ᠲᠤᠭ᠎ᠠ ᠪᠦᠷᠢᠳᠬᠡᠯ   -   ᠲᠤᠭ᠎ᠠ ᠪᠦᠷᠢᠳᠬᠡᠯ
1 ᠳ᠋ᠦ᠍ᠭᠡᠷ ᠰᠠᠷ᠎ᠠ᠎ᠡᠴᠡ 7 ᠳ᠋ᠤᠭᠠᠷ ᠰᠠᠷ᠎ᠠ᠎ᠳᠤ ᠥᠪᠥᠷ ᠮᠣᠩᠭᠣᠯ᠎ᠤᠨ ᠠᠵᠤ ᠠᠬᠤᠢ᠎ᠶᠢᠨ ᠠᠵᠢᠯᠯᠠᠭᠠᠨ ᠲᠣᠭᠲᠠᠭᠤᠨ ᠪᠠᠢᠪᠠ
ᠨᠡᠶ᠋ᠢᠲᠡᠯᠡᠭᠰᠡᠨ ᠴᠠᠭ᠄ 2025-08-25

 

ᠰᠤᠷᠪᠤᠯᠵᠢᠯᠠᠬ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠡᠨᠡ ᠵᠢᠯ᠎ᠦᠨ 1 ᠳ᠋ᠦ᠍ᠭᠡᠷ ᠰᠠᠷ᠎ᠠ᠎ᠡᠴᠡ 7 ᠳ᠋ᠤᠭᠠᠷ ᠰᠠᠷ᠎ᠠ᠎ᠳᠤ᠂ ᠪᠦᠭᠦ ᠣᠷᠣᠨ᠎ᠤ ᠠᠵᠤ ᠦᠢᠯᠡᠳᠪᠦᠷᠢ᠎ᠶᠢᠨ ᠦᠢᠯᠡᠳᠪᠦᠷᠢᠯᠡᠯ ᠲᠣᠭᠲᠠᠭᠤᠨ᠎ᠢᠶᠠᠷ ᠨᠡᠮᠡᠭᠳᠡᠵᠦ᠂ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ ᠦᠷᠭᠦᠯᠵᠢᠯᠡᠨ ᠥᠷᠭᠡᠳᠴᠦ᠂ ᠵᠠᠬ᠎ᠠ ᠳᠡᠯᠭᠡᠭᠦᠷ᠎ᠦᠨ ᠬᠡᠷᠡᠭᠯᠡᠭᠡ ᠦᠷᠭᠦᠯᠵᠢᠯᠡᠨ ᠨᠡᠮᠡᠭᠳᠡᠨ᠂ ᠪᠦᠭᠦ ᠣᠷᠣᠨ᠎ᠤ ᠠᠵᠤ ᠠᠬᠤᠢ ᠤᠶᠠᠨ ᠬᠠᠲᠠᠨ ᠴᠢᠨᠠᠷ᠎ᠢᠶᠠᠨ ᠪᠠᠲᠤᠯᠠᠵᠤ᠂ ᠠᠵᠢᠯᠯᠠᠭᠠᠨ ᠨᠢ ᠲᠣᠭᠲᠠᠭᠤᠨ ᠪᠠᠢᠨ᠎ᠠ᠃ 

ᠡᠨᠡ ᠵᠢᠯ᠎ᠡᠴᠡ ᠨᠠᠭᠠᠰᠢ᠂ ᠪᠦᠭᠦ ᠣᠷᠣᠨ᠎ᠢᠶᠠᠷ᠎ᠢᠶᠠᠨ ᠬᠣᠶᠠᠷ ᠶᠡᠬᠡ ᠶᠠᠪᠤᠳᠠᠯ᠎ᠢ ᠪᠦᠭᠦ ᠬᠦᠴᠦᠨ᠎ᠢᠶᠡᠷ᠎ᠢᠶᠡᠨ ᠰᠠᠢᠲᠤᠷ ᠬᠢᠵᠦ᠂ 《 ᠵᠢᠷᠭᠤᠭᠠᠨ ᠢᠨᠵᠧᠨᠧᠷᠢᠩ 》᠎ᠢ ᠵᠠᠯᠭᠠᠭ᠎ᠠ᠎ᠪᠠᠷ ᠬᠡᠷᠡᠭᠵᠢᠭᠦᠯᠦᠨ᠂ 《 ᠵᠢᠷᠭᠤᠭᠠᠨ ᠠᠵᠢᠯᠯᠠᠭᠠᠨ》᠎ᠢ ᠭᠦᠨᠵᠡᠭᠡᠢ ᠥᠷᠨᠢᠭᠦᠯᠵᠦ᠂ ᠲᠥᠷᠥ᠎ᠶᠢᠨ ᠪᠣᠳᠣᠯᠭ᠎ᠠ᠎ᠶᠢᠨ ᠦᠢᠯᠡᠳᠦᠯ ᠴᠢᠳᠠᠪᠤᠷᠢ᠎ᠶᠢ ᠱᠠᠯᠠᠪᠳᠠᠨ ᠪᠠᠳᠠᠷᠠᠭᠤᠯᠵᠤ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠢᠵᠤ᠂ ᠪᠦᠭᠦ ᠣᠷᠣᠨ᠎ᠤ ᠦᠢᠯᠡᠳᠪᠦᠷᠢᠯᠡᠯ᠎ᠦᠨ ᠬᠡᠷᠡᠭᠴᠡᠭᠡ ᠱᠠᠭᠠᠷᠳᠠᠯᠭ᠎ᠠ᠂ ᠵᠠᠬ᠎ᠠ ᠳᠡᠯᠭᠡᠭᠦᠷ᠎ᠦᠨ ᠪᠣᠷᠤᠯᠠᠭᠤᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠵᠦ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠲᠣᠭᠲᠠᠭᠤᠨ᠎ᠢᠶᠠᠷ ᠠᠬᠢᠭᠤᠯᠪᠠ᠃ 

ᠠᠵᠤ ᠦᠢᠯᠡᠳᠪᠦᠷᠢ᠎ᠶᠢᠨ ᠲᠠᠯ᠎ᠠ᠎ᠠᠴᠠ ᠦᠵᠡᠪᠡᠯ᠂ ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠎ᠶᠢ ᠪᠠᠷᠢᠮᠲᠠᠯᠠᠵᠤ᠂ ᠪᠣᠬᠢᠷᠳᠤᠯ ᠦᠭᠡᠢ ᠬᠥᠭᠵᠢᠯᠲᠡ᠎ᠶᠢᠨ ᠤᠳᠤᠷᠢᠳᠤᠮᠵᠢ᠎ᠶᠢ ᠭᠤᠢᠪᠢᠰᠢ ᠦᠭᠡᠢ ᠪᠠᠷᠢᠮᠲᠠᠯᠠᠵᠤ᠂ ᠭᠣᠣᠯᠳᠠᠯᠭ᠎ᠠ ᠪᠣᠯᠬᠤ ᠠᠵᠤ ᠦᠢᠯᠡᠰ᠎ᠦᠨ ᠪᠦᠯᠦᠭᠵᠢᠯ᠎ᠢ ᠬᠦᠴᠦ ᠲᠠᠯᠪᠢᠨ ᠴᠣᠭᠴᠠᠯᠠᠵᠤ᠂ ᠰᠦ᠎ᠶᠢᠨ ᠦᠢᠯᠡᠰ᠂ ᠬᠣᠪᠣᠷ ᠰᠢᠷᠣᠢ᠎ᠶᠢᠨ ᠰᠢᠨ᠎ᠡ ᠮᠠᠲᠸᠷᠢᠶᠠᠯ᠂ ᠤᠳᠤ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠵᠡᠷᠭᠡ ᠪᠦᠭᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠵᠤ ᠪᠠᠢᠭ᠎ᠠ ᠠᠵᠤ ᠦᠢᠯᠡᠰ᠎ᠦᠨ ᠲᠦᠷᠦᠭᠦᠯᠡᠬᠦ ᠪᠠᠢᠷᠢ ᠰᠠᠭᠤᠷᠢ᠎ᠪᠠᠨ ᠪᠠᠲᠤᠯᠠᠬᠤ᠎ᠶᠢ ᠠᠬᠢᠭᠤᠯᠵᠤ᠂ ᠠᠰᠢᠭ᠍ᠲᠠᠢ ᠰᠢᠨ᠎ᠡ ᠪᠠᠢᠷᠢ᠎ᠶᠢ ᠡᠵᠡᠯᠡᠵᠦ᠂ ᠰᠢᠨ᠎ᠡ ᠡᠨᠧᠷᠭᠢ ᠵᠢᠴᠢ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠢ ᠲᠦᠷᠭᠡᠬᠡᠨ ᠪᠤᠵᠠᠭᠠᠢᠷᠠᠭᠤᠯᠤᠨ ᠬᠦᠴᠦᠷᠬᠡᠭᠵᠢᠭᠦᠯᠬᠦ᠎ᠶᠢ ᠳᠡᠮᠵᠢᠵᠦ᠂ ᠠᠵᠤ ᠦᠢᠯᠡᠰ᠎ᠦᠨ ᠪᠠᠢᠷᠢᠰᠢᠯ᠎ᠢ ᠦᠷᠭᠦᠯᠵᠢᠯᠡᠨ ᠰᠢᠯᠢᠳᠡᠭᠵᠢᠭᠦᠯᠦᠨ ᠲᠣᠬᠢᠷᠠᠭᠤᠯᠵᠤ᠂ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠲᠣᠭᠲᠠᠭᠤᠨ᠎ᠢᠶᠠᠷ ᠨᠡᠮᠡᠭᠳᠡᠬᠦ᠎ᠳᠦ ᠬᠥᠳᠡᠯᠭᠡᠭᠴᠢ ᠡᠨ᠋ᠸᠷᠭᠢ ᠨᠡᠮᠡᠷᠢᠯᠡᠵᠡᠢ᠃ ᠡᠨᠡ ᠵᠢᠯ᠎ᠦᠨ 1 ᠳ᠋ᠦ᠍ᠭᠡᠷ ᠰᠠᠷ᠎ᠠ᠎ᠡᠴᠡ 7 ᠳ᠋ᠤᠭᠠᠷ ᠰᠠᠷ᠎ᠠ᠎ᠳᠤ᠂ ᠪᠦᠭᠦ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠭᠢ᠎ᠡᠴᠡ 6.4%᠎ᠪᠠᠷ ᠨᠡᠮᠡᠭᠳᠡᠪᠡ᠃ 

ᠪᠡᠯᠡ ᠣᠷᠣᠭᠤᠯᠤᠯᠲᠠ᠎ᠶᠢᠨ ᠲᠠᠯ᠎ᠠ᠎ᠠᠴᠠ ᠦᠵᠡᠪᠡᠯ᠂ 2025 ᠣᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠢᠲᠡᠭᠡᠯ ᠵᠣᠷᠢᠭ᠋᠎ᠢᠶᠠᠨ ᠪᠠᠲᠤᠳᠬᠠᠨ ᠴᠢᠬᠤᠯᠠ ᠶᠡᠬᠡ ᠲᠦᠷᠦᠯ ᠵᠦᠢᠯ᠎ᠢ ᠤᠬᠠᠭᠠᠯᠠᠨ ᠲᠥᠯᠥᠪᠯᠡᠬᠦ ᠠᠵᠢᠯᠯᠠᠭᠠᠨ᠎ᠢ ᠬᠡᠷᠡᠭᠵᠢᠭᠦᠯᠵᠦ᠂ ᠨᠡᠩ ᠤᠯᠠᠨ ᠲᠦᠷᠦᠯ ᠵᠦᠢᠯ᠎ᠢ ᠤᠯᠤᠰ᠎ᠤᠨ ᠬᠥᠭᠵᠢᠯᠲᠡ᠎ᠶᠢᠨ ᠶᠡᠬᠡ ᠬᠡᠪᠴᠢᠶᠡᠨ᠎ᠳᠦ ᠣᠷᠣᠭᠤᠯᠬᠤ᠎ᠪᠠᠷ ᠴᠢᠷᠮᠠᠢᠵᠤ᠂ ᠴᠢᠨᠠᠷ ᠰᠠᠢᠲᠠᠢ ᠲᠦᠷᠦᠯ ᠵᠦᠢᠯ᠎ᠦᠨ ᠪᠡᠯᠡ ᠣᠷᠣᠭᠤᠯᠤᠯᠲᠠ᠎ᠶᠢ ᠭᠤᠢᠪᠢᠰᠢ ᠦᠭᠡᠢ ᠠᠳᠬᠤᠵᠤ᠂ ᠪᠡᠯᠡ ᠣᠷᠣᠭᠤᠯᠤᠯᠲᠠ᠎ᠶᠢᠨ ᠦᠷᠭᠦᠯᠵᠢᠯᠡᠨ ᠨᠡᠮᠡᠭᠳᠡᠬᠦ᠎ᠳᠦ ᠰᠠᠭᠤᠷᠢ ᠲᠠᠯᠪᠢᠵᠤ ᠥᠭᠴᠡᠢ᠃ ᠡᠨᠡ ᠵᠢᠯ᠎ᠦᠨ 1 ᠳ᠋ᠦ᠍ᠭᠡᠷ ᠰᠠᠷ᠎ᠠ᠎ᠡᠴᠡ 7 ᠳ᠋ᠤᠭᠠᠷ ᠰᠠᠷ᠎ᠠ᠎ᠳᠤ᠂ ᠪᠦᠭᠦ ᠣᠷᠣᠨ᠎ᠤ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ ( ᠲᠠᠷᠢᠶᠠᠴᠢᠨ ᠡᠷᠦᠭᠡ ᠪᠠᠭᠲᠠᠬᠤ ᠦᠭᠡᠢ ) ᠠᠳᠠᠯᠢ ᠬᠤᠭᠤᠴᠠᠭᠠᠨ᠎ᠤ ᠭᠢ᠎ᠡᠴᠡ 8.7%᠎ᠪᠠᠷ ᠨᠡᠮᠡᠭᠳᠡᠪᠡ᠃ 

ᠬᠡᠷᠡᠭᠯᠡᠭᠡ᠎ᠶᠢᠨ ᠵᠠᠬ᠎ᠠ ᠳᠡᠯᠭᠡᠭᠦᠷ᠎ᠡᠴᠡ ᠦᠵᠡᠪᠡᠯ᠂ ᠥᠨᠥ ᠵᠢᠯ ᠥᠪᠥᠷ ᠮᠣᠩᠭᠣᠯ ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠦ ᠬᠡᠷᠡᠭᠴᠡᠭᠡ᠎ᠶᠢᠨ ᠨᠡᠮᠡᠭᠳᠡᠯ᠎ᠡᠴᠡ ᠪᠣᠯᠤᠭᠰᠠᠨ ᠠᠵᠠ ᠲᠣᠭᠢᠶᠠᠯ᠎ᠢ ᠴᠢᠩᠭ᠎ᠠ ᠠᠳᠬᠤᠨ ᠬᠡᠷᠡᠭᠯᠡᠭᠡ᠎ᠶᠢᠨ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ᠎ᠶᠢ ᠦᠷᠭᠦᠯᠵᠢᠯᠡᠨ ᠠᠬᠢᠭᠤᠯᠵᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠡᠴᠡ ᠪᠣᠯᠤᠭᠰᠠᠨ ᠠᠵᠠ ᠲᠣᠭᠢᠶᠠᠯ᠎ᠢ ᠴᠢᠩᠭ᠎ᠠ ᠠᠳᠬᠤᠨ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠶᠢ ᠳᠡᠮᠵᠢᠵᠦ᠂ ᠬᠤᠷᠠᠯ ᠦᠵᠡᠰᠭᠦᠯᠡᠩ᠎ᠦᠨ ᠠᠵᠤ ᠠᠬᠤᠢ᠎ᠶᠢ ᠬᠥᠭᠵᠢᠭᠦᠯᠵᠦ᠂ ᠬᠡᠷᠡᠭᠯᠡᠭᠡ᠎ᠶᠢᠨ ᠨᠡᠮᠡᠭᠳᠡᠯ᠎ᠢ ᠤᠯᠠᠮ ᠨᠢᠭᠡ ᠠᠯᠬᠤᠮ ᠳᠠᠢᠴᠢᠯᠠᠭᠰᠠᠨ ᠪᠠᠢᠨ᠎ᠠ᠃ ᠡᠨᠡ ᠵᠢᠯ᠎ᠦᠨ 1 ᠳ᠋ᠦ᠍ᠭᠡᠷ ᠰᠠᠷ᠎ᠠ᠎ᠡᠴᠡ 7 ᠳ᠋ᠤᠭᠠᠷ ᠰᠠᠷ᠎ᠠ᠎ᠳᠤ᠂ ᠪᠦᠭᠦ ᠣᠷᠣᠨ᠎ᠤ ᠨᠡᠢᠭᠡᠮ᠎ᠦᠨ ᠬᠡᠷᠡᠭᠯᠡᠭᠡ᠎ᠶᠢᠨ ᠵᠦᠢᠯ᠎ᠦᠨ ᠵᠢᠵᠢᠭᠯᠡᠨ ᠬᠤᠳᠠᠯᠳᠤᠭᠰᠠᠨ ᠪᠦᠭᠦ ᠵᠣᠭᠣᠰ᠎ᠤᠨ ᠲᠣᠭ᠎ᠠ 2975.5 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠭᠢ᠎ᠡᠴᠡ 8.9% ᠪᠡᠷ ᠨᠡᠮᠡᠭᠳᠡᠨ᠂ ᠨᠡᠮᠡᠭᠳᠡᠯ᠎ᠦᠨ ᠬᠤᠷᠳᠤᠴᠠ ᠨᠢ ᠠᠳᠠᠯᠢ ᠬᠤᠭᠤᠴᠠᠭᠠᠨ᠎ᠤ ᠪᠦᠭᠦ ᠤᠯᠤᠰ᠎ᠤᠨ ᠳᠤᠮᠳᠠᠴᠢ ᠬᠢᠷᠢ ᠲᠦᠪᠰᠢᠨ᠎ᠡᠴᠡ 4.1 ᠵᠠᠭᠤᠨ᠎ᠤ ᠬᠤᠪᠢ᠎ᠪᠠᠷ ᠥᠨᠳᠥᠷ ᠪᠣᠯᠵᠠᠢ᠃ 

《ᠶᠡᠷᠦᠩᠬᠡᠢ᠎ᠳᠦ ᠨᠢ ᠠᠪᠴᠤ ᠦᠵᠡᠪᠡᠯ᠂ ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠭᠠᠳᠠᠭᠠᠳᠤ ᠣᠷᠴᠢᠨ ᠨᠥᠬᠥᠴᠡᠯ ᠪᠠ ᠣᠨᠴᠠᠭᠠᠢ ᠴᠠᠭ ᠠᠭᠤᠷ ᠵᠡᠷᠭᠡ ᠠᠰᠢᠭ᠋ ᠦᠭᠡᠢ ᠨᠥᠯᠥᠭᠡ᠎ᠶᠢ ᠲᠡᠪᠴᠢᠵᠦ᠂ ᠠᠵᠤ ᠠᠬᠤᠢ᠎ᠶᠢᠨ ᠲᠣᠭᠲᠠᠭᠤᠨ᠎ᠢᠶᠠᠷ ᠬᠥᠭᠵᠢᠬᠦ ᠪᠠᠢᠳᠠᠯ᠎ᠢᠶᠠᠨ ᠪᠠᠲᠤᠯᠠᠪᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