《 ᠬᠣᠶᠠᠷ ᠬᠠᠯᠬᠠᠪᠴᠢ》《 ᠬᠣᠶᠠᠷ ᠰᠠᠭᠤᠷᠢᠨ》《 ᠨᠢᠭᠡ ᠪᠡᠬᠢᠯᠡᠯᠲᠡ》᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ   -   ᠪᠠᠶ᠋ᠢᠷᠢᠯᠠᠭᠤᠯᠤᠯᠲᠠ ᠨᠠᠶ᠋ᠢᠳᠠᠪᠤᠷᠢᠵᠢᠭᠤᠯᠤᠯᠲᠠ
ᠠᠮᠢ ᠠᠬᠤᠢ᠎ᠶᠢᠨ ᠨᠣᠮᠢᠨ ᠨᠣᠭᠣᠭᠠᠨ ᠬᠠᠷᠢᠭᠤᠯᠲᠠ᠎ᠶᠢᠨ ᠬᠠᠭᠤᠳᠠᠰᠤ — ᠡᠷᠡᠮᠡᠬᠡᠢᠯᠡᠨ ᠲᠡᠮᠡᠴᠡᠭᠰᠡᠨ 2025·ᠵᠢᠯ᠎ᠦᠨ ᠡᠴᠦᠰ᠎ᠦᠨ ᠠᠵᠢᠭᠯᠠᠯᠲᠠ (ᠬᠣᠶᠠᠷ)
ᠨᠡᠶ᠋ᠢᠲᠡᠯᠡᠭᠰᠡᠨ ᠴᠠᠭ᠄ 2025-12-26

ᠠᠮᠢ ᠠᠬᠤᠢ ᠪᠣᠯ ᠥᠪᠥᠷ ᠮᠣᠩᠭᠣᠯ᠎ᠤᠨ ᠲᠣᠪᠣᠢᠮ᠎ᠠ ᠳᠠᠪᠠᠭᠤᠯᠢᠭ᠋᠂ ᠨᠣᠮᠢᠨ ᠨᠣᠭᠣᠭᠠᠨ ᠪᠣᠯ ᠥᠪᠥᠷ ᠮᠣᠩᠭᠣᠯ᠎ᠤᠨ ᠢᠯᠡ ᠲᠣᠳᠣ᠌ ᠳᠡᠪᠢᠰᠬᠡᠷ ᠥᠩᠭᠡ ᠮᠥᠨ᠃

2025 ᠣᠨ᠎ᠳᠤ ᠥᠪᠥᠷ ᠮᠣᠩᠭᠣᠯ᠎ᠤᠨ ᠠᠮᠢ ᠠᠬᠤᠶ᠎ᠶᠢᠨ ᠪᠥᠲᠥᠭᠡᠨ ᠪᠠᠢᠭᠤᠯᠤᠯᠲᠠ ᠢᠯᠡᠷᠬᠡᠢ ᠦᠷ᠎ᠡ ᠪᠦᠳᠦᠮᠵᠢ ᠤᠯᠪᠠ᠃ ᠪᠥᠬᠥ᠌ ᠵᠢᠯ᠎ᠳᠤ 5062 ᠲᠦᠮᠡᠨ ᠮᠥ᠍᠎ᠶᠢᠨ ᠠᠮᠢ ᠠᠬᠤᠶ᠎ᠶᠢᠨ ᠪᠥᠲᠥᠭᠡᠨ ᠪᠠᠢᠭᠤᠯᠤᠯᠲᠠ᠎ᠶᠢ ᠪᠡᠶᠡᠯᠡᠬᠦᠯᠵᠤ᠂ 2368 ᠲᠦᠮᠡᠨ ᠮᠥ᠍᠎ᠶᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠵᠤ᠂ ᠲᠠᠴᠢᠷᠳᠠᠵᠤ ᠡᠯᠡᠰᠦᠷᠭᠡᠭᠵᠢᠭᠰᠡᠨ 2995.6 ᠲᠦᠮᠡᠨ ᠮᠤ᠌ ᠨᠤᠲᠤᠭ ᠪᠡᠯᠴᠢᠭᠡᠷ᠎ᠢ ᠵᠠᠰᠠᠨ ᠰᠡᠷᠬᠦᠬᠡᠵᠤ᠂ ᠪᠠᠢᠭᠠᠯᠢ᠎ᠶᠢᠨ ᠨᠤᠲᠤᠭ ᠪᠡᠯᠴᠢᠭᠡᠷ᠎ᠤᠨ ᠮᠠᠯ ᠪᠡᠯᠴᠢᠭᠡᠷ᠎ᠤᠨ ᠲᠡᠩᠴᠡᠭᠦᠷᠢ᠎ᠶᠢ ᠪᠠᠳᠤᠯᠠᠬᠤ ᠵᠢᠭᠠᠯᠲᠠ ᠲᠣᠭ᠎ᠠ᠎ᠶᠢ 10% ᠎ᠠᠴᠠ ᠳᠣᠷᠣᠭ᠍ᠰᠢ ᠪᠣᠯᠲᠠᠯ᠎ᠠ ᠪᠠᠭᠤᠷᠠᠭᠤᠯᠪᠠ ᠁

ᠥᠪᠥᠷ ᠮᠣᠩᠭᠣᠯ 《ᠤᠯᠤᠰ᠎ᠤᠨ ᠶᠡᠬᠡ ᠶᠠᠪᠤᠳᠡᠯ》᠎ᠢ ᠢᠮᠠᠭ᠍ᠲᠠ ᠪᠠᠲᠤ ᠴᠡᠭᠡᠵᠢᠯᠡᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠶ᠎ᠪᠡᠷ ᠵᠠᠰᠠᠬᠤ᠎ᠶᠢ ᠨᠢᠭᠡᠳᠦᠯᠲᠡᠶ ᠲᠥᠯᠥᠪᠵᠢᠭᠦᠯᠵᠦ᠍᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠂ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠱᠢᠰᠲ᠋ᠧᠮ᠎ᠤᠨ ᠪᠠᠢᠭᠤᠯᠤᠯᠲᠠ᠂ ᠬᠥᠨᠥᠭᠡᠯᠲᠦ ᠠᠮᠢᠳᠤ ᠪᠣᠳᠠᠰ᠎ᠢ ᠰᠡᠷᠭᠡᠢᠯᠡᠨ ᠵᠠᠰᠠᠬᠤ ᠵᠡᠷᠭᠡ᠎ᠶᠢ ᠱᠢᠨᠵᠢᠯᠡᠬᠦ᠌ ᠤᠬᠠᠭᠠᠨᠴᠢ᠎ᠪᠡᠷ ᠠᠬᠢᠭᠤᠯᠵᠤ᠂ ᠮᠠᠨ᠎ᠦ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠱᠢᠨ᠎ᠦ ᠬᠠᠯᠬᠠᠪᠴᠢ᠎ᠶᠢ ᠦᠷᠭᠦᠯᠵᠢᠯᠡᠨ ᠪᠡᠬᠢᠵᠢᠭᠦᠯᠦᠭᠰᠡᠨ ᠪᠠᠢᠨ᠎ᠠ᠃

