ᠠᠵᠤ ᠠᠬᠤᠢ᠍ᠯᠠᠯ᠎ᠢ ᠳᠤᠰᠠᠯᠠᠬᠤ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠮᠠᠨ᠎ᠤ ᠣᠷᠣᠨ ᠠᠵᠤ ᠠᠬᠤᠢᠯᠠᠯ᠎ᠢ ᠲᠤᠰᠠᠯᠠᠬᠤ 《ᠬᠠᠮ ᠠᠷᠭ᠎ᠠ ᠪᠣᠳᠣᠯᠭ᠎ᠠ》 ᠭᠠᠷᠭᠠᠪᠠ
ᠨᠡᠶ᠋ᠢᠲᠡᠯᠡᠭᠰᠡᠨ ᠴᠠᠭ᠄ 2025-08-19

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠄ ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠠᠵᠤ ᠠᠬᠤᠢᠯᠠᠯ᠎ᠤᠨᠰᠠᠨᠠᠭᠠᠰᠢᠷᠠᠵᠤ ᠪᠠᠢᠭ᠎ᠠ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠡᠯᠡ ᠮᠥᠩᠭᠥ᠎ᠶᠢ ᠰᠢᠭᠤᠳ ᠪᠠᠭᠤᠯᠭᠠᠬᠤ᠂ ᠭᠠᠢᠯᠢ ᠰᠦᠢᠳᠬᠡᠯ᠎ᠢ ᠬᠠᠰᠤᠵᠤ ᠬᠡᠯᠲᠦᠷᠢᠭᠦᠯᠬᠦ᠂ ᠬᠤᠳᠠᠯᠳᠤᠨ ᠠᠪᠬᠤ᠎ᠶᠢ ᠨᠢ ᠲᠡᠳᠬᠦᠨ ᠳᠡᠮᠵᠢᠬᠦ᠌ ᠵᠡᠷᠭᠡ ᠲᠠᠯ᠎ᠠ᠎ᠪᠠᠷ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠰᠢᠷᠢᠰ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠨ᠂ ᠠᠵᠤ ᠠᠬᠤᠢᠯᠠᠯ᠎ᠢ ᠲᠤᠰᠠᠯᠠᠬᠤ 《ᠬᠠᠮ ᠠᠷᠭ᠎ᠠ ᠪᠣᠳᠣᠯᠭ᠎ᠠ》 ᠭᠠᠷᠭᠠᠵᠤ᠂ ᠠᠵᠤ ᠠᠬᠤᠢᠯᠠᠯ᠎ᠤᠨ ᠬᠥᠭᠵᠢᠯᠲᠡ᠎ᠶᠢᠨ ᠵᠢᠱ᠌ᠢᠯᠲᠡ᠎ᠶᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ 

ᠪᠡᠯᠡ ᠮᠥᠩᠭᠥ᠎ᠶᠢ ᠰᠢᠭᠤᠳ ᠪᠠᠭᠤᠯᠭᠠᠬᠤ ᠬᠤᠷᠳᠤᠴᠠ᠎ᠶᠢ ᠨᠢ ᠲᠦᠷᠭᠡᠳᠬᠡᠵᠦ ᠬᠡᠪᠴᠢᠶ᠎ᠡ᠎ᠶᠢ ᠨᠢ ᠦᠷᠭᠡᠳᠭᠡᠪᠡ᠃ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠥᠷᠥᠯ ᠵᠦᠢᠯ᠎ᠦᠨ ᠬᠥᠮᠥᠷᠭᠡ ᠪᠣᠯᠣᠨ ᠲᠥᠰᠥᠪ᠎ᠦᠨ ᠬᠠᠮᠢᠶᠠᠷᠤᠯᠲᠠ᠎ᠶᠢᠨ ᠨᠢᠭᠡ ᠴᠣᠭ᠍ᠴᠠᠵᠢᠭᠤᠯᠤᠭ᠍ᠰᠠᠨ ᠰᠢᠰᠲᠧᠮ᠎ᠳᠦ ᠲᠦᠰᠢᠭᠯᠡᠨ᠂ ᠥᠪᠥᠷ ᠮᠣᠩᠭᠣᠯ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠪᠡᠯᠡ ᠮᠥᠩᠭᠥ᠎ᠪᠠᠨ ᠰᠢᠭᠤᠳ ᠪᠠᠭᠤᠯᠭᠠᠬᠤ᠌ ᠵᠠᠮ᠎ᠢ ᠨᠠᠪᠲᠠᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ 2024 ᠣᠨ᠎ᠳᠤ ᠠᠵᠤ ᠠᠬᠤᠢᠯᠠᠯ᠎ᠳᠤ ᠠᠰᠢᠭ᠋ ᠬᠦᠷᠲᠡᠭᠡᠬᠦ 13.77 ᠳ᠋ᠦᠩᠰᠢᠭᠤᠷ ᠲᠥᠭᠥᠷᠢᠭ ᠱᠢᠭᠤᠳ ᠪᠠᠭᠤᠯᠭᠠᠬᠤ᠌ ᠪᠡᠯᠡ ᠮᠥᠩᠭᠥ᠎ᠶᠢ ᠰᠣᠯᠢᠨ ᠥᠭ᠌ᠴᠦ᠂ ᠳᠣᠲᠣᠭᠠᠳᠤ ᠠᠷᠠᠯᠵᠢᠶ᠎ᠠ ᠬᠢᠭᠡᠳ ᠭᠠᠳᠠᠭᠠᠳᠤ ᠠᠵᠤ ᠠᠬᠤᠢ ᠠᠷᠠᠯᠵᠢᠶ᠎ᠠ ᠵᠢᠴᠢ ᠠᠵᠤ ᠦᠢᠯᠡᠳᠪᠦᠷᠢ ᠵᠡᠷᠭᠡ᠎ᠶᠢᠨ ᠬᠦᠷᠢᠶᠡᠨ᠎ᠳᠡᠬᠢ 2678 ᠲᠥᠷᠥᠯ ᠵᠦᠢᠯ᠎ᠦᠨ ᠬᠥᠭᠵᠢᠯᠲᠡ᠎ᠶᠢ ᠳᠡᠮᠵᠢᠭᠰᠡᠨ᠎ᠤ ᠰᠠᠭᠤᠷᠢᠨ ᠳᠡᠭᠡᠷ᠎ᠡ᠂ 2025 ᠣᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠰᠢᠭᠤᠳ ᠪᠠᠭᠤᠯᠭᠠᠬᠤ ᠪᠡᠯᠡ ᠮᠥᠩᠭᠥᠨ᠎ᠦ ᠬᠡᠪᠴᠢᠶ᠎ᠡ᠎ᠶᠢ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ ᠵᠡᠷᠭᠡ ᠬᠦᠷᠢᠶᠡᠨ᠎ᠳᠦ ᠬᠦᠷᠲᠡᠯ᠎ᠡ ᠥᠷᠭᠡᠳᠬᠡᠪᠡ᠂ ᠣᠳᠣᠬᠠᠨ ᠪᠣᠯᠲᠠᠯ᠎ᠠ ᠂ ᠡᠨᠡ ᠵᠢᠯ ᠨᠢᠭᠡᠨᠲᠡ ᠠᠵᠤ ᠠᠬᠤᠢᠯᠠᠯ᠎ᠳᠤ ᠠᠰᠢᠭ᠋ ᠬᠦᠷᠲᠡᠭᠡᠬᠦ 6.62 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ᠎ᠶᠢ ᠱᠢᠭᠤᠳ ᠪᠠᠭᠤᠯᠭᠠᠵᠤ᠂ ᠠᠵᠤ ᠠᠬᠤᠢᠯᠠᠯ᠎ᠤᠨ 480 ᠲᠥᠷᠥᠯ ᠵᠦᠢᠯ᠎ᠢ ᠳᠡᠮᠵᠢᠭᠰᠡᠨ ᠪᠠᠢᠨ᠎ᠠ᠃ 

ᠭᠠᠢᠯᠢ ᠰᠦᠢᠳᠬᠡᠯ᠎ᠤᠨ ᠬᠠᠷᠠᠭᠠᠯᠵᠠᠯ᠎ᠤᠨ ᠲᠠᠯ᠎ᠠ᠎ᠪᠠᠷ ᠬᠦᠴᠦᠯᠡᠨ ᠦᠷ᠎ᠡ ᠪᠦᠲᠦᠮᠵᠢ᠎ᠶᠢ ᠨᠢ ᠳᠡᠭᠡᠭ᠌ᠰᠢᠯᠡᠭᠦᠯᠪᠡ᠃ ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠤᠯᠤᠰ᠎ᠤᠨ ᠭᠠᠢᠯᠢ᠎ᠶᠢ ᠬᠥᠩᠭᠡᠷᠡᠭᠦᠯᠵᠦ ᠰᠦᠢᠳᠬᠡᠯ᠎ᠢ ᠪᠠᠭᠤᠷᠠᠭᠤᠯᠬᠤ ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠭᠰᠠᠨ ᠪᠥᠭᠡᠳ ᠣᠷᠣᠨ ᠨᠤᠲᠤᠭ᠎ᠤᠨ ᠡᠷᠬᠡ ᠣᠯᠭᠣᠭᠰᠠᠨ ᠬᠡᠪᠴᠢᠶᠡᠨ ᠳᠣᠲᠣᠷ᠎ᠠ 《ᠲᠣᠭ᠎ᠠ ᠬᠡᠮᠵᠢᠶ᠎ᠡ᠎ᠶᠢ ᠨᠢ ᠨᠡᠮᠡᠭᠳᠡᠭᠦᠯᠪᠡ》 ᠄ ᠵᠢᠵᠢᠭ ᠪᠢᠴᠢᠯ ᠠᠵᠤ ᠠᠬᠤᠢᠯᠠᠯ᠎ᠤᠨ ᠠᠰᠢᠭ᠋ ᠣᠷᠣᠯᠭ᠎ᠠ᠎ᠶᠢᠨ ᠭᠠᠢᠯᠢ᠎ᠶᠢᠨ ᠣᠷᠣᠨ ᠨᠤᠲᠤᠭ᠎ᠤᠨ ᠬᠤᠪᠢᠳᠠᠨ ᠡᠳ᠋ᠯᠡᠬᠦ ᠬᠡᠰᠡᠭ ᠪᠠ ᠪᠠᠭ᠎ᠠ ᠬᠡᠪᠴᠢᠶᠡᠨ᠎ᠦ ᠭᠠᠢᠯᠢ ᠲᠤᠰᠢᠶᠠᠭ᠍ᠴᠢ᠎ᠶᠢᠨ ᠭᠡᠷ ᠬᠥᠷᠥᠩᠭᠡ ᠭᠠᠵᠠᠷ ᠰᠢᠷᠣᠢ᠎ᠶᠢᠨ ᠭᠠᠢᠯᠢ᠎ᠶᠢ ᠨᠢ ᠬᠡᠯᠲᠦᠷᠢᠭᠦᠯᠵᠦ᠂ ᠭᠡᠷ ᠬᠥᠷᠥᠩᠭᠡ᠎ᠶᠢᠨ ᠭᠠᠢᠯᠢ᠎ᠶᠢ ᠨᠢ ᠬᠠᠰᠤᠬᠤ ᠬᠡᠮᠵᠢᠶ᠎ᠡ᠎ᠶᠢ ᠳᠡᠭᠡᠭᠰᠢᠯᠡᠭᠦᠯᠦᠨ᠂ ᠭᠠᠵᠠᠷ ᠰᠢᠷᠣᠢ ᠬᠡᠷᠡᠭᠯᠡᠬᠦ ᠭᠠᠢᠯᠢ᠎ᠶᠢᠨ ᠲᠣᠭ᠎ᠠ᠎ᠶᠢ ᠪᠠᠭᠤᠷᠠᠭᠤᠯᠵᠤ᠂ ᠣᠨᠴᠠ ᠲᠣᠭᠲᠠᠭᠠᠭᠰᠠᠨ ᠲᠡᠷᠭᠡ ᠬᠥᠰᠬᠡ᠎ᠶᠢᠨ ᠲᠡᠷᠭᠡ ᠣᠩᠭᠣᠴᠠ᠎ᠶᠢᠨ ᠭᠠᠢᠯᠢ᠎ᠶᠢ ᠬᠠᠭᠠᠰ᠎ᠢᠶᠠᠷ ᠬᠠᠰᠤᠵᠤ᠂ ᠰᠣᠶᠣᠯ᠎ᠤᠨ ᠦᠢᠯᠡᠰ᠎ᠦᠨ ᠪᠦᠲᠦᠭᠡᠨ ᠪᠠᠢᠭᠤᠯᠤᠯᠲᠠ᠎ᠶᠢᠨ ᠰᠦᠢᠳᠬᠡᠯ᠎ᠢ ᠬᠠᠰᠤᠵᠤ ᠬᠡᠯᠲᠦᠷᠢᠭᠦᠯᠪᠡ᠃ 

ᠬᠤᠳᠠᠯᠳᠤᠨ ᠠᠪᠬᠤ ᠲᠦᠷᠦ᠎ᠶᠢᠨ ᠪᠣᠳᠣᠯᠭ᠎ᠠ᠎ᠪᠠᠷ ᠨᠠᠷᠢᠯᠢᠭ ᠣᠨᠣᠴᠠᠲᠠᠢ ᠲᠡᠳᠬᠦᠨ ᠳᠡᠮᠵᠢᠪᠡ᠃ ᠥᠪᠡᠷᠲᠡᠭᠡᠨ ᠵᠠᠰᠠᠬᠤ ᠣᠷᠣᠨ᠎ᠡᠴᠡ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠦᠢᠯᠡᠴᠢᠯᠡᠭᠡ᠎ᠶᠢ ᠣᠯᠠᠨ ᠲᠠᠯ᠎ᠠ᠎ᠡᠴᠡ ᠰᠢᠯᠢᠳᠡᠭᠵᠢᠭᠦᠯᠵᠦ᠂ ᠬᠤᠳᠠᠯᠳᠤᠨ ᠠᠪᠬᠤ ᠬᠢᠵᠠᠭᠠᠷ ᠲᠣᠭ᠎ᠠ᠎ᠶᠢᠨ ᠪᠠᠷᠢᠮᠵᠢᠶ᠎ᠠ᠎ᠡᠴᠡ ᠳᠡᠭᠡᠭᠰᠢᠬᠢ ᠦᠢᠯᠡᠴᠢᠯᠡᠭᠡ ᠵᠢᠴᠢ 200 ᠲᠦᠮᠡᠨ ᠲᠥᠭᠥᠷᠢᠭ᠎ᠡᠴᠡ ᠳᠣᠷᠣᠭ᠍ᠰᠢᠬᠢ ᠪᠠᠷᠠᠭᠠᠨ᠎ᠤ ᠦᠢᠯᠡᠴᠢᠯᠡᠭᠡ᠂ 400 ᠲᠦᠮᠡᠨ ᠲᠥᠭᠥᠷᠢᠭ᠎ᠡᠴᠡ ᠳᠣᠷᠤᠭᠰᠢᠬᠢ ᠢᠨᠵᠧᠨᠧᠷᠢᠩ᠎ᠦᠨ ᠬᠤᠳᠠᠯᠳᠤᠨ ᠠᠪᠬᠤ ᠲᠥᠷᠥᠯ ᠵᠦᠢᠯ᠎ᠳᠦ ᠠᠰᠲᠠᠭᠠᠨ ᠲᠣᠭᠲᠠᠭᠠᠯ᠎ᠲᠠᠢ᠎ᠶᠢ ᠭᠠᠷᠭᠠᠪᠠᠯ᠂ ᠪᠦᠬᠦᠨ᠎ᠢ ᠳᠤᠮᠳᠠ ᠵᠢᠵᠢᠭ ᠠᠵᠤ ᠠᠬᠤᠢᠯᠠᠯ᠎ᠳᠤ ᠬᠠᠨᠳᠤᠭᠤᠯᠤᠨ ᠬᠤᠳᠠᠯᠳᠤᠨ ᠠᠪᠬᠤ ᠬᠤᠪᠢ᠎ᠶᠢᠨ ᠲᠣᠭ᠎ᠠ᠎ᠶᠢ ᠤᠷᠢᠳᠴᠢᠯᠠᠨ ᠦᠯᠡᠳᠡᠭᠡᠵᠦ ᠥᠭᠪᠡ; 200 ᠲᠦᠮᠡᠨ ᠲᠥᠭᠥᠷᠢᠭ᠎ᠡᠴᠡ ᠳᠡᠭᠡᠭᠰᠢᠬᠢ ᠪᠠᠷᠠᠭ᠎ᠠ ᠬᠤᠳᠠᠯᠳᠤᠨ ᠠᠪᠬᠤ ᠦᠢᠯᠡᠴᠢᠯᠡᠭᠡ᠂ 400 ᠲᠦᠮᠡᠨ ᠲᠥᠭᠥᠷᠢᠭ᠎ᠡᠴᠡ ᠳᠡᠭᠡᠭᠰᠢᠬᠢ ᠢᠨᠵᠧᠨᠧᠷᠢᠩ᠎ᠦᠨ ᠬᠤᠳᠠᠯᠳᠤᠨ ᠠᠪᠬᠤ ᠲᠥᠷᠥᠯ ᠵᠦᠢᠯ᠎ᠳᠦ ᠳᠤᠮᠳᠠ ᠵᠢᠵᠢᠭ ᠠᠵᠤ ᠠᠬᠤᠢᠯᠠᠯ ᠠ᠋ᠴᠠ ᠦᠢᠯᠡᠴᠢᠯᠡᠭᠡ ᠬᠠᠩᠭᠠᠬᠤ᠎ᠳᠤ ᠲᠣᠬᠢᠷᠠᠬᠤ ᠪᠣᠯ᠂ ᠲᠡᠭᠦᠨ᠎ᠳᠦ ᠤᠷᠢᠳᠴᠢᠯᠠᠨ  ᠦᠯᠡᠳᠡᠭᠡᠵᠦ ᠥᠭᠬᠦ ᠬᠤᠪᠢ᠎ᠶᠢᠨ ᠲᠣᠭ᠎ᠠ᠎ᠶᠢ ᠬᠤᠳᠠᠯᠳᠤᠨ ᠠᠪᠬᠤ ᠲᠥᠷᠥᠯ ᠵᠦᠢᠯ᠎ᠦᠨ ᠲᠥᠰᠥᠪ᠎ᠦᠨ ᠶᠡᠷᠦᠩᠬᠡᠢ ᠲᠣᠭᠠᠨ᠎ᠤ 30%᠎ᠠᠴᠠ ᠳᠡᠭᠡᠭᠰᠢᠬᠢ᠎ᠶᠢ ᠨᠢ 40%᠎ᠠᠴᠠ ᠳᠡᠭᠡᠭ᠌ᠰᠢ ᠪᠣᠯᠲᠠᠯ᠎ᠠ ᠱᠠᠲᠤᠴᠢ ᠴᠢᠨᠠᠷᠲᠠᠢ᠎ᠪᠠᠷ ᠳᠡᠭᠡᠭ᠌ᠰᠢᠯᠡᠭᠦᠯᠪᠡ᠂ ᠡᠨᠡ ᠬᠦ᠌ ᠲᠥᠷᠥ᠎ᠶᠢᠨ ᠪᠣᠳᠣᠯᠭ᠎ᠠ᠎ᠶᠢ 2026 ᠣᠨ᠎ᠤ ᠡᠴᠦᠰ ᠪᠣᠯᠲᠠᠯ᠎ᠠ ᠬᠡᠷᠡᠭᠵᠢᠭᠦᠯᠦᠨ᠎ᠡ᠃ ᠡᠭᠦᠨ᠎ᠦ ᠬᠠᠮᠲᠤ᠂ ᠪᠥᠬᠥ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ 《ᠢᠲᠡᠭᠡᠮᠵᠢ + ᠠᠮᠠᠯᠠᠯᠲᠠ》᠎ᠪᠠᠷ ᠵᠥᠪᠰᠢᠶᠡᠷᠡᠨ ᠣᠷᠣᠭᠤᠯᠬᠤ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ᠎ᠶᠢ ᠪᠥᠬᠥ ᠲᠠᠯ᠎ᠠ᠎ᠪᠠᠷ ᠠᠷᠢᠯᠭᠠᠵᠤ᠂ ᠳᠤᠮᠳᠠ ᠵᠢᠵᠢᠭ ᠠᠵᠤ ᠠᠬᠤᠢᠯᠠᠯ᠎ᠤᠨ ᠡᠷᠬᠡ ᠲᠡᠭ᠌ᠰᠢ᠎ᠪᠡᠷ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠣᠷᠣᠯᠴᠠᠬᠤ᠎ᠶ᠋ᠢ ᠪᠠᠲᠤᠯᠠᠪᠠ; ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠶᠢᠨ 《ᠪᠥᠬᠥ ᠣᠷᠣᠨ᠎ᠳᠦ ᠨᠢᠭᠡ ᠯᠠ ᠰᠦᠯᠵᠢᠶ᠎ᠡ》᠎ᠳᠦ ᠲᠦᠰᠢᠭᠯᠡᠨ᠂ ᠠᠯᠤᠰ᠎ᠡᠴᠡ ᠨᠢᠭᠤᠷᠳᠠᠬᠤ ᠦᠭᠡᠢ᠎ᠪᠡᠷ ᠳᠠᠭᠠᠭᠠᠴᠢᠯᠠᠯᠲᠠ᠎ᠪᠠᠨ ᠨᠡᠭᠡᠭᠡᠵᠦ ᠡᠬᠢᠯᠡᠭᠦᠯᠬᠦ᠎ᠶᠢ ᠪᠥᠬᠥ ᠲᠠᠯ᠎ᠠ᠎ᠪᠠᠷ ᠪᠡᠶᠡᠯᠡᠭᠦᠯᠬᠦ᠎ᠶᠢᠨ ᠬᠠᠮᠲᠤ᠂ ᠬᠠᠩᠭᠠᠯᠭ᠎ᠠ᠎ᠶᠢᠨ ᠬᠤᠳᠠᠯᠳᠤᠭᠠᠴᠢᠨ᠎ᠤ ᠲᠠᠪᠴᠠᠩ᠎ᠳᠤ ᠣᠷᠣᠵᠤ ᠲᠤᠰᠢᠶᠠᠬᠤ ᠰᠦᠢᠳᠬᠡᠯ᠎ᠢ ᠬᠡᠯᠲᠦᠷᠢᠭᠦᠯᠬᠦ ᠵᠡᠷᠭᠡ᠎ᠪᠡᠷ ᠳᠠᠮᠵᠢᠭᠤᠯᠤᠨ᠂ ᠬᠠᠩᠭᠠᠯᠭ᠎ᠠ᠎ᠶᠢᠨ ᠬᠤᠳᠠᠯᠳᠤᠭᠠᠴᠢᠨ᠎ᠤ ᠳᠠᠷᠤᠭᠠᠰᠤ᠎ᠶᠢ ᠬᠦᠩᠭᠡᠷᠡᠭᠦᠯᠪᠡ᠃

ᠠᠵᠤ ᠠᠬᠤᠢᠯᠠᠯ᠎ᠤᠨ ᠪᠡᠯᠡ ᠲᠣᠬᠢᠷᠠᠭᠤᠯᠬᠤ ᠬᠦᠴᠢᠷ ᠰᠡᠳᠦᠪ᠎ᠢ ᠱᠢᠢᠳᠪᠦᠷᠢᠯᠡᠪᠡ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ 1 ᠳ᠋ᠦᠩᠰᠢᠭᠤᠷ ᠲᠥᠭᠥᠷᠢᠭ ᠣᠷᠣᠭᠤᠯᠵᠤ ᠠᠷᠠᠳ᠎ᠡᠴᠡ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠢᠲᠡᠭᠡᠮᠵᠢᠲᠦ ᠪᠡᠯᠡ ᠲᠣᠬᠢᠷᠠᠭᠤᠯᠭ᠎ᠠ᠎ᠶᠢᠨ ᠲᠦᠭᠰᠢᠭᠦᠷᠢ᠎ᠶᠢ ᠬᠤᠪᠢᠳᠠᠨ ᠡᠭᠦᠷᠭᠡᠯᠡᠬᠦ 《ᠪᠡᠯᠡ ᠮᠥᠩᠭᠥᠨ᠎ᠦ ᠲᠠᠲᠠᠭᠠᠯ》᠎ᠢ ᠪᠠᠢᠭᠤᠯᠵᠤ᠂ ᠪᠠᠩᠬᠢ᠎ᠶᠢᠨ ᠪᠠᠢᠭᠤᠯᠤᠮᠵᠢ᠎ᠳᠤ 10%᠎ᠶ᠋ᠢᠨ ᠠᠵᠤ ᠠᠬᠤᠢᠯᠠᠯ᠎ᠳᠤ ᠵᠢᠭᠡᠯᠡᠯᠭᠡ ᠲᠠᠯᠪᠢᠭ᠍ᠰᠠᠨ ᠬᠣᠬᠢᠷᠠᠯ᠎ᠤᠨ ᠨᠥᠬᠥᠪᠦᠷᠢ ᠥᠭᠴᠦ᠂ ᠵᠢᠵᠢᠭ ᠪᠢᠴᠢᠯ ᠠᠵᠤ ᠠᠬᠤᠢᠯᠠᠯ᠎ᠳᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ᠎ᠢᠶᠡᠨ ᠴᠢᠩᠭᠠᠷᠠᠭᠤᠯᠬᠤ᠎ᠶᠢ ᠬᠥᠲᠥᠯᠥᠨ ᠵᠢᠯᠣᠭᠣᠳᠪᠠ᠃ ᠡᠨᠡ ᠵᠢᠯ᠎ᠦᠨ 6 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠳ᠋ᠢᠩ ᠰᠢᠨ ᠪᠡᠯᠡ ᠲᠣᠬᠢᠷᠠᠭᠤᠯᠭ᠎ᠠ᠎ᠶᠢᠨ ᠳᠠᠭᠠᠭᠠᠯᠲᠠ᠎ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠬᠢᠯᠲᠠ ᠳᠠᠭᠠᠭᠠᠯᠲᠠ᠎ᠶ᠋ᠢᠨ ᠲᠤᠬᠠᠢᠯᠠᠭᠰᠠᠨ ᠠᠵᠢᠯ᠎ᠢ ᠨᠡᠶ᠋ᠢᠲᠡ 27.18 ᠳ᠋ᠦᠩᠰᠢᠭᠤᠷ ᠲᠥᠭᠥᠷᠢᠭ ᠥᠷᠨᠢᠭᠦᠯᠵᠦ᠂ ᠳᠠᠬᠢᠯᠲᠠ ᠳᠠᠭᠠᠭᠠᠯᠲᠠ᠎ᠶ᠋ᠢᠨ ᠲᠤᠬᠠᠢᠯᠠᠭᠰᠠᠨ ᠠᠵᠢᠯ᠎ᠢ ᠣᠷᠣᠨ᠎ᠤ ᠳᠣᠲᠣᠷ᠎ᠠ ᠪᠦᠬᠦᠨ᠎ᠢ ᠬᠠᠮᠤᠷᠬᠤ᠎ᠪᠡᠨ ᠪᠡᠶᠡᠯᠡᠭᠦᠯᠵᠡᠢ᠃ ᠡᠭᠦᠨ᠎ᠡᠴᠡ ᠭᠠᠳᠠᠨ᠎ᠠ᠂ ᠥᠪᠥᠷ ᠮᠣᠩᠭᠣᠯ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠭᠡᠯᠡᠯᠭᠡ》᠎ᠶᠢᠨ ᠪᠡᠯᠡ ᠲᠣᠬᠢᠷᠠᠭᠤᠯᠭ᠎ᠠ᠎ᠶᠢᠨ ᠬᠡᠪ ᠵᠠᠭᠪᠤᠷ᠎ᠢ ᠢᠳᠡᠪᠬᠢᠲᠡᠢ ᠳᠡᠯᠭᠡᠷᠡᠭᠦᠯᠬᠦ᠎ᠪᠡᠷ ᠳᠠᠮᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ ᠨᠡᠶ᠋ᠢᠲᠡ 19 ᠳ᠋ᠦᠩᠰᠢᠭᠤᠷ ᠭᠠᠷᠤᠢ ᠲᠥᠭᠥᠷᠢᠭ᠎ᠦᠨ ᠪᠡᠯᠡ ᠲᠣᠬᠢᠷᠠᠭᠤᠯᠭ᠎ᠠ ᠬᠢᠵᠦ᠂ ᠠᠷᠠᠳ᠎ᠡᠴᠡ ᠡᠵᠡᠩᠨᠡᠭᠰᠡᠨ ᠠᠵᠤ ᠠᠬᠤᠢᠯᠠᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠣᠷᠣᠯᠴᠠᠬᠤ ᠪᠡᠯᠡ ᠮᠥᠩᠭᠥᠨ᠎ᠦ ᠳᠠᠷᠤᠭᠠᠰᠤ᠎ᠶ᠋ᠢ ᠪᠦᠲᠦᠮᠵᠢᠲᠡᠶ ᠬᠥᠩᠭᠡᠷᠡᠭᠦᠯᠪᠡ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