ᠬᠥᠯᠥᠨ ᠪᠤᠢ᠌ᠷ ᠬᠣᠲᠠ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠢᠮᠠᠭᠲᠠ ᠤᠯᠤᠰ ᠲᠥᠷᠥ ᠵᠢᠨ ᠡᠭᠦᠷᠭᠡ ᠪᠤᠯᠭ᠋ᠠᠵᠤ ᠂ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠲᠦᠷᠦᠭᠦᠯᠡᠨ ᠶᠡᠷᠦᠩᠬᠡᠢ᠌ᠯᠡᠨ ᠠᠳᠬᠤᠵᠤ ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠂ ᠬᠤᠳᠠᠯᠳᠤᠭ᠋ᠠᠨ᠎ᠤ ᠶᠠᠪᠤᠳᠠᠯ᠎ᠤᠨ ᠦᠨᠡᠨᠴᠢ ᠢᠲᠡᠭᠡᠮᠵᠢ ᠂ ᠨᠡᠢ᠌ᠭᠡᠮ᠎ᠤᠨ ᠦᠨᠡᠨᠴᠢ ᠢᠲᠡᠭᠡᠮᠵᠢ ᠂ ᠬᠠᠤᠯᠢ ᠴᠠᠭ᠋ᠠᠵᠠ ᠵᠢᠨ ᠣᠯᠠᠨ ᠨᠡᠢ᠌ᠲᠡ ᠵᠢᠨ ᠢᠲᠡᠭᠡᠮᠵᠢ ᠵᠡᠷᠭᠡ ᠳᠥᠷᠪᠡᠨ ᠲᠤᠰᠬᠠᠢ ᠲᠦᠷᠦᠯ ᠵᠶ᠋ᠡᠷ ᠠᠬᠢᠭᠤᠯᠬᠤ ᠳᠤᠭᠤᠢ᠌ᠯᠠᠩ ᠬᠠᠮᠵᠢᠯᠴᠠᠨ ᠬᠣᠯᠪᠤᠭ᠋ᠠᠯᠠᠨ ᠬᠥᠳᠡᠯᠦᠯᠴᠡᠵᠦ ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠪᠠᠲᠤᠲᠠᠢ ᠬᠡᠷᠡᠭᠵᠢᠭᠦᠯᠵᠦ ᠂ ᠲᠡᠷᠢᠭᠦᠨ᠎ᠤ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠪᠤᠶ ᠪᠣᠯᠭ᠋ᠠᠪᠠ ᠃
ᠠᠵᠤ ᠠᠬᠤᠢ᠌ᠯᠠᠯ᠎ᠳᠤ ᠠᠰᠢᠭ ᠬᠦᠷᠲᠡᠭᠡᠨ ᠠᠷᠠᠳ᠎ᠲᠤ ᠠᠰᠢᠭ ᠬᠦᠷᠲᠡᠭᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠣᠷᠴᠢᠨ ᠨᠥᠬᠥᠴᠡᠯ᠎ᠢ ᠪᠤᠶ ᠪᠣᠯᠭ᠋ᠠᠪᠠ
ᠲᠦᠷᠦᠭᠦᠬᠡᠨ ᠂ ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠤ ᠰᠠᠭᠤᠭ᠋ᠠᠯᠢ ᠠᠷᠠᠳ 12345 ᠤᠲᠠᠰᠤ ᠵᠢ ᠤᠲᠠᠰᠤᠳᠠᠵᠤ ᠲᠤᠰᠠᠯᠠᠮᠵᠢ ᠬᠦᠰᠡᠪᠡ ᠂ ᠬᠣᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠠᠵᠢᠯ᠎ᠤᠨ ᠬᠠᠭᠤᠳᠠᠰᠤ ᠵᠢ ᠣᠯᠣᠭᠰᠠᠨ᠎ᠤ ᠳᠠᠷᠠᠭ᠎ᠠ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ᠎ᠳᠤ ᠨᠠᠷᠢᠨ ᠬᠠᠷᠢᠭᠤᠯᠲᠠ ᠥᠭᠴᠦ ᠂ ᠰᠠᠭᠤᠭ᠋ᠠᠯᠢ ᠠᠷᠠᠳ᠎ᠢ ᠬᠠᠪᠰᠤᠷᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠠᠩᠰᠠ ᠲᠠᠢ᠌ᠯᠬᠤ ᠬᠦᠴᠢᠷ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠪᠡ ᠃
