ᠳᠤᠮᠳᠠᠲᠤ᠌ ᠤᠯᠦᠰ᠎ᠤᠨ ᠮᠠᠶᠢᠭ᠎ᠤᠨ ᠣᠳᠣᠬᠢᠴᠢᠯᠠᠯᠲᠠ   -   ᠮᠡᠳᠡᠭᠡᠯᠡᠯ
ᠡᠯ᠎ᠡ ᠠᠢ᠌ᠮᠠᠭ ᠬᠣᠲᠠ ᠬᠤᠷᠠᠯ ᠬᠤᠷᠠᠯᠳᠤᠭᠤᠯᠵᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠰᠠᠨᠠᠯ》᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ – ᠴᠢᠬᠤᠯᠠ ᠶᠡᠬᠡ ᠠᠵᠠ ᠲᠣᠭᠢᠶᠠᠯ᠎ᠢ ᠠᠳᠬᠤᠵᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠠᠷᠠᠯᠲᠠ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2023-11-07

     ᠣᠢ᠌ᠷ᠎ᠠ ᠵᠢᠨ ᠡᠳᠦᠷ ᠬᠥᠯᠥᠨ ᠪᠤᠢ᠌ᠷ ᠬᠤᠳᠠ᠂ ᠤᠯᠠᠭ᠋ᠠᠨᠬᠠᠳᠠ ᠬᠤᠳᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 (ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ)᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠳᠠᠷᠠᠭ᠋ᠠᠴᠢ ᠵᠢᠨ ᠠᠵᠢᠯ ᠵᠢᠡᠨ ᠪᠠᠢ᠌ᠷᠢᠯᠠᠭᠤᠯᠪᠠ᠃

     ᠬᠥᠯᠥᠨ ᠪᠤᠢ᠌ᠷ ᠬᠤᠳᠠ

     10 ᠰᠠᠷ᠎ᠠ ᠵᠢᠨ 23᠎ᠤ ᠡᠳᠦᠷ᠂ ᠬᠥᠯᠥᠨ ᠪᠤᠢ᠌ᠷ ᠬᠣᠲᠠ ᠵᠢᠨ ᠨᠠᠮ᠎ᠤᠨ ᠬᠣᠷᠢᠶ᠎ᠠ ᠪᠠᠢ᠌ᠩᠭᠤ ᠵᠢᠨ ᠭᠡᠰᠢᠭᠦᠳ᠎ᠤᠨ ᠬᠤᠷᠠᠯ ᠬᠤᠷᠠᠯᠳᠤᠭᠤᠯᠵᠤ᠂ 《ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃

     ᠬᠤᠷᠠᠯ᠎ᠠᠴᠠ᠂ 《ᠰᠠᠨᠠᠯ》᠎ᠢ ᠰᠠᠢ᠌ᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠯ ᠣᠳᠣᠬᠠᠨ᠎ᠤ ᠴᠢᠬᠤᠯᠠ ᠤᠯᠤᠰ ᠲᠦᠷᠦ ᠵᠢᠨ ᠡᠭᠦᠷᠭᠡ ᠪᠣᠯᠣᠨ᠎ᠠ᠃ ᠪᠦᠭᠦ ᠬᠣᠲᠠ᠎ᠪᠠᠷ ᠵᠢᠡᠨ ᠡᠷᠬᠡᠪᠰᠢ ᠴᠢᠬᠤᠯᠠ ᠶᠡᠬᠡ ᠠᠵᠠ ᠲᠣᠭᠢᠶᠠᠯ᠎ᠢ ᠴᠢᠩᠭ᠎ᠠ ᠠᠳᠬᠤᠵᠤ᠂ ᠳᠠᠯᠳᠠ ᠬᠦᠴᠦᠨ ᠵᠶ᠋ᠡᠨ ᠭᠦᠢ᠍ᠴᠡᠳ ᠠᠭᠤᠳᠠᠯᠵᠤ᠂ ᠰᠠᠨᠠᠭ᠋ᠠᠴᠢᠯᠠᠭ᠎ᠠ᠎ᠠᠴᠠ᠎ᠪᠠᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠪᠠᠷ ᠪᠠᠷᠢᠮᠵᠢᠶᠠᠯᠠᠨ᠂ ᠵᠦᠢ᠍ᠯ ᠵᠤᠷᠪᠤᠰ ᠳᠠᠷᠠᠭ᠋ᠠᠯᠠᠨ ᠬᠠᠷᠢᠴᠠᠭᠤᠯᠤᠨ ᠰᠤᠳᠤᠯᠵᠤ᠂ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠨᠠᠷᠢᠨ ᠬᠢᠨᠠᠮᠠᠭ᠋ᠠᠢ ᠲᠥᠯᠥᠪᠵᠢᠭᠦᠯᠦᠨ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠢ᠌ᠵᠤ᠂ ᠵᠣᠯᠭ᠋ᠠᠯᠴᠠᠭ᠎ᠠ᠎ᠪᠠᠨ ᠴᠢᠩᠭ᠋ᠠᠳᠬᠠᠨ᠂ ᠢᠳᠡᠪᠬᠢᠲᠡᠢ ᠲᠡᠮᠡᠴᠡᠵᠦ᠂ ᠨᠠᠩ ᠣᠯᠠᠨ ᠭᠣᠣᠯᠳᠠᠯᠭ᠎ᠠ᠎ᠲᠠᠢ ᠲᠥᠷᠥᠯ ᠵᠦᠢ᠍ᠯ ᠪᠣᠯᠣᠨ ᠵᠦᠢ᠍ᠯᠡᠰ᠎ᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠳᠡᠮᠵᠢᠯᠭᠡ ᠵᠢᠨ ᠬᠡᠪᠴᠢᠶᠡᠨ᠎ᠳᠤ ᠣᠷᠣᠭᠤᠯᠬᠤ᠎ᠪᠠᠷ ᠴᠢᠷᠮᠠᠢ᠌ᠬᠤ ᠬᠡᠷᠡᠭᠲᠡᠢ᠃ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠩᠬᠠᠷᠤᠯ ᠵᠢᠨᠨ ᠲᠥᠪᠯᠡᠷᠡᠭᠦᠯᠦᠨ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠬᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ᠂ ᠥᠪᠥᠷ ᠮᠣᠩᠭᠣᠯ᠎ᠤᠨ ᠵᠡᠭᠦᠨ ᠬᠡᠰᠡᠭ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠭᠦᠯᠭᠦ ᠣᠷᠣᠨ᠎ᠢ ᠡᠭᠦᠳᠦᠨ ᠪᠠᠢ᠌ᠭᠤᠯᠬᠤ ᠵᠡᠷᠭᠡ ᠲᠠᠯ᠎ᠠ᠎ᠪᠠᠷ ᠬᠠᠷᠢᠭᠤᠴᠠᠯᠭ᠎ᠠ ᠡᠭᠦᠷᠭᠡᠯᠡᠵᠦ᠂ ᠲᠡᠷᠢᠭᠦᠨ᠎ᠤ᠎ᠬᠢ ᠵᠢ ᠡᠭᠦᠳᠴᠦ ᠰᠢᠯᠢᠳᠡᠭ ᠪᠤᠯᠬᠤ᠎ᠪᠠᠷ ᠴᠢᠷᠮᠠᠢ᠌ᠨ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠠᠮᠢ ᠠᠬᠤᠢ ᠵᠢ ᠠᠵᠤ ᠦᠢ᠍ᠯᠡᠰᠵᠢᠭᠦᠯᠬᠦ᠂ ᠠᠵᠤ ᠦᠢ᠍ᠯᠡᠰ᠎ᠢ ᠠᠮᠢ ᠠᠬᠤᠢ᠌ᠵᠢᠭᠤᠯᠬᠤ ᠠᠯᠬᠤᠮ᠎ᠢ ᠲᠦᠷᠭᠡᠳᠬᠡᠨ᠂ ᠠᠵᠤ ᠦᠢ᠍ᠯᠡᠰ᠎ᠤᠨ ᠬᠥᠭᠵᠢᠯᠲᠡ ᠵᠢᠨ 《ᠲᠠᠪᠤᠨ ᠶᠡᠬᠡ ᠠᠵᠢᠯᠯᠠᠭ᠋ᠠᠨ᠎ᠤ ᠲᠥᠯᠥᠪᠯᠡᠭᠡ》 ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ᠂ ᠳᠣᠲᠣᠭ᠋ᠠᠳᠤ ᠭᠠᠳᠠᠭ᠋ᠠᠳᠤ ᠨᠡᠭᠡᠭᠡᠯᠲᠡ ᠵᠢ ᠭᠦᠨᠵᠡᠭᠡᠢ᠌ᠷᠡᠭᠦᠯᠦᠨ᠂ ᠨᠠᠩ ᠰᠢᠯᠢᠳᠡᠭ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠪᠤᠶ ᠪᠤᠯᠭ᠋ᠠᠵᠤ᠂ ᠤᠨᠢᠨ ᠳᠡᠭᠡᠷ᠎ᠡ᠎ᠨᠢ ᠬᠦᠴᠦᠯᠡᠵᠦ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠵᠤ᠂ ᠥᠷᠢ ᠥᠭᠴᠡᠭᠡᠨ᠎ᠤ ᠲᠦᠭᠰᠢᠭᠦᠷᠢ ᠵᠢ ᠡᠮᠬᠢ ᠵᠢᠷᠤᠮ᠎ᠲᠠᠢ᠎ᠪᠠᠷ ᠠᠷᠢᠯᠭ᠋ᠠᠨ᠂ ᠰᠢᠨ᠎ᠡ ᠵᠢ ᠡᠭᠦᠳᠬᠦ ᠰᠡᠳᠬᠢᠴᠡ᠂ ᠪᠣᠳᠠᠲᠠᠢ ᠵᠢ ᠡᠷᠭᠢᠮᠯᠡᠭᠦ ᠠᠷᠭ᠎ᠠ ᠬᠡᠮᠵᠢᠶ᠎ᠡ᠂ ᠪᠣᠳᠠᠲᠠᠢ ᠠᠵᠢᠯᠯᠠᠬᠤ ᠬᠡᠪ ᠰᠤᠷᠲᠠᠯ ᠵᠶ᠋ᠠᠷ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠠᠷᠠᠯᠲᠠ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠤᠯᠠᠭ᠋ᠠᠨᠬᠠᠳᠠ ᠬᠣᠲᠠ

     《ᠰᠠᠨᠠᠯ》᠎ᠢ ᠨᠡᠢ᠌ᠲᠡᠯᠡᠭᠰᠡᠨ᠎ᠠᠴᠠ ᠨᠠᠭ᠋ᠠᠰᠢ᠂ ᠤᠯᠠᠭ᠋ᠠᠨᠬᠠᠳᠠ ᠬᠣᠲᠠ ᠵᠢᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠬᠣᠲᠠ ᠵᠢᠨ ᠨᠠᠮ᠎ᠤᠨ ᠬᠣᠷᠢᠶ᠎ᠠ ᠪᠠᠢ᠌ᠩᠭᠤ ᠵᠢᠨ ᠭᠡᠰᠢᠭᠦᠳ᠎ᠤᠨ ᠬᠤᠷᠠᠯ ᠬᠤᠷᠠᠯᠳᠤᠭᠤᠯᠵᠤ᠂ 《ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠬᠣᠲᠠ ᠵᠢᠨ ᠨᠠᠮ᠎ᠤᠨ ᠬᠣᠷᠢᠶ᠎ᠠ ᠵᠢᠨ ᠭᠣᠣᠯ ᠤᠳᠤᠷᠢᠳᠤᠯᠭ᠎ᠠ ᠪᠠᠢ᠌ᠴᠠᠭ᠋ᠠᠨ ᠰᠤᠳᠤᠯᠤᠯᠲᠠ ᠬᠢᠬᠦ᠂ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠨᠠᠮ᠎ᠤᠨ ᠬᠢᠴᠢᠶᠡᠯ ᠣᠷᠣᠬᠤ᠂ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠡᠷᠭᠡ ᠣᠯᠠᠨ ᠲᠠᠯᠠᠪᠤᠷ᠎ᠲᠤ 《ᠰᠠᠨᠠᠯ》᠎ᠢ ᠲᠤᠭᠤᠰᠢᠯᠠᠭᠤᠯᠬᠤ ᠵᠢ ᠰᠠᠢ᠌ᠲᠤᠷ ᠠᠳᠬᠤᠬᠤ ᠲᠤᠬᠠᠢ ᠠᠵᠢᠯ᠎ᠤᠨ ᠪᠠᠢ᠌ᠷᠢᠯᠠᠭᠤᠯᠤᠯᠲᠠ ᠬᠢᠵᠦ᠂ ᠡᠭᠦᠷᠭᠡ ᠲᠤᠰᠢᠶᠠᠨ᠂ ᠱᠠᠭ᠋ᠠᠷᠳᠠᠯᠭ᠎ᠠ ᠳᠤᠷᠠᠳᠪᠠ᠃ 《ᠰᠠᠨᠠᠯ》᠎ᠤᠨ ᠳᠣᠲᠣᠷᠠᠬᠢ ᠤᠯᠠᠭ᠋ᠠᠨᠬᠠᠳᠠ ᠬᠣᠲᠠ᠎ᠯᠤᠭ᠎ᠠ ᠰᠢᠭᠤᠳ ᠬᠣᠯᠪᠣᠭᠳᠠᠬᠤ ᠲᠥᠷᠥ ᠵᠢᠨ ᠪᠣᠳᠣᠯᠭ᠎ᠠ ᠵᠢᠨ ᠲᠣᠭᠣᠷᠢᠨ᠎ᠳᠤ᠂ ᠠᠵᠢᠯ᠎ᠤᠨ ᠲᠤᠰᠬᠠᠢ ᠠᠩᠭᠢ ᠵᠢ ᠵᠣᠬᠢᠶᠠᠨ ᠪᠠᠢ᠌ᠭᠤᠯᠵᠤ᠂ ᠪᠣᠳᠠᠲᠠᠢ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠪᠠ ᠡᠭᠦᠷᠭᠡ ᠵᠢᠨ ᠨᠠᠷᠢᠨ ᠳᠠᠡᠭᠰᠠ ᠵᠢ ᠬᠦᠷᠢᠶ᠎ᠡ ᠴᠠᠷᠠᠭ᠎ᠠ ᠬᠤᠪᠢᠶᠠᠨ ᠰᠤᠳᠤᠯᠤᠨ ᠲᠣᠭᠲᠠᠭ᠋ᠠᠵᠤ᠂ 《ᠰᠠᠨᠠᠯ》᠎ᠤᠨ ᠡᠯ᠎ᠡ ᠵᠦᠢ᠍ᠯ᠎ᠤᠨ ᠠᠵᠢᠯ᠎ᠤᠨ ᠬᠠᠷᠠᠯᠲᠠ ᠪᠠ ᠡᠭᠦᠷᠭᠡ ᠵᠢᠨ ᠱᠠᠭ᠋ᠠᠷᠳᠠᠯᠭ᠎ᠠ ᠵᠢ ᠪᠣᠳᠠᠲᠠᠢ ᠨᠠᠷᠢᠯᠢᠭ ᠨᠠᠢ᠌ᠳᠠᠪᠤᠷᠢᠵᠢᠭᠤᠯᠬᠤ ᠵᠢ ᠬᠦᠴᠦᠯᠡᠨ ᠠᠬᠢᠭᠤᠯᠪᠠ᠃

