11 ᠰᠠᠷ᠎ᠠ᠎ᠶ᠋ᠢᠨ 11᠎ᠤ᠋ ᠡᠳᠦᠷ᠂ 12᠎ᠤ᠋ᠨ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠠᠯᠠᠱᠠ᠂ ᠤᠯᠠᠭᠠᠨᠴᠠᠪ᠂ ᠡᠷᠢᠶᠡᠨ ᠬᠤᠳᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃
ᠠᠯᠠᠱᠠ ᠠᠢᠮᠠᠭ᠎ᠲᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠠᠮ᠎ᠤᠨ ᠬᠣᠷᠢᠶ᠎ᠠ᠎ᠶᠢᠨ ᠱᠦᠵᠢ ᠵᠢᠶᠠᠨ ᠱᠢᠶᠤᠤ ᠸᠸᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠵᠢᠶᠠᠨ ᠱᠢᠶᠤᠤ ᠸᠸᠨ ᠶᠡᠷᠦᠩᠬᠡᠢ ᠱᠦᠵᠢ ᠰᠢ᠎ᠵᠢᠨ᠎ᠫᠢᠩ᠎ᠦᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦᠳᠠ ᠬᠤᠷᠠᠯ᠎ᠤᠨ 《ᠰᠠᠨᠠᠭᠤᠯᠭ᠎ᠠ》᠎ᠶᠢᠨ ᠲᠣᠭᠣᠷᠢᠨ᠎ᠳᠤ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠳᠤᠮᠳᠠᠳᠤ ᠤᠯᠤᠰ᠎ᠤᠨ ᠮᠠᠶᠢᠭ᠎ᠦᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ ᠱᠢᠰᠲ᠋ᠧᠮ᠎ᠲᠡᠶ ᠦᠬᠦᠯᠡᠵᠦ ᠭᠦᠨᠵᠡᠭᠡᠢ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠭᠣᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠭᠣᠣᠯᠳᠠᠯᠭ᠎ᠠ ᠲᠤᠪᠤᠢ᠌ᠮ᠎ᠠ᠂ ᠭᠦᠨᠵᠡᠭᠡᠢ ᠨᠡᠪᠲᠡᠷᠬᠡᠢ ᠪᠠᠢᠵᠤ᠂ ᠤᠯᠠᠨ᠎ᠢᠶᠠᠷ᠎ᠢᠶᠠᠨ ᠶᠡᠬᠡᠳᠡ ᠤᠷᠮᠠᠰᠢᠨ ᠵᠣᠷᠢᠭ᠍ᠵᠢᠵᠠᠢ᠃
ᠵᠢᠶᠠᠨ ᠱᠢᠶᠤᠤ ᠸᠸᠨ ᠪᠠᠰᠠ ᠠᠯᠠᠱᠠ ᠠᠢᠮᠠᠭ᠎ᠤᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ᠎ᠳᠤ ᠬᠦᠷᠴᠦ᠍᠂ ᠨᠠᠮ᠎ᠤᠨ ᠰᠤᠷᠭᠠᠭᠤᠯᠢ᠎ᠶ᠋ᠢᠨ ᠬᠠᠮᠢᠶ᠎ᠠ ᠪᠦᠬᠦᠢ ᠤᠳᠤᠷᠢᠳᠤᠯᠭ᠎ᠠ᠂ ᠪᠠᠭ᠍ᠰᠢ᠎ᠨᠠᠷ᠎ᠲᠠᠶ ᠨᠢᠭᠤᠷᠳᠠᠨ ᠰᠠᠨᠠᠯ᠎ᠢᠶᠠᠨ ᠰᠣᠯᠢᠯᠴᠠᠪᠠ᠃