ᠬᠥᠯᠥᠨ ᠪᠤᠢ᠌ᠷ ᠬᠣᠲᠠ ᠵᠢᠨ ᠡᠭᠦᠳᠦᠨ ᠪᠠᠢ᠌ᠭᠤᠯᠤᠭᠰᠠᠨ 《ᠳᠠᠭᠤᠳᠠᠭᠰᠠᠭ᠋ᠠᠷ ᠬᠠᠷᠢᠭᠤ ᠥᠭᠬᠦ 》 ᠲᠦᠷᠦᠯ ᠲᠡᠮᠳᠡᠭ᠎ᠨᠢ ᠠᠵᠤ ᠠᠬᠤᠢ᠌ᠯᠠᠯ ᠣᠯᠠᠨ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠬᠠᠯᠠᠮᠰᠢᠯ ᠠᠰᠠᠭᠤᠳᠠᠯ ᠂ ᠬᠦᠴᠢᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ ᠪᠤᠶ ᠃ ᠵᠢᠯ᠎ᠤᠨ ᠡᠬᠢᠨ᠎ᠠᠴᠠ ᠨᠠᠭ᠋ᠠᠰᠢ ᠂ 301541 ᠬᠤᠪᠢ ᠬᠦᠰᠡᠯ ᠱᠠᠭ᠋ᠠᠷᠳᠠᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠨ ᠂ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ᠎ᠳᠤ 13 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢ᠍ᠴᠡᠳᠬᠡᠵᠦ ᠳᠠᠭᠤᠰᠬᠠᠬᠤ 》 ᠦᠢ᠍ᠯᠡᠴᠢᠯᠡᠭᠡᠨ᠎ᠤ ᠢᠵᠢ ᠦᠢ᠍ᠯᠡᠴᠢᠯᠡᠭᠡ ᠵᠢ ᠵᠡᠷᠭᠡ᠎ᠪᠠᠷ ᠭᠠᠷᠭ᠋ᠠᠵᠤ ᠂ 9731 ᠶᠠᠪᠤᠳᠠᠯ᠎ᠢ ᠭᠦᠢ᠍ᠴᠡᠳᠬᠡᠵᠦ ᠂ ᠮᠡᠳᠡᠭᠡ ᠵᠠᠩᠭᠢ ᠵᠢ ᠴᠤᠭᠯᠠᠭᠤᠯᠤᠨ ᠬᠠᠮᠲᠤ᠎ᠪᠠᠷ ᠡᠳ᠋ᠯᠡᠬᠦ ᠵᠢ ᠥᠷᠭᠡᠳᠬᠡᠵᠦ ᠂ ᠨᠡᠢ᠌ᠲᠡ 54.1 ᠲᠦᠮᠡ ᠭᠠᠷᠤᠢ ᠮᠡᠳᠡᠭᠡ ᠵᠠᠩᠭᠢ ᠵᠢ ᠴᠤᠭᠯᠠᠭᠤᠯᠪᠠ ᠃
ᠡᠭᠦᠨ᠎ᠠᠴᠠ ᠭᠠᠳᠠᠨ᠎ᠠ ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠭᠦ ᠭᠤᠷᠪᠠᠨ ᠵᠢᠯ᠎ᠤᠨ ᠠᠵᠢᠯᠯᠠᠭ᠎ᠠ ᠵᠢ ᠥᠷᠨᠢᠭᠦᠯᠵᠦ ᠂ ᠪᠠᠭᠲᠠᠭ᠋ᠠᠮᠵᠢᠲᠠᠢ ᠬᠢᠨᠠᠭᠤᠷ ᠪᠣᠯᠭᠣᠮᠵᠢᠲᠠᠢ ᠪᠥᠭᠡᠳ ᠤᠶᠠᠨ ᠬᠠᠲᠠᠨ ᠴᠢᠨᠠᠷᠲᠠᠢ᠎ᠪᠠᠷ ᠬᠠᠤᠯᠢ ᠬᠡᠷᠡᠭᠵᠢᠭᠦᠯᠵᠦ ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ 《ᠭᠤᠷᠪᠠᠨ ᠨᠠᠷᠢᠨ ᠲᠠᠩᠰᠠ 》 ᠵᠢ ᠨᠡᠢ᠌ᠲᠡ 8634 ᠵᠦᠢ᠍ᠯ ᠪᠠᠢ᠌ᠭᠤᠯᠵᠤ ᠂ 2025 ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠬᠥᠳᠡᠯᠦᠩᠭᠦᠢ᠎ᠪᠠᠷ ᠲᠣᠬᠢᠷᠠᠭᠤᠯᠵᠤ ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠲᠦᠪᠰᠢᠨ ᠵᠶ᠋ᠡᠨ ᠪᠦᠲᠦᠮᠵᠢᠲᠡᠶ ᠳᠡᠭᠡᠭᠰᠢᠯᠡᠭᠦᠯᠪᠡ ᠃ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ 》 ᠵᠢᠨ 18 ᠲᠤᠰᠬᠠᠢ ᠴᠣᠩᠬᠣᠪᠴᠢ ᠨᠡᠭᠡᠭᠡᠵᠦ ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠡᠷᠭᠡ ᠬᠦᠷᠢᠶᠡᠨ᠎ᠳᠠᠬᠢ ᠵᠠᠰᠠᠭ᠎ᠤᠨ ᠣᠷᠳᠣᠨ᠎ᠤ 16 ᠵᠦᠢ᠍ᠯ᠎ᠤᠨ ᠢᠲᠡᠭᠡᠮᠵᠢ ᠠᠯᠳᠠᠭᠰᠠᠨ ᠪᠠᠢ᠌ᠳᠠᠯ᠎ᠳᠤ ᠴᠢᠭᠯᠡᠭᠦᠯᠦᠨ ᠴᠡᠭᠴᠡᠯᠡᠨ ᠵᠠᠰᠠᠯᠲᠠ ᠬᠢᠵᠦ ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠦᠵᠡᠯ ᠤᠬᠠᠮᠰᠠᠷ᠎ᠢ ᠳᠡᠭᠡᠭᠰᠢᠯᠡᠭᠦᠯᠪᠡ ᠃
ᠡᠷᠡᠭᠦᠯ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ ᠥᠷᠢᠰᠦᠯᠳᠦᠭᠡᠨ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠪᠤᠢ ᠪᠣᠯᠭ᠋ᠠᠪᠠ
《ᠦᠨᠡᠨᠴᠢ ᠢᠲᠡᠭᠡᠮᠵᠢᠲᠡᠢ ᠵᠠᠰᠠᠭ᠎ᠤᠨ ᠣᠷᠳᠣᠨ 〈 ᠬᠡᠯᠡᠭᠰᠡᠨ᠎ᠳᠡᠭᠡᠨ ᠰᠠᠭᠤᠵᠤ 〉 ᠂ ᠠᠵᠤ ᠠᠬᠤᠢ᠌ᠯᠠᠯ᠎ᠢ ᠨᠡᠩ ᠰᠠᠨᠠᠭ᠎ᠠ ᠠᠮᠤᠷ ᠬᠥᠭᠵᠢᠭᠦᠯᠬᠦ ᠬᠡᠷᠡᠭᠲᠡᠢ 》 ᠭᠡᠵᠦ ᠬᠥᠯᠥᠨ ᠪᠤᠢ᠌ᠷ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠂ ᠲᠣᠪᠴᠢᠶᠠᠨ ᠳᠠᠷᠤᠭ᠎ᠠ ᠮᠧᠩ ᠴᠢᠩ ᠬᠠᠢ ᠬᠡᠯᠡᠨ᠎ᠡ ᠃
