《ᠢᠷᠭᠡᠨ᠎ᠤ ᠬᠠᠤᠯᠢ ᠵᠢᠨ ᠪᠢᠴᠢᠭ》᠎ᠲᠠᠬᠢ ᠦᠨᠡᠨᠴᠢ ᠢᠲᠡᠭᠡᠮᠵᠢᠲᠡᠢ ᠪᠠᠢ᠌ᠬᠤ ᠵᠠᠷᠴᠢᠮ ᠭᠡᠳᠡᠭ᠎ᠨᠢ ᠢᠷᠭᠡᠨ᠎ᠤ ᠬᠡᠷᠡᠭ᠎ᠤᠨ ᠪᠤᠢ ᠪᠦᠬᠦᠢ ᠪᠡᠶᠡᠴᠢ ᠴᠣᠭᠴᠠ᠎ᠨᠢ ᠶᠠᠮᠠᠷᠪᠠ ᠢᠷᠭᠡᠨ᠎ᠤ ᠬᠡᠷᠡᠭ᠎ᠤᠨ ᠠᠵᠢᠯᠯᠠᠭ᠎ᠠ᠎ᠳᠤ᠎ᠪᠠᠨ᠂ ᠢᠷᠭᠡᠨ᠎ᠤ ᠬᠡᠷᠡᠭ᠎ᠤᠨ ᠡᠷᠬᠡ᠎ᠪᠠᠨ ᠬᠡᠷᠡᠭᠵᠢᠭᠦᠯᠬᠦ ᠵᠢ ᠪᠠᠭᠲᠠᠭ᠋ᠠᠭᠰᠠᠨ᠂ ᠢᠷᠭᠡᠨ᠎ᠤ ᠬᠡᠷᠡᠭ᠎ᠤᠨ ᠡᠭᠦᠷᠭᠡ᠎ᠪᠠᠨ ᠭᠦᠢ᠍ᠴᠡᠳᠬᠡᠬᠦ᠂ ᠢᠷᠭᠡᠨ᠎ᠤ ᠬᠡᠷᠡᠭ᠎ᠤᠨ ᠬᠠᠷᠢᠭᠤᠴᠠᠯᠭ᠎ᠠ᠎ᠪᠠᠨ ᠡᠭᠦᠷᠭᠡᠯᠡᠬᠦ ᠦᠶᠡᠰ᠎ᠲᠤ ᠴᠥᠮ ᠦᠨᠡᠨᠴᠢ ᠰᠢᠳᠤᠷᠭᠤ᠂ ᠰᠠᠢ᠌ᠨ ᠰᠠᠨᠠᠭ᠎ᠠ᠎ᠲᠠᠢ᠂ ᠮᠡᠬᠡᠯᠡᠵᠦ ᠬᠠᠭᠤᠷᠬᠤ ᠦᠭᠡᠢ᠂ ᠦᠭᠡ ᠶᠠᠷᠢᠶ᠎ᠠ ᠦᠢ᠍ᠯᠡ ᠠᠵᠢᠯᠯᠠᠭ᠎ᠠ᠎ᠪᠠᠨ ᠨᠢᠭᠡᠳᠬᠡᠬᠦ᠂ ᠠᠮᠠᠯᠠᠯᠲᠠ᠎ᠪᠠᠨ ᠪᠠᠲᠤ ᠵᠢᠷᠤᠮᠯᠠᠬᠤ ᠵᠢ ᠵᠢᠭ᠋ᠠᠵᠤ ᠪᠠᠢ᠌ᠨ᠎ᠠ᠃ ᠦᠨᠡᠨᠴᠢ ᠢᠲᠡᠭᠡᠮᠵᠢᠲᠡᠢ ᠪᠠᠢ᠌ᠬᠤ ᠵᠠᠷᠴᠢᠮ᠎ᠨᠢ ᠢᠷᠭᠡᠨ᠎ᠤ ᠬᠠᠤᠯᠢ ᠵᠢᠨ ᠬᠠᠮᠤᠭ᠎ᠤᠨ ᠴᠢᠬᠤᠯᠠ ᠦᠨᠳᠦᠰᠦᠨ ᠵᠠᠷᠴᠢᠮ ᠪᠣᠯᠤᠭᠰᠠᠨ᠎ᠤ ᠬᠤᠪᠢ᠎ᠳᠤ᠂ ᠢᠷᠭᠡᠨ᠎ᠤ ᠬᠠᠤᠯᠢ ᠵᠢᠨ 《ᠡᠵᠡᠨ ᠬᠠᠭ᠋ᠠᠨ᠎ᠤ ᠵᠦᠢ᠍ᠯ ᠵᠤᠷᠪᠤᠰ》 ᠭᠡᠭᠳᠡᠳᠡᠭ᠃ ᠦᠨᠡᠨᠴᠢ ᠢᠲᠡᠭᠡᠮᠵᠢᠲᠡᠢ ᠪᠠᠢ᠌ᠬᠤ ᠪᠣᠯ ᠵᠠᠬ᠎ᠠ ᠳᠡᠯᠭᠡᠭᠦᠷ᠎ᠤᠨ ᠠᠵᠢᠯᠯᠠᠭ᠎ᠠ ᠵᠢᠨ ᠦᠨᠳᠦᠰᠦᠨ ᠪᠠᠷᠢᠮᠵᠢᠶ᠎ᠠ᠂ ᠠᠷᠠᠯᠵᠢᠶᠠᠨ᠎ᠤ ᠡᠮᠬᠢ ᠵᠢᠷᠤᠮ᠎ᠢ ᠪᠠᠲᠤᠯᠠᠬᠤ ᠴᠢᠬᠤᠯᠠ ᠬᠠᠤᠯᠢ ᠴᠠᠭ᠋ᠠᠵᠠ ᠵᠢᠨ ᠵᠠᠷᠴᠢᠮ ᠮᠥᠨ ᠪᠠᠢ᠌ᠵᠤ᠂ ᠲᠡᠷᠡ᠎ᠨᠢ ᠲᠥᠪ ᠭᠣᠣᠯᠴᠢ ᠪᠠᠢ᠌ᠬᠤ ᠵᠠᠷᠴᠢᠮ᠎ᠲᠠᠢ ᠠᠳᠠᠯᠢ᠎ᠪᠠᠷ ᠬᠠᠤᠯᠢ ᠴᠠᠭ᠋ᠠᠵᠠ ᠵᠢᠨ ᠵᠠᠷᠴᠢᠮ ᠪᠣᠯᠬᠤ ᠮᠥᠷᠲᠡᠭᠡᠨ ᠴᠢᠬᠤᠯᠠ ᠶᠣᠰᠣ ᠰᠤᠷᠲᠠᠬᠤᠨ᠎ᠤ ᠵᠢᠷᠤᠮᠵᠢᠯ ᠪᠣᠯᠣᠨ᠎ᠠ᠃
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ ᠵᠢᠨ ᠪᠢᠴᠢᠭ》
ᠳᠣᠯᠣᠳᠤᠭ᠋ᠠᠷ ᠵᠦᠢ᠍ᠯ ᠢᠷᠭᠡᠨ᠎ᠤ ᠬᠡᠷᠡᠭ᠎ᠤᠨ ᠪᠡᠶᠡᠴᠢ ᠴᠣᠭᠴᠠ᠎ᠨᠢ ᠢᠷᠭᠡᠨ᠎ᠤ ᠬᠡᠷᠡᠭ᠎ᠤᠨ ᠠᠵᠢᠯᠯᠠᠭ᠎ᠠ ᠬᠢᠬᠦ᠎ᠳᠤ᠎ᠪᠠᠨ ᠦᠨᠡᠨᠴᠢ ᠢᠲᠡᠭᠡᠮᠵᠢᠲᠡᠢ ᠪᠠᠢ᠌ᠬᠤ ᠵᠠᠷᠴᠢᠮ᠎ᠢ ᠵᠢᠷᠤᠮᠯᠠᠨ᠂ ᠦᠨᠡᠨᠴᠢ ᠰᠢᠳᠤᠷᠭᠤ ᠪᠠᠢ᠌ᠵᠤ᠂ ᠠᠮᠠᠯᠠᠯᠲᠠ᠎ᠪᠠᠨ ᠬᠢᠴᠢᠶᠡᠩᠭᠦᠢ᠌ᠯᠡᠨ ᠵᠢᠷᠤᠮᠯᠠᠬᠤ ᠬᠡᠷᠡᠭᠲᠡᠢ᠃
ᠲᠠᠪᠤᠨ ᠵᠠᠭᠤ ᠳ᠋ᠤᠭ᠋ᠠᠷ ᠵᠦᠢ᠍ᠯ ᠲᠤᠬᠠᠢ ᠵᠢᠨ ᠬᠥᠮᠥᠨ ᠭᠡᠷ᠎ᠡ ᠲᠣᠭᠲᠠᠭ᠋ᠠᠬᠤ ᠶᠠᠪᠤᠴᠠ᠎ᠳᠤ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠳ᠎ᠤᠨ ᠨᠢᠭᠡ᠎ᠨᠢ ᠪᠠᠢ᠌ᠵᠤ᠂ ᠨᠥᠭᠥᠭᠡ ᠡᠲᠡᠭᠡᠳ᠎ᠲᠤ᠎ᠪᠠᠨ ᠬᠣᠬᠢᠷᠠᠯ ᠤᠴᠠᠷᠠᠭᠤᠯᠤᠭᠰᠠᠨ ᠪᠣᠯ᠂ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠄
(ᠨᠢᠭᠡ) ᠭᠡᠷ᠎ᠡ ᠲᠣᠭᠲᠠᠭ᠋ᠠᠬᠤ ᠨᠡᠷ᠎ᠡ᠎ᠪᠠᠷ ᠰᠢᠯᠲᠠᠭᠯᠠᠨ ᠮᠠᠭᠤ ᠰᠠᠨᠠᠭ᠎ᠠ᠎ᠲᠠᠢ᠎ᠪᠠᠷ ᠵᠥᠪᠳᠡᠯᠴᠡᠭᠰᠡᠨ;
(ᠬᠣᠶᠠᠷ) ᠭᠡᠷ᠎ᠡ ᠲᠣᠭᠲᠠᠭ᠋ᠠᠬᠤ᠎ᠳᠤ ᠬᠣᠯᠪᠣᠭᠳᠠᠭᠰᠠᠨ ᠴᠢᠬᠤᠯᠠ ᠪᠣᠳᠠᠲᠤ ᠬᠡᠷᠡᠭ᠎ᠢ ᠵᠣᠷᠢᠭᠤᠳᠠ ᠨᠢᠭᠤᠭᠰᠠᠨ ᠪᠤᠶᠤ ᠬᠤᠳᠠᠯ ᠬᠠᠭᠤᠷᠮᠠᠭ ᠪᠠᠢ᠌ᠳᠠᠯ᠎ᠢ ᠬᠠᠩᠭ᠋ᠠᠭᠰᠠᠨ;
(ᠭᠤᠷᠪᠠ) ᠦᠨᠡᠨᠴᠢ ᠢᠲᠡᠭᠡᠮᠵᠢᠲᠡᠢ ᠪᠠᠢ᠌ᠬᠤ ᠵᠠᠷᠴᠢᠮ᠎ᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠎ᠲᠠᠢ ᠪᠠᠢ᠌ᠬᠤ᠃
ᠲᠠᠪᠤᠨ ᠵᠠᠭᠤ ᠪᠥᠭᠡᠳ ᠶᠢᠰᠦᠳᠦᠭᠡᠷ ᠵᠦᠢ᠍ᠯ᠎ᠤᠨ ᠬᠣᠶᠠᠳᠤᠭ᠋ᠠᠷ ᠪᠠᠳᠠᠭ ᠲᠤᠬᠠᠢ ᠵᠢᠨ ᠬᠥᠮᠥᠨ ᠦᠨᠡᠨᠴᠢ ᠢᠲᠡᠭᠡᠮᠵᠢᠲᠡᠢ ᠪᠠᠢ᠌ᠬᠤ ᠵᠠᠷᠴᠢᠮ᠎ᠢ ᠵᠢᠷᠤᠮᠯᠠᠨ᠂ ᠭᠡᠷ᠎ᠡ ᠵᠢᠨ ᠰᠢᠨᠵᠢ ᠴᠢᠨᠠᠷ᠂ ᠵᠣᠷᠢᠯᠭ᠎ᠠ ᠪᠠ ᠠᠷᠠᠯᠵᠢᠶᠠᠨ᠎ᠤ ᠵᠠᠩᠰᠢᠯ᠎ᠢ ᠦᠨᠳᠦᠰᠦᠯᠡᠨ ᠮᠡᠳᠡᠭᠳᠡᠬᠦ᠂ ᠬᠠᠮᠵᠢᠯᠴᠠᠬᠤ᠂ ᠨᠢᠭᠤᠴᠠ ᠵᠢ ᠬᠠᠮᠠᠭ᠋ᠠᠯᠠᠬᠤ ᠵᠡᠷᠭᠡ ᠡᠭᠦᠷᠭᠡ ᠵᠢ ᠭᠦᠢ᠍ᠴᠡᠳᠬᠡᠬᠦ ᠬᠡᠷᠡᠭᠲᠡᠢ᠃