ᠠᠵᠤ ᠠᠬᠤᠢ᠍ᠯᠠᠯ᠎ᠢ ᠳᠤᠰᠠᠯᠠᠬᠤ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ 《ᠭᠤᠶᠤᠴᠢᠯᠠᠬᠤ ᠦᠭᠡᠢ᠎ᠪᠡᠷ ᠬᠦᠷᠲᠡᠭᠡᠬᠦ᠌》 ᠠᠵᠢᠯ᠎ᠢ ᠥᠷᠨᠢᠭᠦᠯᠪᠡ
ᠨᠡᠶ᠋ᠢᠲᠡᠯᠡᠭᠰᠡᠨ ᠴᠠᠭ᠄ 2025-08-04

《ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ᠎ᠤ ᠬᠦᠴᠦᠨ ᠴᠢᠳᠠᠪᠤᠷᠢ᠎ᠶᠢ ᠳᠡᠭᠡᠭᠰᠢᠯᠡᠭᠦᠯᠦᠨ 〈ᠥᠨᠳᠥᠷ ᠪᠦᠲᠦᠮᠵᠢᠲᠡᠶ᠎ᠪᠡᠷ ᠨᠢᠭᠡ ᠠᠵᠢᠯ ᠶᠠᠪᠤᠳᠠᠯ᠎ᠢ ᠭᠦᠢᠴᠡᠳᠭᠡᠬᠦ᠌〉᠎ᠶᠢ ᠠᠬᠢᠭᠤᠯᠬᠤ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠵᠢᠯᠤᠭᠣᠳᠬᠤ ᠰᠠᠨᠠᠯ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠢ ᠲᠤᠰᠠᠯᠠᠬᠤ ᠠᠵᠢᠯᠯᠠᠭᠠᠨ᠎ᠤ ᠬᠡᠷᠡᠭᠵᠢᠭᠦᠯᠬᠦ ᠲᠥᠰᠥᠯ》᠎ᠤᠨ ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶ᠋ᠢ 《ᠨᠠᠷᠢᠯᠢᠭ᠋ ᠣᠨᠣᠴᠠᠲᠠᠢ᠎ᠪᠠᠷ ᠬᠦᠷᠭᠡᠵᠦ᠍᠂ ᠭᠤᠶᠤᠴᠢᠯᠠᠬᠤ ᠦᠭᠡᠢ᠎ᠪᠡᠷ ᠬᠦᠷᠲᠡᠭᠡᠬᠦ᠌》᠎ᠶ᠋ᠢ ᠠᠬᠢᠭᠤᠯᠬᠤ᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠡᠴᠡ 《ᠭᠤᠶᠤᠴᠢᠯᠠᠬᠤ ᠦᠭᠡᠢ᠎ᠪᠡᠷ ᠬᠦᠷᠲᠡᠭᠡᠬᠦ᠌》 ᠦᠢᠯᠡᠴᠢᠯᠡᠭᠡ᠎ᠶᠢ ᠭᠦᠨᠵᠡᠭᠡᠢ ᠬᠡᠷᠡᠭᠵᠢᠭᠦᠯᠵᠦ᠂ ᠳ᠋ᠠᠢᠲ᠋ᠠ᠎ᠪᠠᠷ ᠬᠦᠴᠦᠨ ᠴᠢᠳᠠᠮᠵᠢ᠎ᠶ᠋ᠢ ᠨᠢ ᠡᠷᠴᠢᠮᠯᠡᠬᠦ᠌᠂ ᠴᠤᠪᠤᠷᠠᠯ᠎ᠢ ᠳᠠᠬᠢᠨ ᠪᠠᠢᠭᠤᠯᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ 《ᠠᠵᠤ ᠠᠬᠤᠢᠯᠠᠯ᠎ᠤᠳ ᠲᠥᠷᠥ᠎ᠶᠢᠨ ᠪᠣᠳᠣᠯᠭ᠎ᠠ ᠡᠷᠢᠵᠦ᠍》 ᠪᠠᠢᠭᠰᠠᠨ᠎ᠠᠴᠠ ᠨᠢ 《ᠲᠥᠷᠥ᠎ᠶᠢᠨ ᠪᠣᠳᠣᠯᠭ᠎ᠠ ᠨᠢ ᠠᠵᠤ ᠠᠬᠤᠢᠯᠠᠯ᠎ᠢ ᠡᠷᠢᠬᠦ》 ᠪᠣᠯᠭᠠᠨ ᠬᠤᠪᠢᠷᠠᠭᠤᠯᠵᠤ᠂ ᠲᠥᠷᠥ᠎ᠶᠢᠨ ᠪᠣᠳᠣᠯᠭ᠎ᠠ᠎ᠶᠢᠨ ᠠᠰᠢᠭ᠎ᠢ ᠱᠢᠭᠤᠳ ᠬᠦᠷᠲᠡᠭᠡᠬᠦ᠌᠎ᠶ᠋ᠢ ᠪᠡᠶᠡᠯᠡᠭᠦᠯᠪᠡ᠃ 

