ᠰᠤᠷᠪᠤᠯᠵᠢᠯᠠᠭ᠍ᠴᠢ 9 ᠳ᠋ᠦ᠍ᠭᠡᠷ ᠰᠠᠷ᠎ᠠ᠎ᠶᠢᠨ 4᠎ᠤ ᠡᠳᠦᠷ ᠶᠠᠪᠤᠭᠳᠠᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠤᠨ ᠬᠠᠮᠵᠢᠯᠴᠠᠭᠠᠨ᠎ᠤ ᠠᠵᠢᠯᠯᠠᠭᠠᠨ᠎ᠤ ᠠᠵᠢᠯ᠎ᠢ ᠠᠬᠢᠭᠤᠯᠬᠤ ᠬᠤᠷᠠᠯ᠎ᠠᠴᠠ ᠣᠢᠯᠠᠭᠠᠭᠰᠠᠨ᠎ᠢᠶᠠᠷ᠂ ᠲᠥᠪ᠎ᠤᠨ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ ᠭᠦᠨᠵᠡᠭᠡᠢ ᠬᠠᠮᠵᠢᠯᠴᠠᠭ᠎ᠠ᠎ᠶᠢ ᠥᠪᠥᠷ ᠮᠣᠩᠭᠣᠯ 3 ᠲᠠᠯ᠎ᠠ᠎ᠪᠠᠷ ᠠᠬᠢᠭᠤᠯᠵᠤ᠂ ᠲᠥᠪ᠎ᠦᠨ ᠠᠵᠤ ᠠᠬᠤᠢᠯᠠᠯ᠂ ᠣᠷᠣᠨ ᠨᠤᠲᠤᠭ᠎ᠤᠨ ᠠᠵᠤ ᠠᠬᠤᠢᠯᠠᠯ᠎ᠤᠨ ᠳᠠᠪᠠᠭᠤᠯᠢᠭ᠋᠎ᠢ ᠤᠯᠠᠮ ᠨᠢᠭᠡ ᠠᠯᠬᠤᠮ ᠪᠠᠳᠠᠷᠠᠭᠤᠯᠤᠨ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠬᠠᠮᠲᠤ᠎ᠪᠠᠷ ᠠᠬᠢᠭᠤᠯᠬᠤ ᠪᠣᠯᠣᠨ᠎ᠠ᠃
ᠡᠩ ᠲᠡᠷᠢᠭᠦᠨ᠎ᠳᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠦᠢᠯᠡᠴᠢᠯᠡᠭᠡᠨ᠎ᠦ ᠲᠣᠪᠴᠢᠶ᠎ᠠ ᠲᠦᠷᠦᠭᠦᠯᠡᠨ᠂ ᠠᠵᠤ ᠠᠬᠤᠢᠯᠠᠯ᠎ᠢ ᠲᠤᠰᠠᠯᠠᠬᠤ ᠠᠵᠢᠯᠯᠠᠭᠠᠨ ᠯᠤᠭ᠎ᠠ ᠤᠶᠠᠯᠳᠤᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠵᠤ ᠪᠠᠢᠭᠠᠳ ᠲᠥᠪ᠎ᠦᠨ ᠠᠵᠤ ᠠᠬᠤᠢᠯᠠᠯ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ ᠪᠠᠢᠩᠭᠤᠱᠢᠭᠤᠯᠤᠭ᠍ᠰᠠᠨ ᠵᠣᠯᠭᠠᠭᠤᠯᠵᠤ ᠨᠡᠪᠲᠡᠷᠡᠯᠴᠡᠬᠦ ᠲᠣᠭᠲᠠᠴᠠ᠎ᠶᠢ ᠪᠠᠢᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠣᠶᠠᠷ ᠲᠠᠯ᠎ᠠ᠎ᠶᠢᠨ ᠬᠠᠮᠵᠢᠯᠴᠠᠭᠠᠨ᠎ᠤ ᠳᠤᠮᠳᠠ ᠲᠤᠯᠭᠠᠷᠠᠭᠰᠠᠨ ᠲᠦᠭ᠌ᠵᠢᠷᠡᠯ ᠬᠦᠴᠢᠷᠳᠡᠯ ᠠᠰᠠᠭᠤᠳᠠᠯ᠎ᠢ ᠵᠥᠪᠳᠡᠯᠴᠡᠨ ᠰᠢᠢᠳᠪᠦᠷᠢᠯᠡᠵᠦ᠂ ᠲᠦᠷᠦᠯ ᠵᠦᠢᠯ᠎ᠢ ᠬᠢᠨᠠᠨ ᠵᠦᠪᠱᠢᠶᠡᠷᠡᠬᠦ᠌᠂ ᠬᠦᠴᠦᠨ ᠵᠦᠢᠯ᠎ᠢ ᠪᠠᠲᠤᠯᠠᠬᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠰᠢᠨ᠎ᠡ᠎ᠶᠢ ᠡᠭᠦᠳᠬᠦ᠎ᠶᠢ ᠤᠷᠮᠠᠰᠢᠭᠤᠯᠬᠤ ᠵᠡᠷᠭᠡ ᠲᠠᠯ᠎ᠠ᠎ᠪᠠᠷ ᠬᠠᠮᠵᠢᠯᠴᠠᠭᠠᠨ᠎ᠤ ᠠᠵᠤ ᠠᠬᠤᠢᠯᠠᠯ᠎ᠤᠳ᠎ᠲᠤ ᠵᠦᠢ ᠵᠣᠬᠢᠰᠲᠠᠢ ᠳᠡᠮᠵᠢᠯᠭᠡ ᠬᠠᠩᠭᠠᠵᠤ᠂ ᠡᠯ᠎ᠡ ᠵᠦᠢᠯ᠎ᠦᠨ ᠬᠠᠮᠵᠢᠯᠴᠠᠭᠠᠨ᠎ᠤ ᠡᠭᠦᠷᠭᠡ᠎ᠶᠢ ᠡᠮᠬᠢ ᠵᠢᠷᠤᠮ᠎ᠲᠠᠢ ᠠᠬᠢᠭᠤᠯᠬᠤ᠎ᠶᠢ ᠲᠦᠯᠬᠢᠨ ᠠᠬᠢᠭᠤᠯᠤᠨ᠎ᠠ᠃
ᠳᠠᠷᠠᠭᠠᠯᠠᠪᠠᠯ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠡᠴᠡ ᠲᠥᠪ᠎ᠦᠨ ᠠᠵᠤ ᠠᠬᠤᠢᠯᠠᠯ᠂ ᠣᠷᠣᠨ ᠨᠤᠲᠤᠭ᠎ᠤᠨ ᠠᠵᠤ ᠠᠬᠤᠢᠯᠠᠯ᠎ᠤᠨ ᠪᠣᠳᠠᠲᠠᠢ ᠬᠡᠷᠡᠭᠴᠡᠭᠡ ᠪᠠ ᠬᠠᠮᠲᠤᠷᠠᠯᠴᠠᠭᠠᠨ᠎ᠤ ᠰᠠᠨᠠᠮᠵᠢ᠎ᠶᠢ ᠭᠦᠨᠵᠡᠭᠡᠢ ᠣᠢᠯᠠᠭᠠᠵᠤ᠂ 《ᠨᠢᠭᠡ᠎ᠡᠴᠡ ᠨᠢᠭᠡ᠎ᠳᠦ ᠴᠢᠭ᠌ᠯᠡᠭᠦᠯᠦᠨ》 《ᠴᠡᠭ᠎ᠡᠴᠡ ᠴᠡᠭ᠎ᠲᠦ ᠬᠦᠷᠬᠦ᠌》 ᠨᠠᠷᠢᠯᠢᠭ᠋ ᠣᠨᠣᠴᠠᠲᠠᠢ ᠦᠢᠯᠡᠴᠢᠯᠡᠭᠡ ᠬᠠᠩᠭᠠᠵᠤ᠂ ᠬᠠᠮᠲᠤᠷᠠᠯᠴᠠᠭᠠᠨ᠎ᠤ ᠰᠠᠨᠠᠮᠵᠢ᠎ᠲᠠᠢ ᠪᠠᠢᠬᠤ ᠠᠵᠤ ᠠᠬᠤᠢᠯᠠᠯ ᠬᠢᠭᠡᠳ ᠲᠥᠷᠥᠯ ᠵᠦᠢᠯ᠎ᠢ ᠤᠯᠠᠮ ᠨᠢᠭᠡ ᠠᠯᠬᠤᠮ ᠭᠦᠨᠵᠡᠭᠡᠢ ᠵᠣᠯᠭᠠᠭᠤᠯᠬᠤ᠎ᠶᠢ ᠠᠬᠢᠭᠤᠯᠵᠤ᠂ ᠠᠯᠢ ᠲᠦᠷᠭᠡᠨ᠎ᠢᠶᠡᠷ ᠬᠠᠮᠲᠤ᠎ᠶᠢᠨ ᠲᠠᠨᠢᠯᠲᠠ᠎ᠲᠠᠢ ᠪᠣᠯᠭᠠᠬᠤ᠎ᠶ᠋ᠢᠨ ᠬᠠᠮᠲᠤ ᠵᠥᠪᠯᠡᠯᠴᠡᠭᠡᠷ ᠲᠣᠬᠢᠷᠠᠯᠴᠠᠭᠤᠯᠤᠨ᠎ᠠ; ᠨᠢᠭᠡᠨᠲᠡ ᠵᠦᠪᠯᠡᠯᠴᠡᠭᠡᠷ ᠲᠣᠬᠢᠷᠠᠯᠴᠠᠭ᠍ᠰᠠᠨ ᠬᠠᠮᠵᠢᠯᠴᠠᠭᠠᠨ᠎ᠤ ᠲᠦᠷᠦᠯ ᠵᠦᠢᠯ᠎ᠢ ᠠᠯᠢ ᠲᠦᠷᠭᠡᠨ᠎ᠢᠶᠡᠷ ᠨᠠᠢᠳᠠᠪᠤᠷᠢᠵᠢᠭᠤᠯᠬᠤ᠎ᠶᠢ ᠨᠢ ᠵᠣᠬᠢᠴᠠᠭᠤᠯᠤᠨ ᠠᠬᠢᠭᠤᠯᠵᠤ᠂ ᠪᠡᠯᠡ ᠣᠷᠣᠭᠤᠯᠤᠨ ᠪᠦᠲᠦᠭᠡᠨ ᠪᠠᠢᠭᠤᠯᠵᠤ ᠪᠠᠢᠭ᠎ᠠ ᠲᠦᠷᠦᠯ ᠵᠦᠢᠯ᠎ᠢ ᠠᠯᠢ ᠲᠦᠷᠭᠡᠨ᠎ᠢᠶᠡᠷ ᠦᠢᠯᠡᠳᠪᠦᠷᠢᠯᠡᠭᠦᠯᠵᠦ᠍᠂ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠤᠨ᠎ᠠ᠃
ᠡᠭᠦᠨ᠎ᠦ ᠬᠠᠮᠲᠤ᠂ ᠥᠪᠥᠷ ᠮᠣᠩᠭᠣᠯ᠎ᠦᠨ ᠬᠢᠨ᠎ᠡᠴᠡ ᠲᠥᠪ᠎ᠤᠨ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ ᠬᠠᠮᠵᠢᠯᠴᠠᠬᠤ ᠠᠵᠢᠯᠯᠠᠭᠠᠨ᠎ᠤ ᠳᠤᠮᠳᠠᠬᠢ ᠰᠠᠢᠨ ᠲᠤᠷᠱᠢᠯᠭ᠎ᠠ ᠰᠤᠷᠭᠠᠮᠵᠢ᠂ ᠰᠠᠢᠨ ᠠᠷᠭ᠎ᠠ ᠬᠢᠳᠡᠯ᠂ ᠰᠠᠢᠨ ᠨᠡᠢᠲᠡᠯᠢᠭ ᠵᠢᠱ᠌ᠢᠶ᠎ᠡ᠎ᠶᠢ ᠴᠠᠭ ᠲᠤᠬᠠᠢ᠎ᠳᠤ ᠨᠢ ᠳ᠋ᠦᠩᠨᠡᠨ ᠳᠡᠯᠭᠡᠷᠡᠭᠦᠯᠵᠦ᠍᠂ ᠲᠥᠪ᠎ᠤᠨ ᠪᠠ ᠣᠷᠣᠨ ᠨᠤᠲᠤᠭ᠎ᠤᠨ ᠠᠵᠤ ᠠᠬᠤᠢᠯᠠᠯ᠎ᠤᠨ 《ᠵᠣᠷᠢᠭ᠍ᠲᠠᠢ ᠬᠠᠮᠵᠢᠯᠴᠠᠬᠤ᠂ ᠳᠤᠷᠠᠲᠠᠶ᠎ᠠ ᠬᠠᠮᠵᠢᠯᠴᠠᠬᠤ᠂ ᠬᠠᠮᠵᠢᠯᠴᠠᠵᠤ ᠳᠡᠶ᠋ᠢᠯᠬᠦ》 ᠰᠠᠢᠨ ᠰᠠᠢᠬᠠᠨ ᠣᠷᠴᠢᠨ ᠨᠦᠬᠦᠴᠡᠯ᠎ᠢ ᠪᠦᠬᠦ᠌ ᠨᠡᠢᠭᠡᠮ᠎ᠢᠶᠡᠷ᠎ᠢᠶᠡᠨ ᠬᠠᠯᠠᠮᠵᠢᠯᠠᠨ ᠳᠡᠮᠵᠢᠵᠦ᠍ ᠪᠣᠶ ᠪᠣᠯᠭᠠᠨ᠎ᠠ᠃
ᠣᠢᠯᠠᠭᠠᠭᠰᠠᠨ᠎ᠢᠶᠠᠷ᠂ ᠵᠡᠭᠦᠨ ᠬᠣᠢᠲᠤ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠶᠢᠨ ᠲᠥᠯᠥᠭᠡ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ 2021 ᠣᠨ᠎ᠳᠤ 《ᠵᠡᠭᠦᠨ ᠬᠣᠢᠲᠤ ᠣᠷᠣᠨ᠎ᠳᠤ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭᠠᠨ᠎ᠤ ᠠᠵᠢᠯᠯᠠᠭ᠎ᠠ᠎ᠨᠢ ᠥᠷᠨᠢᠭᠦᠯᠬᠦ ᠲᠤᠬᠠᠢ ᠮᠡᠳᠡᠭᠳᠡᠯ》 ᠪᠠᠭᠤᠯᠭᠠᠵᠠᠢ᠂ ᠠᠵᠢᠯᠯᠠᠭᠠᠨ᠎ᠳᠤ ᠣᠷᠣᠯᠴᠠᠭᠰᠠᠨ ᠮᠤᠵᠢ ᠣᠷᠣᠨ᠎ᠳᠤ ᠵᠡᠭᠦᠨ ᠬᠣᠢᠲᠤ ᠣᠷᠣᠨ᠎ᠤ ᠭᠤᠷᠪᠠᠨ ᠮᠤᠵᠢ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠭᠲᠠᠨ᠎ᠠ᠃ 2021 ᠣᠨ᠎ᠠᠴᠠ ᠨᠠᠭᠠᠰᠢ ᠥᠷᠨᠢᠭᠦᠯᠦᠭᠰᠡᠨ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠤᠨ ᠬᠠᠮᠵᠢᠯᠴᠠᠭᠠᠨ᠎ᠤ ᠠᠵᠢᠯᠯᠠᠭᠠᠨ᠎ᠳᠤ ᠥᠪᠥᠷ ᠮᠣᠩᠭᠣᠯ ᠣᠷᠣᠯᠴᠠᠬᠤ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ 26 ᠠᠵᠤ ᠠᠬᠤᠢᠯᠠᠯ᠂ ᠲᠥᠪ᠎ᠦᠨ 20 ᠠᠵᠤ ᠠᠬᠤᠢᠯᠠᠯ᠎ᠢ ᠪᠠᠭᠲᠠᠭᠠᠭᠰᠠᠨ ᠬᠣᠣᠰᠯᠠᠯ ᠠᠵᠤ ᠠᠬᠤᠢᠯᠠᠯ᠎ᠢ 26 ᠬᠣᠣᠰ ᠪᠦᠷᠢᠯᠳᠦᠭᠦᠯᠵᠦ᠂ ᠥᠪᠥᠷ ᠮᠣᠩᠭᠣᠯ᠎ᠤᠨ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ ᠪᠠ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠡᠨᠡ ᠵᠢᠯ᠎ᠦᠨ 3 ᠳ᠋ᠤᠭᠠᠷ ᠰᠠᠷ᠎ᠠ᠎ᠳᠤ᠂ ᠰᠢᠨ᠎ᠡ ᠨᠢᠭᠡ ᠡᠭᠡᠯᠵᠢ᠎ᠶᠢᠨ ᠲᠥᠪ᠎ᠤᠨ ᠪᠠ ᠣᠷᠣᠨ ᠨᠤᠲᠤᠭ᠎ᠤᠨ ᠵᠠᠭᠤᠨ ᠬᠣᠣᠰ ᠠᠵᠤ ᠠᠬᠤᠢᠯᠠᠯ᠎ᠤᠨ ᠬᠠᠮᠵᠢᠯᠴᠠᠭᠠᠨ᠎ᠤ ᠠᠵᠢᠯᠯᠠᠭ᠎ᠠ᠎ᠨᠢ ᠡᠬᠢᠯᠡᠭᠦᠯᠵᠦ᠂ ᠥᠪᠥᠷ ᠮᠣᠩᠭᠣᠯ᠎ᠤᠨ 24 ᠠᠵᠤ ᠠᠬᠤᠢᠯᠠᠯ ᠪᠠ ᠲᠥᠪ᠎ᠦᠨ 22 ᠠᠵᠤ ᠠᠬᠤᠢᠯᠠᠯ᠎ᠤᠨ ᠳᠠᠭᠠᠯᠲᠠ ᠠᠵᠤ ᠠᠬᠤᠢᠯᠠᠯ ᠬᠠᠮᠵᠢᠯᠴᠠᠭᠠᠨ᠎ᠤ ᠠᠵᠢᠯᠯᠠᠭᠠᠨ᠎ᠳᠤ ᠣᠷᠣᠯᠴᠠᠪᠠ᠃
ᠲᠣᠰ ᠤᠳᠠᠭᠠᠨ᠎ᠤ ᠠᠬᠢᠭᠤᠯᠬᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠪᠦᠯᠦᠭᠯᠡᠯ᠎ᠦᠨ ᠪᠠᠭᠤᠳᠠᠯ᠎ᠤᠨ ᠬᠤᠪᠢᠴᠠᠭ᠎ᠠ ᠡᠵᠡᠮᠳᠡᠬᠦ ᠬᠢᠵᠠᠭᠠᠷᠲᠤ ᠺᠣᠮᠫᠠᠨᠢ ᠬᠢᠭᠡᠳ ᠥᠪᠥᠷ ᠮᠣᠩᠭᠣᠯ᠎ᠤᠨ ᠣᠶ ᠰᠢᠭᠤᠢ᠎ᠶᠢᠨ ᠠᠵᠤ ᠦᠢᠯᠡᠳᠪᠦᠷᠢ᠎ᠶᠢᠨ ᠪᠦᠯᠦᠭᠯᠡᠯ᠂ ᠬᠤᠸᠠ ᠷᠦᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠬᠢᠵᠠᠭᠠᠷᠲᠤ ᠺᠣᠮᠫᠠᠨᠢ᠎ᠶᠢᠨ ᠤᠮᠠᠷᠠᠲᠤ᠎ᠶᠢᠨ ᠬᠤᠪᠢᠶᠠᠷᠢ ᠺᠣᠮᠫᠠᠨᠢ ᠬᠢᠭᠡᠳ ᠥᠪᠥᠷ ᠮᠣᠩᠭᠣᠯ᠎ᠤᠨ ᠡᠨᠧᠷᠭᠢ᠎ᠶᠢᠨ ᠴᠠᠬᠢᠯᠭᠠᠨ ᠭᠠᠷᠭᠠᠬᠤ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠰᠢᠨ᠎ᠡ ᠡᠨᠧᠷᠭᠢ᠎ᠶᠢᠨ ᠬᠢᠵᠠᠭᠠᠷᠲᠤ ᠺᠣᠮᠫᠠᠨᠢ ᠵᠡᠷᠭᠡ ᠲᠥᠪ᠎ᠤᠨ ᠪᠠ ᠣᠷᠣᠨ ᠨᠤᠲᠤᠭ᠎ᠤᠨ 6 ᠬᠣᠣᠰ ᠠᠵᠤ ᠠᠬᠤᠢᠯᠠᠯ ᠬᠠᠮᠲᠤᠷᠠᠯᠴᠠᠭᠠᠨ᠎ᠤ ᠵᠦᠪᠯᠡᠯᠴᠡᠭᠡᠷ ᠲᠣᠬᠢᠷᠠᠯᠴᠠᠵᠤ᠂ ᠬᠠᠮᠲᠤᠷᠠᠯᠴᠠᠭᠠᠨ᠎ᠤ ᠠᠭᠤᠯᠭ᠎ᠠ ᠨᠢ ᠰᠣᠶᠣᠯ ᠵᠢᠭᠤᠯᠴᠢᠯᠠᠯ᠂ ᠰᠢᠨ᠎ᠡ ᠡᠨᠧᠷᠭᠢ᠂ ᠵᠣᠬᠢᠶᠠᠮᠠᠯ ᠣᠶᠣᠨ ᠵᠡᠷᠭᠡ ᠣᠯᠠᠨ ᠬᠦᠷᠢᠶᠡᠨ᠎ᠳᠦ ᠬᠣᠯᠪᠣᠭ᠍ᠳᠠᠭ᠍ᠰᠠᠨ ᠪᠠᠢᠨ᠎ᠠ᠃