《ᠤᠮᠠᠷᠠᠳᠤ᠎ᠶᠢᠨ ᠭᠤᠷᠪᠡᠨ ᠤᠷᠤᠨ》᠎ᠦ ᠢᠨᠵᠧᠨᠧᠷᠢᠩ᠎ᠤᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠯᠠᠪᠳᠠᠭᠤᠨ ᠪᠠᠲᠤᠲᠠᠶ ᠠᠬᠢᠭᠤᠯᠪᠠ

ᠥᠪᠥᠷ ᠮᠣᠩᠭᠣᠯ 《ᠤᠮᠠᠷᠠᠲᠤ᠎ᠶᠢᠨ ᠭᠤᠷᠪᠠᠨ ᠣᠷᠣᠨ》᠎ᠢ ᠰᠤᠨᠳᠠᠯᠠᠵᠤ᠂ ᠦᠵᠡᠰᠭᠦᠯᠡᠩᠲᠦ ᠰᠠᠢᠬᠠᠨ ᠦᠵᠡᠮᠵᠢ᠎ᠶᠢᠨ ᠣᠷᠣᠨ ᠪᠣᠯᠬᠤ᠎ᠪᠡᠷ ᠪᠠᠷᠠᠬᠤ ᠥᠬᠡᠶ ᠨᠠᠩ ᠴᠤ᠌ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭ᠍ᠰᠢᠯᠠᠪᠠᠯ ᠪᠥᠬᠥ᠌ ᠤᠯᠤᠰ᠎ᠤᠨ ᠠᠮᠢ ᠠᠬᠤᠶ᠎ᠶᠢᠨ ᠠᠮᠤᠷ ᠲᠦᠪᠱᠢᠨ᠎ᠢ ᠬᠠᠮᠠᠭᠠᠯᠠᠬᠤ 《ᠨᠤᠮᠢᠨ ᠨᠤᠭᠤᠭᠠᠨ ᠣᠷᠳᠣ ᠴᠠᠭᠠᠨ ᠬᠡᠷᠡᠮ》 ᠪᠤᠯᠬᠤ ᠶᠤᠮ᠃

2025 ᠣᠨ᠎ᠳᠤ᠂ ᠥᠪᠥᠷ ᠮᠣᠩᠭᠣᠯ ᠣᠶ ᠱᠢᠭᠤᠶ ᠨᠤᠳᠤᠭ ᠪᠡᠯᠴᠢᠭᠡᠷ᠎ᠤᠨ ᠲᠤᠰᠬᠠᠢ ᠪᠡᠯᠡ ᠮᠦᠨᠭᠬᠦ᠎ᠶᠢ 321.05 ᠳ᠋ᠦᠩᠱᠢᠭᠤᠷ ᠲᠥᠭᠥᠷᠢᠭ ᠴᠢᠷᠮᠠᠢᠨ ᠣᠯᠵᠤ᠂ ᠪᠥᠬᠥ᠌ ᠤᠯᠤᠰ᠎ᠲᠤ ᠲᠦᠷᠦᠬᠦᠯᠡᠪᠡ᠃ ᠠᠮᠢ ᠠᠬᠤᠶ᠎ᠶᠢᠨ ᠪᠦᠲᠦᠭᠡᠨ ᠪᠠᠢᠭᠤᠯᠤᠯᠲᠠ᠎ᠶᠢ 5062 ᠲᠦᠮᠡᠨ ᠮᠦ᠍ ᠪᠡᠶᠡᠯᠡᠭᠦᠯᠵᠤ᠂ ᠡᠬᠦᠨ᠎ᠳᠦ 2368 ᠲᠦᠮᠡᠨ ᠮᠦ᠍᠎ᠶᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠵᠤ᠂ ᠠᠮᠢ ᠠᠬᠤᠶ᠎ᠶᠢᠨ ᠪᠦᠲᠦᠭᠡᠨ ᠪᠠᠢᠭᠤᠯᠤᠯᠲᠠ ᠬᠢᠭᠡᠳ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠭᠰᠠᠨ ᠬᠡᠪᠴᠢᠶ᠎ᠡ᠎ᠪᠡᠷ ᠴᠥᠮ ᠪᠦᠬᠦ᠌ ᠤᠯᠤᠰ᠎ᠲᠤ ᠲᠦᠷᠦᠬᠦᠯᠡᠪᠡ᠃

