ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ ᠄ ᠡᠨᠡ ᠵᠢᠯ᠎ᠦᠨ ᠲᠦᠷᠦᠭᠦᠸ᠋ ᠭᠤᠷᠪᠠᠨ ᠤᠯᠠᠷᠢᠯ᠎ᠳᠤ᠂ ᠮᠠᠨ᠎ᠤ ᠣᠷᠣᠨ ᠰᠢᠨ᠎ᠡ ᠡᠨᠧᠷᠭᠢ᠎ᠶᠢᠨ ᠮᠠᠰᠢᠨ ᠲᠡᠷᠭᠡ᠎ᠶᠢ ᠨᠡᠶ᠋ᠢᠲᠡ 19.18 ᠲᠦᠮᠡ ᠬᠤᠳᠠᠯᠳᠤᠨ ᠳᠡᠯᠭᠡᠷᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ 118.7%᠎ᠪᠠᠷ ᠨᠡᠪᠲᠡᠷᠡᠭᠦᠯᠪᠡ᠃
ᠰᠢᠨ᠎ᠡ ᠡᠨᠧᠷᠭᠢ᠎ᠶᠢᠨ ᠮᠠᠰᠢᠨ ᠲᠡᠷᠭᠡ᠎ᠶᠢ ᠬᠥᠭᠵᠢᠭᠦᠯᠬᠦ ᠪᠣᠯ ᠮᠠᠨ᠎ᠤ ᠤᠯᠤᠰ᠎ᠤᠨ ᠮᠠᠰᠢᠨ ᠲᠡᠷᠭᠡᠨ᠎ᠦ ᠲᠣᠮᠣ᠌ ᠤᠯᠤᠰ᠎ᠠᠴᠠ ᠮᠠᠰᠢᠨ ᠲᠡᠷᠭᠡᠨ᠎ᠦ ᠬᠦᠴᠦᠷᠬᠡᠭ ᠤᠯᠤᠰ ᠲᠡᠢᠰᠢ ᠳᠠᠪᠰᠢᠨ ᠤᠷᠤᠭᠰᠢᠯᠠᠬᠤ᠎ᠳᠤ ᠵᠠᠪᠠᠯ ᠲᠤᠭᠤᠯᠬᠤ ᠶᠣᠰᠣᠲᠠᠢ ᠵᠠᠮ ᠮᠥᠨ᠃ ᠣᠢᠷ᠎ᠠ᠎ᠶᠢᠨ ᠵᠢᠯ᠎ᠦᠳ᠎ᠲᠦ᠂ ᠮᠠᠨ᠎ᠤ ᠣᠷᠣᠨ ᠰᠢᠨ᠎ᠡ ᠡᠨᠧᠷᠭᠢ᠎ᠶᠢᠨ ᠮᠠᠰᠢᠨ ᠲᠡᠷᠭᠡ᠎ᠶᠢ ᠬᠤᠳᠠᠯᠳᠤᠵᠤ ᠳᠡᠯᠭᠡᠷᠡᠭᠦᠯᠦᠨ ᠬᠡᠷᠡᠭᠯᠡᠬᠦ ᠠᠵᠢᠯ᠎ᠢ ᠡᠨᠧᠷᠭᠢ ᠪᠠ ᠣᠷᠴᠢᠨ ᠲᠣᠭᠣᠷᠢᠨ᠎ᠤ ᠳᠠᠷᠤᠯᠲᠠ᠎ᠶᠢ ᠬᠥᠩᠭᠡᠷᠡᠭᠦᠯᠬᠦ᠂ ᠮᠠᠰᠢᠨ ᠲᠡᠷᠭᠡᠨ᠎ᠦ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠤᠷᠢᠳ ᠬᠣᠵᠢᠳ 《 ᠰᠢᠨ᠎ᠡ ᠡᠨᠧᠷᠭᠢ᠎ᠶᠢᠨ ᠮᠠᠰᠢᠨ ᠲᠡᠷᠭᠡ᠎ᠶᠢ ᠳᠡᠯᠭᠡᠷᠡᠭᠦᠯᠦᠨ ᠬᠡᠷᠡᠭᠯᠡᠬᠦ᠎ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ 》 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ᠎ᠤ ᠮᠠᠰᠢᠨ᠎ᠢ ᠬᠤᠳᠠᠯᠳᠤᠵᠤ ᠳᠡᠯᠭᠡᠷᠡᠭᠦᠯᠦᠨ ᠬᠡᠷᠡᠭᠯᠡᠬᠦ᠎ᠶᠢᠨ ᠬᠡᠷᠡᠭᠵᠢᠭᠦᠯᠬᠦ ᠲᠥᠰᠥᠯ 》 