ᠳᠤᠮᠳᠠᠲᠤ᠌ ᠤᠯᠦᠰ᠎ᠤᠨ ᠮᠠᠶᠢᠭ᠎ᠤᠨ ᠣᠳᠣᠬᠢᠴᠢᠯᠠᠯᠲᠠ   -   ᠮᠡᠳᠡᠭᠡᠯᠡᠯ
ᠳᠣᠲᠣᠨᠣ ᠬᠠᠯᠠᠮᠵᠢᠯᠠᠯ᠎ᠳᠤ ᠶᠡᠬᠡᠳᠡ ᠵᠣᠷᠢᠭᠵᠢᠵᠤ ᠨᠢᠭᠡ ᠰᠡᠳᠬᠢᠯ ᠨᠡᠢ᠌ᠳᠠ ᠵᠢᠨ ᠬᠦᠴᠦᠨ ᠵᠶ᠋ᠡᠷ ᠪᠦᠯᠬᠦᠮᠳᠡᠨ ᠲᠡᠮᠡᠴᠡᠨ᠎ᠡ
ᠨᠡᠶ᠋ᠢᠲᠡᠯᠡᠭᠰᠡᠨ ᠴᠠᠭ᠄ 2023-10-30

     – 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠪᠦᠭᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠰᠢᠰᠲ᠋ᠧᠮ᠎ᠤᠨ ᠺᠠᠳ᠋ᠷ ᠠᠵᠢᠯᠲᠠᠨ᠎ᠤ ᠳᠤᠮᠳᠠ ᠴᠢᠩᠭ᠎ᠠ ᠲᠤᠰᠬᠠᠯ ᠭᠠᠷᠪᠠ

     ᠲᠦᠷᠦᠭᠦᠬᠡᠨ᠂ ᠲᠥᠷᠥ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠪᠠ᠃ 《ᠰᠠᠨᠠᠯ》᠎ᠳᠤ 7 ᠲᠠᠯ᠎ᠠ ᠵᠢᠨ ᠭᠣᠣᠯ ᠡᠭᠦᠷᠭᠡ ᠵᠢ ᠪᠠᠢ᠌ᠷᠢᠯᠠᠭᠤᠯᠪᠠ᠂ ᠨᠢᠭᠡᠳᠦᠭᠡᠷ ᠡᠭᠦᠷᠭᠡ ᠪᠣᠯ ᠳᠠᠷᠤᠢ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠶᠠᠪᠤᠳᠠᠯ ᠪᠣᠯᠣᠨ᠎ᠠ᠂ ᠡᠨᠡ᠎ᠨᠢ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠥᠪᠥᠷ ᠮᠣᠩᠭᠣᠯ᠎ᠤᠨ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠬᠤ ᠵᠢ ᠭᠦᠢ᠍ᠴᠡᠳ ᠬᠠᠷᠠᠭᠤᠯᠵᠤ᠂ ᠪᠦᠭᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠰᠢᠰᠲ᠋ᠧᠮ᠎ᠤᠨ ᠺᠠᠳ᠋ᠷ ᠠᠵᠢᠯᠲᠠᠨ᠎ᠤ ᠳᠤᠮᠳᠠ ᠴᠢᠩᠭ᠎ᠠ ᠲᠤᠰᠬᠠᠯ ᠭᠠᠷᠪᠠ᠃

     《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠠᠵᠢᠯ᠎ᠢ ᠭᠣᠣᠯᠯᠠᠵᠤ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠪᠢᠳᠡ ᠡᠷᠬᠡᠪᠰᠢ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠂ ᠠᠴᠢ ᠡᠨᠡᠷᠢᠯ᠎ᠳᠤ ᠲᠠᠯᠠᠷᠬᠠᠬᠤ ᠰᠡᠳᠬᠢᠯᠭᠡ ᠪᠠ ᠡᠷᠡᠯᠬᠡᠭᠯᠡᠨ ᠤᠷᠤᠭᠰᠢᠯᠠᠬᠤ ᠵᠣᠷᠢᠭ ᠵᠶ᠋ᠠᠷ 〈ᠰᠠᠨᠠᠯ〉᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ》 ᠭᠡᠵᠦ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠬᠡᠯᠡᠪᠡ᠃ ᠣᠯᠠᠨ ᠵᠢᠯ᠎ᠤᠨ ᠲᠤᠷᠰᠢ᠂ ᠥᠪᠥᠷ ᠮᠣᠩᠭᠣᠯ 《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠂ ᠡᠬᠡ ᠤᠯᠤᠰ᠎ᠤᠨ ᠤᠮᠠᠷᠠᠲᠤ ᠬᠢᠯᠢ᠎ᠳᠤ ᠲᠦᠮᠡᠨ ᠭᠠᠵᠠᠷ᠎ᠤᠨ ᠨᠣᠮᠢᠨ ᠨᠣᠭᠣᠭ᠋ᠠᠨ ᠣᠷᠳᠣ ᠴᠠᠭ᠋ᠠᠨ ᠬᠡᠷᠡᠮ᠎ᠢ ᠴᠣᠭᠴᠠᠯᠠᠪᠠ᠂ 《ᠰᠠᠨᠠᠯ》᠎ᠢ ᠨᠡᠢ᠌ᠲᠡᠯᠡᠭᠰᠡᠨ᠎ᠨᠢ ᠣᠶ ᠰᠢᠭᠤᠢ ᠨᠤᠲᠤᠭ ᠪᠡᠯᠴᠢᠭᠡᠷ᠎ᠤᠨ ᠰᠢᠰᠲ᠋ᠧᠮ᠎ᠤᠨ ᠥᠷᠭᠡᠨ ᠣᠯᠠᠨ ᠺᠠᠳ᠋ᠷ ᠠᠵᠢᠯᠲᠠᠨ᠎ᠳᠤ ᠮᠠᠰᠢ ᠶᠡᠬᠡ ᠵᠣᠷᠢᠭᠵᠢᠭᠤᠯᠤᠯ ᠪᠣᠯᠵᠤ᠂ ᠡᠷᠴᠢ ᠵᠣᠷᠢᠭ ᠲᠡᠭᠦᠯᠳᠡᠷ ᠪᠠᠢ᠌ᠨ᠎ᠠ᠃ 《ᠲᠠᠷᠠᠭ᠋ᠠᠴᠢ ᠵᠢᠨ ᠠᠯᠬᠤᠮ᠎ᠳᠤ᠂ ᠪᠦᠭᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠰᠢᠰᠲ᠋ᠧᠮ᠎ᠤᠨ᠎ᠬᠢᠨ ᠰᠢᠰᠲ᠋ᠧᠮ᠎ᠤᠨ ᠦᠵᠡᠯᠲᠡ ᠵᠢ ᠦᠷᠭᠦᠯᠵᠢᠯᠡᠨ ᠪᠠᠷᠢᠮᠲᠠᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠲᠥᠯᠦᠪᠵᠢᠭᠦᠯᠭᠡ ᠵᠢᠨ ᠲᠥᠰᠥᠯ᠎ᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠵᠤ᠂ ᠭᠣᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠦᠴᠦᠨ ᠵᠶ᠋ᠡᠨ ᠲᠥᠪᠯᠡᠷᠡᠭᠦᠯᠵᠦ᠂ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠣᠯᠣᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠨ᠎ᠡ᠃ ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠢ᠌ᠴᠢᠯᠠᠵᠤ᠂ ᠮᠡᠷᠭᠡᠵᠢᠯ ᠪᠣᠯᠣᠨ ᠵᠠᠭᠪᠤᠷ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠢᠯᠡᠭᠦᠦ ᠬᠢᠵᠦ ᠳᠡᠢ᠌ᠯᠪᠡᠯ ᠢᠯᠡᠭᠦᠦ ᠬᠢᠵᠦ᠂ ᠠᠬᠢᠴᠠ ᠵᠢ ᠤᠷᠤᠭᠰᠢ ᠠᠬᠢᠭᠤᠯᠵᠤ᠂ ᠪᠠᠷᠢᠯᠭ᠎ᠠ ᠵᠢᠨ ᠬᠤᠭᠤᠴᠠᠭ᠎ᠠ ᠵᠢ ᠲᠦᠷᠭᠡᠳᠬᠡᠵᠦ᠂ 〈ᠫᠧᠩᠰᠡᠲᠦ ᠦᠵᠡᠮᠵᠢ〉 ᠵᠢ 〈ᠤᠢ ᠰᠢᠭᠤᠢ〉 ᠪᠤᠯᠭ᠋ᠠᠬᠤ᠎ᠪᠠᠷ ᠴᠢᠷᠮᠠᠢ᠌ᠨ᠎ᠠ᠃ ᠡᠭᠦᠨ᠎ᠤ ᠵᠡᠷᠭᠡ᠎ᠪᠠᠷ᠂ ᠨᠤᠲᠤᠭ ᠪᠡᠯᠴᠢᠭᠡᠷ ᠤᠢ ᠰᠢᠭᠤᠢ ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠬᠦ ᠵᠢ ᠴᠥᠬᠥᠷᠡᠰᠢ ᠦᠭᠡᠢ ᠠᠬᠢᠭᠤᠯᠵᠤ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠪᠠ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠠᠮᠠᠷᠠᠭᠤᠯᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠮᠠᠨ᠎ᠤ ᠤᠢ ᠰᠢᠭᠤᠢ᠂ ᠲᠠᠯ᠎ᠠ ᠨᠤᠲᠤᠭ ᠵᠶ᠋ᠠᠨ ᠡᠷᠡᠰ ᠰᠠᠢ᠌ᠲᠤᠷ ᠬᠠᠮᠠᠭ᠋ᠠᠯᠠᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠵᠠᠮ ᠳᠡᠭᠡᠷ᠎ᠡ ᠤᠢ ᠰᠢᠭᠤᠢ ᠨᠤᠲᠤᠭ ᠪᠡᠯᠴᠢᠭᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠸᠠᠩ ᠵᠤᠤ ᠱᠧᠩ ᠬᠡᠯᠡᠪᠡ᠃

     《〈ᠰᠠᠨᠠᠯ〉᠎ᠳᠤ 〈ᠠᠯᠠᠱ᠌ᠠ ᠠᠭᠤᠯᠠ᠂ ᠳᠠᠯᠠᠨ ᠬᠠᠷ᠎ᠠ ᠠᠭᠤᠯᠠ ᠵᠡᠷᠭᠡ ᠤᠯᠤᠰ᠎ᠤᠨ ᠴᠡᠴᠡᠷᠯᠢᠭ᠎ᠢ ᠡᠭᠦᠳᠦᠨ ᠪᠠᠢ᠌ᠭᠤᠯᠤᠨ᠎ᠠ〉 ᠭᠡᠵᠦ ᠳᠤᠷᠠᠳᠴᠤ᠂ ᠬᠣᠢ᠌ᠰᠢᠳᠠ ᠵᠢᠨ ᠳᠠᠯᠠᠨ ᠬᠠᠷ᠎ᠠ ᠠᠭᠤᠯᠠ ᠵᠢᠨ ᠬᠠᠮᠠᠭ᠋ᠠᠯᠠᠯᠲᠠ ᠵᠢᠨ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠲᠣᠳᠣᠷᠬᠠᠢ ᠴᠢᠭᠯᠡᠯ ᠪᠠ ᠪᠣᠳᠠᠲᠠᠢ ᠰᠡᠳᠬᠢᠮᠵᠢ ᠬᠠᠩᠭ᠋ᠠᠪᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠠᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠳᠠᠷᠤᠭ᠎ᠠ ᠨᠢᠦ ᠰᠢ ᠱᠠᠨ ᠬᠡᠯᠡᠪᠡ᠃ ᠣᠢ᠌ᠷ᠎ᠠ ᠵᠢᠨ ᠵᠢᠯ᠎ᠤᠳ᠎ᠲᠤ᠂ ᠬᠠᠮᠠᠭ᠋ᠠᠯᠠᠯᠲᠠ ᠵᠢᠨ ᠣᠷᠣᠨ ᠬᠣᠷᠢᠭ᠎ᠠ ᠱᠤᠭᠤᠮ᠎ᠤᠨ ᠰᠡᠳᠬᠢᠬᠦᠢ ᠪᠠ ᠨᠡᠭᠡᠭᠡᠯᠲᠡᠲᠤ ᠰᠡᠳᠬᠢᠬᠦᠢ ᠵᠢ ᠪᠠᠷᠢᠮᠲᠠᠯᠠᠵᠤ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠰᠠᠢ᠌ᠲᠤᠷ ᠠᠳᠬᠤᠭᠰᠠᠨ ᠤᠷᠢᠲᠠᠯ ᠳᠣᠣᠷ᠎ᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠨᠠᠨ ᠬᠡᠮᠵᠢᠯᠲᠡ᠂ ᠡᠬᠢ ᠪᠠᠶᠠᠯᠢᠭ᠎ᠤᠨ ᠠᠰᠢᠭᠯᠠᠯᠲᠠ ᠵᠡᠷᠭᠡ ᠵᠢ ᠡᠮᠬᠢ ᠵᠢᠷᠤᠮ᠎ᠲᠠᠢ ᠥᠷᠨᠢᠭᠦᠯᠬᠦ ᠵᠢ ᠦᠷᠭᠦᠯᠵᠢᠯᠡᠨ ᠠᠬᠢᠭᠤᠯᠵᠤ᠂ ᠨᠡᠯᠢᠶᠡᠳ ᠰᠠᠢ᠌ᠨ ᠦᠷ᠎ᠡ ᠪᠦᠲᠦᠮᠵᠢ ᠣᠯᠪᠠ᠃ ᠲᠠᠷᠠᠭ᠋ᠠᠴᠢ ᠵᠢᠨ ᠠᠯᠬᠤᠮ᠎ᠳᠤ᠂ ᠳᠠᠯᠠᠨ ᠬᠠᠷ᠎ᠠ ᠠᠭᠤᠯᠠ ᠵᠢᠨ ᠬᠠᠮᠠᠭ᠋ᠠᠯᠠᠯᠲᠠ ᠵᠢᠨ ᠣᠷᠣᠨ ᠠᠮᠢ ᠠᠬᠤᠢ ᠵᠢᠨ ᠬᠠᠮᠠᠭ᠋ᠠᠯᠠᠯᠲᠠ ᠵᠢ ᠲᠡᠷᠢᠭᠦᠨ᠎ᠳᠤ ᠲᠠᠯᠪᠢᠬᠤ᠂ ᠤᠯᠤᠰ᠎ᠤᠨ ᠲᠥᠯᠥᠭᠡᠯᠡᠬᠦ ᠴᠢᠨᠠᠷᠲᠠᠢ᠂ ᠪᠦᠭᠦ ᠠᠷᠠᠳ᠎ᠤᠨ ᠨᠡᠢ᠌ᠲᠡ ᠵᠢᠨ ᠠᠰᠠᠷᠠᠮᠵᠢ ᠵᠢᠨ ᠴᠢᠨᠠᠷᠲᠠᠢ ᠤᠯᠤᠰ᠎ᠤᠨ ᠴᠡᠴᠡᠷᠯᠢᠭ᠎ᠤᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠳᠡᠪᠢᠰᠬᠡᠷ ᠪᠠᠢ᠌ᠴᠠᠭ᠋ᠠᠯᠲᠠ᠂ ᠬᠠᠮᠠᠭ᠋ᠠᠯᠠᠨ ᠰᠡᠷᠭᠦᠭᠡᠬᠦ᠂ ᠬᠢᠨᠠᠨ ᠬᠡᠮᠵᠢᠵᠦ ᠬᠢᠨᠠᠨ ᠬᠠᠮᠢᠶᠠᠷᠬᠤ ᠵᠡᠷᠭᠡ ᠡᠭᠦᠷᠭᠡ ᠵᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠳᠠᠯᠠᠨ ᠬᠠᠷ᠎ᠠ ᠠᠭᠤᠯᠠ ᠵᠢᠨ ᠤᠯᠤᠰ᠎ᠤᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠤᠨ᠎ᠠ᠃