ᠬᠠᠲᠤᠨ ᠭᠤᠤᠯ᠎ᠤᠨ 《ᠶᠡᠬᠡ ᠲᠣᠬᠣᠶ》᠎ᠶᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠦ ᠣᠷᠣᠨ ᠳ᠋ᠤ᠌᠂ ᠥᠪᠥᠷ ᠮᠣᠩᠭᠣᠯ᠎ᠤᠨ ᠬᠠᠲᠤᠨ ᠭᠤᠤᠯ᠎ᠤᠨ ᠬᠣᠶᠠᠷ ᠬᠦᠪᠡᠬᠡ᠎ᠳᠤ ᠪᠥᠲᠥᠭᠡᠨ ᠪᠠᠢᠭᠤᠯᠤᠭ᠍ᠰᠠᠨ 620 ᠺᠢᠯᠣᠮᠧᠲ᠋ᠷ᠎ᠤᠨ ᠤᠢ ᠰᠢᠭᠤᠢ ᠪᠠ ᠨᠤᠳᠤᠭ ᠪᠡᠯᠴᠢᠬᠡᠷ᠎ᠤᠨ ᠬᠠᠮᠠᠭᠠᠯᠠᠯᠳᠡ᠎ᠶᠢᠨ ᠪᠦᠰᠡ ᠪᠥᠬᠥ᠌ ᠱᠤᠭᠤᠮ᠎ᠢᠶᠡᠷ ᠨᠡᠪᠲᠡᠷᠡᠪᠡ;ᠬᠥᠪᠴᠢ᠎ᠶᠢᠨ ᠡᠯᠡᠰᠦᠨ ᠳ᠋ᠤ᠌᠂ ᠥᠪᠥᠷ ᠮᠣᠩᠭᠣᠯ ᠨᠣᠭᠣᠭᠠᠷᠠᠭᠤᠯᠤᠯᠲᠠ᠎ᠶᠢᠨ ᠪᠦᠰᠡ᠂ ᠨᠦᠯᠦᠮᠡᠯ ᠭᠠᠵᠠᠷ᠎ᠤᠨ ᠬᠠᠱᠢᠯᠭ᠎ᠠ᠂ ᠬᠡᠷᠡᠯᠴᠢ ᠴᠡᠨᠡᠭ ᠵᠢᠡᠷ ᠡᠯᠡᠰᠦ᠎ᠶᠢ ᠵᠠᠰᠠᠬᠤ ᠪᠦᠰᠡ ᠪᠠ ᠡᠯᠡᠰᠦᠨ ᠴᠦᠯ᠎ᠢ ᠡᠮᠵᠢᠶᠡᠷᠢᠯᠡᠬᠦ ᠣᠶ ᠡᠪᠡᠰᠤᠨ᠎ᠦ ᠪᠦᠰᠡ ᠵᠡᠷᠭᠡ 《ᠳᠥᠷᠪᠡᠨ ᠰᠡᠷᠭᠡᠢᠯᠡᠯᠲᠡ᠎ᠶᠢᠨ ᠱᠤᠭᠤᠮ》᠎ᠢ ᠪᠠᠢᠭᠤᠯᠵᠤ᠂ ᠮᠤᠤᠠᠤᠰᠤ᠎ᠶᠢᠨ ᠡᠯᠡᠰᠦᠷᠬᠡᠭ ᠭᠠᠵᠠᠷ᠎ᠢ ᠵᠠᠰᠠᠭ᠍ᠰᠠᠨ ᠨᠣᠷᠮ᠎ᠠ 80% ᠎ᠳᠦ ᠬᠦᠷᠴᠠᠢ᠃

ᠬᠣᠷᠴᠢᠨ ᠪᠠ ᠬᠤᠯᠠᠨ ᠱᠢᠷᠭ᠎ᠠ ᠲᠠᠭ᠎ᠠ᠎ᠶᠢᠨ ᠬᠣᠶᠠᠷ ᠶᠡᠬᠡ ᠡᠯᠡᠰᠦᠷᠬᠡᠭ ᠭᠠᠵᠠᠷ᠎ᠤᠨ ᠰᠦᠨᠤᠬᠡᠯᠳᠡ᠎ᠶᠢᠨ ᠲᠠᠢᠯᠠᠯᠳᠤᠭᠠᠨ᠎ᠦ ᠤᠷᠤᠨ᠎ᠳᠤ 《ᠡᠯᠡᠰᠦ ᠮᠠᠨᠭᠬ᠎ᠠ᠎ᠶᠢ ᠰᠦᠨᠦᠬᠡᠬᠦ》 ᠠᠵᠢᠯᠯᠠᠭ᠎ᠠ ᠥᠷᠨᠢᠭᠦᠯᠤᠨ᠂ 9 ᠬᠣᠱᠢᠭᠤ ᠱᠢᠶᠠᠨ᠎ᠦ ᠨᠡᠭᠦᠳᠡᠯ ᠡᠯᠡᠰᠦᠷᠬᠡᠭ ᠭᠠᠵᠠᠷ᠎ᠢ ᠪᠦᠬᠦᠨ᠎ᠢ ᠵᠠᠰᠠᠵᠤ᠂ 2528 ᠺᠢᠯᠣᠮᠧᠲ᠋ᠷ ᠪᠦᠬᠦᠢ ᠡᠯᠡᠰᠦ᠎ᠶᠢ ᠳᠤᠭᠤᠯᠤᠭ᠍ᠰᠠᠨ ᠵᠠᠰᠠᠮᠠᠯ ᠵᠠᠮ᠎ᠢ ᠱᠢᠨ᠎ᠡ᠎ᠪᠡᠷ ᠥᠭᠡᠷᠡᠴᠢᠯᠡᠨ ᠪᠠᠢᠭᠤᠯᠤᠭᠠᠳ 464 ᠲᠦᠮᠡᠨ ᠮᠥ᠍ ᠡᠯᠡᠰᠦ᠎ᠶᠢ ᠵᠠᠰᠠᠬᠤ ᠵᠢ ᠳᠠᠢᠴᠢᠯᠠᠪᠠ᠃

