ᠬᠥᠬᠡᠬᠣᠲᠠ ᠪᠣᠭᠣᠮᠲᠠ᠎ᠶᠢᠨ ᠮᠡᠳᠡᠭᠡᠯᠡᠭᠰᠡᠨ᠎ᠢᠶᠠᠷ ᠪᠣᠯ ᠂ 7 ᠳ᠋ᠤᠭᠠᠷ ᠰᠠᠷ᠎ᠠ᠎ᠶᠢᠨ 28᠎ᠤ ᠡᠳᠦᠷ ᠪᠣᠯᠲᠠᠯ᠎ᠠ ᠂ ᠥᠪᠥᠷ ᠮᠣᠩᠭᠣᠯ᠎ᠤᠨ ᠭᠠᠭᠴᠠᠮᠣᠳᠤ ᠬᠢᠯᠢ᠎ᠶᠢᠨ ᠪᠣᠭᠣᠮᠲᠠ᠎ᠶᠢᠨ ᠬᠢᠯᠢ ᠠᠯᠤᠰᠯᠠᠭᠰᠠᠨ AGV ᠠᠦ᠋ᠲ᠋ᠣ᠋ ᠲᠡᠭᠡᠭᠡᠪᠦᠷᠢ᠎ᠶᠢᠨ ᠵᠠᠮ᠎ᠢᠶᠡᠷ AGV ᠲᠡᠷᠭᠡ ᠨᠡᠶ᠋ᠢᠲᠡ 13.5 ᠲᠦᠮᠡᠨ ᠤᠳᠠᠭ᠎ᠠ ᠣᠷᠣᠵᠤ ᠢᠷᠡᠭᠰᠡᠨ ᠪᠥᠭᠡᠳ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠨᠢ 900.19 ᠲᠦᠮᠡᠨ ᠲᠣᠨ᠎ᠳᠤ ᠬᠦᠷᠴᠡᠢ ᠃ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ ᠂ ᠬᠢᠯᠢ᠎ᠪᠡᠷ ᠣᠷᠣᠵᠤ ᠢᠷᠡᠭᠰᠡᠨ ᠲᠡᠷᠭᠡ ᠬᠥᠰᠬᠡ 2.74 ᠲᠦᠮᠡ ᠤᠳᠠᠭ᠎ᠠ᠎ᠳᠤ ᠬᠦᠷᠴᠦ ᠂ ᠭᠠᠳᠠᠭᠠᠳᠤ᠎ᠡᠴᠡ 187 ᠲᠦᠮᠡᠨ ᠲᠣᠨ ᠪᠠᠷᠠᠭ᠎ᠠ᠎ᠶᠢ ᠲᠡᠭᠡᠭᠡᠪᠦᠷᠢᠯᠡᠨ ᠣᠷᠣᠭᠤᠯᠤᠭᠰᠠᠨ ᠨᠢ ᠠᠳᠠᠯᠢ ᠬᠤᠭᠤᠴᠠᠭᠠᠨ᠎ᠤ ᠬᠢ ᠲᠠᠢ ᠬᠠᠷᠢᠴᠠᠭᠤᠯᠪᠠᠯ ᠲᠣᠰ ᠲᠣᠰ 1.04% ᠂ 1.08%᠎ᠪᠠᠷ ᠨᠡᠮᠡᠭᠳᠡᠪᠡ᠃
2022 ᠣᠨ᠎ᠤ 7 ᠳ᠋ᠤᠭᠠᠷ ᠰᠠᠷ᠎ᠠ᠎ᠳᠤ᠂ ᠭᠠᠭᠴᠠᠮᠣᠳᠤ ᠬᠢᠯᠢ᠎ᠶᠢᠨ ᠪᠣᠭᠣᠮᠲᠠ᠎ᠳᠤ AGV ᠬᠢᠯᠢ ᠠᠯᠤᠰᠯᠠᠭᠰᠠᠨ ᠪᠠᠷᠠᠭ᠎ᠠ ᠲᠡᠭᠡᠭᠡᠪᠦᠷᠢᠯᠡᠬᠦ ᠬᠡᠪ ᠵᠠᠭᠪᠤᠷ᠎ᠢ ᠠᠩᠬ᠎ᠠ ᠡᠭᠦᠳᠴᠡᠢ᠃ ᠣᠳᠣᠬᠠᠨ᠎ᠳᠤ ᠂ ᠨᠡᠶ᠋ᠢᠲᠡ 60 AGV ᠲᠡᠷᠭᠡ᠎ᠶᠢ ᠠᠰᠢᠭ᠍ᠯᠠᠯᠲᠠ᠎ᠳᠤ ᠣᠷᠣᠭᠤᠯᠤᠭᠰᠠᠨ ᠪᠠᠢᠨ᠎ᠠ ᠂ ᠭᠠᠭᠴᠠ ᠲᠡᠷᠭᠡ᠎ᠪᠠᠷ ᠡᠷᠭᠢᠯᠳᠦᠭᠦᠯᠦᠨ ᠲᠡᠭᠡᠭᠡᠪᠦᠷᠢᠯᠡᠬᠦ᠎ᠳᠦ ᠪᠠᠷᠤᠭ 80 ᠮᠢᠨᠦ᠋ᠲ ᠵᠠᠷᠤᠴᠠᠭᠤᠯᠤᠨ᠎ᠠ ᠂ ᠨᠢᠭᠡ ᠡᠳᠦᠷ᠎ᠲᠤ ᠲᠡᠭᠡᠭᠡᠪᠦᠷᠢᠯᠡᠬᠦ ᠦᠷ᠎ᠡ ᠪᠦᠲᠦᠮᠵᠢ ᠨᠢ ᠤᠯᠠᠮᠵᠢᠯᠠᠯᠲᠤ ᠮᠠᠰᠢᠨ ᠲᠡᠷᠭᠡ᠎ᠶᠢᠨ ᠲᠡᠭᠡᠭᠡᠪᠦᠷᠢᠯᠡᠬᠦ ᠬᠡᠮᠵᠢᠶ᠎ᠡ᠎ᠡᠴᠡ 5 ᠳᠠᠬᠢᠨ᠎ᠠᠴᠠ ᠪᠠᠰᠠ ᠢᠯᠡᠭᠦᠦ ᠪᠠᠢᠵᠤ ᠂ ᠨᠢᠭᠡ ᠡᠳᠦᠷ᠎ᠲᠤ ᠨᠡᠪᠲᠡᠷᠡᠬᠦ ᠴᠢᠳᠠᠮᠵᠢ ᠨᠢ ᠬᠠᠮᠤᠭ᠎ᠤᠨ ᠣᠯᠠᠨ᠎ᠳᠤ᠎ᠪᠠᠨ 500 ᠲᠡᠷᠭᠡ ᠤᠳᠠᠭ᠎ᠠ᠎ᠳᠤ ᠭᠦᠷᠦᠭᠰᠡᠨ ᠪᠠᠢᠨ᠎ᠠ ᠃
AGV ᠲᠡᠷᠭᠡ᠎ᠶᠢᠨ ᠬᠢᠯᠢ ᠠᠯᠤᠰᠯᠠᠨ ᠲᠡᠭᠡᠭᠡᠪᠦᠷᠢᠯᠡᠵᠦ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠲᠥᠯᠥᠭᠡ ᠂ ᠬᠥᠬᠡᠬᠣᠲᠠ ᠪᠣᠭᠣᠮᠲᠠ᠎ᠶᠢᠨ ᠬᠢᠨ AGV ᠬᠢᠯᠢ ᠠᠯᠤᠰᠯᠠᠭᠰᠠᠨ ᠲᠡᠭᠡᠭᠡᠪᠦᠷᠢ᠎ᠶᠢᠨ ᠲᠤᠰᠬᠠᠢ ᠨᠡᠪᠲᠡᠷᠡᠬᠦ ᠵᠠᠮ᠎ᠳᠤ ᠰᠦᠷᠴᠢᠨ ᠠᠷᠢᠭᠤᠳᠬᠠᠬᠤ ᠂ ᠰᠠᠴᠤᠷᠠᠭ᠎ᠢᠶᠠᠷ ᠬᠠᠢᠨ ᠬᠡᠮᠵᠢᠬᠦ ᠂ ᠮᠠᠰᠢᠨ᠎ᠢᠶᠠᠷ ᠪᠠᠢᠴᠠᠭᠠᠨ ᠰᠢᠯᠭᠠᠬᠤ ᠂ ᠬᠢᠯᠢ᠎ᠡᠴᠡ ᠭᠠᠷᠬᠤ ᠬᠣᠭᠣᠰᠤᠨ ᠴᠢᠩᠭᠡᠯᠢᠭ᠎ᠢ ᠪᠠᠢᠴᠠᠭᠠᠬᠤ ᠵᠡᠷᠭᠡ ᠠᠦ᠋ᠲ᠋ᠣᠴᠢᠯᠠᠭᠰᠠᠨ ᠬᠢᠨᠠᠨ ᠬᠠᠮᠢᠶᠠᠷᠬᠤ ᠲᠥᠬᠦᠭᠡᠷᠦᠮᠵᠢ᠎ᠶᠢ ᠢᠵᠢ ᠪᠦᠷᠢᠳᠦᠭᠦᠯᠵᠦ ᠂ 《ᠣᠶᠤᠯᠢᠭ᠋ ᠪᠣᠭᠣᠮᠲᠠ 》᠎ᠶᠢ ᠠᠰᠢᠭ᠍ᠯᠠᠨ ᠣᠶᠤᠲᠣ ᠬᠢᠨᠠᠨ ᠬᠠᠮᠢᠶᠠᠷᠤᠯᠲᠠ᠎ᠶᠢ ᠬᠡᠷᠡᠭᠵᠢᠭᠦᠯᠵᠦ ᠂ ᠭᠠᠭᠴᠠ ᠲᠡᠷᠭᠡ᠎ᠶᠢ ᠨᠢᠭᠡ ᠤᠳᠠᠭ᠎ᠠ ᠰᠢᠯᠭᠠᠨ ᠪᠠᠢᠴᠠᠭᠠᠬᠤ᠎ᠳᠤ 10 ᠭᠠᠷᠤᠢ ᠰᠧᠺᠦ᠋ᠨ᠋ᠳ᠋ ᠯᠠ ᠬᠡᠷᠡᠭᠯᠡᠳᠡᠭ ᠪᠣᠯᠪᠠ᠃