ᠨᠢᠭᠡ᠎ᠳᠦ᠂ ᠠᠵᠢᠯ᠎ᠤᠨ ᠲᠣᠭᠲᠠᠴᠠ᠎ᠶᠢ ᠪᠠᠢᠭᠤᠯᠪᠠ᠃ ᠬᠤᠪᠢᠳᠠᠨ ᠬᠠᠮᠢᠶᠠᠷᠴᠤ ᠪᠠᠢᠭ᠎ᠠ ᠲᠢᠩᠬᠢᠮ᠎ᠦᠨ ᠳᠡᠳ᠋ ᠳᠠᠷᠤᠭ᠎ᠠ ᠬᠠᠷᠢᠭᠤᠴᠠᠵᠤ᠂ ᠡᠯ᠎ᠡ ᠭᠠᠵᠠᠷ ᠲᠠᠰᠤᠭ᠎ᠤᠨ ᠭᠠᠵᠠᠷ᠎ᠤᠨ ᠳᠠᠷᠤᠭ᠎ᠠ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠦᠨ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ 《ᠨᠠᠷᠢᠯᠢᠭ᠋ ᠣᠨᠣᠴᠠᠲᠠᠢ᠎ᠪᠠᠷ ᠬᠦᠷᠭᠡᠵᠦ᠍᠂ ᠭᠤᠶᠤᠴᠢᠯᠠᠬᠤ ᠦᠭᠡᠢ᠎ᠪᠡᠷ ᠬᠦᠷᠲᠡᠭᠡᠬᠦ᠌》 ᠠᠵᠢᠯ᠎ᠤᠨ ᠲᠣᠭᠲᠠᠴᠠ᠎ᠶᠢ ᠪᠠᠢᠭᠤᠯᠵᠤ᠂ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠤᠨ ᠭᠠᠵᠠᠷ᠎ᠢ ᠲᠦᠷᠦᠭᠦᠯᠡᠨ ᠬᠢᠬᠦ᠌ ᠭᠠᠵᠠᠷ ᠲᠠᠰᠤᠭ ᠪᠣᠯᠭᠠᠬᠤ᠎ᠪᠠᠷ ᠲᠣᠳᠣᠷᠬᠠᠢ ᠲᠣᠭᠲᠠᠭᠠᠪᠠ᠃ ᠬᠣᠶᠠᠷ᠎ᠲᠤ᠂ ᠲᠦᠷᠦ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠢ ᠬᠢᠨᠠᠮᠠᠭᠠᠢ ᠡᠮᠬᠢᠯᠡᠨ ᠲᠢᠭ᠌ᠯᠡᠪᠡ᠃ ᠬᠡᠷᠡᠭᠵᠢᠭᠦᠯᠬᠦ ᠬᠡᠪᠴᠢᠶ᠎ᠡ ᠪᠠ ᠨᠥᠬᠥᠴᠡᠯ᠎ᠢ ᠲᠣᠳᠣᠷᠬᠠᠢᠯᠠᠬᠤ᠎ᠪᠠᠷ ᠳᠠᠮᠵᠢᠭᠤᠯᠤᠨ᠂ ᠠᠵᠤ ᠠᠬᠤᠢᠯᠠᠯ᠎ᠳᠤ ᠬᠣᠯᠪᠣᠭᠳᠠᠬᠤ ᠦᠢᠯᠡᠴᠢᠯᠡᠭᠡᠨ᠎ᠦ ᠲᠥᠷᠥ᠎ᠶᠢᠨ ᠪᠣᠳᠣᠯᠭ᠎ᠠ᠎ᠶᠢ ᠡᠮᠬᠢᠯᠡᠨ ᠰᠠᠯᠭᠠᠵᠤ᠂ ᠨᠡᠶ᠋ᠢᠲᠡ 15 ᠪᠢᠴᠢᠭ ᠮᠠᠲᠧᠷᠢᠶᠠᠯ ᠂ 73 ᠵᠦᠢᠯ᠎ᠦᠨ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢ ᠡᠮᠬᠢᠯᠡᠨ ᠳᠢᠭᠯᠡᠪᠡ᠃ 5 ᠳ᠋ᠤᠭᠠᠷ ᠰᠠᠷ᠎ᠠ᠎ᠶᠢᠨ 6 ᠎ᠤ ᠡᠳᠦᠷ᠎ᠡᠴᠡ ᠡᠬᠢᠯᠡᠨ᠂ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠤᠨ ᠭᠠᠵᠠᠷ᠎ᠡᠴᠡ ᠲᠤᠬᠠᠢᠯᠠᠭᠰᠠᠨ ᠠᠵᠢᠯ᠎ᠤᠨ 7 ᠭᠠᠵᠠᠷ ᠲᠠᠰᠤᠭ᠎ᠤᠨ 14 ᠬᠥᠮᠥᠨ ᠤᠳᠠᠭ᠎ᠠ᠎ᠶ᠋ᠢ ᠵᠣᠬᠢᠶᠠᠨ ᠪᠠᠢᠭᠤᠯᠵᠤ ᠪᠠᠢᠭᠠᠳ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠬᠦᠷᠴᠦ ᠲᠤᠬᠠᠢ᠎ᠶᠢᠨ ᠲᠠᠯᠠᠪᠤᠷ᠎ᠲᠤ ᠨᠢ ᠠᠵᠢᠯᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠯᠤᠭ᠎ᠠ ᠬᠠᠮᠵᠢᠯᠴᠠᠨ ᠲᠥᠷᠥ᠎ᠶᠢᠨ ᠪᠣᠳᠣᠯᠭ᠎ᠠ᠎ᠶᠢ ᠡᠮᠬᠢᠯᠡᠨ ᠲᠢᠭ᠌ᠯᠡᠬᠦ᠌᠂ ᠴᠤᠪᠤᠷᠠᠯ᠎ᠢ ᠳᠠᠬᠢᠨ ᠪᠠᠢᠭᠤᠯᠬᠤ ᠠᠵᠢᠯ᠎ᠢ ᠠᠬᠢᠭᠤᠯᠪᠠ᠃ ᠭᠤᠷᠪᠠ᠎ᠳᠤ᠂ ᠠᠩᠬᠠᠨ᠎ᠤ ᠪᠦᠯᠦᠭ᠎ᠦᠨ 《ᠭᠤᠶᠤᠴᠢᠯᠠᠬᠤ ᠦᠭᠡᠢ᠎ᠪᠡᠷ ᠬᠦᠷᠲᠡᠭᠡᠬᠦ᠌》 ᠡᠭᠦᠷᠭᠡ᠎ᠶᠢ ᠪᠡᠶᠡᠯᠡᠭᠦᠯᠪᠡ᠃ ᠨᠡᠶ᠋ᠢᠲᠡ 7 ᠪᠢᠴᠢᠭ ᠮᠠᠲᠧᠷᠢᠶᠠᠯ᠂ 47 ᠵᠦᠢᠯ᠎ᠦᠨ ᠲᠥᠷᠥ᠎ᠶᠢᠨ ᠪᠣᠳᠣᠯᠭ᠎ᠠ᠎ᠶᠢ ᠡᠮᠬᠢᠯᠡᠨ ᠳᠢᠭᠯᠡᠵᠦ᠂ ᠲᠡᠷᠡ ᠳᠠᠷᠤᠢ᠎ᠳᠦ ᠨᠢ ᠬᠡᠷᠡᠭᠵᠢᠭᠦᠯᠵᠦ ᠪᠣᠯᠬᠤ 《ᠭᠤᠶᠤᠴᠢᠯᠠᠬᠤ ᠦᠭᠡᠢ᠎ᠪᠡᠷ ᠬᠦᠷᠲᠡᠭᠡᠬᠦ》 7 ᠵᠦᠢᠯ᠎ᠦᠨ ᠲᠥᠷᠥ᠎ᠶᠢᠨ ᠪᠣᠳᠣᠯᠭ᠎ᠠ᠎ᠶᠢ ᠡᠮᠬᠢᠯᠡᠨ ᠭᠠᠷᠭᠠᠵᠤ᠂ ᠲᠥᠷᠥ᠎ᠶᠢᠨ ᠪᠣᠳᠣᠯᠭ᠎ᠠ ᠬᠡᠷᠡᠭ᠌ᠵᠢᠭᠦᠯᠬᠦ᠌ 《ᠡᠴᠦᠰ᠎ᠦᠨ ᠨᠢᠭᠡ ᠺᠢᠯᠣᠮᠧᠲᠷ》᠎ᠢ ᠪᠥᠬᠥ ᠲᠠᠯ᠎ᠠ᠎ᠪᠠᠷ ᠨᠡᠪᠲᠡᠷᠡᠭᠦᠯᠦᠨ᠂ ᠢᠲᠡᠭᠡᠮᠵᠢ ᠰᠠᠢᠲᠠᠢ ᠪᠤᠶᠤ ᠨᠥᠬᠥᠴᠡᠯ᠎ᠳᠦ ᠨᠡᠢᠴᠡᠬᠦ ᠠᠵᠤ ᠠᠬᠤᠢᠯᠠᠯ ᠪᠠ ᠬᠤᠪᠢ ᠬᠥᠮᠥᠨ᠎ᠳᠦ ᠭᠤᠶᠤᠴᠢᠯᠠᠨ ᠮᠡᠳᠡᠭᠦᠯᠬᠦ ᠦᠭᠡᠢ᠎ᠪᠡᠷ ᠲᠥᠷᠥ᠎ᠶᠢᠨ ᠪᠣᠳᠣᠯᠭ᠎ᠠ᠎ᠶᠢ ᠱᠢᠭᠤᠳ ᠬᠦᠷᠲᠡᠭᠡᠬᠦ᠎ᠶ᠋ᠢ ᠪᠡᠶᠡᠯᠡᠭᠦᠯᠪᠡ᠃ 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