ᠾᠧᠰᠢ᠎ᠶᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠤᠨ ᠬᠥᠪᠡᠭᠡ ᠲᠠᠭᠠᠤ᠎ᠶᠢᠨ ᠬᠤᠷᠢᠭᠯᠠᠯᠳᠡ᠎ᠶᠢᠨ ᠲᠠᠢᠯᠠᠯᠳᠤᠭᠠᠨ᠎ᠦ ᠤᠷᠤᠨ᠎ᠳᠤ᠂ ᠥᠪᠥᠷ ᠮᠣᠩᠭᠣᠯ᠎ᠪᠠᠳᠠᠶ᠎ᠶᠢᠨ ᠵᠢᠷᠠᠨ ᠪᠠ ᠲᠩᠷᠢ ᠡᠯᠡᠰᠦ᠎ᠶᠢ ᠡᠮᠵᠢᠶᠡᠷᠢᠯᠡᠬᠦ 336.8 ᠺᠢᠯᠣᠮᠧᠲ᠋ᠷ ᠣᠶ ᠡᠪᠡᠰᠤᠨ᠎ᠦ ᠪᠦᠰᠡ᠎ᠶᠢ ᠪᠥᠲᠥᠭᠡᠨ ᠪᠠᠢᠭᠤᠯᠵᠤ᠂ ᠥᠪᠥᠷ ᠮᠣᠩᠭᠣᠯ ᠭᠠᠨᠰᠦ ᠪᠤᠯᠤᠨ ᠦᠪᠤᠷ ᠮᠤᠨᠭᠭᠤᠯ ᠨᠢᠩᠱᠢᠶᠠ᠎ᠶᠢᠨ ᠠᠭᠤᠯᠵᠠᠷ ᠣᠷᠣᠨ᠎ᠳᠤ ᠬᠠᠮᠲᠤᠷᠠᠨ ᠰᠡᠷᠭᠡᠢᠯᠡᠵᠦ᠍ ᠬᠠᠮᠲᠤᠷᠠᠨ ᠵᠠᠰᠠᠬᠤ ᠠᠵᠢᠯ᠎ᠢ 97 ᠲᠦᠮᠡᠨ ᠮᠥ᠍ ᠪᠡᠶᠡᠯᠡᠭᠦᠯᠵᠦ᠍᠂ ᠬᠣᠶᠠᠷ ᠶᠡᠬᠡ ᠡᠯᠡᠰᠦᠨ ᠴᠥᠯ᠎ᠤᠨ ᠨᠡᠢᠯᠡᠬᠦ᠎ᠶᠢ ᠦᠨᠳᠦᠰᠦᠨ᠎ᠳᠡᠭᠡᠨ ᠬᠣᠷᠢᠭ᠍ᠯᠠᠵᠤ᠂ ᠡᠯᠡᠰᠦ ᠮᠠᠨᠭᠬ᠎ᠡ᠎ᠶᠢᠨ ᠾᠧᠰᠢ᠎ᠶᠢᠨ ᠬᠣᠩᠭᠢᠯ᠎ᠳᠤ ᠳᠦᠷᠢᠨ ᠣᠷᠣᠬᠤ ᠪᠠᠢᠳᠠᠯ᠎ᠢ ᠢᠯᠡᠷᠬᠡᠢ ᠨᠠᠮᠳᠠᠭᠤᠯᠪᠡ᠃

ᠣᠶ ᠱᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭᠠᠯᠠᠯᠲᠠ ᠬᠠᠮᠢᠶᠠᠷᠤᠯᠲᠠ᠎ᠶᠢ ᠲᠠᠰᠤᠷᠠᠯᠲᠠ ᠥᠬᠡᠶ ᠴᠢᠩᠭᠠᠳᠭᠠᠪᠠ

ᠪᠡᠯᠴᠢᠭᠡᠷ᠎ᠤᠨ ᠲᠠᠭᠠᠭᠠᠴᠡ᠎ᠠᠴᠠ ᠬᠡᠳᠤᠷᠡᠳᠡᠯ᠎ᠡ ᠪᠡᠯᠴᠢᠬᠡᠷᠯᠡᠬᠦᠯᠬᠦ ᠠᠰᠠᠭᠤᠳᠠᠯ᠎ᠢ ᠱᠢᠶ᠋ᠳᠪᠦᠷᠢᠯᠡᠬᠦ᠌ ᠪᠣᠯ ᠥᠪᠥᠷ ᠮᠣᠩᠭᠣᠯ᠎ᠤᠨ ᠠᠮᠢ ᠠᠬᠤᠶ᠎ᠶᠢᠨ ᠠᠮᠤᠷ ᠲᠦᠪᠱᠢᠨ᠎ᠦ ᠬᠠᠯᠬᠠᠪᠴᠢ᠎ᠶᠢ ᠪᠦᠲᠦᠭᠡᠨ ᠪᠠᠢᠭᠤᠯᠬᠤ᠎ᠶᠢᠨ ᠴᠢᠬᠤᠯᠠ ᠠᠭᠤᠯᠭ᠎ᠠ ᠪᠣᠯᠤᠨ᠎ᠠ᠃

2025 ᠣᠨ ᠳ᠋ᠤ᠌᠂ ᠥᠪᠥᠷ ᠮᠣᠩᠭᠣᠯ ᠥᠭᠡᠷᠡᠴᠢᠯᠡᠯᠲᠡ᠎ᠶᠢᠨ ᠠᠷᠭ᠎ᠠ᠎ᠪᠡᠷ ᠪᠡᠯᠴᠢᠭᠡᠷ᠎ᠤᠨ ᠲᠠᠭᠠᠭᠠᠴᠡ᠎ᠠᠴᠠ ᠬᠡᠳᠤᠷᠡᠳᠡᠯ᠎ᠡ ᠪᠡᠯᠴᠢᠬᠡᠷᠯᠡᠬᠦᠯᠬᠦ ᠬᠦᠴᠢᠷ ᠠᠰᠠᠭᠤᠳᠠᠯ᠎ᠢ ᠱᠢᠢᠳᠪᠦᠷᠢᠯᠡᠬᠦ᠎ᠶᠢ ᠪᠠᠷᠢᠮᠲᠠᠯᠠᠨ᠂ 《ᠪᠡᠯᠴᠢᠭᠡᠷᠯᠡᠭᠦᠯᠬᠦ᠎ᠶᠢ ᠴᠠᠭᠠᠵᠠᠯᠠᠬᠤ᠎ᠠᠴᠠ ᠪᠢᠰᠢ ᠮᠠᠯᠵᠢᠬᠤ᠎ᠶᠢ ᠴᠠᠭᠠᠵᠠᠯᠠᠬᠤ ᠦᠭᠡᠢ》᠂ 《ᠮᠠᠯ᠎ᠤᠨ ᠲᠤᠭ᠎ᠠ᠎ᠶᠢ ᠴᠥᠭᠡᠳᠭᠡᠭ᠌ᠰᠡᠨ ᠴᠦ᠍ ᠣᠷᠣᠯᠭ᠎ᠠ᠎ᠶᠢ ᠬᠠᠰᠤᠭ᠍ᠳᠠᠭᠤᠯᠬᠤ ᠦᠭᠡᠢ》 ᠪᠠᠢᠬᠤ᠎ᠶᠢ ᠪᠠᠷᠢᠮᠲᠠᠯᠠᠵᠤ᠂ ᠬᠥᠮᠦᠨ᠂ ᠮᠠᠯ᠂ ᠪᠡᠯᠴᠢᠭᠡᠷ᠎ᠤᠨ ᠵᠠᠩᠭᠢᠯᠠᠭ᠎ᠠ᠎ᠶᠢᠨ ᠠᠰᠠᠭᠤᠳᠠᠯ᠎ᠢ ᠴᠢᠩᠭ᠎ᠠ ᠠᠳᠭᠤᠨ᠂ ᠰᠤᠯᠠᠯᠠᠬᠤ᠂ ᠬᠠᠮᠢᠶᠠᠷᠬᠤ᠂ ᠱᠢᠯᠵᠢᠭᠦᠯᠬᠦ᠌ ᠭᠤᠷᠪᠠ᠎ᠶᠢ ᠵᠡᠷᠭᠡ᠎ᠪᠡᠷ ᠠᠳᠭᠤᠵᠤ᠂ ᠨᠢᠭᠡ ᠭᠠᠵᠠᠷ᠎ᠲᠤ ᠨᠢᠭᠡ ᠠᠷᠭ᠎ᠠ ᠪᠤᠳᠤᠯᠭ᠎ᠠ᠎ᠶᠢ ᠰᠦᠪᠡᠭᠴᠢᠯᠡᠨ ᠪᠡᠯᠴᠢᠭᠡᠷ᠎ᠤᠨ ᠲᠠᠭᠠᠭᠠᠴᠡ᠎ᠠᠴᠠ ᠬᠡᠳᠤᠷᠡᠳᠡᠯ᠎ᠡ ᠪᠡᠯᠴᠢᠬᠡᠷᠯᠡᠬᠦᠯᠬᠦ ᠠᠰᠠᠭᠤᠳᠠᠯ᠎ᠢ ᠱᠢᠢᠳᠪᠦᠷᠢᠯᠡᠬᠦ᠌ ᠥᠪᠥᠷ ᠮᠣᠩᠭᠣᠯ᠎ᠤᠨ ᠰᠠᠢ᠌ᠨ ᠵᠣᠷ᠎ᠢ ᠪᠦᠷᠢᠯᠳᠦᠭᠦᠯᠪᠡ᠃

ᠪᠥᠬᠥ᠌ ᠣᠷᠣᠨ᠎ᠦ 102 ᠭᠠᠵᠠᠷ ᠣᠷᠣᠨ ᠪᠠ ᠨᠢᠭᠡᠴᠢ ᠨᠢ ᠪᠡᠯᠴᠢᠭᠡᠷ᠎ᠤᠨ ᠲᠠᠭᠠᠭᠠᠴᠡ᠎ᠠᠴᠠ ᠬᠡᠳᠤᠷᠡᠳᠡᠯ᠎ᠡ ᠪᠡᠯᠴᠢᠬᠡᠷᠯᠡᠬᠦᠯᠬᠦ᠌ ᠠᠰᠠᠭᠤᠳᠠᠯ᠎ᠢ ᠱᠢᠶ᠋ᠳᠪᠦᠷᠢᠯᠡᠬᠦ᠎ᠶᠢ ᠪᠥᠬᠥ᠌ ᠲᠠᠯ᠎ᠠ᠎ᠪᠡᠷ ᠬᠡᠷᠡᠭ᠌ᠵᠢᠭᠦᠯᠵᠦ᠍᠂ ᠪᠠᠢᠭᠠᠯᠢᠯᠢᠭ ᠨᠤᠲᠤᠭ ᠪᠡᠯᠴᠢᠭᠡᠷ᠎ᠤᠨ ᠮᠠᠯ ᠪᠡᠯᠴᠢᠭᠡᠷ᠎ᠤᠨ ᠲᠡᠩᠴᠡᠭᠦᠷᠢ᠎ᠶᠢ ᠪᠠᠳᠤᠯᠠᠬᠤ ᠵᠢᠭᠠᠯᠲᠠ ᠲᠣᠭ᠎ᠠ᠎ᠶᠢ 10% ᠎ᠠᠴᠠ ᠳᠣᠷᠣᠭ᠍ᠰᠢ ᠪᠣᠯᠲᠠᠯ᠎ᠠ ᠪᠠᠭᠤᠷᠠᠭᠤᠯᠵᠤ᠂ ᠶᠡᠷᠦᠩᠬᠡᠶ᠎ᠳᠡᠭᠡᠨ ᠪᠡᠯᠴᠢᠭᠡᠷ᠎ᠤᠨ ᠲᠠᠭᠠᠭᠠᠴᠡ᠎ᠠᠴᠠ ᠬᠡᠳᠤᠷᠡᠳᠡᠯ᠎ᠡ ᠪᠡᠯᠴᠢᠭᠡᠷᠯᠡᠭᠦᠯᠬᠦ᠌ ᠥᠬᠡᠶ ᠪᠠᠢᠬᠤ᠎ᠶᠢ ᠪᠡᠶᠡᠯᠡᠭᠦᠯᠪᠡ᠃

ᠲᠠᠴᠢᠷᠳᠠᠵᠤ ᠡᠯᠡᠰᠦᠷᠭᠡᠭᠵᠢᠭᠰᠡᠨ ᠨᠤᠲᠤᠭ ᠪᠡᠯᠴᠢᠭᠡᠷ᠎ᠢ 2995.6 ᠲᠦᠮᠡᠨ ᠮᠦ᠍ ᠵᠠᠰᠠᠵᠤ᠂ ᠪᠦᠬᠦ᠌ ᠣᠷᠣᠨ᠎ᠦ ᠲᠡᠵᠢᠭᠡᠯ ᠡᠪᠡᠰᠦᠨ᠎ᠦ ᠬᠠᠨᠭᠭᠠᠯᠭ᠎ᠠ᠎ᠶᠢᠨ ᠴᠢᠳᠠᠪᠤᠷᠢ 7700 ᠲᠦᠮᠡᠨ ᠲᠣᠨ᠎ᠢ ᠲᠠᠪᠠᠵᠤ᠂ ᠪᠠᠢᠭᠠᠯᠢ᠎ᠶᠢᠨ ᠨᠤᠲᠤᠭ ᠪᠡᠯᠴᠢᠭᠡᠷ᠎ᠤᠨ ᠲᠠᠷᠤᠭᠠᠰᠤ᠎ᠶᠢ ᠪᠦᠲᠦᠮᠵᠢᠲᠡᠶ ᠬᠦᠨᠭᠬᠡᠷᠡᠬᠦᠯᠪᠡ᠃