ᠡᠨᠡ ᠵᠢᠯ ᠪᠦᠭᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠎ᠳᠤ ᠲᠦᠰᠢᠭᠯᠡᠨ ᠪᠦᠭᠦ ᠬᠣᠲᠠ᠎ᠳᠤ 1540 ᠲᠦᠮᠡᠨ ᠵᠤᠷᠪᠤᠰ ᠮᠡᠳᠡᠭᠡ ᠵᠠᠩᠭᠢ ᠴᠤᠭᠯᠠᠭᠤᠯᠤᠨ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ ᠂ 86 ᠦᠨᠡᠨᠴᠢ ᠢᠲᠡᠭᠡᠮᠵᠢ ᠵᠢᠨ ᠵᠢᠱ᠌ᠢᠶ᠎ᠡ ᠦᠵᠡᠭᠦᠯᠭᠦ ᠠᠵᠤ ᠠᠬᠤᠢ᠌ᠯᠠᠯ ᠂ 15000 ᠭᠠᠷᠤᠢ ᠦᠨᠡᠨᠴᠢ ᠢᠲᠡᠭᠡᠮᠵᠢ ᠵᠢᠨ ᠪᠠᠷᠢᠮᠵᠢᠶ᠎ᠠ᠎ᠳᠤ ᠭᠦᠷᠦᠭᠰᠡᠨ ᠠᠵᠤ ᠠᠬᠤᠢ᠌ᠯᠠᠯ ᠂ 30 ᠲᠦᠷᠦᠭᠦᠦ ᠪᠦᠯᠦᠭ᠎ᠤᠨ 《ᠰᠣᠶᠣᠯ ᠵᠢᠭᠤᠯᠴᠢᠯᠠᠯ᠎ᠤᠨ ᠦᠨᠡᠨᠴᠢ ᠢᠲᠡᠭᠡᠮᠵᠢ ᠵᠢᠨ ᠵᠢᠱ᠌ᠢᠶ᠎ᠡ ᠦᠵᠡᠭᠦᠯᠭᠦ ᠨᠢᠭᠡᠴᠢ 》 ᠵᠢ ᠲᠠᠨᠢᠯᠴᠠᠭᠤᠯᠪᠠ ᠃ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠠᠵᠤ ᠠᠬᠤᠢ᠌ᠯᠠᠯ᠎ᠤᠨ ᠪᠡᠯᠡ ᠬᠤᠷᠠᠮᠳᠤᠭᠤᠯᠭ᠎ᠠ ᠵᠢᠨ ᠶᠡᠷᠦᠩᠬᠡᠢ᠌ᠯᠡᠭᠰᠡᠨ ᠢᠲᠡᠭᠡᠮᠵᠢ ᠵᠢᠨ ᠦᠢ᠍ᠯᠡᠴᠢᠯᠡᠭᠡᠨ᠎ᠤ ᠲᠠᠪᠴᠠᠩ ᠵᠢᠴᠢ ᠬᠥᠯᠥᠨ ᠪᠤᠢ᠌ᠷ ᠬᠣᠲᠠ ᠵᠢᠨ ᠢᠲᠡᠭᠡᠮᠵᠢᠲᠦ ᠲᠥᠭᠦᠮ ᠵᠢᠭᠡᠯᠡᠯᠭᠡ ᠵᠢᠨ ᠲᠠᠪᠴᠠᠩ ᠵᠶ᠋ᠠᠷ ᠲᠠᠮᠵᠢᠨ 87 ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠰᠠᠭᠤᠷᠢᠰᠢᠭᠤᠯᠵᠤ ᠂ 123 ᠮᠥᠩᠭᠥᠨ ᠭᠦᠢ᠍ᠯᠭᠡᠭᠡᠨ᠎ᠤ ᠦᠢ᠍ᠯᠡᠳᠬᠦᠨ᠎ᠢ ᠨᠡᠢ᠌ᠲᠡᠯᠡᠵᠦ ᠂ 10.28 ᠳ᠋ᠦᠩᠰᠢᠭᠤᠷ ᠲᠥᠭᠥᠷᠢᠭ᠎ᠤᠨ ᠵᠢᠭᠡᠯᠡᠯᠭᠡ ᠲᠠᠯᠪᠢᠪᠠ ᠃ 《ᠬᠣᠶᠠᠷ ᠪᠢᠴᠢᠭ᠎ᠢ ᠬᠦᠷᠭᠡᠬᠦ 》 ᠳᠦᠷᠢᠮ᠎ᠢ ᠪᠠᠢ᠌ᠭᠤᠯᠵᠤ ᠂ ᠠᠵᠤ ᠠᠬᠤᠢ᠌ᠯᠠᠯ᠎ᠢ ᠬᠠᠪᠰᠤᠷᠤᠨ 650 ᠵᠤᠷᠪᠤᠰ ᠢᠲᠡᠭᠡᠮᠵᠢ ᠵᠢ ᠨᠢ ᠰᠡᠷᠭᠦᠭᠡᠵᠦ ᠂ ᠣᠨ᠎ᠤ ᠮᠡᠳᠡᠭᠦᠯᠦᠯᠲᠡ ᠪᠠ ᠢᠲᠡᠭᠡᠮᠵᠢ ᠵᠢ᠎ᠨᠢ ᠰᠡᠷᠭᠦᠭᠡᠬᠦ 《ᠣᠷᠣᠯᠠᠨ ᠭᠦᠢ᠍ᠴᠡᠳᠬᠡᠬᠦ 》 ᠴᠡᠭ᠎ᠢ 117 ᠪᠠᠢ᠌ᠭᠤᠯᠵᠤ ᠂ ᠨᠡᠢ᠌ᠲᠡ 11243 ᠡᠷᠦᠭᠡ ᠡᠵᠡᠩᠨᠡᠯᠲᠡ ᠵᠢᠨ ᠭᠣᠣᠯ ᠴᠣᠭᠴᠠ᠎ᠳᠤ ᠣᠨ᠎ᠤ ᠮᠡᠳᠡᠭᠦᠯᠦᠯᠲᠡ ᠵᠢ ᠵᠠᠷᠯᠠᠨ ᠨᠡᠢ᠌ᠲᠡᠯᠡᠬᠦ ᠵᠢ ᠪᠡᠶᠡᠯᠡᠭᠦᠯᠵᠦ ᠂ 2007 ᠡᠷᠦᠭᠡ ᠡᠵᠡᠩᠨᠡᠯᠲᠡ ᠵᠢᠨ ᠭᠣᠣᠯ ᠴᠣᠭᠴᠠ ᠰᠦᠯᠵᠢᠶᠡᠨ ᠳᠡᠭᠡᠷ᠎ᠡ ᠢᠲᠡᠭᠡᠮᠵᠢ᠎ᠪᠠᠨ ᠰᠡᠷᠭᠦᠭᠡᠬᠦ ᠭᠤᠶᠤᠴᠢᠯᠠᠯ ᠲᠤᠰᠢᠶᠠᠪᠠ ᠃
ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ ᠠᠮᠠᠯᠠᠯᠲᠠ᠎ᠪᠠᠨ ᠪᠡᠶᠡᠯᠡᠭᠦᠯᠬᠦ ᠨᠡᠢ᠌ᠭᠡᠮ᠎ᠤᠨ ᠣᠷᠴᠢᠨ ᠲᠣᠭᠣᠷᠢᠨ᠎ᠢ ᠪᠤᠶ ᠪᠣᠯᠭ᠋ᠠᠪᠠ
《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠰᠠᠨᠠᠭ᠋ᠠᠴᠢᠯᠠᠭ᠎ᠠ ᠵᠢᠨ ᠪᠢᠴᠢᠭ 》᠎ᠢ ᠨᠡᠢ᠌ᠲᠡᠯᠡᠬᠦ᠎ᠪᠠᠷ ᠲᠠᠮᠵᠢᠨ ᠳᠤᠮᠳᠠᠳᠤ ᠪᠠᠭ᠎ᠠ ᠰᠤᠷᠭ᠋ᠠᠭᠤᠯᠢ ᠵᠢ ᠵᠣᠬᠢᠶᠠᠨ ᠪᠠᠢ᠌ᠭᠤᠯᠤᠨ ᠤᠷᠠᠨ ᠪᠢᠴᠢᠯᠭᠡ ᠤᠷᠠᠨ ᠵᠢᠷᠤᠭ ᠂ ᠡᠬᠡ ᠪᠢᠴᠢᠭ ᠡᠯᠰᠡᠬᠦ ᠵᠡᠷᠭᠡ ᠠᠵᠢᠯᠯᠠᠭ᠎ᠠ ᠵᠢ 2830 ᠭᠠᠷᠤᠢ ᠲᠠᠯᠠᠪᠤᠷ ᠂ ᠤᠷᠠᠨ ᠰᠠᠢ᠌ᠬᠠᠨ᠎ᠤ ᠲᠣᠬᠯᠠᠯᠲᠠ ᠂ ᠶᠠᠷᠢᠶ᠎ᠠ ᠢᠯᠡᠳᠬᠡᠯ᠎ᠤᠨ ᠤᠷᠤᠯᠳᠤᠭ᠋ᠠᠨ ᠵᠡᠷᠭᠡ ᠵᠢ 508 ᠲᠠᠯᠠᠪᠤᠷ ᠥᠷᠨᠢᠭᠦᠯᠵᠦ ᠂ 13.2 ᠲᠦᠮᠡᠨ ᠪᠠᠭᠰᠢ ᠰᠤᠷᠤᠬ᠍ᠴᠢᠳ ᠬᠠᠮᠲᠤ᠎ᠪᠠᠷ ᠣᠷᠣᠯᠴᠠᠨ ᠂ ᠦᠨᠡᠨᠴᠢ ᠢᠲᠡᠭᠡᠮᠵᠢ ᠵᠢᠨ ᠬᠥᠮᠦᠵᠢᠯ᠎ᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠪᠡ ᠃ 《ᠢᠲᠡᠭᠡᠮᠵᠢ ᠠᠯᠳᠠᠭᠰᠠᠨ᠎ᠢ ᠢᠯᠡᠴᠢᠯᠡᠬᠦ ᠲᠠᠪᠴᠠᠩ 》 ᠳᠡᠭᠡᠷ᠎ᠡ ᠬᠠᠤᠯᠢ ᠵᠢ ᠬᠦᠨᠳᠦ ᠨᠣᠴᠢᠲᠠᠢ ᠵᠥᠷᠢᠴᠡᠵᠦ ᠢᠲᠡᠭᠡᠮᠵᠢ᠎ᠪᠠᠨ ᠠᠯᠳᠠᠭᠰᠠᠨ 798 ᠠᠵᠤ ᠠᠬᠤᠢ᠌ᠯᠠᠯ᠎ᠢ ᠢᠯᠡᠴᠢᠯᠡᠵᠦ ᠂ ᠥᠨᠳᠥᠷ ᠬᠡᠷᠡᠭᠯᠡᠭᠡ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ 7592 ᠤᠳᠠᠭ᠎ᠠ ᠠᠪᠴᠤ ᠂ ᠢᠲᠡᠭᠡᠮᠵᠢ ᠠᠯᠳᠠᠭᠰᠠᠨ ᠭᠦᠢ᠍ᠴᠡᠳᠬᠡᠭᠳᠡᠭᠴᠢ ᠳᠤ 《ᠨᠢᠭᠡ ᠭᠠᠵᠠᠷ ᠬᠠᠤᠯᠢ ᠵᠥᠷᠢᠴᠡᠪᠡᠯ ᠭᠠᠵᠠᠷ ᠪᠣᠯᠭ᠋ᠠᠨ᠎ᠳᠤ ᠬᠢᠵᠠᠭ᠋ᠠᠷᠯᠠᠭᠳᠠᠬᠤ 》 ᠬᠠᠮᠲᠤᠷᠠᠭᠰᠠᠨ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠬᠡᠷᠡᠭᠵᠢᠭᠦᠯᠵᠦ ᠂ 18 ᠪᠦᠯᠦᠭ ᠤᠳᠠᠭ᠎ᠠ ᠬᠤᠪᠢᠶᠠᠨ 9530 ᠬᠥᠮᠥᠨ᠎ᠢ ᠰᠢᠭᠰᠢᠨ ᠪᠠᠢ᠌ᠴᠠᠭ᠋ᠠᠪᠠ ᠃
ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠪᠠ ᠢᠲᠡᠭᠡᠯ᠎ᠢ ᠵᠢᠷᠤᠮᠯᠠᠭᠰᠠᠳᠢ ᠤᠷᠮᠠᠰᠢᠭᠤᠯᠬᠤ ᠲᠣᠭᠲᠠᠴᠠ ᠵᠢ ᠭᠣᠣᠯᠳᠠᠯᠭ᠎ᠠ᠎ᠲᠠᠢ ᠬᠡᠷᠡᠭᠵᠢᠭᠦᠯᠵᠦ ᠂ ᠵᠢᠯ᠎ᠤᠨ ᠡᠬᠢᠨ᠎ᠠᠴᠠ ᠨᠠᠭ᠋ᠠᠰᠢ 288 ᠳᠠᠭ᠋ᠠᠭ᠋ᠠᠴᠢᠯᠠᠯᠲᠠ ᠵᠠᠷᠯᠠᠭᠴᠢ ᠵᠢᠨ ᠢᠲᠡᠭᠡᠮᠵᠢ ᠂ 980 ᠳᠠᠭ᠋ᠠᠭ᠋ᠠᠴᠢᠯᠠᠯᠲᠠ ᠬᠦᠯᠢᠶᠡᠭᠴᠢ ᠵᠢᠨ ᠢᠲᠡᠭᠡᠮᠵᠢ ᠂ 127 ᠣᠷᠣᠯᠠᠬᠤ ᠪᠠᠢ᠌ᠭᠤᠯᠤᠮᠵᠢ ᠵᠢᠨ ᠢᠲᠡᠭᠡᠮᠵᠢ ᠵᠢ ᠴᠤᠭᠯᠠᠭᠤᠯᠤᠨ ᠵᠠᠷᠯᠠᠵᠤ ᠂ ᠨᠥᠬᠥᠪᠦᠷᠢ ᠮᠥᠩᠭᠥ ᠵᠢ ᠬᠠᠭᠤᠷᠮᠠᠭᠯᠠᠨ ᠠᠪᠴᠤ ᠢᠲᠡᠭᠡᠯ ᠠᠯᠳᠠᠭᠰᠠᠨ᠎ᠢ ᠴᠡᠭᠴᠡᠯᠡᠨ ᠵᠠᠰᠠᠵᠤ ᠂ ᠨᠡᠢ᠌ᠭᠡᠮ᠎ᠤᠨ ᠠᠪᠤᠷᠠᠨ ᠲᠤᠰᠠᠯᠠᠬᠤ ᠪᠡᠯᠡ ᠮᠥᠩᠭᠥ ᠵᠢ 0.4 ᠲᠦᠮᠡᠨ ᠲᠥᠭᠥᠷᠢᠭ ᠨᠡᠬᠡᠮᠵᠢᠯᠡᠨ ᠬᠤᠷᠢᠶᠠᠵᠤ ᠂ ᠲᠣᠭᠲᠠᠭ᠋ᠠᠯ᠎ᠠᠴᠠ ᠵᠥᠷᠢᠴᠡᠭᠰᠡᠨ ᠪᠣᠯᠪᠠᠰᠤᠷᠠᠯ᠎ᠤᠨ ᠦᠢᠯᠡ ᠠᠵᠢᠯᠯᠠᠭ᠎ᠠ ᠵᠢ 21 ᠤᠳᠠᠭ᠎ᠠ ᠪᠠᠢ᠌ᠴᠠᠭ᠋ᠠᠨ ᠰᠢᠢ᠍ᠳᠪᠦᠷᠢᠯᠡᠪᠡ ᠃
《ᠢᠲᠡᠭᠡᠮᠵᠢ ᠵᠢᠨ ᠬᠡᠷᠡᠭᠯᠡᠭᠡ + ᠪᠡᠯᠡ ᠬᠤᠷᠠᠮᠳᠤᠭᠤᠯᠬᠤ ᠵᠢᠭᠡᠯᠡᠯᠭᠡ 》᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢᠨ ᠥᠪᠥᠷ ᠮᠣᠩᠭᠣᠯ᠎ᠤᠨ ᠢᠲᠡᠭᠡᠮᠵᠢᠲᠦ ᠵᠢᠭᠡᠯᠡᠯᠭᠡ 》 ᠵᠢ ᠨᠡᠢ᠌ᠲᠡ 308 ᠬᠤᠪᠢ 9372 ᠲᠦᠮᠡᠨ ᠲᠥᠭᠥᠷᠢᠭ ᠲᠠᠷᠬᠠᠭ᠋ᠠᠪᠠ ᠃ 《ᠢᠲᠡᠭᠡᠮᠵᠢᠲᠦ ᠳᠦᠭᠦᠮ ᠵᠢᠭᠡᠯᠡᠯᠭᠡ + 》 ᠨᠢ ᠨᠢᠭᠡᠨᠲᠡ ᠰᠤᠷᠭ᠋ᠠᠨ ᠬᠥᠮᠦᠵᠢᠯ ᠂ ᠡᠮ ᠡᠮᠨᠡᠯᠭᠡ ᠂ ᠵᠢᠭᠤᠯᠴᠢᠯᠠᠯ᠎ᠤᠨ ᠮᠥᠩᠭᠥᠨ ᠭᠦᠢ᠍ᠯᠭᠡᠭᠡ ᠵᠡᠷᠭᠡ 10 ᠭᠠᠷᠤᠢ ᠬᠦᠷᠢᠶ᠎ᠡ ᠵᠢ ᠬᠠᠮᠤᠷᠴᠤ ᠂ 7 ᠠᠵᠤ ᠠᠬᠤᠢ᠌ᠯᠠᠯ 《ᠢᠲᠡᠭᠡᠮᠵᠢᠲᠦ ᠳᠦᠭᠦᠮ ᠵᠢᠭᠡᠯᠡᠯᠭᠡ + ᠦᠢ᠍ᠯᠡᠰ ᠪᠣᠰᠬᠠᠬᠤ 》 ᠲᠥᠷᠥ ᠵᠢᠨ ᠪᠣᠳᠣᠯᠭ᠎ᠠ ᠵᠢ ᠬᠦᠷᠲᠡᠵᠦ ᠂ 320 ᠭᠠᠷᠤᠢ ᠬᠥᠮᠥᠨ ᠤᠳᠠᠭ᠎ᠠ《ᠢᠲᠡᠭᠡᠮᠵᠢᠲᠦ ᠵᠢᠭᠤᠯᠴᠢᠯᠠᠯ 》᠎ᠤᠨ ᠲᠥᠷᠥ ᠵᠢᠨ ᠪᠣᠳᠣᠯᠭ᠎ᠠ ᠵᠢ ᠬᠦᠷᠲᠡᠵᠦ ᠂ ᠬᠠᠷᠠᠭ᠋ᠠᠯᠵᠠᠯ᠎ᠤᠨ ᠮᠥᠩᠭᠥ᠎ᠨᠢ 2.5 ᠲᠦᠮᠡᠨ ᠲᠥᠭᠥᠷᠢᠭ᠎ᠲᠤ ᠬᠦᠷᠴᠡᠢ ᠃
