ᠦᠨᠠᠨᠴᠢ ᠢᠲᠡᠭᠡᠮᠵᠢ᠎ᠶᠢᠨ ᠪᠠᠶ᠋ᠢᠭᠤᠯᠤᠯᠲᠠ᠎ᠶᠢᠨ ᠢᠨᠵᠧᠨᠧᠷᠢᠩ   -   ᠮᠡᠳᠡᠭᠡᠯᠡᠯ
ᠪᠦᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠬᠤ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-07-04

      7 ᠳ᠋ᠤᠭ᠋ᠠᠷ ᠰᠠᠷ᠎ᠠ ᠵᠢᠨ 3᠎ᠤ ᠡᠳᠦᠷ ᠂  ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ  ᠦᠨᠡᠨᠴᠢ  ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠬᠤ ᠬᠤᠷᠠᠯ᠎ᠢ  ᠣᠷᠳᠣᠰ ᠬᠤᠲᠠ᠎ᠳᠤ  ᠬᠤᠷᠠᠯᠳᠤᠭᠤᠯᠪᠠ᠃

       ᠬᠤᠷᠠᠯ  ᠳᠡᠭᠡᠷ᠎ᠡ  ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ  ᠦᠨᠡᠨᠴᠢ  ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠤᠭᠰᠠᠨ ᠪᠠᠢ᠌ᠳᠠᠯ᠎ᠢ  ᠨᠡᠪᠲᠡᠷᠡᠭᠦᠯᠦᠨ ᠮᠡᠳᠡᠭᠡᠯᠡᠵᠦ ᠂  ᠪᠥᠬᠦ ᠣᠷᠣᠨ᠎ᠤ ᠡᠯ᠎ᠡ ᠠᠢ᠌ᠮᠠᠭ ᠬᠤᠲᠠ ᠂  ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠰ ᠭᠠᠵᠠᠷ ᠣᠷᠣᠨ ᠂  ᠲᠣᠰ ᠰᠠᠯᠠᠭ᠎ᠠ ᠮᠥᠴᠢᠷ᠎ᠤᠨ ᠵᠶ᠋ᠠᠨ ᠵᠠᠰᠠᠭ᠎ᠤᠨ ᠶᠠᠪᠤᠳᠠᠯ᠎ᠤᠨ  ᠦᠨᠡᠨᠴᠢ  ᠢᠲᠡᠭᠡᠮᠵᠢ ᠵᠢᠨ ᠪᠠᠢ᠌ᠭᠤᠯᠤᠯᠲᠠ ᠵᠢᠨ ᠪᠠᠢ᠌ᠳᠠᠯ᠎ᠤᠨ  ᠲᠠᠯ᠎ᠠ᠎ᠪᠠᠷ  ᠰᠠᠨᠠᠯ ᠵᠶ᠋ᠠᠨ  ᠰᠣᠯᠢᠯᠴᠠᠬᠤ  ᠶᠠᠷᠢᠶ᠎ᠠ  ᠲᠠᠯᠪᠢᠵᠠᠢ᠃

       ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂  ᠵᠠᠰᠠᠭ᠎ᠤᠨ ᠣᠷᠳᠣᠨ᠎ᠤ ᠳᠡᠭᠡᠳᠦ ᠬᠡᠮᠵᠢᠶ᠎ᠡ᠎ᠪᠠᠷ ᠠᠩᠬᠠᠷᠴᠤ ᠂  ᠪᠥᠬᠦ ᠬᠦᠴᠦᠨ ᠵᠶ᠋ᠠᠷ ᠵᠶ᠋ᠠᠨ  ᠠᠬᠢᠭᠤᠯᠵᠤ ᠪᠠᠢ᠌ᠭ᠎ᠠ ᠨᠢᠭᠡᠨ  ᠴᠢᠬᠤᠯᠠ ᠶᠡᠬᠡ ᠢᠨᠵᠧᠨᠧᠷᠢᠩ ᠮᠥᠨ ᠂  ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠎ᠨᠢ  ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠴᠢᠬᠤᠯᠠ ᠪᠦᠷᠢᠯᠳᠦᠭᠦᠨ ᠬᠡᠰᠡᠭ ᠂  ᠮᠥᠨ  ᠴᠤ᠌ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ ᠪᠠ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠪᠤᠷᠢ᠎ᠪᠠᠨ  ᠳᠡᠭᠡᠭᠰᠢᠯᠡᠭᠦᠯᠬᠦ ᠬᠦᠴᠦᠲᠡᠢ ᠭᠠᠷᠳᠠᠴᠠ  ᠶᠤᠮ᠃ ᠡᠨᠡ ᠵᠢᠯ᠎ᠠᠴᠠ ᠨᠠᠭ᠋ᠠᠰᠢ ᠂  ᠥᠪᠡᠷᠲᠡᠭᠡᠨ ᠵᠠᠰᠠᠬᠤ ᠣᠷᠣᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠠᠬᠢᠭᠤᠯᠬᠤ ᠶᠠᠪᠤᠴᠠ᠎ᠳᠤ᠎ᠪᠠᠨ᠂  ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢ ᠲᠡᠷᠢᠭᠦᠨ ᠪᠠᠢ᠌ᠷᠢᠨ᠎ᠳᠤ  ᠲᠠᠯᠪᠢᠨ ᠂  ᠬᠠᠷᠢᠭᠤᠴᠠᠯᠭ᠋ᠠᠲᠤ ᠵᠠᠰᠠᠭ᠎ᠤᠨ ᠣᠷᠳᠣᠨ ᠂  ᠢᠯᠡ ᠲᠣᠳᠣ ᠵᠠᠰᠠᠭ᠎ᠤᠨ ᠣᠷᠳᠣᠨ ᠂  ᠦᠨᠡᠨᠴᠢ ᠢᠲᠡᠭᠡᠮᠵᠢᠲᠡᠢ ᠵᠠᠰᠠᠭ᠎ᠤᠨ ᠣᠷᠳᠣᠨ᠎ᠢ ᠪᠥᠬᠦ ᠬᠦᠴᠦᠨ ᠵᠶ᠋ᠠᠷ ᠵᠶ᠋ᠠᠨ  ᠪᠠᠢ᠌ᠭᠤᠯᠵᠤ ᠂  ᠵᠠᠬ᠎ᠠ ᠳᠡᠯᠭᠡᠭᠦᠷᠴᠢᠯᠡᠭᠰᠡᠨ ᠂  ᠬᠠᠤᠯᠢᠵᠢᠭᠰᠠᠨ ᠂  ᠳᠡᠯᠡᠬᠡᠢ᠌ᠴᠢᠯᠡᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠪᠣᠶ ᠪᠣᠯᠭ᠋ᠠᠵᠤ ᠂  ᠪᠥᠬᠦ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠪᠦᠲᠦᠮᠵᠢᠲᠡᠶ  ᠠᠬᠢᠭᠤᠯᠤᠭᠰᠠᠨ ᠪᠠᠢ᠌ᠨ᠎ᠠ᠃

       ᠬᠤᠷᠠᠯ  ᠳᠡᠭᠡᠷ᠎ᠡ ᠂  ᠡᠯ᠎ᠡ ᠭᠠᠵᠠᠷ ᠣᠷᠣᠨ ᠂  ᠡᠯ᠎ᠡ ᠰᠠᠯᠠᠭ᠎ᠠ ᠮᠥᠴᠢᠷ᠎ᠤᠳ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ ᠂  ᠬᠠᠷᠢᠭᠤᠴᠠᠯᠭ᠎ᠠ ᠵᠢᠨ ᠤᠬᠠᠮᠰᠠᠷ ᠪᠠ  ᠡᠭᠦᠷᠭᠡ᠎ᠪᠠᠨ ᠪᠡᠶᠡᠯᠡᠭᠦᠯᠬᠦ ᠤᠬᠠᠮᠰᠠᠷ ᠵᠶ᠋ᠠᠨ ᠴᠢᠩᠭ᠋ᠠᠳᠬᠠᠵᠤ᠂  ᠵᠠᠰᠠᠭ᠎ᠤᠨ ᠶᠠᠪᠤᠳᠠᠯ᠎ᠤᠨ  ᠦᠨᠡᠨᠴᠢ  ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ ᠂  ᠦᠨᠡᠨ ᠪᠣᠳᠠᠲᠠᠢ ᠠᠵᠢᠯ᠎ᠤᠨ ᠦᠷ᠎ᠡ ᠪᠦᠲᠦᠮᠵᠢ᠎ᠪᠠᠷ ᠵᠶ᠋ᠠᠨ  ᠬᠤᠷᠠᠯ  ᠳᠡᠭᠡᠷ᠎ᠡ ᠪᠠᠢ᠌ᠷᠢᠯᠠᠭᠤᠯᠤᠭᠰᠠᠨ  ᠡᠯ᠎ᠡ ᠵᠦᠢ᠍ᠯ᠎ᠤᠨ ᠡᠭᠦᠷᠭᠡ᠎ᠨᠦᠭᠦᠳ᠎ᠢ  ᠰᠠᠢ᠌ᠲᠤᠷ ᠨᠠᠢ᠌ᠳᠠᠪᠤᠷᠢᠵᠢᠭᠤᠯᠬᠤ ᠵᠢᠨ ᠬᠠᠮᠲᠤ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠲᠤ ᠴᠠᠭ ᠲᠤᠬᠠᠢ᠎ᠳᠤ᠎ᠨᠢ  ᠮᠡᠳᠡᠭᠦᠯᠬᠦ ᠬᠡᠷᠡᠭᠲᠡᠢ ; ᠦᠵᠡᠵᠦ ᠰᠤᠷᠤᠯᠴᠠᠬᠤ ᠴᠡᠭ ᠪᠠ ᠲᠣᠰ ᠤᠳᠠᠭ᠋ᠠᠨ᠎ᠤ ᠠᠬᠢᠭᠤᠯᠬᠤ ᠬᠤᠷᠠᠯ᠎ᠤᠨ  ᠰᠠᠨᠠᠯ ᠵᠶ᠋ᠠᠨ  ᠰᠣᠯᠢᠯᠴᠠᠬᠤ  ᠶᠠᠷᠢᠶᠠᠨ᠎ᠳᠠᠬᠢ  ᠰᠠᠢ᠌ᠨ ᠠᠷᠭ᠎ᠠ ᠬᠢᠳᠡᠯ ᠰᠠᠢ᠌ᠨ ᠲᠤᠷᠰᠢᠯᠭ᠎ᠠ ᠵᠢ ᠭᠦᠢ᠍ᠴᠡᠳ ᠲᠣᠯᠢᠯᠠᠨ ᠰᠤᠷᠤᠯᠴᠠᠵᠤ᠂  ᠳᠠᠭᠤᠷᠢᠶᠠᠵᠤ  ᠪᠣᠯᠬᠤᠢ᠌ᠴᠠ ᠂  ᠳᠡᠯᠭᠡᠷᠡᠭᠦᠯᠵᠦ  ᠪᠣᠯᠬᠤᠢ᠌ᠴᠠ  ᠠᠷᠭ᠎ᠠ ᠵᠠᠮ᠎ᠤᠳ᠎ᠢ  ᠳ᠋ᠦᠩᠨᠡᠨ ᠪᠣᠯᠪᠠᠰᠤᠷᠠᠭᠤᠯᠵᠤ ᠂  ᠲᠣᠰ ᠭᠠᠵᠠᠷ ᠣᠷᠣᠨ ᠂  ᠲᠣᠰ ᠰᠠᠯᠠᠭ᠎ᠠ ᠮᠥᠴᠢᠷ᠎ᠤᠨ ᠪᠣᠳᠠᠲᠤ ᠪᠠᠢ᠌ᠳᠠᠯ᠎ᠳᠤ ᠨᠡᠢ᠌ᠴᠡᠭᠰᠡᠨ ᠥᠪᠡᠷᠮᠢᠴᠡ ᠣᠨᠴᠠᠯᠢᠭ᠎ᠲᠠᠢ ᠬᠢᠯᠠᠰ ᠴᠡᠭ᠎ᠢ ᠡᠭᠦᠳᠦᠨ ᠪᠠᠢ᠌ᠭᠤᠯᠵᠤ ᠂  ᠪᠣᠳᠠᠲᠠᠢ ᠵᠢ ᠨᠠᠩ ᠡᠷᠬᠢᠮᠯᠡᠭᠰᠡᠨ  ᠦᠢ᠍ᠯᠡᠳᠦᠯ᠎ᠲᠠᠢ  ᠰᠡᠳᠬᠢᠮᠵᠢ ᠠᠷᠭ᠎ᠠ ᠬᠡᠮᠵᠢᠶ᠎ᠡ ᠠᠪᠴᠤ  ᠪᠠᠢ᠌ᠭ᠋ᠠᠳ  ᠵᠠᠰᠠᠭ᠎ᠤᠨ ᠶᠠᠪᠤᠳᠠᠯ᠎ᠤᠨ  ᠦᠨᠡᠨᠴᠢ  ᠢᠲᠡᠭᠡᠮᠵᠢ ᠵᠢᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠤᠨ ᠰᠢᠨ᠎ᠡ ᠪᠠᠢ᠌ᠳᠠᠯ᠎ᠢ  ᠨᠡᠭᠡᠭᠡᠨ ᠂  ᠰᠢᠨ᠎ᠡ ᠰᠢᠪᠲᠤᠯᠤᠯᠲᠠ᠎ᠲᠠᠢ ᠪᠣᠯᠬᠤ ᠵᠢ ᠠᠬᠢᠭᠤᠯᠬᠤ ᠬᠡᠷᠡᠭᠲᠡᠢ  ᠭᠡᠵᠦ ᠵᠢᠭ᠋ᠠᠨ ᠭᠠᠷᠭ᠋ᠠᠪᠠ᠃

       ᠬᠤᠷᠠᠯ᠎ᠠᠴᠠ ᠡᠮᠦᠨ᠎ᠡ ᠂  ᠬᠤᠷᠠᠯ᠎ᠳᠤ ᠣᠷᠣᠯᠴᠠᠭᠰᠠᠳ ᠣᠷᠳᠣᠰ ᠬᠤᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ ᠂  ᠡᠵᠡᠨ ᠬᠣᠷᠣᠭ᠎ᠠ ᠬᠣᠰᠢᠭᠤᠨ᠎ᠤ ᠣᠶᠤᠨᠲᠤ ᠲᠠᠷᠢᠶᠠᠯᠠᠩ᠎ᠤᠨ ᠪᠦᠲᠦᠭᠡᠭᠳᠡᠬᠦᠨ᠎ᠤ  ᠡᠳ᠋ ᠪᠣᠳᠠᠰ᠎ᠤᠨ  ᠭᠦᠢ᠍ᠯᠭᠡᠭᠡᠨ᠎ᠤ ᠬᠦᠷᠢᠶᠡᠯᠡᠩ ᠂  ᠣᠷᠳᠣᠰ ᠬᠤᠲᠠ ᠵᠢᠨ  ᠮᠠᠰᠢᠨ ᠲᠡᠷᠭᠡᠨ᠎ᠤ  ᠬᠠᠮᠢᠶᠠᠷᠤᠯᠲᠠ ᠵᠢᠨ ᠭᠠᠵᠠᠷ ᠂  ᠬᠢᠶ᠎ᠠ ᠪᠠᠭᠰᠢ ᠲᠣᠭᠣᠷᠢᠭ᠎ᠤᠨ ᠺᠠᠩ ᠴᠧᠩ ᠨᠡᠢ᠌ᠭᠡᠮ ᠲᠣᠭᠣᠷᠢᠭ ᠵᠡᠷᠭᠡ ᠭᠠᠵᠠᠷ᠎ᠲᠤ ᠬᠦᠷᠴᠦ ᠲᠤᠬᠠᠢ ᠵᠢᠨ ᠭᠠᠵᠠᠷ᠎ᠲᠤ ᠎ᠨᠢ ᠦᠵᠡᠵᠦ ᠰᠤᠷᠤᠯᠴᠠᠪᠠ᠃ ᠬᠤᠷᠠᠯ᠎ᠤᠨ ᠳᠠᠷᠠᠭ᠎ᠠ ᠪᠠᠰᠠ ᠶᠠᠷᠢᠯᠴᠠᠬᠤ ᠬᠤᠷᠠᠯ ᠬᠤᠷᠠᠯᠳᠤᠭᠤᠯᠵᠤ ᠂ 《  ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠤᠯᠢ ᠴᠠᠭ᠋ᠠᠵᠠ ᠵᠢᠨ ᠵᠥᠪᠯᠡᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠬᠠᠤᠯᠢ ᠶᠣᠰᠣᠭ᠋ᠠᠷ ᠵᠠᠰᠠᠭ ᠶᠠᠪᠤᠭᠤᠯᠬᠤ ᠲᠦᠪᠰᠢᠨ᠎ᠢ  ᠦᠨᠡᠨ ᠬᠦ᠌ ᠳᠡᠭᠡᠭᠰᠢᠯᠡᠭᠦᠯᠬᠦ ᠲᠤᠬᠠᠢ ᠰᠠᠨᠠᠯ 》᠎ᠢ ᠲᠤᠰᠬᠠᠢ ᠰᠡᠳᠦᠪ ᠵᠶ᠋ᠠᠷ  ᠰᠣᠳᠤᠯᠤᠭᠰᠠᠨ ᠪᠥᠭᠡᠳ ᠰᠠᠨᠠᠯ ᠰᠠᠨᠠᠭᠤᠯᠭ᠎ᠠ  ᠬᠣᠷᠢᠶᠠᠵᠠᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