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠦ ᠨᠤᠭᠤ ᠭᠠᠵᠠᠷ᠎ᠢ ᠬᠠᠮᠠᠭᠠᠯᠠᠬᠤ ᠳᠦᠷᠢᠮ》᠎ᠳᠦ ᠵᠠᠰᠠᠪᠤᠷᠢ ᠣᠷᠣᠭᠤᠯᠤᠨ ᠨᠡᠢᠲᠡᠯᠡᠵᠦ᠍᠂ ᠴᠠᠭᠠᠨᠨᠠᠭᠤᠷ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠌ ᠠᠵᠢᠯ᠎ᠢ ᠪᠦᠬᠦᠨ᠎ᠢ ᠪᠡᠶᠡᠯᠡᠭᠦᠯᠵᠦ᠍᠂ ᠭᠡᠭᠡᠨ ᠭᠣᠣᠯ᠎ᠤᠨ ᠡᠬᠢ ᠵᠡᠷᠭᠡ 3 ᠨᠤᠭᠤ ᠭᠠᠵᠠᠷ ᠤᠯᠤᠰ᠎ᠤᠨ ᠴᠢᠬᠤᠯᠠ ᠨᠤᠭᠤ ᠭᠠᠵᠠᠷ᠎ᠤᠨ ᠨᠡᠷᠡᠰ᠎ᠤᠨ ᠵᠢᠭ᠍ᠰᠠᠭᠠᠯᠲᠠ᠎ᠳᠤ ᠣᠷᠣᠪᠠ᠃

ᠥᠪᠡᠷᠲᠡᠭᠡᠨ ᠵᠠᠰᠠᠬᠤ ᠣᠷᠣᠨ᠎ᠦ ᠲᠠᠰ᠎ᠤᠨ ᠪᠠᠢᠭᠠᠯᠢ᠎ᠶᠢᠨ ᠴᠡᠴᠡᠷᠯᠢᠭ᠎ᠤᠨ ᠬᠠᠮᠢᠶᠠᠷᠤᠯᠲᠠ᠎ᠶᠢᠨ ᠠᠷᠭ᠎ᠠ᠎ᠶᠢ ᠨᠡᠢᠲᠡᠯᠡᠵᠦ᠍᠂ ᠳᠠᠯᠠᠨ ᠬᠠᠷ᠎ᠠ ᠠᠭᠤᠯᠠ᠎ᠶᠢᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠳᠡᠯᠡᠬᠡᠶ᠎ᠶᠢᠨ ᠠᠮᠢᠳᠤ ᠪᠣᠳᠠᠰ᠎ᠤᠨ ᠮᠠᠨᠳᠠᠯ᠎ᠤᠨ ᠬᠠᠮᠠᠭᠠᠯᠠᠯᠲᠠ᠎ᠶᠢᠨ ᠣᠷᠣᠨ᠎ᠦ ᠲᠤᠤᠷ᠎ᠲᠤ ᠤᠷᠤᠵᠤ᠂ ᠬᠠᠨᠮᠠ ᠳᠡᠯᠡᠬᠡᠶ᠎ᠶᠢᠨ ᠠᠮᠢᠳᠤ ᠪᠣᠳᠠᠰ᠎ᠤᠨ ᠮᠠᠨᠳᠠᠯ᠎ᠤᠨ ᠬᠠᠮᠠᠭᠠᠯᠠᠯᠲᠠ᠎ᠶᠢᠨ ᠣᠷᠣᠨ ᠨᠢ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶᠢᠨ ᠠᠷᠪᠠᠨ ᠵᠢᠯ᠎ᠤᠨ ᠦᠨᠡᠯᠡᠯᠲᠡ᠎ᠶᠢ ᠤᠷᠤᠭ᠍ᠰᠢᠲᠠᠶ ᠪᠡᠶᠡᠯᠡᠭᠦᠯᠪᠡ᠃

ᠠᠮᠢ ᠠᠬᠤᠢ᠎ᠶᠢᠨ ᠥᠷᠲᠡᠭ᠎ᠢ ᠣᠯᠠᠨ ᠡᠱᠢᠵᠢᠭᠦᠯᠦᠨ ᠬᠤᠪᠢᠷᠠᠭᠤᠯᠬᠤ ᠠᠷᠭ᠎ᠠ ᠵᠠᠮ᠎ᠢ ᠦᠷᠬᠦᠯᠵᠢᠯᠡᠨ ᠥᠷᠭᠡᠳᠭᠡᠪᠡ

ᠨᠤᠮᠢᠨ ᠤᠰᠤ ᠬᠦᠬᠡᠮᠳᠤᠭ᠌ ᠠᠭᠤᠯᠠ ᠪᠣᠯ ᠠᠯᠳᠠᠠ ᠠᠭᠤᠯᠠ ᠮᠥᠩᠭᠥᠨ ᠬᠠᠢᠷᠬᠠᠨ ᠮᠥᠨ᠂ ᠠᠮᠢ ᠠᠬᠤᠢ᠎ᠶᠢᠨ 《ᠨᠣᠭᠣᠭᠠᠨ᠎ᠠᠭᠤᠯᠤᠭ᠍ᠳᠠᠴᠠ》 ᠨᠢ ᠴᠢᠨᠠᠷ ᠰᠠᠢᠲᠠᠢ ᠬᠥᠭ᠌ᠵᠢᠯᠲᠡ᠎ᠶᠢᠨ 《ᠠᠯᠳᠠᠨ ᠠᠭᠤᠯᠤᠭ᠍ᠳᠠᠴᠠ》᠎ᠶᠢ ᠲᠣᠭ᠍ᠲᠠᠭᠠᠵᠤ ᠪᠠᠢᠳᠠᠭ᠃

