ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠣᠢ᠌ᠯᠠᠭ᠋ᠠᠭᠰᠠᠨ ᠵᠶ᠋ᠡᠷ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ)᠎ᠢ ᠪᠣᠳᠠᠲᠠᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠴᠢᠩᠭ᠎ᠠ ᠠᠳᠬᠤᠨ ᠢᠵᠢ ᠪᠦᠷᠢᠳᠦᠭᠦᠯᠵᠦ᠂ 《ᠰᠠᠨᠠᠯ》᠎ᠠᠴᠠ ᠲᠦᠷᠦ ᠵᠢᠨ ᠪᠣᠳᠣᠯᠭ᠎ᠠ ᠬᠠᠢ᠌ᠵᠤ᠂ 《ᠰᠠᠨᠠᠯ》᠎ᠠᠴᠠ ᠲᠦᠷᠦᠯ ᠵᠦᠢ᠍ᠯ ᠡᠷᠢᠵᠦ᠂ ᠳᠡᠮᠵᠢᠯᠭᠡ ᠵᠢᠨ ᠲᠦᠷᠦ ᠵᠢᠨ ᠪᠣᠳᠣᠯᠭ᠎ᠠ ᠵᠢ ᠪᠣᠳᠠᠲᠠᠢ ᠲᠦᠷᠦᠯ ᠵᠦᠢ᠍ᠯ ᠪᠤᠯᠭ᠋ᠠᠬᠤ᠎ᠪᠠᠷ ᠴᠢᠷᠮᠠᠢ᠌ᠪᠠ᠃
ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠶᠠᠭ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠲᠠᠢ ᠬᠠᠮᠲᠤᠷᠠᠨ 《ᠰᠠᠨᠠᠯ》᠎ᠢ ᠴᠢᠨᠠᠭᠰᠢᠳᠠ ᠨᠠᠷᠢᠨ ᠨᠢᠮᠪᠠᠢ ᠨᠠᠢ᠌ᠳᠠᠪᠤᠷᠢᠵᠢᠭᠤᠯᠵᠤ᠂ ᠭᠦᠢ᠍ᠴᠡᠳ ᠵᠣᠬᠢᠴᠠᠭᠤᠯᠤᠨ ᠨᠡᠪᠲᠡᠷᠡᠯᠴᠡᠬᠦ᠎ᠪᠠᠷ ᠳᠡᠮᠵᠢᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠲᠥᠪ᠎ᠤᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠵᠣᠬᠢᠴᠠᠭᠤᠯᠤᠨ ᠦᠢ᠍ᠯᠡᠴᠢᠯᠡᠬᠦ᠂ ᠱᠠᠯᠠᠪᠳᠠᠭᠤᠯᠤᠨ ᠨᠠᠢ᠌ᠳᠠᠪᠤᠷᠢᠵᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢᠨ ᠠᠬᠢᠴᠠ ᠵᠢ ᠴᠠᠭ ᠲᠤᠬᠠᠢᠳᠤᠨᠢ ᠮᠥᠷᠳᠡᠨ ᠲᠣᠬᠢᠷᠠᠭᠤᠯᠵᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠴᠠᠭ ᠲᠤᠬᠠᠢᠳᠤᠨᠢ ᠨᠡᠢ᠌ᠲᠡᠯᠡᠬᠦ ᠪᠣᠯᠣᠨ᠎ᠠ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠬᠠᠮᠢᠶ᠎ᠠ ᠪᠦᠬᠦᠢ ᠶᠠᠮᠤᠨ ᠵᠥᠪᠯᠡᠯ᠎ᠲᠠᠢ ᠬᠠᠮᠲᠤᠷᠠᠨ ᠣᠢ᠌ᠷ᠎ᠠ᠎ᠳᠤ 《ᠰᠠᠨᠠᠯ》᠎ᠳᠤ ᠢᠵᠢ ᠪᠦᠷᠢᠳᠦᠭᠦᠯᠦᠭᠰᠡᠨ 《ᠭᠣᠣᠯᠳᠠᠯᠭ᠎ᠠ᠎ᠲᠠᠢ ᠡᠭᠦᠷᠭᠡ ᠵᠢᠨ ᠨᠠᠷᠢᠨ ᠳᠠᠨᠭ᠌ᠰᠠ》 ᠪᠠ 《ᠴᠢᠬᠤᠯᠠ ᠶᠡᠬᠡ ᠲᠥᠷᠥᠯ ᠵᠦᠢ᠍ᠯ᠎ᠤᠨ ᠨᠠᠷᠢᠨ ᠳᠠᠨᠭ᠌ᠰᠠ》 ᠵᠢ ᠨᠡᠢ᠌ᠲᠡᠯᠡᠵᠦ᠂ 《ᠰᠠᠨᠠᠯ》᠎ᠢ ᠨᠠᠢ᠌ᠳᠠᠪᠤᠷᠢᠵᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠯᠭ᠋ᠠᠬᠤ᠎ᠪᠠᠷ ᠳᠡᠪᠰᠢᠭᠦᠯᠪᠡ᠃
ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠤᠯᠤᠰ᠎ᠤᠨ ᠭᠠᠵᠠᠷ ᠰᠢᠷᠣᠢ ᠡᠬᠢ ᠪᠠᠶᠠᠯᠢᠭ᠎ᠤᠨ ᠨᠡᠭᠡᠭᠡᠨ ᠬᠥᠭᠵᠢᠭᠦᠯᠦᠯᠲᠡ ᠬᠢᠭᠡᠳ ᠭᠠᠵᠠᠷ ᠣᠷᠣᠨ᠎ᠤ ᠠᠵᠤ ᠠᠬᠤᠢ ᠵᠢᠨ ᠰᠤᠳᠤᠯᠭ᠋ᠠᠨ᠎ᠤ ᠭᠠᠵᠠᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠂ 《1 + N + X》᠎ᠤᠨ ᠠᠬᠢᠭᠤᠯᠬᠤ ᠰᠡᠳᠬᠢᠮᠵᠢ ᠶᠣᠰᠣᠭ᠋ᠠᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ 《ᠰᠠᠨᠠᠯ》᠎ᠤᠨ ᠲᠦᠷᠦᠭᠦᠯᠡᠨ ᠲᠤᠭᠤᠷᠪᠢᠵᠤ ᠨᠠᠢ᠌ᠷᠠᠭᠤᠯᠤᠨ ᠵᠣᠬᠢᠶᠠᠬᠤ ᠨᠢᠭᠡᠴᠢ ᠪᠣᠯᠤᠭᠰᠠᠨ᠎ᠤ ᠬᠤᠪᠢ᠎ᠳᠤ ᠵᠠᠷᠢᠮ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠢ ᠪᠠᠭᠲᠠᠭ᠋ᠠᠭᠰᠠᠨ ᠵᠣᠬᠢᠴᠠᠩᠭᠤᠢ ᠭᠣᠣᠯᠳᠠᠯᠭ᠎ᠠ᠎ᠲᠠᠢ ᠡᠭᠦᠷᠭᠡ ᠵᠢ ᠨᠠᠩ ᠨᠠᠷᠢᠯᠢᠭ ᠠᠷᠭ᠎ᠠ ᠬᠡᠮᠵᠢᠶ᠎ᠡ᠎ᠪᠠᠷ ᠲᠣᠳᠣᠷᠬᠠᠢ ᠲᠣᠭᠲᠠᠭ᠋ᠠᠵᠤ ᠨᠠᠢ᠌ᠳᠠᠪᠤᠷᠢᠵᠢᠭᠤᠯᠤᠨ᠎ᠠ ᠭᠡᠵᠦ ᠲᠠᠨᠢᠯᠴᠠᠭᠤᠯᠪᠠ᠃
ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠳᠤ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠬᠢᠵᠦ᠂ ᠤᠯᠤᠰ᠎ᠤᠨ ᠳᠡᠮᠵᠢᠯᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠡᠷᠡᠮᠡᠯᠵᠡᠯᠡᠨ ᠣᠯᠪᠠ᠃ ᠢᠳᠡᠪᠬᠢᠲᠡᠢ ᠡᠷᠡᠮᠡᠯᠵᠡᠯᠡᠬᠦ᠎ᠪᠠᠷ ᠳᠡᠮᠵᠢᠨ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠲᠤᠷᠰᠢᠯᠲᠠ ᠵᠢᠨ ᠣᠷᠣᠨ᠎ᠢ ᠡᠭᠦᠳᠦᠨ ᠪᠠᠢ᠌ᠭᠤᠯᠵᠤ᠂ ᠪᠦᠭᠦ ᠤᠯᠤᠰ᠎ᠤᠨ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠬᠠᠮᠵᠢᠯᠴᠠᠨ ᠠᠬᠢᠭᠤᠯᠬᠤ ᠵᠡᠷᠭᠡ ᠠᠭᠤᠯᠭ᠎ᠠ ᠵᠢ ᠨᠢᠭᠡᠨᠲᠡ ᠳᠡᠮᠵᠢᠯᠭᠡ ᠵᠢᠨ ᠪᠢᠴᠢᠭ ᠮᠠᠲ᠋ᠧᠷᠢᠶᠠᠯ᠎ᠳᠤ ᠣᠷᠣᠭᠤᠯᠪᠠ᠃ ᠡᠭᠦᠨ᠎ᠤ ᠬᠠᠮᠲᠤ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ 7 ᠬᠦᠷᠢᠶ᠎ᠡ ᠴᠠᠷᠠᠭ᠎ᠠ ᠵᠢᠨ ᠲᠣᠭᠣᠷᠢᠨ᠎ᠳᠤ 97 ᠵᠦᠢ᠍ᠯ᠎ᠤᠨ ᠴᠢᠬᠤᠯᠠ ᠶᠡᠬᠡ ᠢᠨᠵᠧᠨᠧᠷᠢᠩ᠎ᠢ ᠳᠤᠷᠠᠳᠤᠨ ᠭᠠᠷᠭ᠋ᠠᠪᠠ; ᠡᠬᠢ ᠪᠠᠶᠠᠯᠢᠭ᠎ᠤᠨ ᠭᠡᠯᠪᠡᠷᠢ ᠵᠢᠨ ᠭᠠᠵᠠᠷ ᠣᠷᠣᠨ᠎ᠤ ᠭᠡᠯᠪᠡᠷᠢ ᠵᠢ ᠬᠤᠪᠢᠷᠠᠭᠤᠯᠤᠨ ᠬᠥᠭᠵᠢᠭᠦᠯᠬᠦ ᠪᠠᠢ᠌ᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠬᠦ᠂ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠡᠷᠭᠡ ᠬᠦᠷᠢᠶᠡᠨ᠎ᠤ ᠲᠣᠭᠣᠷᠢᠨ᠎ᠳᠤ 79 ᠴᠢᠬᠤᠯᠠ ᠶᠡᠬᠡ ᠵᠦᠢ᠍ᠯᠡᠰ᠎ᠢ ᠳᠤᠷᠠᠳᠪᠠ; ᠨᠤᠲᠤᠭ ᠪᠡᠯᠴᠢᠭᠡᠷ ᠣᠶ ᠰᠢᠭᠤᠢ ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠬᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠡᠮᠬᠢ ᠵᠢᠷᠤᠮ᠎ᠲᠠᠢ᠎ᠪᠠᠷ ᠨᠡᠭᠡᠭᠡᠨ ᠠᠰᠢᠭᠯᠠᠬᠤ ᠵᠢ ᠠᠬᠢᠭᠤᠯᠬᠤ ᠵᠡᠷᠭᠡ ᠬᠦᠷᠢᠶᠡᠨ᠎ᠤ ᠲᠣᠭᠣᠷᠢᠨ᠎ᠳᠤ 34 ᠵᠦᠢ᠍ᠯ᠎ᠤᠨ ᠴᠢᠬᠤᠯᠠ ᠶᠡᠬᠡ ᠲᠥᠷᠥ ᠵᠢᠨ ᠪᠣᠳᠣᠯᠭ᠎ᠠ ᠵᠢ ᠳᠤᠷᠠᠳᠤᠨ ᠭᠠᠷᠭ᠋ᠠᠪᠠ᠃
