ᠤᠰᠤ ᠠᠷᠪᠢᠯᠠᠬᠤ ᠠᠵᠢᠯᠯᠠᠭᠠᠨ   -   ᠠᠵᠢᠯ ᠶᠠᠪᠤᠭ᠍ᠳᠠᠵᠤ ᠪᠤᠢ
ᠣᠷᠳᠣᠰ ᠬᠣᠲᠠ᠎ᠶᠢᠨ ᠥᠨᠳᠥᠷ ᠪᠦᠲᠦᠮᠵᠢᠲᠡᠶ᠎ᠪᠠᠷ ᠤᠰᠤ ᠠᠷᠪᠢᠯᠠᠬᠤ ᠲᠤᠷᠰᠢᠯᠲᠠ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠪᠠ
ᠨᠡᠶ᠋ᠢᠲᠡᠯᠡᠭᠰᠡᠨ ᠴᠠᠭ᠄ 2025-07-30

2025 ᠣᠨ᠎ᠳᠤ᠂ ᠣᠷᠳᠣᠰ ᠬᠣᠲᠠ᠎ᠶᠢᠨ ᠲᠠᠷᠢᠶᠠᠨ ᠭᠠᠵᠠᠷ᠎ᠤᠨ ᠤᠰᠤ ᠠᠷᠪᠢᠯᠠᠬᠤ ᠤᠰᠤᠯᠠᠯᠲᠠ᠎ᠶᠢᠨ ᠲᠤᠬᠠᠢ ᠬᠠᠢᠨ ᠰᠦᠪᠡᠭᠴᠢᠯᠡᠬᠦ ᠲᠤᠷᠰᠢᠯᠲᠠ ᠨᠢᠭᠡᠨᠲᠡ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠪᠠ᠃ ᠭᠣᠣᠯ ᠳᠠᠭᠠᠤ ᠭᠠᠵᠠᠷ ᠣᠷᠣᠨ᠎ᠤ ᠤᠰᠤ ᠠᠷᠪᠢᠯᠠᠬᠤ ᠲᠠᠷᠢᠶᠠᠯᠠᠩ᠎ᠤᠨ 《ᠬᠤᠱᠢᠭᠤᠴᠢ ᠵᠢᠭ᠍ᠰᠠᠭᠠᠯ᠎ᠤᠨ ᠭᠠᠵᠠᠷ》 ᠪᠣᠯᠤᠭᠰᠠᠨ᠎ᠤ ᠬᠤᠪᠢ᠎ᠳᠤ᠂ ᠡᠷᠳᠡᠨᠢ ᠰᠢᠰᠢ ᠪᠣᠯᠣᠨ ᠨᠡᠷᠡᠨ ᠬᠣᠸᠠᠷ᠎ᠤᠨ ᠥᠨᠳᠥᠷ ᠪᠦᠲᠦᠮᠵᠢᠲᠦ ᠤᠰᠤ ᠪᠣᠷᠳᠣᠭᠤᠷ᠎ᠤᠨ ᠲᠤᠷᠰᠢᠯᠲᠠ᠎ᠶᠢᠨ ᠲᠠᠷᠢᠶ᠎ᠠ ᠨᠢ ᠨᠠᠷᠢᠯᠢᠭ᠋ ᠣᠨᠣᠪᠴᠢᠲᠠᠢ ᠬᠡᠮᠵᠢᠶᠡᠵᠢᠭᠦᠯᠦᠭᠰᠡᠨ ᠤᠰᠤᠯᠠᠯᠲᠠ᠎ᠶᠢᠨ ᠲᠣᠭ᠎ᠠ ᠪᠠᠷᠢᠮᠲᠠ᠎ᠪᠠᠷ ᠳᠠᠮᠵᠢᠨ᠂ ᠬᠠᠳᠤᠨ ᠭᠣᠣᠯ᠎ᠤᠨ ᠤᠰᠤᠯᠠᠯᠲᠠ᠎ᠶᠢᠨ ᠣᠷᠣᠨ᠂ ᠭᠠᠩ ᠬᠠᠭᠤᠷᠠᠢ ᠬᠠᠭᠠᠰ ᠭᠠᠩ ᠬᠠᠭᠤᠷᠠᠢ ᠣᠷᠣᠨ᠎ᠳᠤ ᠬᠠᠭᠤᠯᠪᠤᠷᠢᠯᠠᠵᠤ ᠪᠣᠯᠬᠤ ᠦᠢᠯᠡᠳᠦᠯᠭᠡ᠎ᠶᠢᠨ ᠵᠠᠭᠪᠤᠷ᠎ᠢ ᠬᠠᠩᠭᠠᠵᠤ ᠪᠠᠢᠨ᠎ᠠ᠃ 

ᠬᠤᠳᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ᠎ᠢ ᠳᠡᠯᠭᠡᠷᠡᠭᠦᠯᠬᠦ ᠲᠥᠪ᠎ᠤᠨ ᠬᠢᠨ ᠳᠤᠰᠤᠯᠭᠠᠨ ᠤᠰᠤᠯᠠᠬᠤ ᠣᠷᠣᠨ᠎ᠳᠦ ᠤᠯᠠᠨ ᠵᠦᠢᠯ᠎ᠦᠨ ᠤᠰᠤᠨ᠎ᠤ ᠬᠡᠮᠵᠢᠶ᠎ᠡ᠎ᠶᠢᠨ ᠲᠤᠷᠰᠢᠯᠲᠠ᠎ᠶᠢᠨ ᠬᠠᠷᠢᠴᠠᠭᠤᠯᠤᠯ᠎ᠢ ᠲᠣᠬᠢᠷᠠᠭᠤᠯᠵᠠᠢ᠃ ᠤᠰᠤᠨ᠎ᠤ ᠬᠡᠮᠵᠢᠶ᠎ᠡ ᠨᠢ 270 ᠺᠦᠪ ᠮᠧᠲᠷ ᠬᠦᠷᠬᠦ᠌ ᠦᠶᠡᠰ᠂ ᠲᠠᠷᠢᠮᠠᠯ᠎ᠤᠨ ᠣᠷᠭᠣᠯᠲᠠ ᠨᠢ ᠨᠡᠯᠢᠶᠡᠳ ᠰᠠᠢᠨ᠂ ᠤᠷᠭᠤᠮᠠᠯ᠎ᠤᠨ ᠤᠷᠭᠤᠴᠠ ᠨᠢ ᠢᠳᠡᠷᠡᠭᠦᠨ᠂ ᠨᠠᠪᠴᠢ ᠨᠢ ᠨᠣᠮᠢᠨ ᠨᠣᠭᠣᠭᠠᠨ᠂ ᠦᠨᠳᠦᠰᠦ᠎ᠶ᠋ᠢᠨ ᠱᠢᠰᠲ᠋ᠧᠮ ᠨᠢ ᠬᠥᠭᠵᠢᠭᠰᠡᠨ ᠪᠠᠢᠳᠠᠭ᠃ 270 ᠺᠦᠪ ᠮᠧᠲᠷ᠎ᠦᠨ ᠳᠤᠰᠤᠯᠭᠠᠨ ᠤᠰᠤᠯᠠᠬᠤ ᠤᠰᠤᠨ᠎ᠤ ᠬᠡᠮᠵᠢᠶ᠎ᠡ ᠨᠢ ᠲᠠᠷᠢᠮᠠᠯ᠎ᠤᠨ ᠤᠰᠤᠨ᠎ᠤ ᠬᠡᠷᠡᠭᠴᠡᠭᠡ᠎ᠶᠢ ᠨᠡᠯᠢᠶᠡᠳ ᠰᠠᠢᠨ ᠬᠠᠩᠭᠠᠬᠤ᠎ᠶᠢᠨ ᠬᠠᠮᠲᠤ᠂ ᠤᠰᠤᠨ᠎ᠤ ᠡᠬᠢ ᠪᠠᠶᠠᠯᠢᠭ᠋᠎ᠢ ᠥᠨᠳᠥᠷ ᠪᠦᠲᠦᠮᠵᠢᠲᠡᠶ᠎ᠪᠡᠷ ᠠᠰᠢᠭ᠍ᠯᠠᠬᠤ᠎ᠶᠢ ᠪᠡᠶᠡᠯᠡᠭᠦᠯᠵᠦ ᠴᠢᠳᠠᠨ᠎ᠠ ᠭᠡᠳᠡᠭ᠎ᠢ ᠠᠩᠬ᠎ᠠ ᠠᠯᠬᠤᠮ ᠬᠠᠷᠠᠭᠤᠯᠤᠭᠰᠠᠨ ᠪᠠᠢᠨ᠎ᠠ᠃ 

ᠥᠨᠳᠥᠷ ᠪᠦᠲᠦᠮᠵᠢᠲᠡᠶ᠎ᠪᠡᠷ ᠤᠰᠤ ᠠᠷᠪᠢᠯᠠᠬᠤ ᠲᠤᠷᠰᠢᠯᠲᠠ᠎ᠶᠢ ᠳᠡᠯᠭᠡᠷᠡᠭᠦᠯᠬᠦ ᠨᠢ ᠤᠯᠠᠨ ᠲᠠᠯ᠎ᠠ᠎ᠶᠢᠨ᠂ ᠭᠦᠨ ᠳᠠᠪᠬᠤᠷᠭ᠎ᠠ᠎ᠶᠢᠨ ᠴᠢᠬᠤᠯᠠ ᠠᠴᠢ ᠬᠣᠯᠪᠣᠭᠳᠠᠯ᠎ᠲᠠᠢ ᠪᠠᠢᠵᠤ᠂ ᠡᠬᠢ ᠪᠠᠶᠠᠯᠢᠭ᠋ ᠎ᠦᠨ ᠦᠷᠬᠦᠯᠵᠢᠯᠡᠬᠦᠢᠴᠡ ᠠᠱᠢᠭ᠍ᠯᠠᠯᠲᠠ᠎ᠳᠤ ᠬᠣᠯᠪᠣᠭᠳᠠᠬᠤ ᠮᠥᠷᠲᠡᠭᠡᠨ ᠪᠠᠰᠠ ᠠᠵᠤ ᠠᠬᠤᠢ᠎ᠶᠢᠨ ᠬᠥᠭᠵᠢᠯᠲᠡ᠂ ᠠᠮᠢ ᠠᠬᠤᠢ᠎ᠶᠢᠨ ᠬᠠᠮᠠᠭᠠᠯᠠᠯᠲᠠ ᠪᠠ ᠨᠡᠢᠭᠡᠮ᠎ᠦᠨ ᠲᠣᠭᠲᠠᠭᠤᠨ᠎ᠢ ᠨᠥᠯᠥᠭᠡᠯᠡᠵᠦ ᠪᠠᠢᠳᠠᠭ᠂ ᠡᠭᠦᠨ᠎ᠦ ᠭᠣᠣᠯᠳᠠᠯᠭ᠎ᠠ ᠨᠢ ᠮᠡᠷᠭᠡᠵᠢᠯ ᠬᠢᠭᠡᠳ ᠬᠡᠪ ᠵᠠᠭᠪᠤᠷ᠎ᠤᠨ ᠰᠢᠨ᠎ᠡ᠎ᠶᠢ ᠡᠭᠦᠳᠬᠦ᠌᠎ᠪᠡᠷ ᠳᠠᠮᠵᠢᠨ᠂ ᠤᠰᠤᠨ᠎ᠤ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭ᠌ᠴᠡᠭᠡᠨ᠎ᠦ ᠵᠥᠷᠢᠴᠡᠯ᠎ᠢ ᠨᠠᠮᠳᠠᠭᠤᠯᠵᠤ᠂ ᠨᠡᠢᠭᠡᠮ᠎ᠢ ᠪᠣᠬᠢᠷᠲᠤᠯ ᠦᠭᠡᠢ ᠨᠡᠭᠦᠷᠡᠰᠦᠳᠦ᠋ᠷᠦᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠯᠬᠢᠨ ᠠᠬᠢᠭᠤᠯᠬᠤ᠎ᠳᠤ ᠪᠠᠢᠨ᠎ᠠ᠃ ᠲᠤᠷᠰᠢᠯᠲᠠ᠎ᠶᠢᠨ ᠲᠥᠷᠥᠯ ᠵᠦᠢᠯ ᠨᠢ ᠰᠢᠭᠤᠳ ᠢᠯᠡᠷᠬᠡᠢ ᠤᠰᠤ ᠠᠷᠪᠢᠯᠠᠬᠤ ᠦᠷ᠎ᠡ ᠪᠦᠲᠦᠮᠵᠢ᠎ᠪᠡᠷ ᠳᠠᠮᠵᠢᠨ᠂ ᠣᠯᠠᠨ ᠨᠡᠶ᠋ᠢᠲᠡ᠎ᠳᠦ ᠤᠰᠤ ᠠᠷᠪᠢᠯᠠᠬᠤ ᠳᠠᠯᠳᠠ ᠬᠦᠴᠦᠨ᠎ᠢ ᠰᠢᠭᠤᠳ ᠲᠠᠨᠢᠭᠤᠯᠵᠤ᠂ ᠪᠥᠬᠥ ᠨᠡᠢᠭᠡᠮ᠎ᠢᠶᠡᠷ᠎ᠢᠶᠡᠨ ᠤᠰᠤ ᠠᠷᠪᠢᠯᠠᠬᠤ ᠳᠠᠳᠬᠠᠯ᠎ᠢ ᠪᠣᠢ ᠪᠣᠯᠭᠠᠬᠣ᠎ᠶᠢ ᠨᠢ ᠲᠦᠯᠬᠢᠨ ᠠᠬᠢᠭᠤᠯᠵᠤ᠂ ᠣᠷᠳᠣᠰ ᠬᠣᠲᠠ᠎ᠶᠢᠨ ᠤᠰᠤ ᠠᠷᠪᠢᠯᠠᠬᠤ ᠲᠥᠷᠥ᠎ᠶᠢᠨ ᠪᠣᠳᠣᠯᠭ᠎ᠠ ᠲᠣᠭᠲᠠᠭᠠᠬᠤ᠎ᠳᠤ ᠦᠨᠳᠦᠰᠦᠯᠡᠯ ᠬᠠᠩᠭᠠᠵᠤ᠂ ᠤᠰᠤᠨ᠎ᠤ ᠡᠬᠢ ᠪᠠᠶᠠᠯᠢᠭ᠋᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍ ᠪᠣᠯᠣᠨ᠎ᠠ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