ᠥᠪᠥᠷ ᠮᠣᠩᠭᠣᠯ ᠠᠮᠢ ᠠᠬᠤᠶ᠎ᠶᠢ ᠠᠵᠤ ᠦᠢᠯᠡᠰᠵᠢᠬᠦᠯᠬᠦ᠎ᠶᠢ ᠶᠡᠬᠡ᠎ᠪᠡᠷ ᠠᠬᠢᠭᠤᠯᠤᠨ᠂ ᠠᠮᠢ ᠠᠬᠤᠶ᠎ᠶᠢᠨ ᠦᠶ᠋ᠯᠡᠳᠬᠦᠨ᠎ᠦ ᠥᠷᠲᠡᠭ᠎ᠢ ᠪᠡᠶᠡᠯᠡᠭᠦᠯᠬᠦ᠌ ᠲᠣᠭ᠍ᠲᠠᠴᠠ᠎ᠶᠢ ᠲᠦᠷᠭᠡᠳᠭᠡᠨ ᠲᠡᠭᠦᠯᠳᠡᠷᠵᠢᠭᠦᠯᠵᠦ᠍᠂ ᠠᠮᠢ ᠠᠬᠤᠢ᠎ᠶᠢᠨ ᠡᠬᠢ ᠪᠠᠶᠠᠯᠢᠭ᠎ᠢ ᠠᠵᠤ ᠠᠬᠤᠢ᠎ᠶᠢᠨ ᠠᠰᠢᠭ ᠪᠤᠯᠭᠠᠨ ᠬᠤᠪᠢᠷᠠᠭᠤᠯᠬᠤ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠨ᠂ ᠣᠶ ᠱᠢᠭᠤᠶ ᠨᠤᠳᠤᠭ ᠪᠡᠯᠴᠢᠭᠡᠷ᠎ᠡᠯᠡᠰᠦ ᠮᠠᠨᠭᠬ᠎ᠡ᠎ᠶᠢᠨ ᠠᠵᠤ ᠦᠶ᠋ᠯᠡᠰ ᠪᠤᠯᠤᠨ ᠣᠶ ᠱᠢᠭᠤᠶ ᠨᠤᠳᠤᠭ ᠪᠡᠯᠴᠢᠭᠡᠷ᠎ᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠵᠢᠯ᠎ᠢ ᠰᠠᠢᠲᠤᠷ ᠬᠦᠢᠴᠡᠳᠬᠡᠵᠤ᠂ ᠣᠯᠠᠨ ᠲᠦᠮᠡᠨ᠎ᠳᠤ ᠠᠮᠢ ᠠᠬᠤᠢ᠎ᠶᠢᠨ ᠦᠷ᠎ᠠ ᠠᠰᠢᠭ᠎ᠢ ᠬᠦᠷᠳᠡᠬᠡᠪᠡ᠃

2025 ᠣᠨ᠎ᠳᠤ᠂ ᠥᠪᠥᠷ ᠮᠣᠩᠭᠣᠯ CCER ᠨᠡᠭᠦᠷᠡᠰᠦᠲᠥ᠋ᠷᠥᠭ᠌ᠴᠢ᠎ᠶᠢᠨ ᠬᠤᠷᠠᠮᠳᠤᠭᠤᠯᠭ᠎ᠠ᠎ᠶᠢᠨ ᠲᠥᠷᠥᠯ ᠵᠦᠶ᠋ᠯ᠎ᠢ ᠶᠡᠬᠡ᠎ᠪᠡᠷ ᠨᠡᠭᠡᠭᠡᠨ ᠬᠥᠭ᠌ᠵᠢᠭᠦᠯᠵᠦ᠍ ᠨᠦᠬᠡᠴᠡᠯᠡᠨ᠂ ᠤᠯᠤᠰ᠎ᠤᠨ ᠲᠠᠪᠴᠠᠩ᠎ᠳᠤ 13 ᠎ᠶᠢ ᠵᠠᠷᠯᠠᠨ ᠨᠡᠢᠲᠡᠯᠡᠵᠦ᠍᠂ ᠵᠠᠷᠯᠠᠨ ᠨᠡᠢᠲᠡᠯᠡᠭ᠌ᠰᠡᠨ ᠲᠥᠷᠥᠯ ᠵᠦᠶ᠋ᠯ᠎ᠤᠨ ᠶᠡᠷᠦᠩᠬᠡᠶ ᠲᠠᠯᠠᠪᠠᠶ ᠨᠢ 111.2 ᠲᠦᠮᠡᠨ ᠮᠦ᠍᠎ᠳᠤ ᠬᠦᠷᠴᠦ᠍᠂ ᠵᠢᠱ᠌ᠢᠯᠳᠡ᠎ᠪᠡᠷ ᠪᠣᠬᠢᠷᠲᠤᠯ ᠭᠠᠳᠠᠭ᠍ᠰᠢᠯᠠᠭᠤᠯᠬᠤ᠎ᠶᠢ ᠪᠠᠭᠠᠰᠬᠠᠭᠰᠠᠨ ᠶᠡᠷᠦᠩᠬᠡᠢ ᠬᠡᠮᠵᠢᠶ᠎ᠠ ᠨᠢ 776.7 ᠲᠦᠮᠡᠨ ᠲᠣᠨ ᠨᠡᠭᠦᠷᠡᠰᠦᠲᠥ᠋ᠷᠥᠭ᠌ᠴᠢ᠎ᠶᠢᠨ ᠳᠠᠪᠬᠤᠷ ᠢᠰᠦᠯ ᠲᠠᠢ ᠲᠠᠩᠴᠡᠵᠤ᠂ ᠪᠥᠬᠥ᠌ ᠤᠯᠤᠰ᠎ᠲᠤ ᠲᠦᠷᠦᠬᠦᠯᠡᠪᠡ᠃