ᠲᠥᠪ ᠭᠤᠤᠯᠴᠢ᠎ᠪᠠᠷ ᠬᠠᠤᠯᠢ ᠪᠠᠷᠢᠬᠤ᠎ᠳᠤ ᠠᠩᠬᠠᠷᠤᠯ ᠵᠢᠡᠨ ᠲᠥᠪᠯᠡᠷᠡᠭᠦᠯᠵᠦ ᠲᠥᠪ ᠭᠤᠤᠯᠴᠢ ᠬᠠᠤᠯᠢ᠎ᠪᠠᠷ ᠵᠠᠰᠠᠬᠤ ᠣᠷᠴᠢᠨ ᠨᠥᠬᠥᠴᠡᠯ᠎ᠢ ᠪᠤᠶ ᠪᠣᠯᠭ᠋ᠠᠪᠠ
ᠬᠠᠤᠯᠢ᠎ᠪᠠᠷ ᠵᠠᠰᠠᠬᠤ ᠪᠣᠯ ᠬᠤᠳᠠᠯᠳᠤᠭ᠎ᠠ ᠡᠷᠭᠢᠯᠡᠭᠦ ᠬᠠᠮᠤᠭ᠎ᠤᠨ ᠰᠠᠢ᠌ᠨ ᠣᠷᠴᠢᠨ ᠨᠥᠬᠥᠴᠡᠯ ᠮᠥᠨ ᠂ ᠬᠠᠤᠯᠢ ᠪᠠᠷᠢᠬᠤ ᠤᠯᠠᠨ ᠨᠡᠢ᠌ᠲᠡ ᠵᠢᠨ ᠢᠲᠡᠭᠡᠮᠵᠢ᠎ᠨᠢ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠵᠤ ᠴᠢᠳᠠᠨ᠎ᠠ ᠃ ᠬᠥᠯᠥᠨ ᠪᠤᠢ᠌ᠷ ᠬᠣᠲᠠ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠵᠢ ᠵᠢᠷᠤᠮᠵᠢᠭᠤᠯᠬᠤ ᠲᠦᠪᠰᠢᠨ ᠵᠶ᠋ᠡᠨ ᠦᠷᠭᠦᠯᠵᠢᠯᠡᠨ ᠳᠡᠭᠡᠭᠰᠢᠯᠡᠭᠦᠯᠪᠡ ᠃ ᠰᠢᠭᠦᠨ ᠲᠠᠰᠤᠯᠤᠯᠲᠠ ᠵᠢᠨ ᠶᠠᠪᠤᠴᠠ ᠵᠢᠨ ᠮᠡᠳᠡᠭᠡ ᠵᠠᠩᠭᠢ ᠵᠢ ᠪᠦᠲᠦᠮᠵᠢᠲᠡᠢ᠎ᠪᠠᠷ ᠢᠯᠡ ᠪᠤᠯᠭ᠋ᠠᠬᠰᠠᠨ ᠨᠣᠷᠮ᠎ᠠ 99.93%᠎ᠳᠤ ᠬᠦᠷᠴᠦ ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠭᠣᠣᠯᠳᠠᠯᠭ᠎ᠠ᠎ᠲᠠᠢ ᠬᠡᠷᠡᠭ᠎ᠢ 1164 ᠬᠤᠪᠢ ᠦᠨᠡᠯᠡᠨ ᠪᠠᠢ᠌ᠴᠠᠭ᠋ᠠᠵᠤ ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠪᠣᠭᠣᠮᠲᠠ ᠰᠢᠪᠲᠤᠯᠬᠤ ᠠᠵᠢᠯᠯᠠᠭ᠎ᠠ᠎ᠳᠤ 7338 ᠬᠤᠪᠢ ᠬᠡᠷᠡᠭ᠎ᠢ ᠭᠦᠢ᠍ᠴᠡᠳᠬᠡᠨ ᠳᠠᠭᠤᠰᠬᠠᠵᠤ ᠂ ᠪᠣᠳᠠᠲᠠᠢ ᠭᠦᠢ᠍ᠴᠡᠳᠬᠡᠭᠰᠡᠨ ᠵᠣᠭᠣᠰ᠎ᠤᠨ ᠬᠡᠮᠵᠢᠶ᠎ᠡ 26.89 ᠳ᠋ᠦᠩᠰᠢᠭᠤᠷ ᠲᠥᠭᠥᠷᠢᠭ᠎ᠲᠤ ᠭᠦᠷᠴᠡᠢ ; 《ᠪᠠᠢ᠌ᠴᠠᠭ᠋ᠠᠬᠤ ᠬᠣᠷᠢᠶ᠎ᠠ ᠠᠵᠤ ᠠᠬᠤᠢ᠌ᠯᠠᠯ᠎ᠢ ᠬᠠᠮᠠᠭ᠋ᠠᠯᠠᠬᠤ 》 ᠲᠤᠰᠬᠠᠢ ᠲᠥᠷᠥᠯ᠎ᠤᠨ ᠠᠵᠢᠯᠯᠠᠭ᠋ᠠᠠᠢ ᠥᠷᠨᠢᠭᠦᠯᠵᠦ ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢ ᠨᠥᠯᠥᠭᠡᠯᠡᠭᠰᠡᠨ ᠡᠷᠡᠭᠦᠦ ᠵᠢᠨ ᠶᠠᠯᠠᠲᠤ ᠬᠡᠷᠡᠭ᠎ᠢ ᠴᠢᠩᠭ᠎ᠠ ᠰᠢᠢ᠍ᠳᠬᠡᠵᠦ ᠂ 144 ᠬᠤᠪᠢ ᠬᠢᠨᠠᠨ ᠪᠠᠢ᠌ᠴᠠᠭ᠋ᠠᠵᠤ ᠪᠠᠷᠢᠪᠴᠢᠯᠠᠬᠤ ᠬᠡᠷᠡᠭ᠎ᠢ ᠭᠥᠯᠢᠶᠡᠨ ᠠᠪᠴᠤ ᠂ 42 ᠬᠤᠪᠢ ᠠᠵᠤ ᠠᠬᠤᠢ᠌ᠯᠠᠯ᠎ᠳᠤ ᠬᠣᠯᠪᠣᠭᠳᠠᠭᠰᠠᠨ ᠭᠣᠮᠣᠳᠠᠯ ᠲᠣᠭ᠋ᠠᠴᠢᠯᠲᠠ ᠵᠢᠨ ᠬᠡᠷᠡᠭ᠎ᠢ ᠭᠥᠯᠢᠶᠡᠨ ᠠᠪᠴᠤ ᠂ 37 ᠤᠳᠠᠭ᠋ᠠᠨ᠎ᠤ ᠠᠵᠤ ᠠᠬᠤᠢ᠌ᠯᠠᠯ᠎ᠳᠤ ᠬᠣᠯᠪᠣᠭᠳᠠᠭᠰᠠᠨ ᠬᠡᠷᠡᠭ᠎ᠢ ᠢᠯᠡ᠎ᠪᠠᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠂ ᠠᠵᠤ ᠠᠬᠤᠢ᠌ᠯᠠᠯᠲᠠᠳᠤᠨ ᠭᠣᠮᠣᠳᠠᠯ ᠲᠣᠭ᠋ᠠᠴᠢᠬᠤ ᠡᠷᠬᠡ ᠂ ᠪᠠᠢ᠌ᠳᠠᠯ᠎ᠢ ᠣᠢ᠌ᠯᠠᠭ᠋ᠠᠬᠤ ᠡᠷᠬᠡ ᠂ ᠣᠷᠤᠯᠴᠠᠬᠤ ᠡᠷᠬᠡ ᠵᠢ ᠦᠨᠡᠨ ᠬᠦ᠌ ᠪᠠᠲᠤᠯᠠᠪᠠ ; 《ᠺᠦᠨᠯᠦᠨ 2024 》 ᠲᠤᠰᠬᠠᠢ ᠠᠵᠢᠯᠯᠠᠭ᠎ᠠ᠎ᠨᠢ ᠮᠡᠳᠡᠯᠭᠡ ᠵᠢᠨ ᠥᠮᠴᠢᠯᠡᠯ᠎ᠤᠨ ᠡᠷᠬᠡ ᠂ ᠠᠮᠢ ᠠᠬᠤᠢ ᠣᠷᠴᠢᠨ ᠲᠣᠭᠣᠷᠢᠨ᠎ᠤ ᠲᠥᠷᠥᠯ ᠵᠡᠷᠭᠡ᠎ᠳᠤ ᠬᠣᠯᠪᠣᠭᠳᠠᠭᠰᠠᠨ 223 ᠡᠷᠡᠭᠦᠦ ᠵᠢᠨ ᠬᠡᠷᠡᠭ ᠂ 665 ᠣᠶ ᠰᠢᠭᠤᠢ ᠵᠢᠨ ᠵᠠᠰᠠᠭ ᠵᠠᠬᠢᠷᠭ᠋ᠠᠨ᠎ᠤ ᠬᠡᠷᠡᠭ᠎ᠢ ᠮᠦᠷᠳᠡᠨ ᠢᠯᠡᠷᠡᠭᠦᠯᠪᠡ ; ᠬᠠᠤᠯᠢᠴᠢ ᠪᠠ ᠬᠥᠨᠳᠡᠯᠡᠨ᠎ᠠᠴᠠ ᠲᠠᠰᠤᠯᠬᠤ ᠠᠵᠢᠯ ᠲᠥᠷᠥᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂ 616 ᠲᠤᠰᠬᠠᠢ ᠪᠠ ᠲᠤᠰᠢᠶᠠᠯ ᠬᠠᠪᠰᠤᠷᠭ᠋ᠠᠭᠰᠠᠨ ᠬᠠᠤᠯᠢᠴᠢ᠎ᠳᠤ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠢ ᠪᠢᠴᠢᠵᠦ ᠣᠷᠣᠭᠤᠯᠪᠠ ᠃
ᠬᠥᠯᠥᠨ ᠪᠤᠢ᠌ᠷ 《ᠦᠨᠡᠨᠴᠢ ᠢᠲᠡᠭᠡᠮᠵᠢ ᠵᠢᠨ ᠭᠡᠷᠡᠯ ᠭᠢᠯᠪᠠᠭ᠎ᠠ 》᠎ᠪᠠᠷ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠎ᠢ ᠭᠡᠷᠡᠯᠲᠦᠭᠦᠯᠦᠭᠰᠡᠨ ᠪᠥᠭᠡᠳ ᠦᠨᠡᠨᠴᠢ ᠢᠲᠡᠭᠡᠮᠵᠢ ᠵᠢᠨ ᠴᠡᠴᠡᠭ᠎ᠢ ᠬᠥᠯᠥᠨ ᠪᠤᠢ᠌ᠷ᠎ᠤᠨ ᠡᠬᠡ ᠭᠠᠵᠠᠷ᠎ᠲᠤ ᠳᠡᠯᠭᠡᠷᠡᠭᠦᠯᠦᠨ᠎ᠡ ᠃