ᠳᠤᠮᠳᠠᠲᠤ᠌ ᠤᠯᠦᠰ᠎ᠤᠨ ᠮᠠᠶᠢᠭ᠎ᠤᠨ ᠣᠳᠣᠬᠢᠴᠢᠯᠠᠯᠲᠠ   -   ᠮᠡᠳᠡᠭᠡᠯᠡᠯ
ᠡᠷᠴᠢ ᠵᠣᠷᠢᠭ ᠵᠢᠡᠨ ᠬᠥᠪᠴᠢᠯᠡᠨ ᠰᠢᠷᠭ᠋ᠠᠭᠤ ᠬᠠᠲᠠᠭᠤᠵᠢᠯᠲᠠᠢ ᠠᠵᠢᠯᠯᠠᠵᠤ ᠡᠬᠡ ᠤᠯᠤᠰ᠎ᠤᠨ ᠤᠮᠠᠷᠠᠲᠤ ᠵᠢᠨ ᠨᠠᠩ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠪᠦᠲᠦᠭᠡᠨ ᠪᠠᠢ᠌ᠭᠤᠯᠤᠨ᠎ᠠ
ᠨᠡᠶ᠋ᠢᠲᠡᠯᠡᠭᠰᠡᠨ ᠴᠠᠭ᠄ 2023-10-31

     – 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠨᠢ ᠪᠦᠭᠦ ᠣᠷᠣᠨ᠎ᠤ ᠡᠯ᠎ᠡ ᠠᠷᠠᠳᠴᠢᠯᠠᠭᠰᠠᠨ ᠨᠠᠮ ᠪᠦᠯᠦᠭ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠨᠠᠮ ᠪᠦᠯᠦᠭ᠎ᠤᠨ ᠪᠤᠰᠤ ᠬᠥᠮᠥᠰ᠎ᠤᠨ ᠳᠤᠮᠳᠠ ᠴᠢᠩᠭ᠎ᠠ ᠲᠤᠰᠬᠠᠯ ᠭᠠᠷᠪᠠ

     《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠢ᠌ᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 (ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ)᠎ᠨᠢ ᠥᠪᠥᠷ ᠮᠣᠩᠭᠣᠯ᠎ᠤᠨ ᠬᠥᠭᠵᠢᠯᠲᠡ ᠵᠢᠨ ᠲᠡᠦᠬᠡᠨ ᠳᠡᠭᠡᠷ᠎ᠡ ᠬᠥᠰᠢᠶ᠎ᠡ ᠳᠤᠷᠠᠰᠬᠠᠯ᠎ᠤᠨ ᠠᠴᠢ ᠬᠣᠯᠪᠣᠭᠳᠠᠯ᠎ᠲᠠᠢ ᠶᠤᠮ᠃ ᠪᠦᠭᠦ ᠣᠷᠣᠨ᠎ᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ᠂ ᠨᠠᠮ ᠪᠦᠯᠦᠭ᠎ᠤᠨ ᠪᠤᠰᠤ ᠬᠥᠮᠥᠰ ᠳᠠᠷᠤᠢ ᠲᠦᠷᠭᠡᠨ ᠬᠥᠳᠡᠯᠦᠯᠴᠡᠵᠦ 《ᠰᠠᠨᠠᠯ》᠎ᠢ ᠰᠤᠷᠤᠯᠴᠠᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠠᠯᠠᠭᠤᠨ ᠥᠷᠨᠢᠯᠲᠡ ᠵᠢ ᠪᠤᠢ ᠪᠣᠯᠭ᠋ᠠᠪᠠ᠃ ᠣᠯᠠᠨ ᠵᠶ᠋ᠠᠷ ᠵᠶ᠋ᠠᠨ᠂ ᠠᠴᠢ ᠡᠨᠡᠷᠢᠯ᠎ᠳᠤ ᠲᠠᠯᠠᠷᠬᠠᠨ ᠡᠷᠡᠮᠡᠬᠡᠢ᠌ᠯᠡᠨ ᠤᠷᠤᠭᠰᠢᠯᠠᠵᠤ᠂ ᠡᠷᠴᠢ ᠵᠣᠷᠢᠭ ᠵᠢᠡᠨ ᠬᠥᠪᠴᠢᠯᠡᠨ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠬᠣᠶᠠᠷ ᠶᠡᠬᠡ ᠶᠠᠪᠤᠳᠠᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠠᠢ᠌ᠷ᠎ᠠ ᠬᠠᠯᠠᠮᠵᠢ ᠠᠴᠢ ᠡᠨᠡᠷᠢᠯ᠎ᠢ ᠬᠠᠷᠢᠭᠤᠯᠠᠨ᠎ᠠ ᠭᠡᠵᠦ ᠢᠯᠡᠳᠬᠡᠵᠡᠭᠡᠪᠡ᠃

     《〈ᠰᠠᠨᠠᠯ〉᠎ᠢ ᠨᠡᠢ᠌ᠲᠡᠯᠡᠭᠰᠡᠨ᠎ᠨᠢ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠪᠠᠰᠠ ᠨᠢᠭᠡ ᠤᠳᠠᠭ᠎ᠠ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠠᠵᠠ ᠲᠣᠭᠢᠶᠠᠯ᠎ᠢ ᠣᠯᠭᠣᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ᠎ᠳᠤ ᠳᠠᠪᠰᠢᠨ ᠣᠷᠣᠬᠤ ᠬᠠᠷᠠᠯᠲᠠ ᠲᠡᠢ᠌ᠰᠢ ᠯᠠᠪᠳᠠᠭᠤᠨ ᠪᠠᠲᠤᠲᠠᠢ ᠤᠷᠤᠭᠰᠢᠯᠠᠬᠤ ᠵᠢ ᠲᠤᠢ᠌ᠯ᠎ᠤᠨ ᠶᠡᠬᠡ᠎ᠪᠠᠷ ᠵᠣᠷᠢᠭᠵᠢᠭᠤᠯᠵᠤ᠂ ᠪᠠᠰᠠ ᠣᠯᠠᠨ᠎ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠢᠲᠡᠭᠡᠯ ᠵᠣᠷᠢᠭ᠎ᠢ ᠪᠠᠲᠤᠳᠬᠠᠪᠠ》᠃ ᠠᠷᠠᠳᠴᠢᠯᠠᠭᠰᠠᠨ ᠬᠣᠯᠪᠤᠭ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠡᠷᠭᠢᠯᠡᠭᠴᠢ ᠭᠡᠰᠢᠭᠦᠨ ᠵᠤᠤ ᠵᠢᠢ᠂ ᠠᠷᠠᠳᠴᠢᠯᠠᠭᠰᠠᠨ ᠬᠣᠯᠪᠤᠭ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠠᠢ᠌ᠲᠤᠷ ᠠᠳᠬᠤᠨ᠎ᠠ᠃ ᠨᠢᠭᠡ᠎ᠳᠤ᠂ ᠬᠥᠮᠥᠰ᠎ᠤᠨ ᠰᠡᠳᠬᠢᠯ᠎ᠢ ᠨᠢᠭᠲᠠᠷᠠᠭᠤᠯᠬᠤ᠂ ᠬᠦᠴᠦᠨ ᠴᠢᠳᠠᠯ᠎ᠢ ᠨᠢᠭᠲᠠᠷᠠᠭᠤᠯᠬᠤ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠵᠤ᠂ 《ᠴᠢᠳᠠᠪᠤᠷᠢᠲᠠᠨ ᠵᠶ᠋ᠠᠷ ᠬᠤᠯᠪᠤᠭ᠎ᠠ᠎ᠪᠠᠨ ᠬᠦᠴᠦᠷᠬᠡᠭᠵᠢᠭᠦᠯᠬᠦ》᠎ᠪᠠᠷ ᠭᠠᠷᠳᠠᠴᠠ ᠪᠤᠯᠭ᠋ᠠᠵᠤ᠂ ᠵᠣᠬᠢᠶᠠᠨ ᠪᠠᠢ᠌ᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠴᠢᠨᠠᠭᠰᠢᠳᠠ ᠬᠥᠭᠵᠢᠭᠡᠵᠦ᠂ 《ᠰᠠᠨᠠᠯ》᠎ᠳᠤ ᠳᠤᠷᠠᠳᠤᠭᠰᠠᠨ ᠴᠢᠨᠠᠷ ᠰᠠᠢ᠌ᠲᠠᠢ ᠬᠥᠭᠵᠢᠯᠲᠡ ᠵᠢᠨ ᠶᠡᠷᠦᠩᠬᠡᠢ ᠬᠠᠷᠠᠯᠲᠠ ᠪᠣᠯᠣᠨ ᠴᠢᠬᠤᠯᠠ ᠡᠭᠦᠷᠭᠡ ᠵᠢ ᠴᠢᠩᠭ᠎ᠠ ᠡᠵᠡᠮᠳᠡᠵᠦ᠂ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠰᠢᠨ᠎ᠡ ᠳᠡᠭᠲᠡᠷ᠎ᠲᠤ ᠭᠠᠷᠬᠤ᠎ᠳᠤ ᠬᠦᠴᠦᠨ ᠨᠡᠮᠡᠷᠢᠯᠡᠨ᠎ᠡ; ᠬᠣᠶᠠᠷ᠎ᠲᠤ᠂ ᠠᠷᠭ᠎ᠠ ᠤᠬᠠᠭ᠋ᠠᠨ ᠭᠠᠷᠭ᠋ᠠᠨ ᠵᠠᠰᠠᠭ᠎ᠲᠤ ᠲᠤᠰᠠᠯᠠᠬᠤ ᠲᠦᠪᠰᠢᠨ ᠵᠶ᠋ᠡᠨ ᠳᠡᠭᠡᠭᠰᠢᠯᠡᠭᠦᠯᠵᠦ᠂ ᠭᠣᠣᠯ ᠠᠵᠢᠯ᠎ᠤᠨ ᠲᠣᠭᠣᠷᠢᠨ᠎ᠳᠤ᠂ ᠶᠡᠬᠡ ᠲᠠᠯ᠎ᠠ᠎ᠳᠤ ᠦᠢ᠍ᠯᠡᠴᠢᠯᠡᠵᠦ᠂ ᠴᠢᠳᠠᠪᠤᠷᠢᠲᠠᠨ᠎ᠤ ᠤᠶᠤᠨ ᠤᠬᠠᠭ᠋ᠠᠨ᠎ᠤ ᠳᠠᠪᠠᠭᠤᠯᠢᠭ᠎ᠢ ᠪᠠᠳᠠᠷᠠᠭᠤᠯᠵᠤ᠂ ᠰᠣᠶᠣᠯ᠂ ᠰᠤᠷᠭ᠋ᠠᠨ ᠬᠥᠮᠦᠵᠢᠯ᠂ ᠠᠮᠢ ᠠᠬᠤᠢ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠡᠷᠭᠡ ᠬᠦᠷᠢᠶᠡᠨ᠎ᠳᠤ ᠦᠷᠭᠦᠯᠵᠢᠯᠡᠨ ᠬᠦᠴᠦᠯᠡᠵᠦ᠂ ᠠᠷᠭ᠎ᠠ ᠤᠬᠠᠭ᠋ᠠᠨ ᠭᠠᠷᠭ᠋ᠠᠨ ᠰᠢᠨ᠎ᠡ ᠠᠬᠢᠴᠠ᠎ᠲᠠᠢ ᠪᠤᠯᠬᠤ᠎ᠪᠠᠷ ᠴᠢᠷᠮᠠᠢ᠌ᠨ᠎ᠠ; ᠭᠤᠷᠪᠠ᠎ᠳᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ》᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠨᠡᠩ ᠬᠡᠬᠦᠳᠡᠭ ᠳᠦᠭᠦᠷᠡᠩ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠢ᠌ᠨ ᠵᠥᠪᠯᠡᠭᠴᠢ᠂ ᠰᠠᠢ᠌ᠨ ᠬᠠᠪᠰᠤᠷᠤᠭᠴᠢ᠂ ᠰᠠᠢ᠌ᠨ ᠬᠠᠮᠲᠤ ᠠᠵᠢᠯᠯᠠᠭᠴᠢ ᠪᠣᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠲᠦᠷᠦ ᠵᠢᠨ ᠶᠠᠪᠤᠳᠠᠯ᠎ᠳᠤ ᠣᠷᠣᠯᠴᠠᠭᠴᠢ ᠨᠠᠮ ᠣᠷᠣᠨ ᠨᠤᠲᠤᠭ᠎ᠤᠨ ᠵᠣᠬᠢᠶᠠᠨ ᠪᠠᠢ᠌ᠭᠤᠯᠤᠯᠲᠠ᠎ᠳᠤ ᠤᠶᠤᠨ ᠤᠬᠠᠭ᠋ᠠᠨ ᠪᠣᠯᠣᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃

     ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠱ᠌ᠢ ᠱᠧᠩ ᠫᠢᠩ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠪᠣᠯᠣᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠮᠥᠰ ᠵᠶ᠋ᠡᠷ ᠭᠣᠣᠯ ᠴᠣᠭᠴᠠ ᠪᠤᠯᠭ᠋ᠠᠬᠰᠠᠨ ᠠᠷᠠᠳ᠎ᠤᠨ ᠪᠦᠯᠭᠦᠮ ᠪᠣᠯᠣᠨ ᠬᠤᠳᠠᠯᠳᠤᠭ᠋ᠠᠴᠢᠳ᠎ᠤᠨ ᠡᠪᠯᠡᠯ᠎ᠤᠨ ᠵᠣᠬᠢᠶᠠᠨ ᠪᠠᠢ᠌ᠭᠤᠯᠤᠯᠲᠠ ᠪᠣᠯᠤᠭᠰᠠᠨ᠎ᠤ ᠬᠤᠪᠢ᠎ᠳᠤ᠂ 《ᠬᠣᠶᠠᠷ ᠭᠤᠢ᠌ᠪᠢᠰᠢ ᠦᠭᠡᠢ》᠂ 《ᠬᠣᠶᠠᠷ ᠡᠷᠡᠭᠦᠯ ᠮᠡᠨᠳᠦ》 ᠵᠢᠨ ᠴᠢᠭᠯᠡᠯᠲᠡ ᠲᠦᠷᠦ ᠵᠢᠨ ᠪᠣᠳᠣᠯᠭ᠎ᠠ ᠵᠢ ᠪᠠᠲᠤ ᠡᠵᠡᠮᠳᠡᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠦᠨ᠎ᠡ᠃ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠪᠤᠢ ᠪᠣᠯᠭ᠋ᠠᠨ᠂ 《ᠠᠵᠤ ᠠᠬᠤᠢ᠌ᠯᠠᠯ᠎ᠳᠤ ᠬᠣᠯᠪᠣᠭᠳᠠᠬᠤ ᠪᠢᠴᠢᠭ ᠮᠠᠲ᠋ᠧᠷᠢᠶᠠᠯ᠎ᠤᠨ ᠰᠢᠭᠤᠳ ᠨᠡᠪᠲᠡᠷᠡᠬᠦ ᠲᠡᠷᠭᠡ》 ᠵᠡᠷᠭᠡ ᠲᠠᠪᠴᠠᠩ᠎ᠢ ᠠᠰᠢᠭᠯᠠᠨ 《ᠰᠠᠨᠠᠯ》᠎ᠤᠨ ᠵᠣᠷᠢᠭ ᠰᠠᠨᠠᠭ᠎ᠠ ᠵᠢ ᠠᠵᠤ ᠠᠬᠤᠢ᠌ᠯᠠᠯ᠂ ᠬᠤᠳᠠᠯᠳᠤᠭ᠋ᠠᠴᠢᠳ᠎ᠤᠨ ᠡᠪᠯᠡᠯ᠂ ᠦᠨᠳᠦᠰᠦᠨ ᠱᠠᠲᠤᠨ᠎ᠳᠤ ᠬᠦᠷᠭᠡᠬᠦ ᠵᠢ ᠠᠬᠢᠭᠤᠯᠤᠨ᠎ᠠ᠃ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠴᠢᠨᠠᠭᠰᠢᠳᠠ ᠪᠠᠳᠠᠷᠠᠭᠤᠯᠵᠤ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠣᠯᠣᠯᠴᠠᠭ᠎ᠠ ᠵᠢᠨ ᠵᠠᠮ ᠱᠤᠭᠤᠮ᠎ᠢ ᠰᠢᠯᠤᠭᠤᠳᠬᠠᠵᠤ᠂ 《ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠢ ᠬᠢᠯᠢ ᠬᠢᠵᠠᠭ᠋ᠠᠷ᠎ᠲᠤ ᠣᠷᠣᠭᠤᠯᠬᠤ》 ᠠᠵᠢᠯᠯᠠᠭ᠎ᠠ ᠪᠣᠯᠣᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠠᠤᠯᠢ ᠵᠢ ᠰᠠᠬᠢᠵᠤ ᠲᠣᠭᠲᠠᠭ᠋ᠠᠯ᠎ᠳᠤ ᠨᠡᠢ᠌ᠴᠡᠭᠦᠯᠬᠦ ᠠᠵᠢᠯᠯᠠᠭ᠎ᠠ ᠵᠡᠷᠭᠡ ᠵᠢᠨ ᠢᠳᠡᠪᠬᠢᠲᠡᠢ ᠪᠣᠳᠠᠲᠤ ᠦᠷ᠎ᠡ ᠪᠦᠲᠦᠮᠵᠢ ᠣᠯᠬᠤ ᠵᠢ ᠲᠥᠯᠥᠪᠵᠢᠭᠦᠯᠦᠨ ᠠᠬᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠪᠠᠷ ᠪᠦᠭᠦ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ᠎ᠳᠤ ᠦᠢ᠍ᠯᠡᠴᠢᠯᠡᠨ᠎ᠡ ᠭᠡᠵᠦ ᠢᠯᠡᠳᠬᠡᠪᠡ᠃

     ᠨᠠᠮ ᠪᠦᠯᠦᠭ᠎ᠤᠨ ᠪᠤᠰᠤ ᠬᠥᠮᠥᠰ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠯᠧᠦ ᠪᠦᠸᠧ ᠵᠢᠶᠦ᠋ᠨ᠂ ᠤᠢ ᠰᠢᠭᠤᠢ ᠵᠢᠨ ᠲᠤᠬᠠᠢ᠌ᠯᠠᠭᠰᠠᠨ ᠠᠵᠢᠯᠲᠠᠨ ᠪᠣᠯᠤᠭᠰᠠᠨ᠎ᠤ ᠬᠤᠪᠢ᠎ᠳᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠬᠠᠷᠠᠯᠲᠠ ᠵᠢ ᠭᠤᠢ᠌ᠪᠢᠰᠢ ᠦᠭᠡᠢ᠂ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠠ ᠡᠷᠡᠮᠡᠬᠡᠢ᠌ᠯᠡᠨ ᠤᠷᠤᠭᠰᠢᠯᠠᠬᠤ ᠵᠣᠷᠢᠭ ᠵᠶ᠋ᠠᠷ 《ᠰᠠᠨᠠᠯ》᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠦᠭᠦ ᠬᠦᠴᠦᠨ ᠵᠶ᠋ᠡᠷ ᠠᠬᠢᠭᠤᠯᠤᠨ᠎ᠠ᠃ ᠨᠢᠭᠡ᠎ᠳᠤ᠂ 《ᠡᠯᠡᠰᠦ》 ᠵᠢ ᠰᠠᠢ᠌ᠲᠤᠷ ᠵᠠᠰᠠᠨ᠎ᠠ᠃ ᠰᠢᠰᠲ᠋ᠧᠮ᠎ᠤᠨ ᠦᠵᠡᠯᠲᠡ ᠵᠢ ᠪᠠᠷᠢᠮᠲᠠᠯᠠᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ᠂ ᠬᠣᠣᠷ ᠬᠥᠨᠥᠭᠡᠯ᠎ᠤᠨ ᠪᠠᠢ᠌ᠳᠠᠯ᠎ᠢ ᠦᠵᠡᠵᠦ ᠰᠡᠷᠭᠡᠢ᠌ᠯᠡᠯᠲᠡ ᠵᠢ ᠪᠠᠢ᠌ᠷᠢᠯᠠᠭᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠢ᠌ᠯᠠᠯᠳᠤᠭ᠋ᠠᠨ ᠪᠠ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠣᠯᠣᠨ᠎ᠠ᠃ ᠬᠣᠶᠠᠷ᠎ᠲᠤ᠂ 《ᠨᠣᠮᠢᠨ ᠨᠣᠭᠣᠭ᠋ᠠᠨ》᠎ᠢ ᠰᠠᠢ᠌ᠲᠤᠷ ᠬᠠᠮᠠᠭ᠋ᠠᠯᠠᠨ᠎ᠠ᠃ ᠣᠶ ᠰᠢᠭᠤᠢ ᠵᠢᠨ ᠳᠠᠷᠤᠭ᠎ᠠ ᠵᠢᠨ ᠳᠦᠷᠢᠮ᠎ᠢ ᠭᠦᠨᠵᠡᠭᠡᠢ ᠠᠬᠢᠭᠤᠯᠤᠨ ᠪᠣᠳᠠᠲᠠᠢ᠌ᠵᠢᠭᠤᠯᠵᠤ᠂ ᠣᠶ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠪᠠ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠲᠠᠯ᠎ᠠ ᠨᠤᠲᠤᠭ᠂ ᠣᠶ ᠰᠢᠭᠤᠢ᠂ ᠨᠤᠭᠤ ᠭᠠᠵᠠᠷ᠎ᠢ ᠦᠨᠡᠨ ᠬᠦ᠌ ᠰᠠᠢ᠌ᠲᠤᠷ ᠬᠠᠮᠠᠭ᠋ᠠᠯᠠᠨ᠎ᠠ᠃ ᠭᠤᠷᠪᠠ᠎ᠳᠤ᠂ 《ᠠᠯᠲᠠ ᠮᠥᠩᠭᠥ》 ᠵᠢ ᠴᠢᠷᠮᠠᠢ᠌ᠨ ᠪᠤᠢ ᠪᠣᠯᠭ᠋ᠠᠨ᠎ᠠ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠤᠯᠭ᠋ᠠᠵᠤ᠂ ᠠᠮᠢ ᠠᠬᠤᠢ ᠵᠢᠨ ᠦᠷᠳᠡᠭ᠎ᠢ ᠠᠵᠤ ᠠᠬᠤᠢ ᠵᠢᠨ ᠦᠷᠳᠡᠭ ᠪᠣᠯᠭ᠋ᠠᠨ ᠬᠤᠪᠢᠷᠠᠭᠤᠯᠬᠤ ᠵᠠᠮ᠎ᠢ ᠨᠠᠪᠲᠠᠷᠡᠭᠦᠯᠵᠦ᠂ ᠤᠢ ᠰᠢᠭᠤᠢ ᠡᠪᠡᠰᠦᠨ᠎ᠤ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠴᠢᠨᠠᠷ ᠰᠠᠢ᠌ᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭ᠋ᠠᠯᠠᠯᠲᠠ ᠵᠢᠨ ᠬᠣᠣᠰ ᠠᠮᠵᠢᠯᠲᠠ ᠵᠢ ᠪᠡᠶᠡᠯᠡᠭᠦᠯᠵᠦ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭ᠋ᠠᠨ ᠬᠠᠯᠬᠠᠪᠴᠢ ᠵᠢ ᠨᠡᠩ ᠪᠠᠲᠤ ᠪᠡᠬᠢ ᠪᠣᠯᠭ᠋ᠠᠨ ᠴᠣᠭᠴᠠᠯᠠᠨ᠎ᠠ ᠭᠡᠵᠦ ᠢᠯᠡᠳᠬᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