8 ᠰᠠᠷ᠎ᠠ᠎ᠶᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ 《ᠵᠢᠷᠭᠤᠭᠠᠨ ᠠᠵᠢᠯᠯᠠᠭ᠎ᠠ》᠎ᠶ᠋ᠢ ᠠᠬᠢᠭᠤᠯᠤᠭᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠬᠣᠯᠪᠣᠭᠳᠠᠯ ᠪᠦᠬᠦᠢ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠵᠠᠢ᠃
ᠬᠤᠷᠠᠯ᠎ᠡᠴᠡ᠂ ᠡᠨᠡ ᠵᠢᠯ᠎ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠭᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠴᠢᠬᠤᠯᠠ ᠶᠡᠬᠡ ᠲᠥᠷᠥᠯ ᠵᠦᠢᠯ᠎ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠂ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠳᠡᠭᠡᠭᠰᠢᠯᠡᠭᠦᠯᠭᠦ ᠠᠵᠢᠯᠯᠠᠭ᠎ᠠ᠎ᠶᠢ ᠯᠠᠪᠳᠠᠭᠤᠨ ᠪᠠᠲᠤᠲᠠᠢ ᠥᠷᠨᠢᠭᠦᠯᠵᠦ᠂ ᠢᠳᠡᠪᠬᠢᠲᠡᠢ ᠠᠬᠢᠯᠲᠠ᠎ᠲᠠᠢ ᠪᠣᠯᠪᠠ᠂ ᠡᠭᠦᠨ ᠤ᠋ ᠬᠠᠮᠲᠤ ᠠᠵᠢᠯ᠎ᠤᠨ ᠳᠤᠮᠳᠠ ᠪᠠᠰᠠ ᠵᠠᠷᠢᠮ ᠬᠦᠴᠢᠷᠳᠡᠯ ᠪᠠ ᠥᠷᠢᠰᠦᠯᠳᠦᠭᠡᠨ ᠣᠷᠣᠰᠢᠵᠤ ᠪᠤᠢ᠃ ᠠᠵᠢᠯ᠎ᠤᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠵᠦ᠂ ᠠᠵᠢᠯ᠎ᠤᠨ ᠠᠬᠢᠴᠠ᠎ᠪᠠᠨ ᠲᠦᠷᠭᠡᠳᠬᠡᠵᠦ᠂ ᠴᠠᠭ ᠮᠥᠴᠡ ᠲᠠᠢ ᠤᠷᠤᠯᠳᠤᠨ᠂ ᠥᠷᠯᠥᠭᠡ ᠦᠳᠡᠰᠢ᠎ᠶᠢ ᠲᠡᠮᠡᠴᠡᠬᠦ ᠡᠷᠴᠢ ᠵᠣᠷᠢᠭ᠋᠎ᠢᠶᠠᠷ 《ᠵᠢᠷᠭᠤᠭᠠᠨ ᠠᠵᠢᠯᠯᠠᠭ᠎ᠠ》᠎ᠶ᠋ᠢᠨ ᠨᠡᠩ ᠶᠡᠬᠡ ᠦᠷ᠎ᠡ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ᠃ ᠠᠰᠠᠭᠤᠳᠠᠯ᠎ᠢ ᠭᠦᠨᠵᠡᠭᠡᠢ ᠰᠤᠳᠤᠯᠤᠨ ᠴᠡᠭᠴᠡᠯᠡᠨ ᠰᠠᠢᠵᠢᠷᠠᠭᠤᠯᠵᠤ᠂ ᠤᠴᠢᠷ ᠰᠢᠯᠲᠠᠭᠠᠨ ᠦᠨᠳᠦᠰᠦ᠎ᠶᠢ ᠨᠢ ᠲᠣᠳᠣᠷᠬᠠᠢ ᠣᠢᠯᠠᠭᠠᠵᠤ᠂ ᠥᠭᠡᠷᠡᠴᠢᠯᠡᠯᠲᠡ᠎ᠶᠢᠨ ᠰᠡᠳᠬᠢᠬᠦᠢ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠢ ᠢᠯᠡᠭᠦᠬᠡᠨ ᠬᠡᠷᠡᠭᠯᠡᠵᠦ ᠰᠢᠢᠳᠪᠦᠷᠢᠯᠡᠬᠦ ᠠᠷᠭ᠎ᠠ ᠪᠣᠳᠣᠯᠭ᠎ᠠ᠎ᠶᠢ ᠡᠷᠢᠯᠬᠢᠯᠡᠵᠦ᠂ ᠬᠡᠰᠡᠭ ᠠᠵᠤ ᠠᠬᠤᠢᠯᠠᠯ᠎ᠤᠨ 《ᠭᠠᠵᠠᠷ ᠠᠪᠤᠭᠠᠳ ᠪᠠᠷᠢᠯᠭ᠎ᠠ᠎ᠪᠠᠨ ᠡᠬᠢᠯᠡᠭᠦᠯᠬᠦ ᠦᠭᠡᠢ》᠂ 《ᠦᠢᠯᠡᠳᠪᠦᠷᠢᠯᠡᠯ᠎ᠦᠨ ᠴᠢᠳᠠᠪᠤᠷᠢ ᠪᠠᠢᠭᠠᠳ ᠦᠢᠯᠡᠳᠪᠦᠷᠢᠯᠡᠯ᠎ᠦᠨ ᠬᠡᠮᠵᠢᠶ᠎ᠡ ᠦᠭᠡᠢ》 ᠪᠠ ᠠᠵᠤ ᠠᠬᠤᠢᠯᠠᠯ᠎ᠳᠤ ᠬᠣᠯᠪᠣᠭᠳᠠᠬᠤ ᠵᠦᠢᠯᠡᠰ᠎ᠢ ᠬᠢᠨᠠᠨ ᠵᠥᠪᠰᠢᠶᠡᠷᠡᠬᠦ ᠨᠢ ᠤᠳᠠᠭᠠᠨ᠂ ᠤᠰᠤ ᠠᠷᠪᠢᠯᠠᠬᠤ ᠲᠦᠷᠦᠯ ᠵᠦᠢᠯ ᠨᠢ ᠪᠡᠯᠡ ᠮᠥᠩᠭᠥ ᠲᠤᠲᠠᠭᠳᠠᠵᠤ ᠪᠠᠢᠬᠤ ᠵᠡᠷᠭᠡ ᠬᠦᠴᠢᠷ ᠠᠰᠠᠭᠤᠳᠠᠯ᠎ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ᠎ᠶᠢ ᠪᠦᠭᠦ ᠲᠠᠯ᠎ᠠ᠎ᠪᠠᠷ ᠪᠣᠳᠠᠲᠠᠢᠵᠢᠭᠤᠯᠵᠤ᠂ ᠡᠯ᠎ᠡ ᠱᠠᠲᠤ ᠢᠯᠠᠩᠭᠤᠶ᠎ᠠ ᠬᠣᠰᠢᠭᠤ ᠰᠢᠶᠠᠨ᠎ᠤ ᠱᠠᠲᠤᠨ᠎ᠤ ᠬᠦᠴᠦᠨ᠎ᠢᠶᠡᠨ ᠲᠥᠪᠯᠡᠷᠡᠭᠦᠯᠦᠨ ᠨᠠᠢᠳᠠᠪᠤᠷᠢᠵᠢᠭᠤᠯᠤᠯᠲᠠ᠎ᠶᠢ ᠠᠳᠬᠤᠬᠤ᠂ ᠬᠥᠭᠵᠢᠯᠲᠡ᠎ᠶᠢ ᠲᠥᠯᠥᠪᠵᠢᠭᠦᠯᠬᠦ ᠶ᠋ᠢ ᠱᠠᠯᠠᠪᠳᠠᠭᠤᠯᠬᠤ ᠬᠡᠷᠡᠭᠲᠡᠢ᠃ ᠳᠡᠭᠡᠷ᠎ᠡ ᠳᠣᠣᠷ᠎ᠠ ᠱᠠᠲᠤ ᠬᠣᠯᠪᠤᠭᠠᠯᠠᠨ ᠬᠥᠳᠡᠯᠦᠯᠴᠡᠬᠦ᠂ ᠭᠠᠵᠠᠷ ᠣᠷᠣᠨ ᠬᠣᠯᠪᠤᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠬᠣᠯᠪᠤᠭᠠᠯᠠᠨ ᠬᠥᠳᠡᠯᠦᠯᠴᠡᠬᠦ᠎ᠶᠢ ᠪᠠᠷᠢᠮᠲᠠᠯᠠᠵᠤ᠂ ᠬᠣᠯᠪᠣᠭᠳᠠᠯ ᠪᠦᠬᠦᠢ ᠲᠠᠯ᠎ᠠ᠎ᠶᠢᠨ ᠭᠢᠨ᠎ᠦ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠬᠣᠯᠪᠣᠭᠳᠠᠬᠤ ᠬᠡᠪᠴᠢᠶ᠎ᠡ᠎ᠪᠡᠷ ᠥᠷᠭᠡᠨ ᠠᠵᠢᠯ᠎ᠢ ᠰᠠᠢᠲᠤᠷ ᠬᠢᠬᠦ᠎ᠶᠢ ᠵᠢᠯᠤᠭᠣᠳᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠣᠨ ᠥᠷᠭᠡᠨ ᠣᠯᠠᠨ ᠺᠠᠳ᠋ᠷ᠎ᠤᠨ ᠦᠢᠯᠡᠴᠢᠯᠡᠬᠦ ᠤᠬᠠᠮᠰᠠᠷ᠎ᠢᠶᠠᠨ ᠴᠢᠩᠭᠠᠳᠬᠠᠬᠤ᠎ᠶᠢ ᠬᠥᠲᠥᠯᠥᠨ ᠵᠢᠯᠤᠭᠣᠳᠴᠤ᠂ ᠡᠯ᠎ᠡ ᠲᠥᠷᠥᠯ᠎ᠦᠨ ᠠᠵᠤ ᠠᠬᠤᠢᠯᠠᠯ᠎ᠤᠨ ᠬᠦᠴᠢᠷᠳᠡᠯ᠎ᠢ ᠦᠨᠡᠨ ᠪᠣᠳᠠᠲᠠᠢ᠎ᠪᠠᠷ ᠰᠢᠢᠳᠪᠦᠷᠢᠯᠡᠵᠦ ᠥᠭᠬᠦ ᠬᠡᠷᠡᠭᠲᠡᠢ᠃ ᠡᠯ᠎ᠡ ᠬᠦᠷᠢᠶᠡᠨ᠎ᠦ ᠠᠵᠢᠯ᠎ᠳᠤ ᠴᠥᠮ ᠨᠠᠷᠠᠲᠤ ᠲᠡᠮᠳᠡᠭ ᠡᠭᠦᠳᠴᠦ᠂ ᠠᠭᠤᠷ ᠠᠮᠢᠰᠬᠤᠯ᠎ᠢ ᠪᠤᠶ ᠪᠣᠯᠭᠠᠨ᠂ ᠬᠦᠴᠦᠨ᠎ᠢᠶᠡᠨ ᠲᠥᠪᠯᠡᠷᠡᠭᠦᠯᠦᠨ ᠨᠢᠭᠡ ᠪᠦᠯᠦᠭ ᠲᠠᠭᠠᠰᠢᠶᠠᠭᠳᠠᠮᠠ᠂ ᠨᠡᠷ᠎ᠡ ᠠᠯᠲᠠᠷᠰᠢᠮᠠ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠬᠥᠭᠵᠢᠯᠲᠡ᠎ᠶᠢᠨ ᠰᠢᠨ᠎ᠡ ᠲᠠᠢᠨ᠎ᠦ ᠲᠠᠯᠠᠪᠤᠷ᠎ᠢ ᠱᠠᠯᠠᠪᠳᠠᠨ ᠨᠡᠭᠡᠭᠡᠵᠦ᠂ ᠴᠥᠮ᠎ᠡ᠎ᠶᠢᠨ ᠡᠨᠧᠷᠭᠢ᠂ ᠠᠭᠠᠷ᠎ᠤᠨ ᠲᠡᠭᠡᠭᠡᠪᠦᠷᠢ᠎ᠪᠠᠷ ᠬᠦᠢᠰᠦ ᠪᠤᠯᠭᠠᠬ᠍ᠰᠠᠨ ᠠᠵᠤ ᠠᠬᠤᠢ᠂ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ ᠵᠡᠷᠭᠡ ᠠᠵᠤ ᠦᠢᠯᠡᠰ᠎ᠢ ᠲᠥᠯᠥᠪᠵᠢᠭᠦᠯᠦᠨ ᠪᠠᠢᠷᠢᠰᠢᠭᠤᠯᠬᠤ᠎ᠶᠢ ᠲᠦᠷᠭᠡᠳᠬᠡᠵᠦ᠂ ᠶᠠᠮᠠᠷ ᠰᠢᠨ᠎ᠡ ᠬᠦᠷᠢᠶ᠎ᠡ ᠰᠢᠨ᠎ᠡ ᠤᠷᠤᠯᠳᠤᠭᠠᠨ᠎ᠤ ᠵᠠᠮ᠎ᠳᠤ ᠣᠷᠣᠵᠤ ᠪᠤᠯᠬᠤ ᠶ᠋ᠢ ᠭᠦᠨᠵᠡᠭᠡᠢ ᠰᠤᠳᠤᠯᠵᠤ᠂ ᠬᠢᠵᠦ ᠪᠤᠯᠬᠤ ᠶ᠋ᠢ ᠨᠢ ᠳᠠᠷᠤᠢᠬᠠᠨ ᠬᠢᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃
ᠬᠤᠷᠠᠯ᠎ᠡᠴᠡ᠂ ᠣᠳᠣᠬᠠᠨ᠎ᠳᠤ ᠡᠯ᠎ᠡ ᠵᠦᠢᠯ᠎ᠦᠨ ᠡᠭᠦᠷᠭᠡ ᠬᠦᠨᠳᠦ ᠪᠠᠢᠨ᠎ᠠ᠂ ᠮᠤᠵᠢ᠎ᠶᠢᠨ ᠲᠡᠰ᠎ᠤᠨ ᠤᠳᠤᠷᠢᠳᠬᠤ ᠨᠥᠬᠥᠳ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠢᠭ᠎ᠠ ᠬᠦᠷᠢᠶᠡᠨ᠎ᠳᠠᠬᠢ ᠠᠵᠢᠯ᠎ᠢᠶᠠᠨ ᠴᠢᠩᠭ᠎ᠠ ᠪᠣᠳᠠᠲᠠᠢ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠭᠡᠰᠢᠭᠦᠨ ᠨᠥᠬᠥᠳ ᠳᠠᠭᠠᠭᠠᠴᠢᠯᠠᠨ ᠬᠠᠷᠢᠯᠴᠠᠵᠤ ᠪᠠᠢᠭ᠎ᠠ ᠠᠢᠮᠠᠭ ᠬᠤᠳᠠ᠎ᠳᠠᠭᠠᠨ ᠭᠦᠨᠵᠡᠭᠡᠢᠷᠡᠨ᠂ ᠡᠯ᠎ᠡ ᠭᠠᠵᠠᠷ᠎ᠤᠨ ᠭᠢᠨ᠎ᠦ ᠠᠵᠢᠯ᠎ᠢᠶᠠᠨ ᠰᠠᠢᠲᠤᠷ ᠬᠢᠬᠦ᠎ᠶᠢ ᠱᠠᠯᠠᠪᠳᠠᠭᠤᠯᠤᠨ ᠵᠢᠯᠤᠭᠣᠳᠬᠤ ᠬᠡᠷᠡᠭᠲᠡᠢ᠃ ᠡᠯ᠎ᠡ ᠱᠠᠲᠤᠨ᠎ᠤ ᠭᠢᠨ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠳ᠋ᠦᠩᠨᠡᠵᠦ ᠦᠨᠡᠯᠡᠬᠦ ᠪᠠ ᠳᠠᠷᠠᠭᠠᠴᠢ᠎ᠶᠢᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠠᠳᠬᠤᠵᠤ᠂ ᠵᠢᠱ᠌ᠢᠭᠰᠡᠨ ᠦᠷ᠎ᠡ ᠪᠦᠲᠦᠮᠵᠢ ᠳ᠋ᠦ᠍ ᠬᠦᠷᠬᠦ᠎ᠶᠢ ᠪᠠᠲᠤᠯᠠᠬᠤ ᠬᠡᠷᠡᠭᠲᠡᠢ᠃ ᠪᠦᠭᠦ ᠰᠡᠳᠬᠢᠯ ᠪᠦᠭᠦ ᠬᠦᠴᠦ᠎ᠪᠡᠨ ᠠᠵᠤ ᠠᠬᠤᠢ ᠨᠡᠢᠭᠡᠮ᠎ᠦᠨ ᠬᠥᠭᠵᠢᠯᠲᠡ ᠳᠡᠭᠡᠷ᠎ᠡ ᠲᠠᠯᠪᠢᠵᠤ᠂ ᠡᠷᠴᠢ ᠵᠣᠷᠢᠭ᠋᠎ᠢᠶᠠᠨ ᠬᠥᠪᠴᠢᠯᠡᠨ᠂ ᠪᠦᠭᠦ ᠵᠢᠯ᠎ᠦᠨ ᠬᠠᠷᠠᠯᠲᠠ᠎ᠪᠠᠨ ᠪᠡᠶᠡᠯᠡᠭᠦᠯᠬᠦ᠎ᠪᠡᠷ ᠲᠦᠷᠭᠡᠨ ᠠᠵᠢᠯᠯᠠᠬᠤ ᠬᠡᠷᠡᠭᠲᠡᠢ᠃ ᠬᠣᠯᠪᠣᠭᠳᠠᠯ ᠪᠦᠬᠦᠢ ᠭᠠᠵᠠᠷ ᠣᠷᠣᠨ᠎ᠤ ᠭᠢᠨ ᠦᠶᠡᠷ᠎ᠢ ᠰᠡᠷᠭᠡᠢᠯᠡᠵᠦ ᠭᠠᠮᠰᠢᠭ᠋᠎ᠡᠴᠡ ᠠᠪᠤᠷᠠᠬᠤ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠥᠴᠥᠬᠡᠨ ᠴᠦ᠍ ᠰᠤᠯᠠᠷᠠᠭᠤᠯᠤᠯ ᠦᠭᠡᠢ ᠨᠠᠢᠳᠠᠪᠤᠷᠢᠵᠢᠭᠤᠯᠵᠤ᠂ ᠭᠠᠮᠰᠢᠭ᠋᠎ᠤᠨ ᠳᠠᠷᠠᠭᠠᠬᠢ ᠳᠠᠭᠢᠨ ᠪᠦᠲᠦᠭᠡᠨ ᠪᠠᠢᠭᠤᠯᠬᠤ ᠠᠵᠢᠯ ᠢ᠋ ᠱᠠᠯᠠᠪᠳᠠᠨ ᠥᠷᠨᠢᠭᠦᠯᠵᠦ᠂ ᠭᠠᠮᠰᠢᠭ᠍ᠳᠠᠭᠰᠠᠨ ᠣᠯᠠᠨ ᠲᠦᠮᠡᠨ᠎ᠦ ᠠᠮᠢᠳᠤᠷᠠᠯ᠎ᠢ ᠨᠠᠷᠢᠨ ᠨᠢᠮᠪᠠᠢ ᠰᠠᠢᠲᠤᠷ ᠲᠣᠬᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