     ᠥᠪᠥᠷ ᠮᠣᠩᠭᠣᠯ᠎ᠤᠨ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ ᠭᠣᠣᠯ ᠲᠠᠢ᠌ᠨ᠎ᠤ ᠲᠠᠯᠠᠪᠤᠷ᠎ᠤᠨ ᠨᠢᠭᠡ ᠪᠣᠯᠤᠭᠰᠠᠨ᠎ᠤ ᠬᠤᠪᠢ᠎ᠳᠤ᠂ ᠣᠷᠳᠣᠰ ᠬᠤᠳᠠ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ 《ᠬᠥᠪᠴᠢ ᠵᠢᠨ ᠵᠠᠭᠪᠤᠷ》᠎ᠢ ᠡᠭᠦᠳᠴᠦ᠂ ᠮᠤᠤᠠᠤᠰᠤ ᠵᠢᠨ ᠡᠯᠡᠰᠦᠷᠬᠡᠭ ᠭᠠᠵᠠᠷ᠎ᠤᠨ ᠵᠠᠰᠠᠯᠲᠠ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠮᠠᠭᠲᠠᠭ᠋ᠠᠯ ᠰᠠᠢ᠌ᠰᠢᠶᠠᠯ᠎ᠢ ᠣᠯᠪᠠ᠃ 《ᠰᠠᠨᠠᠯ》᠎ᠢ ᠨᠡᠢ᠌ᠲᠡᠯᠡᠭᠰᠡᠨ᠎ᠨᠢ ᠣᠷᠳᠣᠰ ᠬᠣᠲᠠ ᠵᠢᠨ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠺᠠᠳ᠋ᠷ ᠠᠵᠢᠯᠲᠠᠨ ᠠᠵᠢᠯᠴᠢᠨ᠎ᠢ ᠢᠲᠡᠭᠡᠯ ᠳᠦᠭᠦᠷᠡᠩ ᠪᠣᠯᠭ᠋ᠠᠪᠠ᠃ ᠤᠯᠠᠨ ᠵᠢᠡᠷ ᠵᠶ᠋ᠡᠨ ᠡᠷᠴᠢ ᠵᠣᠷᠢᠭ ᠵᠶ᠋ᠠᠨ ᠬᠥᠪᠴᠢᠯᠡᠨ᠂ ᠰᠢᠷᠭ᠋ᠠᠭᠤ ᠠᠵᠢᠯᠯᠠᠵᠤ ᠪᠣᠳᠠᠲᠠᠢ ᠠᠵᠢᠯᠯᠠᠵᠤ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠬᠦᠨᠳᠦ ᠡᠭᠦᠷᠭᠡ ᠵᠢ ᠡᠷᠡᠰ ᠡᠭᠦᠷᠭᠡᠯᠡᠨ᠂ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠶᠡᠷᠦᠩᠬᠡᠢ᠌ᠯᠡᠨ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠦᠯᠯᠡᠷᠭᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠬᠠᠳᠤᠨ ᠭᠣᠣᠯ᠎ᠤᠨ 《ᠶᠡᠬᠡ ᠲᠣᠬᠣᠢ ᠣᠷᠣᠨ》᠎ᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠤᠯᠤᠰ᠎ᠤᠨ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠤᠨ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠭᠦ ᠣᠷᠣᠨ᠎ᠤ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠵᠤ᠂ 2025 ᠣᠨ ᠪᠤᠯᠬᠤ᠎ᠳᠤ ᠬᠥᠪᠴᠢ ᠵᠢᠨ ᠡᠯᠡᠰᠦ ᠵᠢ ᠵᠠᠰᠠᠭᠰᠠᠨ ᠨᠤᠷᠮ᠎ᠠ ᠵᠢ 40%᠎ᠠᠴᠠ ᠳᠠᠪᠠᠭᠤᠯᠵᠤ᠂ ᠮᠤᠤᠠᠤᠰᠤ ᠵᠢᠨ ᠡᠯᠡᠰᠦᠷᠬᠡᠭ ᠭᠠᠵᠠᠷ᠎ᠢ ᠵᠠᠰᠠᠭᠰᠠᠨ ᠨᠣᠷᠮ᠎ᠠ ᠵᠢ 85% ᠭᠦᠷᠲᠡᠯ᠎ᠡ ᠳᠡᠭᠡᠭᠰᠢᠯᠡᠭᠦᠯᠵᠤ᠂ 2030 ᠣᠨ ᠪᠤᠯᠬᠤ᠎ᠳᠤ ᠬᠥᠪᠴᠢ ᠵᠢᠨ ᠡᠯᠡᠰᠦ ᠵᠢ ᠵᠠᠰᠠᠭᠰᠠᠨ ᠨᠤᠷᠮ᠎ᠠ ᠵᠢ 70%᠎ᠠᠴᠠ ᠳᠡᠭᠡᠭᠰᠢ᠎ᠳᠤ ᠬᠦᠷᠭᠡᠵᠦ᠂ ᠮᠤᠤᠠᠤᠰᠤ ᠵᠢᠨ ᠡᠯᠡᠰᠦᠷᠬᠡᠭ ᠭᠠᠵᠠᠷ᠎ᠤᠨ ᠵᠠᠰᠠᠵᠤ ᠪᠤᠯᠬᠤ ᠡᠯᠡᠰᠦᠷᠬᠡᠭᠵᠢᠭᠰᠡᠨ ᠭᠠᠵᠠᠷ ᠰᠢᠷᠣᠢ ᠵᠢ ᠪᠦᠭᠦ ᠲᠠᠯ᠎ᠠ᠎ᠪᠠᠷ ᠵᠠᠰᠠᠬᠤ ᠵᠢ ᠪᠡᠶᠡᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠳᠠᠭᠢᠨ ᠰᠢᠨ᠎ᠡ ᠭᠠᠪᠢᠶ᠎ᠠ ᠪᠠᠢ᠌ᠭᠤᠯᠤᠨ᠎ᠠ ᠭᠡᠵᠦ ᠢᠯᠡᠳᠬᠡᠵᠡᠭᠡᠪᠡ᠃

     《ᠰᠠᠨᠠᠯ》᠎ᠢ ᠰᠠᠢ᠌ᠲᠤᠷ ᠰᠤᠷᠤᠯᠴᠠᠵᠤ᠂ ᠤᠬᠠᠭᠤᠯᠵᠤ᠂ ᠲᠤᠭᠤᠰᠢᠯᠠᠭᠤᠯᠬᠤ ᠪᠣᠯ ᠣᠶ ᠰᠢᠭᠤᠢ ᠨᠤᠲᠤᠭ ᠪᠡᠯᠴᠢᠭᠡᠷ᠎ᠤᠨ ᠰᠢᠰᠲ᠋ᠧᠮ᠎ᠤᠨ ᠣᠳᠣᠬᠠᠨ᠎ᠤ ᠪᠠ ᠬᠣᠢ᠌ᠰᠢᠳᠠ ᠵᠢᠨ ᠬᠡᠰᠡᠭ ᠬᠤᠭᠤᠴᠠᠭ᠋ᠠᠨ᠎ᠤ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠣᠨ᠎ᠠ᠃ ᠪᠤᠭᠤᠲᠤ ᠬᠤᠳᠠ ᠵᠢᠨ ᠤᠢ ᠰᠢᠭᠤᠢ ᠨᠤᠲᠤᠭ ᠪᠡᠯᠴᠢᠭᠡᠷ᠎ᠤᠨ ᠲᠣᠪᠴᠢᠶᠠᠨ᠎ᠤ ᠳᠡᠳ᠋ ᠳᠠᠷᠤᠭ᠎ᠠ ᠳ᠋ᠠᠩ ᠰᠢᠶᠣᠣ ᠬᠣᠩ᠄ 《ᠪᠢᠳᠠ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ 〈ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ〉 ᠵᠢ ᠶᠡᠬᠡ᠎ᠪᠠᠷ ᠪᠠᠳᠠᠷᠠᠭᠤᠯᠵᠤ᠂ 〈ᠤᠮᠠᠷᠠᠲᠤ ᠵᠢᠨ ᠭᠤᠷᠪᠠᠨ ᠣᠷᠣᠨ〉᠎ᠤ ᠵᠢᠷᠭᠤᠳᠤᠭ᠋ᠠᠷ ᠬᠤᠭᠤᠴᠠᠭ᠋ᠠᠨ᠎ᠤ ᠢᠨᠵᠧᠨᠧᠷᠢᠩ ᠵᠡᠷᠭᠡ ᠴᠢᠬᠤᠯᠠ ᠶᠡᠬᠡ ᠠᠮᠢ ᠠᠬᠤᠢ ᠵᠢ ᠵᠠᠰᠠᠨ ᠰᠡᠷᠭᠦᠭᠡᠬᠦ ᠢᠨᠵᠧᠨᠧᠷᠢᠩ᠎ᠤᠨ ᠲᠦᠷᠦᠯ ᠵᠦᠢ᠍ᠯ᠎ᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠵᠢᠭᠦᠯᠵᠦ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠬᠠᠳᠤᠨ ᠭᠣᠣᠯ᠎ᠤᠨ 〈ᠶᠡᠬᠡ ᠲᠣᠬᠣᠢ ᠣᠷᠣᠨ〉᠎ᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠨ᠎ᠡ》 ᠭᠡᠪᠡ᠃

     ᠲᠦᠩᠯᠢᠶᠣᠣ ᠬᠣᠲᠠ ᠵᠢᠨ ᠣᠶ ᠰᠢᠭᠤᠢ ᠨᠤᠲᠤᠭ ᠪᠡᠯᠴᠢᠭᠡᠷ᠎ᠤᠨ ᠰᠢᠰᠲ᠋ᠧᠮ᠎ᠤᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠂ 《ᠰᠠᠨᠠᠯ》᠎ᠳᠤ ᠬᠣᠷᠴᠢᠨ᠂ ᠬᠤᠯᠠᠨ ᠰᠢᠷᠭ᠎ᠠ ᠲᠠᠭ᠎ᠠ ᠬᠣᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠬᠦ ᠳᠠᠢ᠌ᠯᠠᠯᠳᠤᠭ᠋ᠠᠨ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ᠎ᠳᠤ ᠬᠠᠷᠠᠯᠲᠠ ᠵᠢ ᠲᠣᠭᠲᠠᠭ᠋ᠠᠵᠤ᠂ ᠲᠣᠳᠣᠷᠬᠠᠢ ᠱᠠᠭ᠋ᠠᠷᠳᠠᠯᠭ᠎ᠠ ᠳᠤᠷᠠᠳᠤᠭᠰᠠᠨ ᠪᠠᠢ᠌ᠨ᠎ᠠ᠃ ᠣᠯᠠᠨ ᠵᠶ᠋ᠠᠷ ᠵᠶ᠋ᠠᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠰᠢᠨ᠎ᠡ ᠴᠠᠭ ᠦᠶ᠎ᠡ ᠵᠢᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠰᠢᠨ᠎ᠡ ᠭᠠᠢ᠌ᠬᠠᠮᠰᠢᠭ᠎ᠢ ᠴᠢᠷᠮᠠᠢ᠌ᠨ ᠡᠭᠦᠳᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