《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠥᠪᠥᠷ ᠮᠣᠩᠭᠣᠯ 2056 ᠲᠦᠮᠡᠨ ᠲᠥᠭᠥᠷᠢᠭ᠎ᠦᠨ ᠲᠤᠰᠬᠠᠢ ᠪᠡᠯᠡ ᠮᠥᠩᠭᠥ ᠪᠠᠭᠤᠯᠭᠠᠵᠤ ᠬᠢᠯᠢ᠎ᠶ᠋ᠢᠨ ᠪᠣᠭᠣᠮᠲᠠ᠎ᠶᠢᠨ ᠦᠢᠯᠡᠴᠢᠯᠡᠭᠡᠨ᠎ᠦ ᠦᠢᠯᠡᠳᠦᠯ ᠴᠢᠳᠠᠪᠤᠷᠢ᠎ᠪᠠᠨ ᠳᠡᠭᠡᠭ᠌ᠰᠢᠯᠡᠭᠦᠯᠵᠡᠢ
ᠨᠡᠶ᠋ᠢᠲᠡᠯᠡᠭᠰᠡᠨ ᠴᠠᠭ᠄ 2025-10-14

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠄ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠣᠢᠷ᠎ᠠ᠎ᠳᠤ ᠬᠤᠳᠠᠯᠳᠤᠭᠠᠨ᠎ᠤ ᠶᠠᠪᠤᠳᠠᠯ ᠪᠠ ᠬᠢᠯᠢ᠎ᠶ᠋ᠢᠨ ᠪᠣᠭᠣᠮᠲᠠ᠎ᠶᠢᠨ ᠬᠥᠭᠵᠢᠯᠲᠡ᠎ᠶᠢᠨ ᠲᠤᠰᠬᠠᠢ ᠪᠡᠯᠡ ᠮᠥᠩᠭᠥ᠎ᠶᠢ 2056 ᠲᠦᠮᠡᠨ ᠲᠥᠭᠥᠷᠢᠭ ᠨᠢᠭᠡᠳᠦᠯᠲᠡᠢ ᠲᠥᠯᠥᠪᠯᠡᠨ ᠪᠠᠭᠤᠯᠭᠠᠵᠤ᠂ ᠬᠢᠯᠢ᠎ᠶ᠋ᠢᠨ ᠪᠣᠭᠣᠮᠲᠠ᠎ᠶᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠬᠦ᠎ᠳᠦ ᠲᠤᠰᠬᠠᠢ ᠬᠡᠷᠡᠭ᠌ᠯᠡᠭᠦᠯᠦᠨ᠎ᠡ᠃ 

ᠬᠢᠯᠢ᠎ᠶ᠋ᠢᠨ ᠪᠣᠭᠣᠮᠲᠠ ᠪᠣᠯ ᠭᠠᠳᠠᠭᠠᠳᠤ ᠠᠷᠠᠯᠵᠢᠶᠠᠨ᠎ᠤ ᠴᠣᠩᠬᠣᠪᠴᠢ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠣᠷᠣᠨ ᠪᠠᠢᠷᠢ᠎ᠶᠢᠨ ᠳᠠᠪᠠᠭᠤᠯᠢᠭ᠋᠎ᠢᠶᠠᠨ ᠠᠵᠤ ᠠᠬᠤᠢ᠎ᠶᠢᠨ ᠳᠠᠪᠠᠭᠤᠯᠢᠭ᠋ ᠪᠣᠯᠭᠠᠨ ᠤᠯᠠᠷᠢᠭᠤᠯᠬᠤ ᠴᠢᠬᠤᠯᠠ ᠠᠴᠢᠶᠠᠯᠠᠪᠤᠷᠢ ᠪᠣᠯᠣᠨ᠎ᠠ᠃ ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ ᠬᠢᠯᠢ᠎ᠶ᠋ᠢᠨ ᠪᠣᠭᠣᠮᠲᠠ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠵᠢᠮ᠎ᠡ ᠶᠣᠰᠣ᠌᠎ᠶᠢ ᠡᠵᠡᠮᠳᠡᠵᠦ᠂ ᠡᠳ᠋᠎ᠦᠨ ᠵᠠᠰᠠᠭ᠎ᠤᠨ ᠡᠭᠦᠷᠭᠡ ᠴᠢᠳᠠᠪᠬᠢ᠎ᠶᠢᠨ ᠪᠠᠢᠷᠢ ᠲᠣᠭᠲᠠᠭᠠᠯᠲᠠ᠎ᠳᠤ ᠰᠠᠭᠤᠷᠢᠯᠠᠨ᠂ ᠪᠡᠯᠡ ᠮᠥᠩᠭᠥ᠎ᠶᠢ ᠨᠢᠭᠡᠳᠦᠯᠲᠡᠢ ᠲᠦᠯᠦᠪᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠬᠢᠯᠢ᠎ᠶ᠋ᠢᠨ ᠪᠣᠭᠣᠮᠲᠠ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠡᠳ᠋᠎ᠦᠨ ᠵᠠᠰᠠᠭ᠎ᠤᠨ ᠬᠦᠳᠡᠯᠭᠡᠭ᠌ᠴᠢ ᠬᠦᠴᠦᠨ ᠨᠡᠮᠡᠷᠢᠯᠡᠵᠡᠢ᠃ ᠡᠳ᠋᠎ᠦᠨ ᠵᠠᠰᠠᠭ᠎ᠤᠨ ᠲᠥᠷᠥ᠎ᠶᠢᠨ ᠪᠣᠳᠣᠯᠭ᠎ᠠ᠎ᠶᠢᠨ ᠡᠷᠴᠢᠮᠯᠡᠯ ᠳᠣᠣᠷ᠎ᠠ᠂ ᠨᠢᠭᠡ ᠲᠠᠯ᠎ᠠ᠎ᠪᠠᠷ᠂ ᠪᠥᠬᠥ ᠣᠷᠣᠨ᠎ᠤ ᠬᠢᠯᠢ᠎ᠶ᠋ᠢᠨ ᠪᠣᠭᠣᠮᠲᠠ᠎ᠶᠢᠨ ᠣᠶᠤᠨᠴᠢᠯᠠᠭᠰᠠᠨ ᠬᠢᠷᠢ ᠲᠦᠪᠰᠢᠨ ᠶᠡᠬᠡ᠎ᠪᠡᠷ ᠳᠡᠭᠡᠭ᠌ᠰᠢᠯᠡᠵᠦ᠍᠂ ᠪᠠᠷᠠᠭᠠᠨ᠎ᠤ ᠪᠣᠭᠣᠮᠲᠠ᠎ᠪᠠᠷ ᠥᠩᠭᠡᠷᠡᠬᠦ ᠴᠠᠭ᠎ᠢ ᠪᠦᠲᠦᠮᠵᠢᠲᠡᠶ ᠪᠤᠭᠤᠨᠢᠰᠭᠠᠨ᠂ ᠠᠵᠤ ᠠᠬᠤᠢᠯᠠᠯ᠎ᠤᠨ ᠪᠣᠭᠣᠮᠲᠠ᠎ᠪᠠᠷ ᠥᠩᠭᠡᠷᠡᠬᠦ ᠥᠪᠡᠷ᠎ᠦᠨ ᠥᠷᠲᠡᠭ᠎ᠢ ᠪᠠᠭᠤᠷᠠᠭᠤᠯᠪᠠ; ᠨᠥᠭᠥᠭᠡ ᠲᠠᠯ᠎ᠠ᠎ᠪᠠᠷ᠂ ᠪᠥᠬᠥ ᠣᠷᠣᠨ᠎ᠤ ᠬᠢᠯᠢ᠎ᠶ᠋ᠢᠨ ᠪᠣᠭᠣᠮᠲᠠ᠎ᠪᠠᠷ ᠥᠩᠭᠡᠷᠡᠬᠦ ᠳᠦᠭᠦᠮᠴᠢᠯᠡᠯᠲᠡ᠎ᠶ᠋ᠢᠨ ᠬᠢᠷᠢ ᠲᠦᠪᠰᠢᠨ ᠦᠷᠭᠦᠯᠵᠢᠯᠡᠨ ᠳᠡᠭᠡᠭ᠌ᠰᠢᠯᠡᠵᠦ᠍᠂ ᠠᠵᠤ ᠠᠬᠤᠢᠯᠠᠯ᠎ᠳᠤ ᠨᠠᠩ ᠥᠨᠳᠥᠷ ᠪᠦᠲᠦᠮᠵᠢᠲᠡᠶ᠂ ᠳᠦᠭᠦᠮ ᠲᠦᠳᠡ᠎ᠪᠠᠷ ᠪᠣᠭᠣᠮᠲᠠ ᠥᠩᠭᠡᠷᠡᠬᠦ ᠣᠷᠴᠢᠨ ᠨᠥᠬᠦᠴᠡᠯ᠎ᠢ ᠪᠣᠶ ᠪᠣᠯᠭᠠᠵᠤ ᠥᠭ᠌ᠴᠡᠢ᠃ ᠬᠢᠯᠢ᠎ᠶ᠋ᠢᠨ ᠪᠣᠭᠣᠮᠲᠠ᠎ᠶᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠦᠢᠯᠡᠳᠦᠯ ᠴᠢᠳᠠᠪᠤᠷᠢ᠎ᠶ᠋ᠢ ᠪᠦᠲᠦᠮᠵᠢᠲᠡᠢ ᠳᠡᠭᠡᠭᠰᠢᠯᠡᠭᠦᠯᠦᠭᠰᠡᠨ᠎ᠠᠴᠠ ᠬᠢᠯᠢ᠎ᠶ᠋ᠢᠨ ᠪᠣᠭᠣᠮᠲᠠ᠎ᠪᠠᠷ ᠥᠩᠭᠡᠷᠡᠬᠦ ᠪᠠᠷᠠᠭᠠᠨ᠎ᠤ ᠬᠡᠮᠵᠢᠶ᠎ᠡ᠎ᠶᠢᠨ ᠲᠣᠭᠲᠠᠭᠤᠨ ᠨᠡᠮᠡᠭ᠌ᠳᠡᠯ᠎ᠢ ᠶᠡᠬᠡ᠎ᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠢᠨ᠎ᠠ᠃ 

《ᠳᠠᠷᠠᠭᠠᠴᠢ᠎ᠶᠢᠨ ᠠᠯᠬᠤᠮ᠎ᠳᠤ᠂ ᠪᠢᠳᠡ ᠦᠷᠭᠦᠯᠵᠢᠯᠡᠨ ᠬᠢᠯᠢ᠎ᠶ᠋ᠢᠨ ᠪᠣᠭᠣᠮᠲᠠ᠎ᠶᠢ ᠤᠯᠤᠰ᠎ᠤᠨ ᠭᠠᠳᠠᠭᠠᠳᠤ ᠨᠡᠭᠡᠭᠡᠯᠲᠡ᠎ᠶᠢᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠪᠡᠯᠡ ᠮᠥᠩᠭᠥᠨ᠎ᠦ ᠬᠤᠪᠢᠶᠠᠷᠢᠯᠠᠯᠲᠠ ᠪᠣᠯᠣᠨ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠪᠠᠨ ᠦᠷᠭᠦᠯᠵᠢᠯᠡᠨ ᠰᠢᠯᠢᠳᠡᠭᠵᠢᠭᠦᠯᠬᠦ᠎ᠪᠡᠷ ᠳᠠᠮᠵᠢᠭᠤᠯᠵᠤ᠂ ᠬᠢᠯᠢ᠎ᠶ᠋ᠢᠨ ᠪᠣᠭᠣᠮᠲᠠ᠎ᠶᠢᠨ ᠪᠠᠷᠠᠭᠠᠨ᠎ᠤ ᠬᠡᠮᠵᠢᠶ᠎ᠡ᠎ᠶᠢᠨ ᠲᠣᠭᠲᠠᠭᠤᠨ᠎ᠢᠶᠠᠷ ᠱᠢᠪᠲᠤᠯᠤᠯᠲᠠ ᠲᠠᠢ ᠪᠣᠯᠬᠤ᠎ᠶ᠋ᠢ ᠪᠡᠶᠡᠯᠡᠭᠦᠯᠬᠦ᠎ᠳᠦ ᠨᠡᠩ ᠴᠢᠩᠭ᠎ᠠ ᠡᠳ᠋᠎ᠦᠨ ᠵᠠᠰᠠᠭ᠎ᠤᠨ ᠬᠦᠳᠡᠯᠭᠡᠭ᠌ᠴᠢ ᠬᠦᠴᠦᠨ ᠨᠡᠮᠡᠷᠢᠯᠡᠨ᠎ᠡ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