ᠦᠨᠠᠨᠴᠢ ᠢᠲᠡᠭᠡᠮᠵᠢ᠎ᠶᠢᠨ ᠪᠠᠶ᠋ᠢᠭᠤᠯᠤᠯᠲᠠ᠎ᠶᠢᠨ ᠢᠨᠵᠧᠨᠧᠷᠢᠩ   -   ᠮᠡᠳᠡᠭᠡᠯᠡᠯ
ᠦᠬᠠᠢ ᠬᠣᠲᠠ ᠵᠢᠨ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ》 ᠵᠢᠨ ᠴᠣᠩᠬᠣ ᠪᠦᠬᠦᠨ᠎ᠢ ᠬᠠᠮᠤᠷᠪᠠ
ᠨᠡᠶ᠋ᠢᠲᠡᠯᠡᠭᠰᠡᠨ ᠴᠠᠭ᠄ 2024-04-02

ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠤᠯᠠᠮ ᠴᠢᠩᠭ᠋ᠠᠳᠬᠠᠵᠤ᠂ ᠢᠲᠡᠭᠡᠮᠵᠢ᠎ᠲᠠᠢ ᠰᠠᠢ᠌ᠨ ᠰᠠᠢ᠌ᠬᠠᠨ ᠵᠠᠰᠠᠭ᠎ᠤᠨ ᠶᠠᠪᠤᠳᠠᠯ᠎ᠤᠨ ᠣᠷᠴᠢᠨ ᠨᠥᠬᠥᠴᠡᠯ᠎ᠢ ᠪᠣᠶ ᠪᠣᠯᠭ᠋ᠠᠬᠤ ᠵᠢᠨ ᠲᠥᠯᠥᠭᠡ᠂ ᠣᠢ᠌ᠷ᠎ᠠ᠎ᠳᠤ᠂ ᠦᠬᠠᠢ ᠵᠢᠨ ᠬᠣᠲᠠ᠂ ᠲᠣᠭᠣᠷᠢᠭ ᠬᠣᠶᠠᠷ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ ᠴᠥᠮ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ》 ᠵᠢᠨ ᠴᠣᠩᠬᠣ ᠭᠠᠷᠭ᠋ᠠᠭᠰᠠᠨ ᠪᠥᠭᠡᠳ ᠠᠵᠢᠯ᠎ᠤᠨ ᠲᠤᠰᠬᠠᠢ ᠲᠤᠰᠢᠶᠠᠯᠲᠠᠨ ᠲᠣᠬᠢᠷᠠᠭᠤᠯᠵᠤ᠂ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ》 ᠵᠢᠨ ᠴᠣᠩᠬᠣ ᠪᠦᠬᠦᠨ᠎ᠢ ᠬᠠᠮᠤᠷᠪᠠ᠃

《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ》 ᠵᠢᠨ ᠴᠣᠩᠬᠣ ᠵᠢ ᠪᠠᠢ᠌ᠭᠤᠯᠤᠭᠰᠠᠨ᠎ᠨᠢ ᠦᠬᠠᠢ ᠬᠣᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠠᠷᠭ᠎ᠠ ᠵᠠᠮ᠎ᠢ ᠨᠡᠪᠲᠡᠷᠡᠭᠦᠯᠬᠦ ᠨᠢᠭᠡ ᠵᠦᠢ᠍ᠯ᠎ᠤᠨ ᠴᠢᠬᠤᠯᠠ ᠠᠷᠭ᠎ᠠ ᠬᠡᠮᠵᠢᠶ᠎ᠡ ᠪᠠᠢ᠌ᠵᠤ᠂ ᠡᠨᠡ᠎ᠨᠢ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠲᠦᠪᠰᠢᠨ᠎ᠢ ᠳᠡᠭᠡᠭᠰᠢᠯᠡᠭᠦᠯᠬᠦ᠂ ᠬᠤᠳᠠᠯᠳᠤᠭ᠋ᠠᠨ᠎ᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ》 ᠵᠢᠨ ᠴᠣᠩᠬᠣ᠎ᠨᠢ ᠭᠣᠣᠯᠳᠠᠭᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠳ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂ ᠵᠠᠰᠠᠭ᠎ᠤᠨ ᠣᠷᠳᠣᠨ ᠬᠢᠭᠡᠳ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ᠂ ᠠᠵᠤ ᠦᠢ᠍ᠯᠡᠰ᠎ᠤᠨ ᠳᠡᠮᠵᠢᠯᠭᠡ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠬᠦᠷᠢᠶᠡᠨ᠎ᠳᠠᠬᠢ ᠠᠮᠠᠯᠠᠯᠲᠠ ᠵᠢᠨ ᠵᠦᠢ᠍ᠯᠡᠰ᠎ᠤᠨ ᠪᠣᠯᠵᠣᠭ᠎ᠠ᠎ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢᠨ ᠵᠠᠭ᠋ᠠᠯᠳᠤᠯᠭ᠎ᠠ ᠵᠢ ᠲᠥᠪᠯᠡᠷᠡᠭᠦᠯᠦᠨ ᠭᠥᠯᠢᠶᠡᠨ ᠠᠪᠴᠤ ᠰᠢᠢ᠍ᠳᠪᠦᠷᠢᠯᠡᠨ᠎ᠡ᠃ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ》 ᠵᠢᠨ ᠴᠣᠩᠬᠣᠨ᠎ᠤ ᠵᠠᠭ᠋ᠠᠯᠳᠤᠯᠭ᠎ᠠ ᠵᠢᠨ ᠠᠷᠭ᠎ᠠ ᠵᠠᠮ᠎ᠤᠨ ᠰᠠᠭ᠋ᠠᠳ ᠦᠭᠡᠢ ᠪᠥᠭᠡᠳ ᠥᠨᠳᠥᠷ ᠪᠦᠲᠦᠮᠵᠢᠲᠡᠶ ᠪᠠᠢ᠌ᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠬᠣᠲᠠ᠂ ᠲᠣᠭᠣᠷᠢᠭ ᠬᠣᠶᠠᠷ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠠᠯᠠᠭ᠎ᠠ ᠮᠥᠴᠢᠷ᠎ᠤᠳ ᠴᠥᠮ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ》 ᠵᠢᠨ ᠠᠵᠢᠯ᠎ᠤᠨ ᠡᠬᠡ ᠲᠠᠩᠰᠠ ᠵᠢ ᠪᠠᠢ᠌ᠭᠤᠯᠵᠤ᠂ ᠵᠠᠭ᠋ᠠᠯᠳᠤᠯᠭ᠎ᠠ᠎ᠨᠤᠭᠤᠳ᠎ᠢ ᠲᠥᠷᠥᠯ ᠬᠤᠪᠢᠶᠠᠨ ᠰᠢᠯᠵᠢᠭᠦᠯᠦᠨ ᠭᠦᠢ᠍ᠴᠡᠳᠬᠡᠬᠦ ᠪᠠ ᠴᠡᠭᠴᠡᠯᠡᠨ ᠰᠠᠢ᠌ᠵᠢᠷᠠᠭᠤᠯᠵᠤ ᠬᠠᠷᠢᠭᠤ ᠲᠤᠰᠬᠠᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠂ ᠵᠠᠭ᠋ᠠᠯᠳᠤᠯᠭ᠎ᠠ᠎ᠳᠤ ᠬᠠᠨᠳᠤᠭᠤᠯᠤᠨ ᠰᠤᠳᠤᠯᠤᠨ ᠮᠠᠭ᠋ᠠᠳᠯᠠᠵᠤ ᠵᠠᠳᠠᠯᠤᠨ᠂ ᠣᠨᠣᠪᠴᠢᠲᠠᠢ ᠰᠢᠯᠵᠢᠭᠦᠯᠦᠨ ᠭᠦᠢ᠍ᠴᠡᠳᠬᠡᠪᠡ᠃

