ᠦᠨᠠᠨᠴᠢ ᠢᠲᠡᠭᠡᠮᠵᠢ᠎ᠶᠢᠨ ᠪᠠᠶ᠋ᠢᠭᠤᠯᠤᠯᠲᠠ᠎ᠶᠢᠨ ᠢᠨᠵᠧᠨᠧᠷᠢᠩ   -   ᠮᠡᠳᠡᠭᠡᠯᠡᠯ
ᠤᠯᠠᠭ᠋ᠠᠨᠬᠠᠳᠠ ᠬᠣᠲᠠ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ》᠎ᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ ᠪᠣᠶ
ᠨᠡᠶ᠋ᠢᠲᠡᠯᠡᠭᠰᠡᠨ ᠴᠠᠭ᠄ 2024-05-06

 

ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠥᠬᠥᠳᠡ ᠬᠤᠷᠠᠯ᠎ᠳᠤ ᠪᠠᠢ᠌ᠷᠢᠯᠠᠭᠤᠯᠤᠭᠰᠠᠨ 《ᠵᠢᠷᠭᠤᠭ᠋ᠠᠨ ᠢᠨᠵᠧᠨᠧᠷᠢᠩ》᠎ᠤᠨ ᠨᠢᠭᠡ᠎ᠨᠢ ᠪᠣᠯᠣᠨ᠎ᠠ᠃ ᠤᠯᠠᠭ᠋ᠠᠨᠬᠠᠳᠠ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠭᠦᠨᠵᠡᠭᠡᠢ ᠰᠦᠪᠡᠭᠴᠢᠯᠡᠨ᠂ ᠤᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠵᠢᠭᠦᠯᠵᠦ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠤᠯᠠᠭ᠋ᠠᠨᠬᠠᠳᠠ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠳᠤ ᠨᠠᠢ᠌ᠳᠠᠪᠤᠷᠢᠵᠢᠭᠤᠯᠤᠨ ᠨᠠᠷᠢᠯᠢᠭᠵᠢᠭᠤᠯᠬᠤ ᠵᠢ ᠠᠬᠢᠭᠤᠯᠵᠤ ᠪᠤᠢ᠃

ᠨᠢᠭᠡ᠎ᠳᠤ ᠠᠷᠭ᠎ᠠ ᠰᠦᠪᠡᠭᠴᠢᠯᠡᠨ ᠪᠠᠢ᠌ᠷᠢᠯᠠᠭᠤᠯᠬᠤ᠎ᠪᠠᠨ ᠴᠢᠩᠭ᠋ᠠᠳᠬᠠᠪᠠ᠃ ᠲᠤᠰᠬᠠᠢ ᠬᠥᠮᠥᠨ ᠲᠤᠰᠬᠠᠢ ᠠᠩᠭᠢ ᠲᠣᠭᠲᠠᠭ᠋ᠠᠵᠤ ᠲᠤᠰ ᠠᠵᠢᠯ᠎ᠢ ᠬᠠᠷᠢᠭᠤᠴᠠᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠠᠵᠢᠯ᠎ᠤᠨ ᠪᠣᠳᠠᠲᠠᠢ᠎ᠲᠠᠢ ᠤᠶᠠᠯᠳᠤᠭᠤᠯᠵᠤ᠂ 《ᠤᠯᠠᠭ᠋ᠠᠨᠬᠠᠳᠠ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ ᠡᠭᠦᠷᠭᠡ ᠵᠢᠨ ᠲᠣᠳᠣᠷᠬᠠᠢ ᠬᠠᠭᠤᠳᠠᠰᠤ》 ᠵᠢ ᠲᠣᠭᠲᠠᠭ᠋ᠠᠵᠤ᠂ 19 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠲᠣᠳᠣᠷᠬᠠᠢ᠌ᠯᠠᠨ᠂ ᠬᠠᠷᠢᠭᠤᠴᠠᠬᠤ ᠰᠠᠯᠠᠭ᠎ᠠ ᠲᠠᠰᠤᠭ ᠪᠠ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠨᠢᠭᠡᠳ ᠨᠢᠭᠡ᠎ᠪᠠᠷ ᠲᠣᠭᠲᠠᠭ᠋ᠠᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠠᠮᠢ ᠠᠬᠤᠢ ᠣᠷᠴᠢᠨ ᠲᠣᠭᠤᠷᠢᠨ᠎ᠤ ᠲᠣᠪᠴᠢᠶ᠎ᠠ᠎ᠳᠤ ᠨᠠᠢ᠌ᠳᠠᠪᠤᠷᠢᠵᠢᠭᠤᠯᠤᠨ ᠨᠠᠷᠢᠯᠢᠭᠵᠢᠭᠤᠯᠬᠤ ᠵᠢ ᠪᠠᠲᠤᠯᠠᠵᠠᠢ᠃

