11 ᠳ᠋ᠦ᠍ᠭᠡᠷ ᠰᠠᠷ᠎ᠠ᠎ᠶᠢᠨ 18 ᠤ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠬᠢᠩᠭᠠᠨ ᠠᠢᠮᠠᠭ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠦ ᠬᠦᠷᠴᠦ ᠤᠬᠠᠭᠤᠯᠤᠨ ᠲᠠᠢᠯᠪᠤᠷᠢᠯᠠᠭᠰᠠᠨ ᠪᠥᠭᠡᠳ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ ᠯᠦ᠍ᠭᠡ ᠰᠠᠨᠠᠯ᠎ᠢᠶᠠᠨ ᠰᠣᠯᠢᠯᠴᠠᠪᠠ᠃
ᠬᠢᠩᠭᠠᠨ ᠠᠢᠮᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠶᠢᠨ ᠲᠣᠪᠴᠢᠶᠠᠨ ᠳᠠᠷᠤᠭ᠎ᠠ ᠵᠠᠩ ᠢ ᠮᠢᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠵᠠᠩ ᠢ ᠮᠢᠨ ᠪᠦᠬᠦᠳᠡ ᠬᠤᠷᠠᠯ᠎ᠤᠨ ᠶᠡᠷᠦᠩᠬᠡᠢ ᠪᠠᠢᠳᠠᠯ᠂ ᠴᠢᠬᠤᠯᠠ ᠶᠡᠬᠡ ᠠᠴᠢ ᠬᠣᠯᠪᠣᠭᠳᠠᠯ᠎ᠤᠨ ᠲᠣᠭᠣᠷᠢᠨ᠎ᠳᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠵᠡᠷᠭᠡ ᠲᠠᠯ᠎ᠠ᠎ᠪᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠢᠰᠲᠧᠮ ᠲᠠᠢ ᠲᠣᠳᠣᠷᠬᠠᠢᠯᠠᠨ ᠲᠠᠢᠯᠪᠤᠷᠢᠯᠠᠭᠰᠠᠨ ᠪᠥᠭᠡᠳ ᠭᠦᠨᠵᠡᠭᠡᠢ ᠲᠠᠢᠯᠪᠤᠷᠢᠯᠠᠵᠠᠢ᠃
ᠵᠠᠩ ᠢ ᠮᠢᠨ ᠪᠠᠰᠠ ᠵᠠᠯᠠᠢᠳ ᠬᠣᠰᠢᠭᠤᠨ᠎ᠤ ᠬᠦᠷᠡᠯ ᠪᠠᠯᠭᠠᠰᠤᠨ᠎ᠤ ᠨᠥᠮᠥᠷᠢ ᠭᠠᠴᠠᠭ᠎ᠠ᠎ᠳᠤ ᠬᠦᠷᠴᠦ᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ ᠯᠦ᠍ᠭᠡ ᠨᠢᠭᠤᠷᠳᠠᠨ ᠰᠠᠨᠠᠯ᠎ᠢᠶᠠᠨ ᠰᠣᠯᠢᠯᠴᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠡᠰᠢᠭᠦᠨ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠫᠷᠤᠹᠸᠰᠰᠤᠷ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠳᠡᠳ᠋ ᠵᠠᠬᠢᠷᠤᠯ ᠶᠠᠩ ᠢᠦᠢ ᠴᠧᠩ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠣᠨᠣᠪᠴᠢᠲᠠᠶ ᠡᠵᠡᠮᠰᠢᠵᠦ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠭᠦᠨᠵᠡᠭᠡᠢ ᠣᠢᠯᠠᠭᠠᠬᠤ ᠵᠡᠷᠭᠡ ᠲᠠᠯ᠎ᠠ᠎ᠪᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠢᠰᠲᠧᠮ᠎ᠲᠠᠢ ᠲᠣᠳᠣᠷᠬᠠᠢᠯᠠᠨ ᠥᠭᠦᠯᠡᠪᠡ᠃
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠡᠰᠢᠭᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠵᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠭᠠᠵᠠᠷ᠎ᠤᠨ ᠳᠡᠳ᠋ ᠳᠠᠷᠤᠭ᠎ᠠ ᠸᠠᠩ ᠰᠢᠶᠣᠣ ᠮᠢᠩ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ ᠪᠠ ᠭᠣᠣᠯ ᠬᠠᠷᠠᠯᠲᠠ᠎ᠶᠢ ᠭᠦᠨᠵᠡᠭᠡᠢ ᠣᠢᠯᠠᠭᠠᠨ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠵᠡᠷᠭᠡ᠎ᠶᠢᠨ ᠲᠣᠭᠣᠷᠢᠨ᠎ᠳᠤ ᠪᠦᠬᠦ ᠲᠠᠯ᠎ᠠ᠎ᠪᠠᠷ ᠤᠬᠠᠭᠤᠯᠵᠤ ᠰᠢᠰᠲᠧᠮ᠎ᠲᠠᠢ ᠲᠠᠢᠯᠪᠤᠷᠢᠯᠠᠪᠠ᠃