     ᠤᠯᠠᠭ᠋ᠠᠨᠬᠠᠳᠠ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠲᠣᠭᠲᠠᠮᠠᠯ ᠬᠤᠭᠤᠴᠠᠭ᠎ᠠ᠎ᠲᠠᠢ᠎ᠪᠠᠷ ᠠᠵᠤ ᠠᠬᠤᠢ ᠵᠢᠨ ᠠᠵᠢᠯ᠎ᠢ ᠰᠤᠳᠤᠯᠵᠤ᠂ ᠠᠵᠤ ᠠᠬᠤᠢ ᠵᠢᠨ ᠠᠵᠢᠯᠯᠠᠭ᠋ᠠᠨ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠂ ᠵᠠᠬ᠎ᠠ ᠳᠡᠯᠭᠡᠭᠦᠷ᠎ᠤᠨ ᠬᠡᠷᠡᠭᠯᠡᠭᠡ ᠵᠡᠷᠭᠡ ᠭᠣᠣᠯᠳᠠᠯᠭ᠎ᠠ᠎ᠳᠤ ᠠᠩᠬᠠᠷᠤᠯ ᠵᠢᠠᠨ ᠲᠥᠪᠯᠡᠷᠡᠭᠦᠯᠦᠨ᠂ ᠳᠤᠲᠠᠭᠤᠳᠠᠯ ᠪᠠ ᠪᠠᠭᠤᠷᠠᠢ ᠲᠠᠯ᠎ᠠ ᠵᠢ ᠴᠢᠩᠭ᠎ᠠ ᠠᠩᠬᠠᠷᠴᠤ᠂ ᠪᠦᠭᠦ ᠬᠣᠲᠠ ᠵᠢᠨ ᠬᠡᠰᠡᠭ ᠠᠵᠤ ᠠᠬᠤᠢ ᠵᠢᠨ ᠭᠦᠢ᠍ᠴᠡᠳᠬᠡᠯ ᠲᠣᠭ᠎ᠠ ᠪᠣᠯᠣᠨ ᠬᠥᠮᠥᠨ ᠠᠮᠠ ᠵᠢᠨ ᠬᠡᠪᠴᠢᠶ᠎ᠡ᠂ ᠠᠵᠤ ᠦᠢ᠍ᠯᠡᠰ᠎ᠤᠨ ᠬᠥᠭᠵᠢᠯᠲᠡ ᠬᠠᠷᠢᠯᠴᠠᠨ ᠵᠣᠬᠢᠴᠠᠯᠳᠤᠬᠤ ᠦᠭᠡᠢ ᠪᠠᠢ᠌ᠬᠤ ᠠᠰᠠᠭᠤᠳᠠᠯ᠎ᠢ ᠭᠦᠨᠵᠡᠭᠡᠢ ᠰᠤᠳᠤᠯᠤᠨ᠂ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠎ᠠ ᠠᠳᠬᠤᠵᠤ᠂ ᠠᠷᠭ᠎ᠠ ᠪᠦᠭᠦᠨ᠎ᠢ ᠰᠦᠪᠡᠭᠴᠢᠯᠡᠨ ᠣᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠦᠨ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠡᠷᠡᠭᠯᠡᠭᠡ ᠵᠢ ᠬᠥᠭᠵᠢᠭᠡᠵᠦ᠂ ᠣᠨ᠎ᠤ ᠬᠠᠷᠠᠯᠲᠠ ᠡᠭᠦᠷᠭᠡ᠎ᠪᠠᠨ ᠪᠡᠶᠡᠯᠡᠭᠦᠯᠬᠦ᠎ᠪᠠᠷ ᠪᠦᠭᠦ ᠬᠦᠴᠦᠨ ᠵᠶ᠋ᠠᠷ ᠵᠶ᠋ᠡᠨ ᠰᠢᠪᠲᠤᠯᠤᠯᠲᠠ ᠬᠢᠵᠦ ᠪᠠᠢ᠌ᠨ᠎ᠠ᠃ ᠠᠵᠤ ᠠᠬᠤᠢ ᠵᠢᠨ ᠠᠵᠢᠯᠯᠠᠭ᠋ᠠᠨ᠎ᠤ ᠲᠣᠬᠢᠷᠠᠭᠤᠯᠤᠯᠲᠠ ᠵᠢ ᠴᠢᠩᠭ᠋ᠠᠳᠬᠠᠬᠤ ᠵᠢᠨ ᠲᠥᠯᠥᠭᠡ᠂ ᠬᠣᠲᠠ ᠵᠢᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠬᠣᠰᠢᠭᠤ ᠰᠢᠶᠠᠨ ᠲᠣᠭᠣᠷᠢᠭ᠎ᠤᠨ ᠠᠵᠢᠯ᠎ᠤᠨ ᠲᠣᠭᠲᠠᠴᠠ ᠵᠢ ᠳᠠᠭ᠋ᠠᠭ᠋ᠠᠴᠢᠯᠠᠨ ᠬᠠᠷᠢᠭᠤᠴᠠᠵᠤ ᠱᠠᠯᠠᠪᠳᠠᠭᠤᠯᠤᠨ ᠵᠢᠯᠤᠭᠣᠳᠬᠤ ᠵᠢ ᠬᠡᠷᠡᠭᠵᠢᠭᠦᠯᠵᠦ᠂ ᠬᠣᠲᠠ ᠵᠢᠨ ᠱᠠᠲᠤᠨ᠎ᠤ ᠤᠳᠤᠷᠢᠳᠤᠯᠭ᠎ᠠ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠨ᠂ ᠬᠣᠰᠢᠭᠤ ᠰᠢᠶᠠᠨ ᠲᠣᠭᠣᠷᠢᠭ᠎ᠢ ᠴᠠᠭ ᠲᠤᠬᠠᠢ᠎ᠳᠤᠨᠢ ᠬᠠᠪᠰᠤᠷᠤᠨ ᠪᠣᠳᠠᠲᠠᠢ ᠠᠰᠠᠭᠤᠳᠠᠯ᠎ᠢ᠎ᠨᠢ ᠰᠢᠢ᠍ᠳᠪᠦᠷᠢᠯᠡᠵᠦ᠂ ᠡᠯ᠎ᠡ ᠭᠠᠵᠠᠷ ᠣᠷᠣᠨ᠎ᠢ ᠱᠠᠯᠠᠪᠳᠠᠭᠤᠯᠤᠨ ᠵᠢᠯᠤᠭᠣᠳᠴᠤ ᠪᠠᠢ᠌ᠭ᠋ᠠᠳ ᠳᠥᠷᠪᠡᠳᠦᠭᠡᠷ ᠤᠯᠠᠷᠢᠯ᠎ᠤᠨ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠭᠢᠯᠭᠡᠵᠦ ᠪᠤᠢ; 《ᠡᠳᠦᠷ᠎ᠲᠤ ᠲᠣᠬᠢᠷᠠᠭᠤᠯᠤᠯᠲᠠ ᠬᠢᠵᠦ᠂ ᠭᠠᠷᠠᠭ᠎ᠲᠤ ᠰᠤᠳᠤᠯᠤᠨ ᠮᠠᠭ᠋ᠠᠳᠯᠠᠬᠤ》 ᠠᠵᠢᠯ᠎ᠤᠨ ᠲᠣᠭᠲᠠᠴᠠ ᠵᠢ ᠬᠡᠷᠡᠭᠵᠢᠭᠦᠯᠵᠦ᠂ ᠬᠡᠪ᠎ᠤᠨ ᠲᠣᠬᠢᠷᠠᠭᠤᠯᠤᠯᠲᠠ᠎ᠨᠢ ᠠᠵᠤ ᠠᠬᠤᠢ ᠵᠢᠨ ᠠᠵᠢᠯᠯᠠᠭ᠋ᠠᠨ᠎ᠤ ᠪᠠᠢ᠌ᠳᠠᠯ᠎ᠢ ᠳᠠᠭ᠋ᠠᠵᠤ᠂ ᠠᠵᠤ ᠠᠬᠤᠢ ᠵᠢᠨ ᠭᠦᠢ᠍ᠴᠡᠳᠬᠡᠯ ᠲᠣᠭ᠎ᠠ ᠵᠢ ᠤᠷᠢᠳᠴᠢᠯᠠᠨ ᠵᠢᠱ᠌ᠢᠵᠦ ᠵᠠᠳᠠᠯᠬᠤ ᠵᠢ ᠴᠢᠩᠭ᠋ᠠᠳᠬᠠᠨ᠂ ᠭᠣᠣᠯᠳᠠᠯᠭ᠎ᠠ᠎ᠲᠠᠢ ᠭᠠᠵᠠᠷ ᠣᠷᠣᠨ᠂ ᠭᠣᠣᠯᠳᠠᠯᠭ᠎ᠠ᠎ᠲᠠᠢ ᠠᠵᠢᠯ ᠲᠥᠷᠥᠯ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠢ ᠴᠢᠩᠭ᠎ᠠ ᠠᠩᠬᠠᠷᠴᠤ᠂ ᠨᠡᠪᠲᠡᠷᠡᠯᠴᠡᠨ ᠵᠣᠯᠭ᠋ᠠᠭᠤᠯᠬᠤ ᠪᠠ ᠬᠢᠨᠠᠨ ᠬᠡᠮᠵᠢᠵᠦ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠨ᠂ ᠬᠦᠴᠢᠷᠳᠡᠯᠲᠡᠢ ᠠᠰᠠᠭᠤᠳᠠᠯ᠎ᠢ ᠬᠠᠨᠳᠤᠯᠭ᠋ᠠᠲᠤ ᠴᠢᠨᠠᠷᠲᠠᠢ᠎ᠪᠠᠷ ᠰᠢᠢ᠍ᠳᠪᠦᠷᠢᠯᠡᠵᠦ᠂ ᠣᠨ᠎ᠤ ᠬᠠᠷᠠᠯᠲᠠᠲᠤ ᠡᠭᠦᠷᠭᠡ᠎ᠪᠠᠨ ᠪᠡᠶᠡᠯᠡᠭᠦᠯᠬᠦ᠎ᠳᠤ ᠬᠦᠴᠦᠲᠡᠢ ᠪᠠᠲᠤᠯᠠᠭ᠎ᠠ ᠬᠠᠩᠭ᠋ᠠᠵᠤ ᠪᠠᠢ᠌ᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