ᠬᠣᠶᠠᠷ᠎ᠲᠤ ᠣᠷᠴᠢᠨ ᠲᠣᠭᠤᠷᠢᠨ᠎ᠢ ᠨᠥᠯᠥᠭᠡᠯᠡᠬᠦ ᠦᠨᠡᠯᠡᠯᠲᠡ ᠵᠢᠨ ᠦᠨᠡᠨᠴᠢ ᠢᠲᠡᠭᠡᠮᠵᠢ ᠵᠢᠨ ᠲᠠᠩᠰᠠ ᠵᠢ ᠪᠠᠢ᠌ᠭᠤᠯᠪᠠ᠃ ᠣᠷᠴᠢᠨ ᠲᠣᠭᠣᠷᠢᠨ᠎ᠢ ᠨᠥᠯᠥᠭᠡᠯᠡᠬᠦ ᠦᠨᠡᠯᠡᠯᠲᠡ ᠵᠢᠨ ᠪᠢᠴᠢᠭ ᠮᠠᠲ᠋ᠧᠷᠢᠶᠠᠯ᠎ᠤᠨ ᠵᠢᠷᠤᠮᠵᠢᠯ᠎ᠤᠨ ᠴᠢᠨᠠᠷᠲᠠᠢ ᠪᠠᠢ᠌ᠴᠠᠭ᠋ᠠᠯᠲᠠ ᠵᠢᠨ ᠠᠵᠢᠯ᠎ᠢ ᠪᠥᠬᠥ ᠲᠠᠯ᠎ᠠ᠎ᠪᠠᠷ ᠰᠠᠢ᠌ᠲᠤᠷ ᠬᠢᠵᠦ᠂ ᠣᠷᠴᠢᠨ ᠲᠣᠭᠣᠷᠢᠨ᠎ᠢ ᠨᠥᠯᠥᠭᠡᠯᠡᠬᠦ ᠦᠨᠡᠯᠡᠯᠲᠡ ᠵᠢᠨ ᠵᠥᠪᠰᠢᠶᠡᠷᠡᠯ᠎ᠤᠨ ᠲᠤᠬᠠᠢ᠌ᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ᠎ᠳᠤ᠎ᠪᠠᠨ ᠣᠷᠣᠨ ᠲᠣᠭ᠋ᠠᠲᠤ ᠨᠢᠭᠡᠴᠢ ᠵᠢᠨ ᠦᠨᠡᠨᠴᠢ ᠢᠲᠡᠭᠡᠮᠵᠢ ᠵᠢᠨ ᠲᠠᠩᠰᠠ ᠵᠢ ᠨᠢᠭᠡᠳ ᠨᠢᠭᠡ᠎ᠪᠠᠷ ᠪᠠᠢ᠌ᠴᠠᠭ᠋ᠠᠨ ᠯᠠᠪᠯᠠᠵᠤ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ(ᠬᠦᠰᠦᠨᠦᠭᠲᠦ)᠎ᠢ 《ᠬᠠᠷ᠎ᠠ ᠲᠠᠩᠰᠠ》᠎ᠳᠤ ᠵᠢᠭᠰᠠᠭ᠋ᠠᠨ ᠣᠷᠣᠭᠤᠯᠤᠭᠰᠠᠨ ᠪᠤᠶᠤ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠵᠠᠰᠠᠬᠤ ᠨᠡᠷᠡᠰ᠎ᠲᠤ ᠵᠢᠭᠰᠠᠭ᠋ᠠᠨ ᠣᠷᠣᠭᠤᠯᠤᠭᠰᠠᠨ᠎ᠢ ᠢᠯᠡᠷᠡᠭᠦᠯᠪᠡᠯ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃ 2024 ᠣᠨ᠎ᠠᠴᠠ ᠨᠠᠭ᠋ᠠᠰᠢ ᠨᠡᠢ᠍ᠢ᠍ᠳᠡ 7 ᠲᠥᠰᠥᠯ᠎ᠤᠨ ᠣᠷᠴᠢᠨ ᠲᠣᠭᠣᠷᠢᠨ᠎ᠢ ᠨᠥᠯᠥᠭᠡᠯᠡᠬᠦ ᠦᠨᠡᠯᠡᠯᠲᠡ ᠵᠢᠨ ᠮᠡᠳᠡᠭᠦᠯᠦᠯᠲᠡ ᠵᠢᠨ ᠵᠢᠷᠤᠮᠵᠢᠯ᠎ᠤᠨ ᠴᠢᠨᠠᠷᠲᠠᠢ ᠪᠠᠢ᠌ᠴᠠᠭ᠋ᠠᠯᠲᠠ ᠵᠢᠨ ᠠᠵᠢᠯ᠎ᠢ ᠪᠡᠶᠡᠯᠡᠭᠦᠯᠪᠡ᠃

ᠭᠤᠷᠪᠠ᠎ᠳᠤ ᠣᠷᠴᠢᠨ ᠲᠣᠭᠤᠷᠢᠨ᠎ᠤ ᠢᠲᠡᠭᠡᠮᠵᠢ ᠵᠢᠨ ᠦᠨᠡᠯᠡᠯᠲᠡ ᠵᠢ ᠯᠠᠪᠳᠠᠭᠤᠨ ᠪᠠᠲᠤᠲᠠᠢ ᠦᠷᠨᠢᠭᠦᠯᠪᠡ᠃ 《ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢ ᠦᠨᠡᠯᠡᠬᠦ ᠬᠠᠮᠢᠶᠠᠷᠤᠯᠲᠠ ᠵᠢᠨ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠠᠭᠢ ᠡᠲᠡᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠲᠡᠭᠡᠮᠵᠢ ᠵᠢ ᠦᠨᠡᠯᠡᠬᠦ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ 2023 ᠣᠨ᠎ᠤ ᠪᠣᠬᠢᠷᠲᠤᠯ ᠭᠠᠳᠠᠭᠰᠢᠯᠠᠭᠤᠯᠬᠤ ᠨᠢᠭᠡᠴᠢ᠂ ᠭᠤᠷᠪᠠᠳᠠᠭᠢ ᠡᠲᠡᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢ ᠦᠨᠡᠯᠡᠬᠦ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠣᠳᠣᠬᠠᠨ᠎ᠳᠤ ᠴᠥᠮ ᠠᠩᠬᠠᠨ᠎ᠤ ᠦᠨᠡᠯᠡᠯᠲᠡ ᠵᠢ ᠪᠡᠶᠡᠯᠡᠭᠦᠯᠦᠭᠰᠡᠨ ᠪᠥᠭᠡᠳ ᠦᠷ᠎ᠡ ᠳ᠋ᠦᠩ᠎ᠢ ᠠᠮᠢ ᠠᠬᠤᠢ ᠣᠷᠴᠢᠨ ᠲᠣᠭᠤᠷᠢᠨ᠎ᠤ ᠲᠣᠪᠴᠢᠶ᠎ᠠ ᠵᠢᠨ ᠰᠦᠯᠵᠢᠶᠡᠨ᠎ᠳᠤ ᠵᠠᠷᠯᠠᠨ ᠨᠡᠢ᠌ᠲᠡᠯᠡᠪᠡ᠃

ᠲᠠᠷᠠᠭ᠋ᠠᠴᠢ ᠵᠢᠨ ᠠᠯᠬᠤᠮ᠎ᠳᠤ᠂ ᠤᠯᠠᠭ᠋ᠠᠨᠬᠠᠳᠠ ᠬᠣᠲᠠ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠤᠨ ᠬᠡᠷᠡᠭᠯᠡᠯᠲᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠦᠨᠳᠦᠰᠦᠯᠡᠨ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠣᠯᠠᠨ ᠲᠦᠮᠡᠨ᠎ᠤ ᠣᠷᠴᠢᠨ ᠲᠣᠭᠣᠷᠢᠨ᠎ᠤ ᠡᠷᠬᠡ ᠠᠰᠢᠭ᠎ᠢ ᠦᠨᠡᠨ ᠬᠦ᠌ ᠪᠠᠲᠤᠯᠠᠵᠤ᠂ ᠦᠨᠡᠨᠴᠢ ᠢᠲᠡᠭᠡᠮᠵᠢ ᠵᠢᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