᠴᠦ᠂ ᠪᠠᠢ᠌ᠴᠠᠭ᠋ᠠᠬᠤ ᠬᠣᠷᠢᠶ᠎ᠠ 1.3 ᠲᠦᠮᠡ ᠭᠠᠷᠤᠢ ᠬᠡᠷᠡᠭ᠎ᠤᠨ ᠮᠡᠳᠡᠭᠡ ᠵᠠᠩᠭᠢ ᠵᠢ ᠨᠡᠢ᠌ᠲᠡᠯᠡᠪᠡ᠃ ᠬᠦᠨᠳᠦ ᠨᠣᠴᠢᠲᠠᠢ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠵᠠᠯᠬᠠᠭ᠋ᠠᠨ ᠴᠡᠭᠡᠷᠯᠡᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠭᠦᠢ᠍ᠴᠡᠳᠬᠡᠬᠦ ᠵᠢ ᠲᠡᠪᠴᠢᠭᠰᠡᠨ ᠰᠢᠭᠦᠬᠦ ᠬᠣᠷᠢᠶ᠎ᠠ ᠵᠢᠨ ᠬᠦᠴᠦᠨ᠎ᠲᠠᠢ ᠪᠣᠯᠤᠭᠰᠠᠨ ᠲᠠᠰᠤᠯᠤᠨ ᠲᠣᠭᠲᠠᠭ᠋ᠠᠯᠲᠠ ᠵᠢᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠢᠲᠡᠭᠡᠯ ᠠᠯᠳᠠᠭᠰᠠᠨ ᠭᠦᠢ᠍ᠴᠡᠳᠬᠡᠭᠳᠡᠭᠴᠢ ᠵᠢᠨ ᠨᠡᠷᠡᠰ᠎ᠢ 3278 ᠬᠥᠮᠥᠨ ᠤᠳᠠᠭ᠎ᠠ ᠨᠡᠢ᠌ᠲᠡᠯᠡᠪᠡ᠃