ᠵᠡᠷᠭᠡ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠪᠢᠴᠢᠭ ᠮᠠᠲᠧᠷᠢᠶᠠᠯᠤᠳᠢ ᠳᠠᠷᠤᠮᠠᠯᠯᠠᠨ ᠶᠠᠪᠤᠭᠤᠯᠵᠤ᠂ ᠰᠢᠨ᠎ᠡ ᠡᠨᠧᠷᠭᠢ᠎ᠶᠢᠨ ᠮᠠᠰᠢᠨ ᠲᠡᠷᠭᠡ᠎ᠶᠢ ᠬᠤᠳᠠᠯᠳᠤᠵᠤ ᠳᠡᠯᠭᠡᠷᠡᠭᠦᠯᠦᠨ ᠬᠡᠷᠡᠭᠯᠡᠬᠦ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠠᠢ᠃ ᠡᠨᠡ ᠵᠢᠯ᠎ᠦᠨ 9 ᠳ᠋ᠦ᠍ᠭᠡᠷ ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠬᠢᠨᠠᠯᠲᠠ ᠬᠠᠮᠢᠶᠠᠷᠤᠯᠲᠠ᠎ᠶᠢᠨ ᠲᠠᠪᠴᠠᠩ᠎ᠢᠶᠠᠷ ᠨᠡᠶ᠋ᠢᠲᠡ 40.36 ᠲᠦᠮᠡᠨ ᠰᠢᠨ᠎ᠡ ᠡᠨᠧᠷᠭᠢ᠎ᠶᠢᠨ ᠮᠠᠰᠢᠨ ᠲᠡᠷᠭᠡ᠎ᠶᠢ ᠵᠠᠯᠭᠠᠨ ᠣᠷᠣᠭᠤᠯᠤᠭᠰᠠᠨ ᠪᠠᠢᠨ᠎ᠠ᠂ ᠡᠭᠦᠨ᠎ᠳᠦ ᠰᠢᠨ᠎ᠡ ᠡᠨᠧᠷᠭᠢ᠎ᠶᠢᠨ ᠴᠤᠯᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ 17.39 ᠲᠦᠮᠡ᠂ ᠴᠠᠬᠢᠯᠭᠠᠨ ᠴᠡᠨᠡᠭᠯᠡᠬᠦ ᠬᠣᠯᠢᠮᠠᠭ ᠬᠥᠳᠡᠯᠭᠡᠭᠦᠷᠲᠦ ᠮᠠᠰᠢᠨ ᠲᠡᠷᠭᠡ 22.97 ᠲᠦᠮᠡ ᠪᠣᠶ ; ᠬᠤᠳᠠᠯᠳᠤᠵᠤ ᠳᠡᠯᠭᠡᠷᠡᠭᠦᠯᠦᠭᠰᠡᠨ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠠᠶᠠᠯᠠᠭᠰᠠᠨ ᠵᠠᠮ᠎ᠤᠨ ᠣᠷᠳᠣ᠌ ᠨᠢ ᠨᠡᠶ᠋ᠢᠲᠡ 68.56 ᠳ᠋ᠦᠩᠰᠢᠭᠤᠷ ᠺᠢᠯᠣᠮᠧᠲᠷ᠂ ᠲᠣᠰᠣ᠌ ᠠᠷᠪᠢᠯᠠᠭᠰᠠᠨ ᠬᠡᠮᠵᠢᠶ᠎ᠡ ᠨᠢ 6.08 ᠳ᠋ᠦᠩᠰᠢᠭᠤᠷ ᠯᠢᠲᠷ᠂ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢ 22.86 ᠳ᠋ᠦᠩᠰᠢᠭᠤᠷ ᠭᠷᠡᠳᠦ᠋ᠰ᠎ᠲᠦ ᠬᠦᠷᠴᠦ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ 272.8 ᠲᠦᠮᠡᠨ ᠲᠣᠨ ᠪᠠᠭᠠᠰᠬᠠᠪᠠ᠃