《ᠪᠢᠳᠡ ᠨᠢᠭᠡᠨᠲᠡ ᠰᠢᠯᠵᠢᠭᠦᠯᠦᠨ ᠭᠦᠢ᠍ᠴᠡᠳᠬᠡᠭᠦᠯᠦᠭᠰᠡᠨ ᠵᠠᠭ᠋ᠠᠯᠳᠤᠯᠭ᠎ᠠ᠎ᠨᠤᠭᠤᠳ᠎ᠢ ᠲᠣᠭᠲᠠᠭᠰᠠᠨ ᠬᠤᠭᠤᠴᠠᠭ᠎ᠠ᠎ᠪᠠᠷ ᠲᠣᠬᠢᠷᠠᠭᠤᠯᠤᠨ ᠬᠤᠷᠢᠶᠠᠩᠭᠤᠢ᠌ᠯᠠᠵᠤ᠂ ᠵᠠᠭ᠋ᠠᠯᠳᠤᠯᠭ᠎ᠠ ᠵᠢᠨ ᠠᠬᠢᠴᠠ ᠵᠢ ᠠᠵᠤ ᠠᠬᠤᠢ᠌ᠯᠠᠯ ᠪᠠ ᠣᠯᠠᠨ ᠲᠦᠮᠡᠨ᠎ᠳᠤ ᠴᠠᠭ ᠲᠤᠬᠠᠢ᠎ᠳᠤ᠎ᠨᠢ ᠲᠤᠰᠬᠠᠵᠤ᠂ ᠠᠵᠤ ᠠᠬᠤᠢ᠌ᠯᠠᠯ ᠪᠠ ᠣᠯᠠᠨ ᠲᠦᠮᠡᠨ᠎ᠤ ᠵᠠᠭ᠋ᠠᠯᠳᠤᠯᠭ᠎ᠠ ᠵᠢᠨ ᠱᠠᠭ᠋ᠠᠷᠳᠠᠯᠭ᠎ᠠ᠎ᠳᠤ ᠴᠥᠮ ᠬᠠᠷᠢᠭᠤᠯᠲᠠ ᠥᠭᠬᠦ ᠵᠢ ᠦᠨᠡᠨ ᠬᠦ᠌ ᠪᠠᠲᠤᠯᠠᠪᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ 〈ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ〉 ᠵᠢᠨ ᠴᠣᠩᠬᠣᠨ᠎ᠤ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠪᠠᠢ᠌ᠩᠭᠤᠰᠢᠭᠤᠯᠤᠭᠰᠠᠨ᠂ ᠰᠢᠰᠲ᠋ᠧᠮᠵᠢᠭᠰᠡᠨ᠂ ᠥᠨᠳᠥᠷ ᠪᠦᠲᠦᠮᠵᠢ᠎ᠲᠠᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠰᠢᠢ᠍ᠳᠪᠦᠷᠢᠯᠡᠬᠦ ᠲᠣᠭᠲᠠᠯᠴᠠᠭ᠎ᠠ ᠵᠢ ᠪᠠᠢ᠌ᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠬᠢᠨᠠᠯᠲᠠ ᠬᠠᠮᠢᠶᠠᠷᠤᠯᠲᠠ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠬᠤᠳᠠᠯᠳᠤᠭ᠋ᠠᠨ᠎ᠤ ᠣᠷᠴᠢᠨ ᠨᠥᠬᠥᠴᠡᠯ᠎ᠤᠨ ᠪᠠᠢ᠌ᠭᠤᠯᠤᠯᠲᠠ ᠳᠤᠮᠳᠠᠬᠢ ᠡᠯ᠎ᠡ ᠲᠦᠷᠦᠯ᠎ᠤᠨ ᠡᠪᠡᠷᠰᠢᠶᠡᠯ᠂ ᠲᠦᠭᠵᠢᠷᠡᠯ᠂ ᠬᠦᠴᠢᠷᠳᠡᠯ ᠎ᠢ ᠦᠨᠡᠨ ᠬᠦ᠌ ᠰᠢᠢ᠍ᠳᠪᠦᠷᠢᠯᠡᠵᠦ᠂ ᠢᠲᠡᠭᠡᠮᠵᠢ᠎ᠲᠠᠢ ᠵᠠᠰᠠᠭ᠎ᠤᠨ ᠶᠠᠪᠤᠳᠠᠯ᠎ᠤᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃》 ᠭᠡᠵᠦ ᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶᠠᠨ᠎ᠤ ᠳᠠᠷᠤᠭ᠎ᠠ ᠯᠢ ᠰᠢᠶᠠᠩ ᠳ᠋ᠦᠩ ᠬᠡᠯᠡᠪᠡ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