ᠦᠨᠠᠨᠴᠢ ᠢᠲᠡᠭᠡᠮᠵᠢ᠎ᠶᠢᠨ ᠪᠠᠶ᠋ᠢᠭᠤᠯᠤᠯᠲᠠ᠎ᠶᠢᠨ ᠢᠨᠵᠧᠨᠧᠷᠢᠩ   -   ᠮᠡᠳᠡᠭᠡᠯᠡᠯ
ᠬᠥᠯᠥᠨ ᠪᠣᠶ᠋ᠢᠷ ᠬᠣᠲᠠ᠎ᠶᠢᠨ ᠬᠣᠲᠠ᠎ᠶᠢᠨ ᠢᠲᠡᠭᠡᠮᠵᠢ᠎ᠶᠢᠨ ᠪᠠᠢᠳᠠᠯ 3 ᠰᠠᠷ᠎ᠠ ᠳᠠᠷᠠᠭᠠᠯᠠᠨ ᠪᠥᠬᠥ ᠤᠯᠤᠰ᠎ᠤᠨ ᠡᠮᠦᠨ᠎ᠡ 30 ᠨᠡᠷᠡᠰ᠎ᠲᠦ ᠵᠢᠭ᠍ᠰᠠᠭᠠᠭᠳᠠᠪᠠ
ᠨᠡᠶ᠋ᠢᠲᠡᠯᠡᠭᠰᠡᠨ ᠴᠠᠭ᠄ 2025-08-01

 

ᠣᠢᠷ᠎ᠠ᠎ᠳᠤ ᠂ ᠤᠯᠤᠰ᠎ᠠᠴᠠ ᠬᠣᠲᠠ᠎ᠨᠤᠭᠤᠳ᠎ᠤᠨ ᠢᠲᠡᠭᠡᠮᠵᠢ᠎ᠶᠢᠨ ᠪᠠᠢᠳᠠᠯ᠎ᠤᠨ ᠲᠤᠬᠠᠢ ᠬᠢᠨᠠᠨ ᠬᠡᠮᠵᠢᠯᠲᠡ᠎ᠶᠢᠨ ᠬᠠᠮᠤᠭ᠎ᠤᠨ ᠰᠢᠨ᠎ᠡ ᠨᠡᠷᠡᠰ᠎ᠦᠨ ᠵᠢᠭ᠍ᠰᠠᠭᠠᠯᠲᠠ᠎ᠶᠢ ᠨᠡᠢᠲᠡᠯᠡᠭᠰᠡᠨ᠎ᠳᠦ᠂ ᠬᠥᠯᠥᠨ ᠪᠣᠶ᠋ᠢᠷ ᠬᠣᠲᠠ ᠨᠢ ᠪᠥᠬᠥ ᠤᠯᠤᠰ᠎ᠤᠨ ᠲᠤᠰᠬᠠᠢ ᠣᠷᠣᠨ᠎ᠤ ᠲᠠᠰ᠎ᠤᠨ 261 ᠬᠣᠲᠠ᠎ᠶᠢᠨ ᠳᠣᠲᠣᠷ᠎ᠠ 3 ᠰᠠᠷ᠎ᠠ ᠳᠠᠷᠠᠭᠠᠯᠠᠨ ᠡᠮᠦᠨ᠎ᠡ 30 ᠨᠡᠷᠡᠰ᠎ᠲᠦ ᠵᠢᠭ᠍ᠰᠠᠭᠠᠭᠳᠠᠵᠠᠢ ᠂ ᠲᠣᠰ ᠲᠣᠰ 3 ᠳ᠋ᠤᠭᠠᠷ ᠰᠠᠷ᠎ᠠ᠎ᠳᠤ 25 ᠳ᠋ᠤᠭᠠᠷ ᠨᠡᠷᠡᠰ᠎ᠲᠦ ᠂ 4 ᠳ᠋ᠦ᠍ᠭᠡᠷ ᠰᠠᠷ᠎ᠠ᠎ᠳᠤ 28 ᠳ᠋ᠤᠭᠠᠷ ᠨᠡᠷᠡᠰ᠎ᠲᠦ ᠂ 5 ᠳ᠋ᠤᠭᠠᠷ ᠰᠠᠷ᠎ᠠ᠎ᠳᠤ 26 ᠳ᠋ᠤᠭᠠᠷ ᠨᠡᠷᠡᠰ᠎ᠲᠦ ᠵᠢᠭ᠍ᠰᠠᠭᠠᠭᠳᠠᠪᠠ ᠃ 

