11ᠳ᠋ᠦ᠍ᠭᠡᠷ ᠰᠠᠷ᠎ᠠ᠎ᠶᠢᠨ 19 ᠤ ᠡᠳᠦᠷ᠂ 20 ᠤ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠨᠢ ᠪᠤᠭᠤᠲᠤ᠂ ᠤᠯᠠᠭᠠᠨᠬᠠᠳᠠ᠂ ᠣᠷᠳᠣᠰ᠂ ᠦᠬᠠᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠪᠠᠢᠭᠤᠯᠭ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃
ᠪᠤᠭᠤᠲᠤ ᠬᠤᠳᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠲᠢᠩᠬᠢᠮ᠎ᠦᠨ ᠳᠠᠷᠤᠭ᠎ᠠ ᠵᠠᠩ ᠸᠧᠨ ᠲᠤᠤ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠪᠦᠬᠦᠳᠡ ᠬᠤᠷᠠᠯᠳᠤᠭᠠᠨ᠎ᠢ ᠬᠤᠷᠠᠯᠳᠤᠭᠤᠯᠤᠭᠰᠠᠨ ᠴᠢᠬᠤᠯᠠ ᠶᠡᠬᠡ ᠠᠴᠢ ᠬᠣᠯᠪᠣᠭᠳᠠᠯ᠂ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭᠠᠨ᠎ᠤ ᠭᠣᠣᠯ ᠠᠭᠤᠯᠭ᠎ᠠ ᠵᠢᠴᠢ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠵᠡᠷᠭᠡ ᠲᠠᠯ᠎ᠠ᠎ᠶᠢᠨ ᠲᠣᠭᠣᠷᠢᠨ᠎ᠳᠤ ᠵᠠᠩ ᠸᠧᠨ ᠲᠣᠣ ᠰᠢᠰᠲᠧᠮ ᠲᠠᠢ ᠲᠠᠢᠯᠪᠤᠷᠢᠯᠠᠵᠤ ᠭᠦᠨᠵᠡᠭᠡᠢ ᠲᠠᠢᠯᠤᠮᠵᠢ ᠬᠢᠵᠡᠢ᠃
ᠵᠠᠩ ᠸᠧᠨ ᠲᠤᠤ ᠪᠠᠰᠠ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠲᠦ ᠬᠦᠷᠴᠦ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠠᠵᠢᠯᠲᠠᠳ᠎ᠤᠨ ᠲᠥᠯᠥᠭᠡᠯᠡᠭᠴᠢ ᠯᠦ᠍ᠭᠡ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ᠎ᠶᠢ ᠡᠭᠦᠳᠬᠦ ᠵᠡᠷᠭᠡ ᠠᠭᠤᠯᠭ᠎ᠠ᠎ᠶᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠪᠠ᠃
ᠤᠯᠠᠭᠠᠨᠬᠠᠳᠠ ᠬᠤᠳᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠳᠠᠷᠤᠭ᠎ᠠ ᠵᠠᠢ ᠶᠢᠩ ᠵᠢᠶᠦ᠋ᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠵᠠᠢ ᠶᠢᠩ ᠵᠢᠶᠦ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠯᠤᠭ᠎ᠠ ᠨᠢᠭ᠍ᠲᠠ ᠤᠶᠠᠯᠳᠤᠭᠤᠯᠤᠨ᠂ ᠪᠥᠬᠥᠳᠡ ᠬᠤᠷᠠᠯᠳᠤᠭᠠᠨ᠎ᠤ ᠬᠤᠷᠠᠯᠳᠤᠭᠤᠯᠤᠭᠰᠠᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠨ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ ᠶᠠᠪᠤᠴᠠ᠎ᠳᠠᠬᠢ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭ᠎ᠠ᠎ᠶᠢᠨ ᠴᠢᠬᠤᠯᠠ ᠪᠠᠢᠷᠢ ᠰᠠᠭᠤᠷᠢ᠎ᠶᠢ ᠣᠨᠣᠪᠴᠢᠲᠠᠶ ᠡᠵᠡᠮᠰᠢᠵᠦ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠭᠦᠨᠵᠡᠭᠡᠢ ᠣᠢᠯᠠᠭᠠᠬᠤ ᠵᠡᠷᠭᠡ ᠲᠠᠯ᠎ᠠ᠎ᠪᠠᠷ ᠰᠢᠰᠲᠧᠮ ᠲᠠᠢ ᠲᠠᠢᠯᠪᠤᠷᠢᠯᠠᠵᠤ ᠭᠦᠨᠵᠡᠭᠡᠢ ᠲᠠᠢᠯᠤᠮᠵᠢ ᠬᠢᠵᠡᠢ᠃
ᠵᠠᠢ ᠶᠢᠩ ᠵᠢᠶᠦ᠋ᠨ ᠪᠠᠰᠠ ᠰᠦᠩᠱᠠᠨ ᠲᠣᠭᠣᠷᠢᠭ᠋᠎ᠤᠨ ᠬᠢᠩᠭᠠᠨ ᠵᠡᠭᠡᠯᠢ ᠭᠤᠳᠤᠮᠵᠢ᠎ᠶᠢᠨ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠋᠎ᠲᠤ ᠬᠦᠷᠴᠦ᠂ ᠨᠡᠢᠭᠡᠮ ᠲᠣᠭᠣᠷᠢᠭ᠋᠎ᠤᠨ ᠠᠵᠢᠯᠲᠠᠳ ᠪᠠ ᠰᠠᠭᠤᠭᠠᠯᠢ ᠠᠷᠠᠳ ᠯᠤᠭ᠎ᠠ ᠠᠵᠢᠯ ᠣᠯᠭᠣᠯᠲᠠ᠎ᠶᠢᠨ ᠦᠢᠯᠡᠴᠢᠯᠡᠭᠡ᠂ ᠠᠵᠢᠯ ᠮᠡᠷᠭᠡᠵᠢᠯ᠎ᠦᠨ ᠤᠷ᠎ᠠ ᠮᠡᠷᠭᠡᠰᠢᠯ᠎ᠦᠨ ᠪᠣᠯᠪᠠᠰᠤᠷᠠᠯ ᠵᠡᠷᠭᠡ ᠠᠭᠤᠯᠭ᠎ᠠ᠎ᠶᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠪᠠ᠃
ᠣᠷᠳᠣᠰ ᠬᠤᠳᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠶᠢᠨ ᠳᠠᠷᠤᠭ᠎ᠠ ᠼᠤᠤ ᠰᠧ ᠶᠠᠩ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠪᠦᠬᠦᠳᠡ ᠬᠤᠷᠠᠯᠳᠤᠭᠠᠨ᠎ᠤ ᠶᠡᠷᠦᠩᠬᠡᠢ ᠪᠠᠢᠳᠠᠯ᠂ ᠴᠢᠬᠤᠯᠠ ᠠᠴᠢ ᠬᠣᠯᠪᠣᠭᠳᠠᠯ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ ᠵᠢᠴᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠬᠡᠷᠬᠢᠨ ᠪᠢᠴᠢᠭᠯᠡᠬᠦ ᠵᠡᠷᠭᠡ ᠠᠭᠤᠯᠭ᠎ᠠ᠎ᠶᠢᠨ ᠲᠣᠭᠣᠷᠢᠨ᠎ᠳᠤ ᠼᠤᠤ ᠰᠧ ᠶᠠᠩ ᠰᠢᠰᠲᠧᠮ ᠲᠠᠢ ᠲᠠᠢᠯᠪᠤᠷᠢᠯᠠᠵᠤ ᠭᠦᠨᠵᠡᠭᠡᠢ ᠲᠠᠢᠯᠤᠮᠵᠢ ᠬᠢᠵᠡᠢ᠃
ᠼᠤᠤ ᠰᠧ ᠶᠠᠩ ᠪᠠᠰᠠ ᠣᠷᠳᠣᠰ ᠬᠤᠳᠠ᠎ᠶᠢᠨ ᠡᠨᠧᠷᠭᠢ᠎ᠶᠢᠨ ᠲᠣᠪᠴᠢᠶ᠎ᠠ᠎ᠳᠤ ᠬᠦᠷᠴᠦ᠂ ᠡᠨᠧᠷᠭᠢ᠎ᠶᠢᠨ ᠰᠢᠰᠲᠧᠮ᠎ᠦᠨ ᠬᠠᠮᠢᠶ᠎ᠠ ᠪᠦᠬᠦᠢ ᠺᠠᠳ᠋ᠷᠴᠤᠳ ᠵᠢᠴᠢ ᠭᠣᠣᠯᠳᠠᠯᠭ᠎ᠠ ᠪᠣᠯᠬᠤ ᠡᠨᠧᠷᠭᠢ᠎ᠶᠢᠨ ᠠᠵᠤ ᠠᠬᠤᠢᠯᠠᠯ᠎ᠤᠨ ᠬᠠᠷᠢᠭᠤᠴᠠᠯᠭᠠᠲᠠᠳ ᠯᠤᠭ᠎ᠠ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃
ᠦᠬᠠᠢ ᠬᠤᠳᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠢᠭᠤᠳ ᠬᠠᠷᠢᠶ᠎ᠠ ᠠᠵᠢᠯ᠎ᠤᠨ ᠪᠠᠢᠩᠭᠤ᠎ᠶᠢᠨ ᠳᠡᠳ᠋ ᠱᠦᠵᠢ ᠰᠦᠨ ᠠᠢ ᠹᠠᠩ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠶᠡᠷᠦᠩᠬᠡᠢ ᠱᠦᠵᠢ ᠰᠢ ᠫᠢᠩ ᠥᠪᠥᠷ ᠮᠣᠩᠭᠣᠯ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠨᠠᠢᠳᠠᠪᠤᠷᠢᠵᠢᠭᠤᠯᠬᠤ ᠲᠣᠭᠣᠷᠢᠨ᠎ᠳᠤ᠂ ᠰᠦᠨ ᠠᠢ ᠹᠠᠩ᠎ᠢᠶᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ ᠪᠡᠶᠡᠯᠡᠭᠦᠯᠬᠦ ᠶᠠᠪᠤᠴᠠ᠎ᠳᠠᠬᠢ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ ᠴᠢᠬᠤᠯᠠ ᠪᠠᠢᠷᠢ ᠰᠠᠭᠤᠷᠢ ᠵᠢᠴᠢ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ᠂ ᠴᠢᠬᠤᠯᠠ ᠠᠷᠭ᠎ᠠ ᠬᠡᠮᠵᠢᠶ᠎ᠡ ᠦᠨᠳᠦᠰᠦᠨ ᠪᠠᠲᠤᠯᠠᠭ᠎ᠠ᠎ᠶᠢ ᠭᠦᠨᠵᠡᠭᠡᠢ ᠲᠣᠳᠣᠷᠬᠠᠢᠯᠠᠨ ᠥᠭᠦᠯᠡᠵᠦ᠂ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠨᠠᠢᠳᠠᠪᠤᠷᠢᠵᠢᠭᠤᠯᠬᠤ ᠥᠪᠡᠷᠲᠡᠭᠡᠨ ᠵᠠᠰᠠᠬᠤ ᠣᠷᠣᠨ᠎ᠤ ᠰᠡᠳᠬᠢᠮᠵᠢ ᠠᠷᠭ᠎ᠠ ᠬᠡᠮᠵᠢᠶ᠎ᠡ᠎ᠶᠢ ᠭᠦᠨᠵᠡᠭᠡᠢ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ ᠨᠢ ᠰᠢᠰᠲᠧᠮ᠎ᠲᠠᠢ ᠪᠦᠬᠦ ᠲᠠᠯ᠎ᠠ᠎ᠶᠢᠨ ᠭᠣᠣᠯᠳᠠᠯᠭ᠎ᠠ᠎ᠶᠢ ᠨᠠᠷᠢᠨ ᠣᠨᠣᠪᠴᠢᠲᠠᠢ ᠢᠯᠡ ᠲᠣᠳᠣ᠌ ᠠᠮᠢᠳᠤᠯᠢᠭ᠋ ᠪᠣᠯᠵᠠᠢ᠃
ᠰᠦᠨ ᠠᠢ ᠹᠠᠩ ᠪᠠᠰᠠ ᠦᠬᠠᠢ ᠬᠤᠳᠠ᠎ᠶᠢᠨ ᠵᠠᠰᠠᠭ ᠵᠠᠬᠢᠷᠭᠠᠨ᠎ᠤ ᠲᠥᠪ᠎ᠲᠦ ᠬᠦᠷᠴᠦ᠂ ᠨᠠᠮ᠎ᠤᠨ ᠠᠵᠢᠯ᠎ᠤᠨ ᠠᠵᠢᠯᠲᠠᠳ ᠯᠤᠭ᠎ᠠ ᠨᠢᠭᠤᠷᠳᠠᠨ ᠶᠠᠷᠢᠯᠴᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠦᠷᠦ ᠰᠤᠳᠤᠯᠬᠤ ᠲᠠᠰᠤᠭ (ᠥᠭᠡᠷᠡᠴᠢᠯᠡᠯᠲᠡ᠎ᠶᠢᠨ ᠠᠯᠪᠠᠨ ᠭᠡᠷ)᠎ᠤᠨ ᠳᠡᠳ᠋ ᠡᠷᠬᠢᠯᠡᠭᠴᠢ ᠶᠠᠩ ᠵᠢᠢ ᠵᠧᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠶᠠᠩ ᠵᠢᠢ ᠵᠧᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠪᠦᠬᠦ ᠲᠠᠯ᠎ᠠ᠎ᠪᠠᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠣᠨᠣᠪᠴᠢᠲᠠᠢ ᠂ ᠤᠯᠤᠰ᠎ᠤᠨ ᠮᠠᠶᠢᠭ᠋᠎ᠤᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠵᠡᠷᠭᠡ ᠲᠠᠯ᠎ᠠ᠎ᠪᠠᠷ ᠰᠢᠰᠲᠧᠮ ᠲᠠᠢ ᠲᠠᠢᠯᠪᠤᠷᠢᠯᠠᠵᠤ ᠭᠦᠨᠵᠡᠭᠡᠢ ᠲᠠᠢᠯᠤᠮᠵᠢ ᠬᠢᠵᠡᠢ᠃