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠡᠷᠭᠢᠯᠡᠭᠴᠢ ᠵᠠᠩ ᠶᠦᠩ ᠵᠢᠶᠦ᠋ᠨ᠄ 《ᠴᠢᠬᠤᠯᠠ ᠶᠡᠬᠡ ᠲᠥᠷᠥᠯ ᠵᠦᠢ᠍ᠯ᠎ᠤᠨ 3 ᠵᠢᠯ᠎ᠤᠨ ᠪᠡᠯᠡ ᠣᠷᠣᠭᠤᠯᠤᠯᠲᠠ ᠲᠦᠮᠡᠨ ᠳ᠋ᠦᠩᠰᠢᠭᠤᠷ ᠰᠢᠬᠠᠮ ᠲᠥᠭᠥᠷᠢᠭ᠎ᠲᠤ ᠬᠦᠷᠴᠡᠢ᠃ ᠲᠥᠷᠥᠯ ᠵᠦᠢ᠍ᠯ᠎ᠤᠨ ᠲᠣᠰ ᠪᠡᠶ᠎ᠡ᠎ᠨᠢ ᠳᠠᠷᠤᠢ ᠨᠢᠭᠡᠨ ᠦᠨᠡᠨ ᠪᠣᠳᠠᠲᠠᠢ ᠭᠠᠷᠳᠠᠴᠠ ᠮᠥᠨ᠂ 《ᠰᠠᠨᠠᠯ》᠎ᠠᠴᠠ ᠲᠥᠷᠥ ᠵᠢᠨ ᠪᠣᠳᠣᠯᠭ᠎ᠠ ᠬᠠᠢ᠌ᠵᠤ᠂ 《ᠰᠠᠨᠠᠯ》᠎ᠠᠴᠠ ᠲᠥᠷᠥᠯ ᠵᠦᠢ᠍ᠯ ᠡᠷᠢᠵᠦ᠂ ᠪᠢᠳᠡ ᠲᠥᠷᠥᠯ ᠵᠦᠢ᠍ᠯ᠎ᠢ ᠠᠳᠬᠤᠪᠠᠯ᠂ ᠳᠠᠷᠤᠢ ᠦᠨᠳᠦᠰᠦᠨ᠎ᠳᠡᠭᠡᠨ 《ᠰᠠᠨᠠᠯ》᠎ᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠴᠢᠬᠤᠯᠠ ᠶᠡᠬᠡ ᠲᠤᠯᠭ᠋ᠠᠭᠤᠷᠢᠯᠠᠯ ᠪᠣᠯᠵᠤ ᠪᠣᠯᠣᠨ᠎ᠠ》 ᠭᠡᠪᠡ᠃
《ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠡᠯ᠎ᠡ ᠲᠠᠯ᠎ᠠ ᠵᠢᠨ᠎ᠬᠢᠨ 〈ᠰᠠᠨᠠᠯ〉᠎ᠤᠨ ᠬᠠᠷᠠᠭ᠋ᠠᠯᠵᠠᠭᠰᠠᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠴᠦ ᠪᠠᠢ᠌ᠭ᠋ᠠᠳ ᠬᠠᠷᠠᠭ᠋ᠠᠯᠵᠠᠭᠰᠠᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠡᠭᠦᠷᠭᠡ ᠵᠢ ᠪᠡᠶᠡᠯᠡᠭᠦᠯᠬᠦ ᠵᠢ ᠠᠬᠢᠭᠤᠯᠵᠤ᠂ ᠡᠴᠦᠰ᠎ᠲᠡᠭᠡᠨ ᠬᠠᠷᠠᠭ᠋ᠠᠯᠵᠠᠭᠰᠠᠨ ᠬᠠᠷᠠᠯᠲᠠ ᠵᠢ ᠪᠡᠶᠡᠯᠡᠭᠦᠯᠦᠨ᠎ᠡ》 ᠭᠡᠵᠦ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠤᠯᠤᠰ᠎ᠤᠨ ᠭᠠᠵᠠᠷ ᠰᠢᠷᠣᠢ ᠵᠢ ᠨᠡᠭᠡᠭᠡᠨ ᠬᠥᠭᠵᠢᠭᠦᠯᠬᠦ ᠬᠢᠭᠡᠳ ᠭᠠᠵᠠᠷ ᠣᠷᠣᠨ᠎ᠤ ᠠᠵᠤ ᠠᠬᠤᠢ ᠵᠢᠨ ᠰᠤᠳᠤᠯᠭ᠋ᠠᠨ᠎ᠤ ᠭᠠᠵᠠᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠬᠡᠯᠡᠪᠡ᠃