《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠥᠪᠥᠷ ᠮᠣᠩᠭᠣᠯ᠎ᠤᠨ ᠰᠠᠯᠬᠢᠨ ᠬᠦᠴᠦᠨ᠎ᠦ ᠴᠠᠬᠢᠯᠭᠠᠨ᠎ᠤ ᠮᠠᠰᠢᠨ ᠴᠣᠭᠴᠠᠯᠠᠪᠤᠷᠢ᠎ᠶᠢᠨ ᠬᠡᠪᠴᠢᠶᠡᠵᠢᠯ ᠪᠥᠬᠥ ᠤᠯᠤᠰ᠎ᠲᠤ ᠬᠠᠮᠤᠭ᠎ᠤᠨ ᠲᠡᠷᠢᠭᠦᠨ᠎ᠳᠦ 1 ᠳ᠋ᠦᠩᠰᠢᠭᠤᠷ ᠺᠢᠯᠣᠸᠠᠲ᠎ᠢ ᠳᠠᠪᠠᠪᠠ
ᠨᠡᠶ᠋ᠢᠲᠡᠯᠡᠭᠰᠡᠨ ᠴᠠᠭ᠄ 2025-12-16

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠄ ᠡᠨᠡ ᠵᠢᠯ᠎ᠦᠨ 11 ᠳ᠋ᠦ᠍ᠭᠡᠷ ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠰᠢᠨ᠎ᠡ ᠡᠨᠧᠷᠭᠢ᠎ᠶᠢᠨ ᠶᠡᠷᠦᠩᠬᠡᠢ ᠮᠠᠰᠢᠨ ᠴᠣᠭᠴᠠᠯᠠᠪᠤᠷᠢ᠎ᠶᠢᠨ ᠬᠡᠪᠴᠢᠶᠡᠵᠢᠯ 1.54 ᠳ᠋ᠦᠩᠰᠢᠭᠤᠷ ᠺᠢᠯᠣᠸᠠᠲ᠎ᠲᠤ ᠬᠦᠷᠴᠦ᠂ ᠪᠥᠬᠥ ᠤᠯᠤᠰ᠎ᠤᠨ ᠲᠡᠷᠢᠭᠦᠨ᠎ᠳᠦ ᠯᠠᠪᠳᠠᠭᠤᠨ᠎ᠢᠶᠠᠷ ᠣᠷᠣᠪᠠ᠃ ᠡᠭᠦᠨ᠎ᠳᠦ᠂ ᠰᠠᠯᠬᠢᠨ ᠬᠦᠴᠦᠨ᠎ᠦ ᠴᠠᠬᠢᠯᠭᠠᠨ᠎ᠤ ᠮᠠᠰᠢᠨ ᠴᠣᠭᠴᠠᠯᠠᠪᠤᠷᠢ᠎ᠶᠢᠨ ᠬᠡᠪᠴᠢᠶᠡᠵᠢᠯ 10033 ᠲᠦᠮᠡᠨ ᠺᠢᠯᠣᠸᠠᠲ᠎ᠲᠤ ᠬᠦᠷᠴᠦ᠂ ᠪᠥᠬᠥ ᠤᠯᠤᠰ᠎ᠲᠤ ᠬᠠᠮᠤᠭ᠎ᠤᠨ ᠲᠡᠷᠢᠭᠦᠨ᠎ᠳᠦ 1 ᠳ᠋ᠦᠩᠰᠢᠭᠤᠷ ᠺᠢᠯᠣᠸᠠᠲ᠎ᠢ ᠳᠠᠪᠠᠪᠠ᠃

ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶᠡᠵᠢᠯ ᠲᠠᠰᠤᠷᠠᠯᠲᠠ ᠦᠭᠡᠢ ᠰᠢᠨ᠎ᠡ ᠰᠢᠪᠲᠤᠯᠤᠯᠲᠠ᠎ᠲᠠᠢ ᠪᠣᠯᠬᠤ᠎ᠶᠢᠨ ᠵᠡᠷᠭᠡ᠎ᠳᠦ᠂ ᠮᠠᠨ᠎ᠤ ᠣᠷᠣᠨ᠎ᠤ ᠰᠢᠨ᠎ᠡ ᠡᠨᠧᠷᠭᠢ᠎ᠪᠡᠷ ᠴᠠᠬᠢᠯᠭᠠᠨ ᠭᠠᠷᠭᠠᠭᠰᠠᠨ ᠬᠡᠮᠵᠢᠶ᠎ᠡ ᠰᠢᠨ᠎ᠡ ᠳᠡᠭᠲᠡᠷ᠎ᠲᠦ ᠯᠠᠪᠳᠠᠭᠤᠨ᠎ᠢᠶᠠᠷ ᠭᠠᠷᠪᠠ᠃ 1-11 ᠳ᠋ᠦ᠍ᠭᠡᠷ ᠰᠠᠷ᠎ᠠ᠎ᠳᠤ᠂ ᠪᠥᠬᠥ ᠣᠷᠣᠨ᠎ᠤ ᠰᠢᠨ᠎ᠡ ᠡᠨᠧᠷᠭᠢ᠎ᠪᠡᠷ ᠴᠠᠬᠢᠯᠭᠠᠨ ᠭᠠᠷᠭᠠᠭᠰᠠᠨ ᠬᠡᠮᠵᠢᠶ᠎ᠡ ᠨᠡᠶ᠋ᠢᠲᠡ 2500 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭᠠᠨ᠎ᠤ ᠬᠢ ᠲᠡᠢ ᠬᠠᠷᠢᠴᠠᠭᠤᠯᠪᠠᠯ 33% ᠎ᠪᠠᠷ ᠨᠡᠮᠡᠭᠳᠡᠪᠡ᠃ ᠡᠭᠦᠨ᠎ᠳᠦ᠂ ᠭᠠᠳᠠᠭ᠍ᠰᠢ ᠳᠠᠮᠵᠢᠭᠤᠯᠤᠭᠰᠠᠨ ᠰᠢᠨ᠎ᠡ ᠡᠨᠧᠷᠭᠢ᠎ᠪᠡᠷ ᠭᠠᠷᠭᠠᠭᠰᠠᠨ ᠴᠠᠬᠢᠯᠭᠠᠨ᠎ᠤ ᠬᠡᠮᠵᠢᠶ᠎ᠡ 870 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭᠠᠨ᠎ᠤ ᠬᠢ ᠲᠡᠢ ᠬᠠᠷᠢᠴᠠᠭᠤᠯᠪᠠᠯ 46% ᠎ᠪᠠᠷ ᠨᠡᠮᠡᠭᠳᠡᠪᠡ; ᠲᠣᠰ ᠭᠠᠵᠠᠷ᠎ᠲᠤ ᠬᠡᠷᠡᠭᠯᠡᠭᠰᠡᠨ ᠰᠢᠨ᠎ᠡ ᠡᠨᠧᠷᠭᠢ᠎ᠪᠡᠷ ᠭᠠᠷᠭᠠᠭᠰᠠᠨ ᠴᠠᠬᠢᠯᠭᠠᠨ᠎ᠤ ᠬᠡᠮᠵᠢᠶ᠎ᠡ 1630 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭᠠᠨ᠎ᠤ ᠬᠢ ᠲᠡᠢ ᠬᠠᠷᠢᠴᠠᠭᠤᠯᠪᠠᠯ 21% ᠎ᠪᠠᠷ ᠨᠡᠮᠡᠭᠳᠡᠨ᠂ ᠪᠥᠬᠥ ᠨᠡᠢᠭᠡᠮ᠎ᠦᠨ ᠴᠠᠬᠢᠯᠭᠠᠨ ᠬᠡᠷᠡᠭᠯᠡᠭᠰᠡᠨ ᠬᠡᠮᠵᠢᠶᠡᠨ᠎ᠦ 32.8% ᠎ᠶᠢ ᠡᠵᠡᠯᠡᠵᠦ᠂ ᠠᠳᠠᠯᠢ ᠬᠤᠭᠤᠴᠠᠭᠠᠨ᠎ᠤ ᠬᠢ ᠲᠠᠢ ᠬᠠᠷᠢᠴᠠᠭᠤᠯᠪᠠᠯ 4.3% ᠎ᠪᠠᠷ ᠨᠡᠮᠡᠭᠳᠡᠵᠡᠢ᠂ ᠡᠨᠡ ᠨᠢ 3 ᠭᠷᠡᠳᠦ᠋ᠰ ᠴᠠᠬᠢᠯᠭᠠᠨ ᠬᠡᠷᠡᠭᠯᠡᠬᠦ ᠪᠦᠷᠢ 1 ᠭᠷᠡᠳᠦ᠋ᠰ ᠨᠢ ᠰᠢᠨ᠎ᠡ ᠡᠨᠧᠷᠭᠢ᠎ᠶᠢᠨ ᠴᠠᠬᠢᠯᠭᠠᠨ ᠪᠣᠯᠬᠣᠷ ᠡᠨᠧᠷᠭᠢ᠎ᠶᠢᠨ ᠪᠦᠲᠦᠴᠡ᠎ᠶᠢᠨ ᠨᠣᠭᠣᠭᠠᠨ ᠳᠣᠣᠷ᠎ᠠ ᠨᠡᠭᠦᠷᠡᠰᠦᠲᠥ᠋ᠷᠥᠭᠴᠢᠲᠦ ᠰᠢᠯᠵᠢᠯᠲᠡ᠎ᠶᠢᠨ ᠦᠷ᠎ᠡ ᠪᠦᠲᠦᠮᠵᠢ ᠢᠯᠡᠷᠬᠡᠢ ᠪᠣᠯᠪᠠ᠃

ᠢᠷᠡᠯᠲᠡ᠄    