ᠪᠥᠬᠥ᠌ ᠵᠢᠯ᠎ᠳᠤ ᠨᠤᠲᠤᠭ ᠪᠡᠯᠴᠢᠭᠡᠷ᠎ᠤᠨ ᠠᠮᠢ ᠠᠬᠤᠶ᠎ᠶᠢᠨ ᠨᠥᠬᠥᠪᠥᠷᠢ ᠱᠠᠩᠨᠠᠯ᠎ᠤᠨ ᠪᠠᠯᠠ ᠮᠥᠩᠭᠥ᠌᠂ ᠣᠶ ᠱᠢᠭᠤᠶ᠎ᠶᠢᠨ ᠠᠮᠢ ᠠᠬᠤᠶ᠎ᠶᠢᠨ ᠦᠷ᠎ᠡ ᠠᠱᠢᠭ᠎ᠤᠨ ᠨᠥᠬᠥᠪᠥᠷᠢ ᠵᠡᠷᠭᠡ ᠡᠯ᠎ᠡ ᠵᠤᠢᠯ᠎ᠤᠨ ᠠᠷᠠᠳ᠎ᠲᠤ ᠠᠱᠢᠭ ᠬᠦᠷᠲᠡᠭᠡᠬᠦ᠌ ᠨᠥᠬᠥᠪᠥᠷᠢ ᠮᠥᠩᠭᠥ᠎ᠶᠢ 61.72 ᠳ᠋ᠦᠩᠱᠢᠭᠤᠷ ᠲᠥᠭᠥᠷᠢᠭ ᠪᠠᠭᠤᠯᠭᠠᠪᠠ᠃ 《ᠤᠮᠠᠷᠠᠳᠤ᠎ᠶᠢᠨ ᠭᠤᠷᠪᠡᠨ ᠤᠷᠤᠨ》᠎ᠦ ᠢᠨᠵᠧᠨᠧᠷᠢᠩ᠎ᠤᠨ ᠲᠥᠷᠥᠯ ᠵᠦᠶ᠋ᠯ᠎ᠢ ᠪᠦᠬᠦᠨ᠎ᠢ ᠠᠵᠢᠯ ᠤᠯᠭᠤᠬᠤ᠎ᠪᠡᠷ ᠲᠡᠳᠬᠦᠮᠵᠢ᠎ᠶᠢ ᠣᠷᠣᠯᠠᠭᠤᠯᠬᠤ ᠬᠡᠪᠴᠢᠶᠡᠨ᠎ᠳᠤ ᠣᠷᠣᠭᠤᠯᠵᠤ᠂ 10.75 ᠲᠦᠮᠡᠨ ᠮᠠᠯᠴᠢᠨ ᠲᠠᠷᠢᠶᠠᠴᠢᠨ᠎ᠳᠦ ᠠᠵᠢᠯ ᠤᠯᠭᠤᠨ᠂ 18 ᠳ᠋ᠦᠩᠱᠢᠭᠤᠷ ᠭᠠᠷᠤᠢ ᠲᠥᠭᠥᠷᠢᠭ᠎ᠤᠨ ᠬᠦᠳᠡᠯᠮᠤᠷᠢ᠎ᠶᠢᠨ ᠬᠠᠷᠠᠮᠵᠢ ᠤᠯᠭᠤᠵᠠᠢ᠃

ᠤᠯᠠᠭᠠᠨᠬᠠᠳᠠ ᠬᠣᠲᠠ᠎ᠶᠢᠨ ᠨᠢᠩᠴᠧᠩ ᠱᠢᠶᠠᠨ᠎ᠦ ᠵᠢᠮᠢᠰ᠎ᠤᠨ ᠮᠣᠳᠣᠨ᠎ᠦ ᠠᠵᠤ ᠠᠬᠤᠶ᠎ᠶᠢᠨ ᠣᠶ᠎ᠶᠢᠨ ᠲᠠᠯᠠᠪᠠᠶ 25 ᠲᠦᠮᠡᠨ ᠮᠦ᠍᠎ᠳᠤ ᠬᠦᠷᠴᠦ᠍᠂ ᠵᠢᠯ ᠪᠦᠷᠢ 9.8 ᠲᠦᠮᠡᠨ ᠲᠠᠷᠢᠶᠠᠴᠢᠨ᠎ᠢ ᠳᠠᠢᠴᠢᠯᠠᠨ ᠠᠯᠮᠤᠷᠠᠳ᠎ᠤᠨ ᠠᠵᠤ ᠦᠶ᠋ᠯᠡᠰ᠎ᠠᠴᠠ ᠠᠱᠢᠭ ᠬᠦᠷᠳᠡᠵᠤ᠂ ᠠᠯᠮᠤᠷᠠᠳ᠎ᠤᠨ ᠣᠷᠣᠯᠭ᠎ᠠ ᠨᠢ ᠲᠠᠷᠢᠶᠠᠴᠢᠳ᠎ᠤᠨ ᠡᠵᠡᠩᠨᠡᠯᠲᠡ᠎ᠶᠢᠨ ᠴᠢᠨᠠᠷᠲᠠᠶ ᠣᠷᠣᠯᠭ᠎ᠠ᠎ᠶᠢᠨ 60% ᠎ᠶᠢ ᠡᠵᠡᠯᠡᠪᠡ᠃

ᠢᠷᠡᠭᠡᠳᠦᠢ᠎ᠶᠢ ᠪᠠᠷᠠᠯᠠᠬᠤᠶ᠎ᠠ᠂ ᠡᠨᠡ ᠬᠦ᠌ ᠠᠮᠢᠵᠢᠷᠠᠯ᠎ᠤᠨ ᠬᠦᠴᠦᠨ᠎ᠢᠶᠡᠷ ᠪᠢᠯᠬᠠᠭᠰᠠᠨ ᠨᠤᠲᠤᠭ ᠳᠡᠪᠢᠰᠭᠡᠷ ᠳᠡᠭᠡᠷ᠎ᠡ᠂ ᠥᠪᠥᠷ ᠮᠣᠩᠭᠣᠯ ᠨᠡᠨᠭ ᠢᠳᠡᠷᠡᠬᠦᠨ ᠠᠯᠬᠤᠭ᠎ᠠ᠎ᠪᠡᠷ ᠮᠠᠨ᠎ᠦ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠱᠢᠨ᠎ᠦ ᠬᠠᠯᠬᠠᠪᠴᠢ᠎ᠶᠢ ᠪᠠᠲᠤ ᠴᠣᠭ᠍ᠴᠠᠯᠠᠵᠤ᠂ ᠨᠤᠮᠢᠨ ᠤᠰᠤ ᠬᠦᠬᠡᠮᠳᠤᠭ᠌ ᠠᠭᠤᠯᠠᠨ᠎ᠳᠤ ᠰᠢᠨᠭᠬᠡᠭᠰᠡᠨ ᠴᠢᠨᠠᠷ ᠰᠠᠢᠲᠠᠢ ᠬᠥᠭ᠌ᠵᠢᠯᠲᠡ᠎ᠶᠢᠨ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠬᠤ ᠨᠢ ᠯᠠᠪᠳᠠᠢ᠃

ᠢᠷᠡᠯᠲᠡ᠄    