12 ᠳ᠋ᠤᠭᠠᠷ ᠰᠠᠷ᠎ᠠ᠎ᠶᠢᠨ 17᠎ᠤ ᠡᠳᠦᠷ᠂ ᠥᠪᠥᠷ ᠮᠣᠩᠭᠣᠯ᠎ᠤᠨ ᠬᠤᠸᠠ ᠳ᠋ᠢᠶᠠᠨ ᠲᠡᠭᠷᠢ 4×100 ᠲᠦᠮᠡᠨ ᠺᠢᠯᠣᠸᠠᠲ᠎ᠤᠨ ᠨᠡᠭᠦᠷᠡᠰᠦᠨ ᠴᠠᠬᠢᠯᠭᠠᠨ᠎ᠤ ᠲᠥᠷᠥᠯ ᠵᠦᠢᠯ᠎ᠢ ᠠᠯᠠᠱᠠ ᠠᠢᠮᠠᠭ᠎ᠤᠨ ᠠᠯᠠᠱᠠ ᠵᠡᠭᠦᠨ ᠬᠣᠰᠢᠭᠤᠨ᠎ᠳᠤ ᠵᠢᠩᠬᠢᠨᠢ᠎ᠪᠡᠷ ᠠᠵᠢᠯ ᠡᠬᠢᠯᠡᠭᠦᠯᠪᠡ᠃ ᠡᠨᠡ ᠨᠢ 1600 ᠲᠦᠮᠡᠨ ᠺᠢᠯᠣᠸᠠᠲ᠎ᠤᠨ ᠶᠡᠷᠦᠩᠬᠡᠢ ᠮᠠᠰᠢᠨ ᠴᠣᠭᠴᠠᠯᠠᠪᠤᠷᠢ ᠲᠠᠢ ᠥᠪᠥᠷ ᠮᠣᠩᠭᠣᠯ᠎ᠤᠨ ᠬᠤᠸᠠ ᠳ᠋ᠢᠶᠠᠨ ᠲᠡᠭᠷᠢ ᠰᠢᠨ᠎ᠡ ᠡᠨᠧᠷᠭᠢ᠎ᠶᠢᠨ ᠰᠠᠭᠤᠷᠢᠨ᠎ᠤ ᠲᠥᠷᠥᠯ ᠵᠦᠢᠯ᠎ᠦᠨ ᠭᠣᠣᠯ ᠴᠣᠭᠴᠠ᠎ᠶᠢᠨ ᠢᠨᠵᠧᠨᠧᠷᠢᠩ᠎ᠢ ᠪᠥᠬᠥ ᠲᠠᠯ᠎ᠠ᠎ᠪᠠᠷ ᠠᠵᠢᠯ ᠡᠬᠢᠯᠡᠭᠦᠯᠦᠭᠰᠡᠨᠢ ᠬᠠᠷᠠᠭᠤᠯᠵᠤ ᠪᠠᠢᠨ᠎ᠠ᠃
ᠥᠪᠥᠷ ᠮᠣᠩᠭᠣᠯ᠎ᠤᠨ ᠬᠤᠸᠠ ᠳ᠋ᠢᠶᠠᠨ ᠲᠡᠭᠷᠢ 《ᠡᠯᠡᠰᠦ ᠭᠣᠪᠢ ᠴᠥᠯ》ᠰᠢᠨ᠎ᠡ ᠡᠨᠧᠷᠭᠢ᠎ᠶᠢᠨ ᠰᠠᠭᠤᠷᠢᠨ᠎ᠳᠤ 《ᠨᠡᠭᠦᠷᠡᠰᠦᠨ ᠴᠠᠬᠢᠯᠭᠠᠨ + ᠬᠡᠷᠡᠯᠴᠢ ᠴᠡᠨᠡᠭ + ᠰᠠᠯᠬᠢᠨ ᠬᠦᠴᠦᠨ᠎ᠦ ᠴᠠᠬᠢᠯᠭᠠᠨ + ᠡᠨᠧᠷᠭᠢ ᠨᠥᠭᠡᠴᠡᠯᠡᠬᠦ》 ᠤᠯᠠᠨ ᠡᠨᠧᠷᠭᠢ᠎ᠶᠢ ᠬᠠᠷᠢᠯᠴᠠᠨ ᠨᠥᠬᠦᠪᠦᠷᠢᠯᠡᠨ ᠬᠥᠭᠵᠢᠭᠦᠯᠬᠦ ᠬᠡᠪ ᠵᠠᠭᠪᠤᠷ᠎ᠢ ᠪᠦᠲᠦᠭᠡᠯᠴᠢ᠎ᠪᠡᠷ ᠪᠠᠢᠭᠤᠯᠵᠠᠢ᠂ ᠡᠨᠡ ᠤᠳᠠᠭ᠎ᠠ ᠠᠵᠢᠯ ᠡᠬᠢᠯᠡᠭᠦᠯᠦᠭᠰᠡᠨ ᠨᠡᠭᠦᠷᠡᠰᠦᠨ ᠴᠠᠬᠢᠯᠭᠠᠨ᠎ᠤ ᠲᠦᠷᠦᠯ ᠵᠦᠢᠯ ᠪᠣᠯ ᠤᠯᠤᠰ᠎ᠤᠨ ᠲᠡᠰ᠎ᠤᠨ ᠡᠨᠧᠷᠭᠢ᠎ᠶᠢᠨ ᠭᠣᠣᠯᠳᠠᠯᠭ᠎ᠠ ᠪᠣᠯᠬᠤ ᠢᠨᠵᠧᠨᠧᠷᠢᠩ ᠪᠠᠢᠵᠤ᠂ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠪᠠ ᠨᠣᠭᠣᠭᠠᠨ ᠬᠥᠭᠵᠢᠯᠲᠡ᠎ᠶᠢᠨ ᠳᠠᠪᠬᠤᠷ ᠡᠭᠦᠷᠭᠡ᠎ᠶᠢ ᠡᠭᠦᠷᠭᠡᠯᠡᠵᠦ ᠪᠤᠢ᠃
ᠣᠢᠯᠠᠭᠠᠭᠰᠠᠨ᠎ᠢᠶᠠᠷ᠂ 2023 ᠣᠨ᠎ᠳᠤ ᠡᠮᠦᠨᠡᠬᠢ ᠬᠤᠭᠤᠴᠠᠭᠠᠨ᠎ᠤ ᠠᠵᠢᠯ᠎ᠢᠶᠠᠨ ᠡᠬᠢᠯᠡᠭᠦᠯᠦᠭᠰᠡᠨ᠎ᠡᠴᠡ ᠨᠠᠭᠠᠰᠢ᠂ ᠲᠣᠰ ᠲᠥᠷᠥᠯ ᠵᠦᠢᠯ᠎ᠢ 《ᠥᠨᠳᠥᠷ ᠪᠦᠲᠦᠮᠵᠢᠲᠡᠶ ᠵᠢᠷᠤᠮᠵᠢᠭᠤᠨ》 ᠪᠠᠢᠯᠭᠠᠬᠤ᠎ᠪᠠᠷ ᠪᠠᠷᠢᠮᠵᠢᠶ᠎ᠠ ᠪᠣᠯᠭᠠᠵᠤ᠂ ᠡᠨᠧᠷᠭᠢ᠎ᠶᠢᠨ ᠲᠥᠷᠥᠯ ᠵᠦᠢᠯ᠎ᠦᠨ ᠴᠢᠨᠠᠷ ᠰᠠᠢᠲᠠᠢ ᠪᠥᠭᠡᠳ ᠲᠦᠷᠭᠡᠨ᠎ᠢᠶᠡᠷ ᠠᠭᠢᠬᠤ ᠰᠢᠨ᠎ᠡ ᠠᠷᠭ᠎ᠠ ᠵᠠᠮ᠎ᠢ ᠨᠡᠭᠡᠭᠡᠭᠰᠡᠨ ᠪᠠᠢᠨ᠎ᠠ᠃ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠂ ᠣᠷᠴᠢᠨ ᠠᠬᠤᠢ᠎ᠶᠢᠨ ᠨᠥᠯᠥᠭᠡᠯᠡᠯ᠎ᠦᠨ ᠦᠨᠡᠯᠡᠯᠲᠡ ᠵᠡᠷᠭᠡ ᠡᠯ᠎ᠡ ᠵᠦᠢᠯ᠎ᠦᠨ ᠭᠠᠷᠳᠠᠮ᠎ᠢ ᠴᠥᠮ ᠪᠦᠷᠢᠨ ᠭᠦᠢᠴᠡᠳ ᠪᠣᠯᠭᠠᠵᠤ᠂ ᠲᠥᠷᠥᠯ ᠵᠦᠢᠯ᠎ᠢ ᠬᠠᠤᠯᠢ ᠲᠣᠭᠲᠠᠭᠠᠯ᠎ᠳᠤ ᠨᠡᠢᠴᠡᠭᠦᠯᠦᠨ ᠠᠬᠢᠭᠤᠯᠬᠤ᠎ᠳᠤ ᠪᠥᠬᠥ ᠲᠠᠯ᠎ᠠ᠎ᠶᠢᠨ ᠪᠠᠲᠤᠯᠠᠭ᠎ᠠ ᠬᠠᠩᠭᠠᠵᠠᠢ᠃ ᠳᠠᠷᠠᠭᠠᠴᠢ᠎ᠶᠢᠨ ᠠᠯᠬᠤᠮ᠎ᠳᠤ᠂ ᠲᠤᠰ ᠲᠦᠷᠦᠯ ᠵᠦᠢᠯ᠎ᠳᠤ ᠤᠯᠤᠰ᠎ᠤᠨ ᠪᠠᠢᠯᠳᠤᠬᠤ ᠪᠣᠳᠣᠯᠭ᠎ᠠ᠎ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠢᠲᠠᠢ ᠬᠥᠭᠵᠢᠭᠦᠯᠬᠦ ᠡᠨᠡ ᠬᠦ᠌ ᠲᠡᠷᠢᠭᠦᠨ ᠴᠢᠬᠤᠯᠠ ᠡᠭᠦᠷᠭᠡ᠎ᠶᠢᠨ ᠲᠣᠭᠣᠷᠢᠨ᠎ᠳᠤ᠂ ᠠᠮᠤᠷ ᠲᠦᠪᠰᠢᠨ ᠪᠥᠭᠡᠳ ᠭᠦᠢᠴᠡᠳ ᠪᠠᠶᠠᠯᠢᠭ᠋᠂ ᠴᠡᠪᠡᠷ ᠪᠥᠭᠡᠳ ᠨᠡᠭᠦᠷᠡᠰᠦᠲᠥ᠋ᠷᠥᠭᠴᠢ ᠪᠠᠭᠠᠲᠠᠢ᠂ ᠠᠵᠤ ᠠᠬᠤᠢ᠎ᠶᠢᠨ ᠥᠨᠳᠥᠷ ᠦᠷ᠎ᠡ ᠠᠰᠢᠭ᠋᠎ᠲᠠᠢ᠂ ᠠᠮᠢᠳᠤᠯᠢᠭ᠋ ᠪᠥᠭᠡᠳ ᠣᠶᠤᠨᠴᠢ ᠪᠠᠢᠬᠤ᠎ᠶᠢ ᠨᠢᠭᠡ ᠴᠣᠭᠴᠠᠵᠢᠭᠤᠯᠤᠭᠰᠠᠨ ᠣᠶᠤᠨᠲᠤ ᠴᠠᠬᠢᠯᠭᠠᠨ ᠦᠢᠯᠡᠳᠪᠦᠷᠢ᠎ᠶᠢᠨ ᠰᠢᠨ᠎ᠡ ᠬᠡᠪ ᠳᠠᠭᠤᠷᠢᠶᠠᠯ᠎ᠢ ᠪᠦᠬᠦ ᠬᠦᠴᠦᠨ᠎ᠢᠶᠡᠷ᠎ᠢᠶᠡᠨ ᠴᠣᠭᠴᠠᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠡᠨᠧᠷᠭᠢ᠎ᠶᠢᠨ ᠲᠦᠷᠦᠯ ᠵᠦᠢᠯ᠎ᠦᠨ ᠠᠮᠢ ᠠᠬᠤᠢ᠎ᠶᠢᠨ ᠬᠠᠷᠢᠭᠤᠴᠠᠯᠭ᠎ᠠ ᠪᠠ ᠬᠥᠭᠵᠢᠯᠲᠡ᠎ᠶᠢᠨ ᠡᠭᠦᠷᠭᠡᠯᠡᠯ᠎ᠢ ᠲᠣᠳᠣᠷᠬᠠᠢ ᠦᠵᠡᠭᠦᠯᠬᠦ ᠪᠣᠯᠣᠨ᠎ᠠ᠃ ᠢᠨᠵᠧᠨᠧᠷᠢᠩ᠎ᠦᠨ ᠲᠠᠷᠠᠭᠠᠴᠢ᠎ᠶᠢᠨ ᠠᠵᠢᠯ᠎ᠤᠳ ᠡᠮᠬᠢ ᠵᠢᠷᠤᠮ᠎ᠲᠠᠢ ᠶᠠᠪᠤᠭᠳᠠᠬᠤ᠎ᠶᠢ ᠳᠠᠭᠠᠯᠳᠤᠨ᠂ ᠡᠨᠡ ᠬᠦ᠌ ᠣᠳᠣᠬᠢᠴᠢᠯᠠᠭᠰᠠᠨ ᠡᠨᠧᠷᠭᠢ᠎ᠶᠢᠨ ᠰᠠᠭᠤᠷᠢᠨ ᠨᠢ ᠠᠯᠬᠤᠮ ᠠᠯᠬᠤᠮ᠎ᠢᠶᠠᠷ ᠤᠯᠤᠰ᠎ᠤᠨ 《ᠪᠠᠷᠠᠭᠤᠨ᠎ᠤ ᠴᠠᠬᠢᠯᠭᠠᠨ᠎ᠢ ᠵᠡᠭᠦᠨᠰᠢ ᠬᠦᠷᠭᠡᠬᠦ》 ᠪᠠᠢᠯᠳᠤᠬᠤ ᠪᠣᠳᠣᠯᠭ᠎ᠠ᠎ᠶᠢᠨ ᠴᠢᠬᠤᠯᠠ ᠲᠤᠯᠬᠤ ᠴᠡᠭ ᠪᠣᠯᠵᠤ᠂ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ᠂ 《ᠬᠣᠣᠰ ᠨᠡᠭᠦᠷᠡᠰᠦᠲᠥ᠋ᠷᠥᠭᠴᠢ》᠎ᠶᠢᠨ ᠬᠠᠷᠠᠯᠲᠠ᠎ᠶᠢ ᠪᠡᠶᠡᠯᠡᠭᠦᠯᠬᠦ᠂ ᠡᠨᠧᠷᠭᠢ᠎ᠶᠢᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠠᠬᠢᠭᠤᠯᠬᠤ᠎ᠳᠤ ᠬᠤᠸᠠ ᠳ᠋ᠢᠶᠠᠨ ᠺᠣᠮᠫᠠᠨᠢ᠎ᠶᠢᠨ ᠬᠦᠴᠦᠨ ᠴᠢᠳᠠᠯ᠎ᠢᠶᠠᠨ ᠡᠷᠭᠦᠬᠦ ᠪᠣᠯᠣᠨ᠎ᠠ᠃