ᠤᠯᠠᠭᠠᠨᠴᠠᠪ ᠬᠣᠲᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠦᠨ ᠳᠠᠷᠤᠭ᠎ᠠ᠂ ᠵᠠᠰᠠᠭ᠎ᠤᠨ ᠣᠷᠳᠣᠨ᠎ᠤ ᠰᠤᠳᠤᠯᠬᠤ ᠲᠠᠰᠤᠭ (ᠵᠦᠪᠳᠡᠭᠴᠢ᠎ᠶᠢᠨ ᠲᠠᠰᠤᠭ)᠎ᠤ᠋ᠨ ᠡᠷᠬᠢᠯᠡᠭ᠌ᠴᠢ ᠯᠢ ᠵᠥᠩ ᠺᠠᠢ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠯᠢ ᠵᠥᠩ ᠺᠠᠶ ᠪᠥᠬᠥᠳᠡ ᠬᠤᠷᠠᠯ᠎ᠤᠨ ᠦᠨᠳᠦᠰᠦᠨ ᠪᠠᠢᠳᠠᠯ᠂ ᠨᠠᠮ᠎ᠤᠨ ᠲᠥᠪ ᠬᠣᠷᠢᠶ᠎ᠠ᠎ᠶᠢᠨ 《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢᠨ ᠭᠤᠤᠯ ᠠᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠥᠪᠵᠢᠭᠦᠯᠭᠡ᠎ᠶ᠋ᠢᠨ ᠠᠩᠬ᠎ᠠ ᠠᠯᠬᠤᠮ᠎ᠤᠨ ᠪᠣᠳᠣᠯᠬᠢᠯᠠᠯ ᠵᠡᠷᠭᠡ᠎ᠶ᠋ᠢᠨ ᠲᠣᠭᠣᠷᠢᠨ᠎ᠳᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠪᠥᠬᠥ᠌ ᠲᠠᠯ᠎ᠠ᠎ᠪᠠᠷ ᠤᠬᠠᠭᠤᠯᠤᠨ ᠲᠠᠢᠯᠪᠤᠷᠢᠯᠠᠪᠠ᠃
ᠯᠢ ᠵᠥᠩ ᠺᠠᠶ ᠪᠠᠰᠠ ᠨᠠᠨ ᠳ᠋ᠠ ᠬᠡᠷᠡᠯ ᠴᠠᠬᠢᠯᠭᠠᠨ᠎ᠤ ᠤᠯᠠᠭᠠᠨᠴᠠᠪ᠎ᠤᠨ ᠬᠢᠵᠠᠭᠠᠷᠲᠤ ᠺᠣᠮᠫᠠᠨᠢ᠂ ᠱᠢ ᠵᠢᠢ ᠢᠨᠲ᠋ᠸᠷ ᠰᠦᠯᠵᠢᠶ᠎ᠡ᠎ᠶᠢᠨ ᠤᠯᠠᠭᠠᠨᠴᠠᠪ᠎ᠤᠨ ᠪᠣᠬᠢᠷᠲᠤᠯ ᠥᠬᠡᠶ G ᠸᠠᠲ ᠲᠠᠰ᠎ᠤᠨ AIDC ᠬᠡᠲᠦ ᠤᠶᠤᠨᠲᠤ ᠪᠣᠳᠣᠯᠭ᠎ᠠ᠎ᠶᠢᠨ ᠲᠤᠭᠴᠢ ᠰᠠᠭᠤᠷᠢᠨ᠎ᠳᠤ ᠬᠦᠷᠴᠦ᠍᠂ ᠠᠵᠤ ᠠᠬᠤᠢᠯᠠᠯ᠎ᠤᠨ ᠺᠠᠳ᠋ᠷ ᠠᠵᠢᠯᠲᠠᠨ ᠠᠵᠢᠯᠴᠢᠨ᠎ᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠂ ᠠᠵᠤ ᠦᠶ᠋ᠯᠡᠰ᠎ᠦᠨ ᠪᠠᠢᠷᠢᠱᠢᠭᠤᠯᠤᠯᠲᠠ ᠪᠠ ᠲᠠᠰ ᠳᠠᠪᠱᠢᠬᠦ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠬᠥᠭ᠌ᠵᠢᠯᠲᠡ ᠵᠡᠷᠭᠡ᠎ᠶ᠋ᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠪᠠ᠃
ᠡᠷᠢᠶᠡᠨ ᠬᠣᠲᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠫᠷᠤᠹᠧᠰᠰᠤᠷ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠶᠠᠩ ᠢᠦᠶ ᠴᠧᠩ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠶᠠᠩ ᠢᠦᠢ ᠴᠧᠩ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠪᠠᠷ ᠭᠣᠣᠯᠳᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》ᠦ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠂ ᠶᠡᠷᠦᠩᠬᠡᠢ ᠱᠠᠭᠠᠷᠳᠠᠯᠭ᠎ᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠢ᠎ᠡ᠎ᠶ᠋ᠢᠨ ᠲᠣᠭᠣᠷᠢᠨ᠎ᠳᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠵᠡᠷᠭᠡ᠎ᠡᠴᠡ ᠭᠠᠷᠳᠠᠵᠤ᠂ ᠥᠪᠥᠷ ᠮᠣᠩᠭᠣᠯ᠎ᠤᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠵᠤ᠂ ᠪᠦᠬᠦᠳᠠ ᠬᠤᠷᠠᠯ᠎ᠤᠨ ᠦᠵᠦ᠍ ᠲᠥᠯᠥᠪᠯᠡᠭᠡ ᠪᠣᠯᠤᠨ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠡᠢ᠃
ᠶᠠᠩ ᠢᠦᠢ ᠴᠧᠩ ᠪᠠᠰᠠ ᠡᠷᠢᠶᠡᠨ ᠬᠤᠳᠠ᠎ᠶ᠋ᠢᠨ ᠰᠢ ᠴᠧᠩ ᠨᠡᠢᠭᠡᠮ ᠲᠣᠭᠣᠷᠢᠭ᠎ᠲᠤ ᠬᠦᠷᠴᠦ᠍᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠲᠡᠶ ᠰᠠᠨᠠᠯ᠎ᠢᠶᠠᠨ ᠰᠣᠯᠢᠯᠴᠠᠪᠠ᠃ ᠰᠢ ᠴᠧᠩ ᠨᠡᠢᠭᠡᠮ ᠲᠣᠭᠣᠷᠢᠭ᠎ᠤᠨ ᠲᠤᠤᠷᠵᠢᠯ᠎ᠦᠨ ᠠᠵᠢᠯᠲᠠᠨ ᠯᠢ ᠮᠢᠨ᠂ ᠣᠯᠠᠨ ᠲᠦᠮᠡᠨ᠎ᠦ ᠳᠤᠮᠳᠠ ᠪᠠᠢᠩᠭᠤ ᠭᠦᠨᠵᠡᠭᠡᠢᠷᠡᠨ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠴᠤᠭ᠍ᠯᠠᠭᠤᠯᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠳᠤ ᠴᠠᠭ ᠲᠤᠬᠠᠶ᠎ᠳᠤᠨᠢ ᠬᠠᠷᠢᠭᠤᠯᠲᠠ ᠥᠭ᠌ᠴᠦ᠂ ᠨᠡᠢᠭᠡᠮ ᠲᠣᠭᠣᠷᠢᠭ᠎ᠤᠨ ᠣᠲᠣ᠎ᠶ᠋ᠢᠨ ᠪᠠᠢᠭ᠎ᠠ ᠡᠳ᠋ ᠬᠥᠷᠥᠩᠭᠡ᠎ᠶ᠋ᠢᠨ ᠡᠬᠢ ᠪᠠᠶᠠᠯᠢᠭ᠎ᠢ ᠠᠮᠢᠳᠤᠯᠢᠭ᠍ᠵᠢᠭᠤᠯᠤᠨ ᠰᠠᠢᠲᠤᠷ ᠬᠡᠷᠡᠭ᠌ᠯᠡᠵᠦ᠍᠂ ᠣᠯᠠᠨ ᠲᠦᠮᠡᠨ᠎ᠦ ᠵᠢᠷᠭᠠᠯᠲᠤ ᠲᠥᠷᠥᠭ᠌ᠳᠡᠯ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠦᠨ᠎ᠠ ᠬᠡᠵᠠᠢ᠃