ᠦᠨᠠᠨᠴᠢ ᠢᠲᠡᠭᠡᠮᠵᠢ᠎ᠶᠢᠨ ᠪᠠᠶ᠋ᠢᠭᠤᠯᠤᠯᠲᠠ᠎ᠶᠢᠨ ᠢᠨᠵᠧᠨᠧᠷᠢᠩ   -   ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ 《ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠨᠡᠢ᠌ᠭᠡᠮ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ》 ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ ᠵᠠᠩ ᠶᠠᠨ ᠺᠦᠨ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-04-02

 

3 ᠰᠠᠷ᠎ᠠ ᠵᠢᠨ 28᠎ᠤ  ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ 《ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ   ᠨᠡᠢ᠌ᠭᠡᠮ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ》 ᠵᠥᠪᠯᠡᠬᠦ ᠰᠡᠳᠦᠪ᠎ᠤᠨ ᠲᠣᠭᠣᠷᠢᠨ᠎ᠳᠤ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ᠃  ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃

ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠵᠧᠩ ᠭᠤᠸᠠᠩ ᠵᠣᠣ ᠮᠠᠨ᠎ᠤ ᠣᠷᠣᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠲᠠᠯ᠎ᠠ᠎ᠪᠠᠷ ᠣᠯᠣᠭᠰᠠᠨ ᠠᠮᠵᠢᠯᠲᠠ ᠪᠦᠲᠦᠮᠵᠢ ᠵᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠥᠸᠧ ᡁᠢ ᠬᠤ᠌ ᠬᠤᠷᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠡᠢ᠌ᠭᠡᠮ ᠪᠠ ᠬᠠᠤᠯᠢ ᠳᠦᠷᠢᠮ᠎ᠤᠨ ᠵᠥᠪᠯᠡᠯ᠎ᠤᠨ ᠬᠠᠷᠢᠭᠤᠴᠠᠯᠭ᠋ᠠᠲᠠᠨ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠵᠢᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠠᠤᠯᠢ ᠴᠠᠭ᠋ᠠᠵᠠ ᠵᠢᠨ ᠲᠢᠩᠬᠢᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠲᠤᠰᠬᠠᠢ ᠰᠡᠳᠦᠪᠲᠦ ᠶᠠᠷᠢᠶ᠎ᠠ ᠲᠠᠯᠪᠢᠵᠠᠢ᠃ ᠬᠤᠷᠠᠯ᠎ᠳᠤ ᠣᠷᠣᠯᠴᠠᠭᠰᠠᠳ ᠵᠥᠪᠯᠡᠬᠦ ᠰᠡᠳᠦᠪ᠎ᠤᠨ ᠲᠣᠭᠣᠷᠢᠨ᠎ᠳᠤ ᠬᠠᠷᠢᠯᠴᠠᠨ ᠵᠥᠪᠳᠡᠯᠴᠡᠪᠡ᠃

ᠬᠤᠷᠠᠯ᠎ᠠᠴᠠ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ ᠪᠣᠯ ᠨᠢᠭᠡ ᠵᠦᠢ᠍ᠯ᠎ᠤᠨ ᠴᠢᠬᠤᠯᠠ ᠶᠡᠬᠡ ᠢᠨᠵᠧᠨᠧᠷᠢᠩ ᠮᠥᠨ᠂ ᠪᠦᠭᠦ ᠣᠷᠣᠨ᠎ᠤ ᠡᠯ᠎ᠡ ᠱᠠᠲᠤᠨ᠎ᠤ ᠤᠯᠤᠰ ᠲᠥᠷᠥ ᠵᠢᠨ ᠵᠥᠪᠯᠡᠯᠭᠡᠨ᠎ᠤ᠎ᠬᠢᠨ ᠲᠡᠭᠦᠨ᠎ᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢᠨ ᠭᠣᠣᠯᠳᠠᠯᠭ᠎ᠠ᠎ᠲᠠᠢ ᠠᠭᠤᠯᠭ᠎ᠠ ᠪᠤᠯᠭ᠋ᠠᠵᠤ᠂ ᠠᠷᠭ᠎ᠠ ᠤᠬᠠᠭ᠋ᠠᠨ ᠭᠠᠷᠭ᠋ᠠᠨ ᠵᠠᠰᠠᠭ᠎ᠲᠤ ᠲᠤᠰᠠᠯᠠᠬᠤ ᠪᠠ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ ᠠᠵᠢᠯ᠎ᠢ ᠦᠷᠭᠦᠯᠵᠢᠯᠡᠨ ᠰᠠᠢ᠌ᠲᠤᠷ ᠬᠢᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠬᠤᠷᠠᠯ᠎ᠠᠴᠠ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠲᠤ 《ᠦᠨᠡᠨᠴᠢ ᠢᠲᠡᠭᠡᠮᠵᠢᠲᠦ ᠥᠪᠥᠷ ᠮᠣᠩᠭᠣᠯ᠎ᠤᠨ ᠪᠠᠢ᠌ᠭᠤᠯᠤᠯᠲᠠ》᠎ᠳᠤ ᠬᠦᠴᠦᠨ ᠨᠡᠮᠡᠷᠢᠯᠡᠬᠦ ᠰᠠᠨᠠᠭ᠋ᠠᠴᠢᠯᠠᠭ᠎ᠠ ᠭᠠᠷᠭ᠋ᠠᠪᠠ᠃


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