ᠬᠣᠲᠠ᠎ᠶᠢᠨ ᠢᠲᠡᠭᠡᠮᠵᠢ᠎ᠶᠢᠨ ᠪᠠᠢᠳᠠᠯ᠎ᠢ ᠬᠢᠨᠠᠨ ᠰᠢᠨᠵᠢᠬᠦ ᠪᠣᠯ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠤᠯᠤᠰ᠎ᠤᠨ ᠣᠯᠠᠨ ᠨᠡᠶ᠋ᠢᠲᠡ᠎ᠶᠢᠨ ᠢᠲᠡᠭᠡᠮᠵᠢ᠎ᠶᠢᠨ ᠮᠡᠳᠡᠭᠡ ᠵᠠᠩᠭᠢ᠎ᠶᠢᠨ ᠲᠥᠪ᠎ᠡᠴᠡ ᠪᠥᠬᠥ ᠤᠯᠤᠰ᠎ᠤᠨ ᠣᠯᠠᠨ ᠬᠣᠲᠠ᠎ᠶᠢᠨ ᠢᠲᠡᠭᠡᠮᠵᠢ᠎ᠶᠢᠨ ᠪᠠᠢᠳᠠᠯ᠎ᠳᠤ ᠬᠢᠭᠰᠡᠨ ᠬᠥᠳᠡᠯᠦᠩᠭᠦᠢ ᠬᠢᠨᠠᠨ ᠰᠢᠨᠵᠢᠯᠡᠯᠲᠡ᠎ᠶᠢᠨ ᠦᠨᠡᠯᠡᠯᠲᠡ ᠮᠥᠨ ᠂ ᠪᠠᠰᠠ ᠴᠤ᠌ ᠳᠤᠮᠳᠠᠳᠤ ᠤᠯᠤᠰ᠎ᠤᠨ ᠬᠣᠲᠠ᠎ᠨᠤᠭᠤᠳ᠎ᠤᠨ ᠨᠡᠢᠭᠡᠮ᠎ᠦᠨ ᠢᠲᠡᠭᠡᠮᠵᠢ᠎ᠶᠢᠨ ᠪᠠᠢᠳᠠᠯ᠎ᠢ ᠠᠵᠢᠭ᠍ᠯᠠᠬᠤ᠎ᠶᠢᠨ ᠴᠢᠬᠤᠯᠠ ᠴᠣᠩᠬᠣᠪᠴᠢ ᠪᠣᠯᠣᠨ᠎ᠠ ᠃ ᠲᠣᠰ ᠨᠡᠷᠡᠰ᠎ᠦᠨ ᠵᠢᠭ᠍ᠰᠠᠭᠠᠯᠲᠠ᠎ᠶᠢ 2015 ᠣᠨ᠎ᠠᠴᠠ ᠡᠬᠢᠯᠡᠨ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢᠲᠡᠯᠡᠵᠦ ᠂ ᠮᠤᠵᠢ᠎ᠶᠢᠨ ᠲᠥᠪ ᠵᠢᠴᠢ ᠳᠡᠳ᠋ ᠮᠤᠵᠢ᠎ᠶᠢᠨ ᠱᠠᠲᠤᠨ᠎ᠠᠴᠠ ᠳᠡᠭᠡᠭᠰᠢᠬᠢ 36 ᠬᠣᠲᠠ ᠂ ᠲᠤᠰᠬᠠᠢ ᠣᠷᠣᠨ᠎ᠤ ᠲᠠᠰ᠎ᠤᠨ 261 ᠬᠣᠲᠠ ᠭᠡᠵᠦ ᠬᠣᠶᠠᠷ ᠲᠥᠷᠥᠯ ᠬᠤᠪᠢᠶᠠᠨ ᠵᠢᠭ᠍ᠰᠠᠭᠠᠳᠠᠭ᠂ ᠡᠨᠡ ᠨᠢ ᠳᠤᠮᠳᠠᠳᠤ ᠤᠯᠤᠰ᠎ᠤᠨ ᠬᠣᠲᠠ᠎ᠨᠤᠭᠤᠳ᠎ᠤᠨ ᠨᠡᠢᠭᠡᠮ᠎ᠦᠨ ᠢᠲᠡᠭᠡᠮᠵᠢ᠎ᠶᠢᠨ ᠪᠠᠢᠳᠠᠯ᠎ᠢ ᠠᠵᠢᠭ᠍ᠯᠠᠬᠤ᠎ᠶᠢᠨ ᠴᠢᠬᠤᠯᠠ ᠴᠣᠩᠬᠣᠪᠴᠢ ᠪᠣᠯᠵᠠᠢ᠃ 

2025 ᠣᠨ᠎ᠳᠤ᠂ ᠬᠥᠯᠥᠨ ᠪᠣᠶ᠋ᠢᠷ ᠬᠤᠳᠠ᠎ᠶᠢᠨ ᠳᠡᠭᠡᠳᠦ ᠳᠣᠣᠷᠠᠳᠤ ᠱᠠᠲᠤ᠎ᠪᠠᠷ᠎ᠢᠶᠠᠨ ᠢᠲᠡᠭᠡᠮᠵᠢ᠎ᠶᠢᠨ ᠠᠵᠢᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ᠎ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠢᠲᠡᠭᠡᠮᠵᠢ᠎ᠶᠢᠨ ᠲᠣᠭᠲᠠᠯᠴᠠᠭᠠᠨ᠎ᠤ ᠪᠠᠢᠭᠤᠯᠤᠯᠲᠠ᠎ᠶᠢᠨ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠤᠨ᠂ ᠬᠤᠳᠠ᠎ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠲᠦᠷᠦᠭᠦᠯᠡᠨ ᠬᠢᠬᠦ ᠰᠠᠯᠠᠭ᠎ᠠ ᠮᠥᠴᠢᠷ᠎ᠦᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠬᠥᠯᠥᠨ ᠪᠣᠶ᠋ᠢᠷ ᠬᠤᠳᠠ᠎ᠶᠢᠨ ᠢᠲᠡᠭᠡᠮᠵᠢ᠎ᠶᠢᠨ ᠲᠣᠭᠲᠠᠯᠴᠠᠭᠠᠨ᠎ᠤ ᠪᠠᠢᠭᠤᠯᠤᠯᠲᠠ᠎ᠶᠢᠨ ᠠᠵᠢᠯ᠎ᠤᠨ ᠲᠣᠭᠲᠠᠴᠠ᠎ᠶᠢ ᠭᠦᠨᠵᠡᠭᠡᠢᠷᠡᠭᠦᠯᠦᠨ ᠰᠢᠯᠢᠳᠡᠭᠵᠢᠭᠦᠯᠵᠦ ᠪᠠᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠵᠠᠮ ᠨᠡᠭᠡᠭᠡᠨ ᠰᠢᠨ᠎ᠡ᠎ᠶᠢ ᠡᠭᠦᠳᠴᠦ᠂ ᠵᠣᠬᠢᠴᠠᠯᠳᠤᠭᠤᠯᠤᠨ ᠬᠦᠴᠦᠯᠡᠵᠦ᠂ ᠨᠢᠭ᠍ᠲᠠ ᠬᠠᠮᠵᠢᠯᠴᠠᠵᠤ᠂ ᠢᠲᠡᠭᠡᠮᠵᠢ᠎ᠶᠢᠨ ᠮᠡᠳᠡᠭᠡ ᠵᠠᠩᠭᠢ᠎ᠶᠢ ᠴᠤᠭᠯᠠᠭᠤᠯᠬᠤ᠂ ᠢᠲᠡᠭᠡᠮᠵᠢ᠎ᠶᠢ ᠳᠡᠰ ᠬᠤᠪᠢᠶᠠᠨ ᠲᠦᠷᠦᠯ ᠠᠩᠭᠢᠯᠠᠵᠤ ᠬᠢᠨᠠᠨ ᠬᠠᠮᠢᠶᠠᠷᠬᠤ᠂ ᠢᠲᠡᠭᠡᠮᠵᠢ᠎ᠶᠢ ᠰᠡᠷᠭᠦᠭᠡᠬᠦ᠂ ᠢᠲᠡᠭᠡᠮᠵᠢ᠎ᠶᠢ ᠦᠨᠳᠦᠰᠦᠯᠡᠨ ᠱᠠᠩᠨᠠᠵᠤ ᠲᠣᠷᠭᠠᠬᠤ᠂ ᠢᠲᠡᠭᠡᠮᠵᠢ᠎ᠶᠢᠨ ᠤᠬᠠᠭᠤᠯᠭ᠎ᠠ᠂ ᠢᠲᠡᠭᠡᠮᠵᠢ᠎ᠶᠢᠨ ᠰᠢᠨ᠎ᠡ᠎ᠶᠢ ᠡᠭᠦᠳᠬᠦ ᠦᠢᠯᠡᠳᠦᠯᠭᠡ ᠵᠡᠷᠭᠡ ᠠᠵᠢᠯ᠎ᠢ ᠪᠦᠬᠦ ᠬᠦᠴᠦᠨ᠎ᠢᠶᠡᠷ᠎ᠢᠶᠡᠨ ᠠᠬᠢᠭᠤᠯᠤᠭᠰᠠᠨ᠎ᠢᠶᠠᠷ᠂ ᠬᠥᠯᠥᠨ ᠪᠣᠢᠷ ᠬᠤᠲᠠ᠎ᠶᠢᠨ ᠨᠡᠢᠭᠡᠮ᠎ᠦᠨ ᠢᠲᠡᠭᠡᠮᠵᠢ᠎ᠶᠢᠨ ᠲᠣᠭᠲᠠᠯᠴᠠᠭᠠᠨ᠎ᠤ ᠪᠠᠢᠭᠤᠯᠤᠯᠲᠠ᠎ᠳᠤ ᠮᠠᠰᠢ ᠤᠯᠠᠨ ᠦᠷ᠎ᠡ ᠪᠦᠲᠦᠮᠵᠢ ᠪᠠ ᠬᠢᠯᠠᠰ ᠴᠡᠭ᠎ᠲᠠᠢ ᠪᠣᠯᠪᠠ᠃ 

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