ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠭᠦᠳᠡ ᠬᠤᠷᠠᠯᠳᠤᠭᠠᠨ   -   ᠰᠣᠷᠣᠯᠴᠠᠨ ᠲᠤᠭᠤᠱᠢᠯᠠᠭᠤᠯᠤᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠳᠦ ᠬᠦᠷᠴᠦ ᠤᠬᠠᠭᠤᠯᠤᠨ ᠲᠠᠢᠯᠪᠤᠷᠢᠯᠠᠪᠠ
ᠨᠡᠶ᠋ᠢᠲᠡᠯᠡᠭᠰᠡᠨ ᠴᠠᠭ᠄ 2025-11-28

11 ᠳ᠋ᠦ᠍ᠭᠡᠷ ᠰᠠᠷ᠎ᠠ᠎ᠶᠢᠨ 26 ᠎ᠤ ᠡᠳᠦᠷ᠎ᠡᠴᠡ 27 ᠎ᠤ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠳᠦ ᠬᠦᠷᠴᠦ ᠤᠬᠠᠭᠤᠯᠤᠨ ᠲᠠᠢᠯᠪᠤᠷᠢᠯᠠᠪᠠ᠃ 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠥᠵᠢᠯ᠎ᠦᠨ ᠲᠢᠩᠬᠢᠮ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ᠎ᠶᠢᠨ ᠱᠦᠵᠢ᠂ ᠰᠤᠷᠭᠠᠨ ᠬᠥᠮᠥᠵᠢᠯ᠎ᠦᠨ ᠲᠢᠩᠬᠢᠮ᠎ᠦᠨ ᠳᠠᠷᠤᠭ᠎ᠠ ᠳᠦ ᠬᠤᠢ ᠯᠢᠶᠠᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯᠳᠤᠭᠠᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯᠳᠤᠭᠠᠨ᠎ᠠᠴᠠ ᠰᠤᠷᠭᠠᠨ ᠬᠥᠮᠦᠵᠢᠯ᠎ᠳᠦ ᠣᠯᠭᠣᠭᠰᠠᠨ ᠡᠭᠦᠷᠭᠡ ᠬᠠᠷᠢᠭᠤᠴᠠᠯᠭ᠎ᠠ᠎ᠶᠢ ᠪᠦᠷᠢᠨ ᠪᠦᠲᠦᠨ ᠣᠨᠣᠪᠴᠢᠲᠠᠢ ᠣᠢᠯᠠᠭᠠᠨ ᠡᠵᠡᠮᠰᠢᠵᠦ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ᠎ᠦ ᠲᠤᠭᠤᠰᠢᠯᠠᠭᠤᠯᠤᠨ ᠨᠠᠢᠳᠠᠪᠤᠷᠢᠵᠢᠭᠤᠯᠬᠤ ᠰᠡᠳᠬᠢᠮᠵᠢ ᠠᠷᠭ᠎ᠠ ᠬᠡᠮᠵᠢᠶ᠎ᠡ᠎ᠶᠢ ᠰᠢᠨᠵᠢᠯᠡᠬᠦ ᠤᠬᠠᠭᠠᠨᠴᠢ᠎ᠪᠠᠷ ᠤᠬᠠᠭᠠᠯᠠᠨ ᠲᠥᠯᠥᠪᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠲᠤᠬᠠᠢ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠤᠮᠵᠢ ᠬᠢᠵᠡᠢ᠃ ᠬᠤᠷᠠᠯ᠎ᠢ ᠰᠦᠯᠵᠢᠶ᠎ᠡ᠎ᠪᠡᠷ ᠪᠠ ᠰᠦᠯᠵᠢᠶᠡᠨ᠎ᠡᠴᠡ ᠭᠠᠳᠠᠭᠤᠷᠬᠢ᠎ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠋᠎ᠢᠶᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠳᠦ ᠭᠣᠣᠯ ᠬᠤᠷᠠᠯ᠎ᠤᠨ ᠲᠠᠯᠠᠪᠤᠷ ᠭᠠᠷᠭᠠᠵᠤ᠂ ᠡᠯ᠎ᠡ ᠠᠢᠮᠠᠭ ᠬᠣᠲᠠ᠂ ᠡᠯ᠎ᠡ ᠶᠡᠬᠡ ᠳᠡᠭᠡᠳᠦ ᠰᠤᠷᠭᠠᠭᠤᠯᠢ᠎ᠳᠤ ᠬᠤᠪᠢᠶᠠᠷᠢ ᠬᠤᠷᠠᠯ᠎ᠤᠨ ᠲᠠᠯᠠᠪᠤᠷ ᠲᠣᠬᠢᠷᠠᠭᠤᠯᠪᠠ᠃ ᠲᠤᠬᠠᠢ᠎ᠶᠢᠨ ᠡᠳᠦᠷ᠂ ᠳᠦ ᠬᠣᠶ ᠯᠢᠶᠠᠩ ᠪᠠᠰᠠ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠪᠠᠭ᠍ᠰᠢ ᠰᠤᠷᠤᠭ᠍ᠴᠢᠳ ᠯᠤᠭ᠎ᠠ ᠰᠠᠨᠠᠯ᠎ᠢᠶᠠᠨ ᠰᠣᠯᠢᠯᠴᠠᠪᠠ᠃ 

ᠤᠬᠠᠭᠤᠯᠤᠨ ᠲᠠᠢᠯᠪᠤᠷᠢᠯᠠᠭᠰᠠᠨ ᠨᠢ ᠤᠨᠤᠯ᠎ᠠᠴᠠ ᠦᠢᠯᠡᠳᠦᠯᠭᠡ᠎ᠳᠦ ᠬᠦᠷᠴᠦ᠂ ᠱᠠᠲᠤ ᠱᠠᠲᠤ᠎ᠪᠠᠷ ᠠᠬᠢᠵᠤ᠂ ᠤᠨᠤᠯ᠎ᠤᠨ ᠲᠠᠯ᠎ᠠ᠎ᠪᠠᠷ ᠭᠦᠨᠵᠡᠭᠡᠢ ᠲᠠᠢᠯᠪᠤᠷᠢᠯᠠᠭᠰᠠᠨ᠎ᠢᠶᠠᠷ ᠪᠠᠷᠠᠬᠤ ᠦᠭᠡᠢ ᠪᠠᠰᠠ ᠦᠢᠯᠡᠳᠦᠯᠭᠡ᠎ᠶᠢᠨ ᠳᠤᠮᠳᠠᠬᠢ ᠣᠨᠣᠪᠴᠢᠲᠠᠢ ᠵᠠᠳᠠᠯᠤᠯᠲᠠ ᠬᠢᠵᠦ᠂ ᠵᠢᠭᠠᠨ ᠵᠢᠯᠤᠭᠣᠳᠬᠤ ᠠᠴᠢ ᠬᠣᠯᠪᠣᠭᠳᠠᠯ᠎ᠢᠶᠠᠷ ᠴᠢᠩᠭ᠎ᠠ ᠪᠠᠢᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠭᠠᠵᠠᠷ᠎ᠤᠨ ᠳᠠᠷᠤᠭ᠎ᠠ ᠯᠢᠦ ᠰᠢᠩ ᠴᠧᠩ᠄ 《ᠪᠦᠭᠦᠳᠡ ᠬᠤᠷᠠᠯᠳᠤᠭᠠᠨ᠎ᠢᠶᠠᠷ ᠬᠣᠢᠰᠢᠳᠠ᠎ᠶᠢᠨ ᠲᠠᠪᠤᠨ ᠵᠢᠯ᠎ᠦᠨ ᠰᠤᠷᠭᠠᠨ ᠬᠥᠮᠦᠵᠢᠯ᠎ᠦᠨ ᠬᠦᠴᠦᠷᠬᠡᠭ ᠤᠯᠤᠰ ᠪᠠ ᠰᠤᠷᠭᠠᠨ ᠬᠥᠮᠦᠵᠢᠯ᠎ᠦᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠶᠢᠨ ᠠᠤᠭ᠎ᠠ ᠵᠢᠷᠤᠭ ᠲᠥᠰᠥᠪ᠎ᠢ ᠵᠢᠷᠤᠭᠯᠠᠵᠠᠢ᠂ ᠪᠢ ᠲᠤᠬᠠᠢᠯᠠᠭᠰᠠᠨ ᠠᠵᠢᠯ᠎ᠳᠤ᠎ᠪᠠᠨ ᠰᠠᠭᠤᠷᠢᠯᠠᠵᠤ᠂ 〈ᠠᠷᠪᠠᠨ ᠲᠠᠪᠤᠳᠤᠭᠠᠷ ᠲᠠᠪᠤᠨ ᠵᠢᠯ〉᠎ᠤᠨ ᠰᠤᠷᠭᠠᠨ ᠬᠥᠮᠦᠵᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠲᠤᠭᠤᠷᠪᠢᠵᠤ ᠨᠠᠢᠷᠠᠭᠤᠯᠤᠨ ᠵᠣᠬᠢᠶᠠᠬᠤ ᠠᠵᠢᠯ᠎ᠢᠶᠠᠨ ᠴᠢᠨᠠᠷ ᠰᠠᠢᠲᠠᠢ ᠰᠠᠢᠲᠤᠷ ᠬᠢᠨ᠎ᠡ᠃ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠂ ᠠᠷᠠᠳ ᠲᠦᠮᠡᠨ᠎ᠢ ᠳᠡᠭᠡᠳᠦᠯᠡᠬᠦ᠂ ᠰᠢᠰᠲᠧᠮ᠎ᠲᠠᠢ ᠰᠡᠳᠬᠢᠬᠦ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠂ ᠪᠣᠳᠠᠲᠤ ᠠᠵᠢᠯᠯᠠᠭ᠎ᠠ᠎ᠶᠢ ᠡᠷᠬᠢᠮᠯᠡᠵᠦ ᠦᠢᠯᠡᠳᠦᠯ ᠭᠠᠷᠭᠠᠬᠤ᠎ᠶᠢ ᠪᠠᠷᠢᠮᠲᠠᠯᠠᠵᠤ᠂ ᠮᠠᠨ᠎ᠤ ᠣᠷᠣᠨ᠎ᠤ ᠬᠥᠭᠵᠢᠯᠲᠡ᠎ᠶᠢᠨ ᠰᠠᠭᠤᠷᠢ᠂ ᠲᠤᠯᠭᠠᠷᠠᠵᠤ ᠪᠠᠢᠭ᠎ᠠ ᠪᠠᠢᠳᠠᠯ᠂ ᠬᠠᠷᠠᠯᠲᠠ᠎ᠶᠢᠨ ᠪᠠᠢᠷᠢ ᠲᠣᠭᠲᠠᠭᠠᠯᠲᠠ᠂ ᠡᠬᠢ ᠪᠠᠶᠠᠯᠢᠭ᠋᠎ᠤᠨ ᠳᠠᠪᠠᠭᠤᠯᠢᠭ᠋᠎ᠲᠤ ᠪᠥᠬᠥ ᠲᠠᠯ᠎ᠠ᠎ᠪᠠᠷ ᠵᠠᠳᠠᠯᠤᠨ ᠰᠤᠳᠤᠯᠵᠤ ᠮᠠᠭᠠᠳᠯᠠᠯᠲᠠ ᠬᠢᠵᠦ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠨ᠂ ᠬᠥᠭᠵᠢᠯᠲᠡ᠎ᠶᠢᠨ ᠬᠠᠷᠠᠯᠲᠠ᠎ᠪᠠᠨ ᠵᠦᠢ ᠵᠣᠬᠢᠰᠲᠠᠢ ᠲᠣᠭᠲᠠᠭᠠᠵᠤ᠂ ᠴᠢᠬᠤᠯᠠ ᠶᠡᠬᠡ ᠲᠥᠷᠥᠯ ᠵᠦᠢᠯ ᠪᠠ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠨ᠂ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠭᠠᠨ ᠬᠥᠮᠦᠵᠢᠯ᠎ᠦᠨ ᠬᠦᠷᠢᠶᠡᠨ᠎ᠳᠦ ᠪᠤᠲᠠᠲᠠᠢᠵᠢᠭᠤᠯᠤᠨ ᠦᠨᠳᠦᠰᠦᠯᠡᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠲᠥᠯᠦᠪᠵᠢᠭᠦᠯᠭᠡ᠎ᠶᠢᠨ ᠲᠤᠯᠭᠠᠭᠤᠷᠢᠯᠠᠯ᠎ᠢ ᠪᠠᠲᠤ ᠴᠣᠭᠴᠠᠯᠠᠨ᠎ᠠ᠃》 ᠭᠡᠵᠡᠢ᠃ 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠷᠠᠳᠢᠣ᠋ ᠲᠧᠯᠸᠢᠰ᠎ᠦᠨ ᠲᠣᠪᠴᠢᠶ᠎ᠠ᠎ᠶᠢᠨ ᠳᠠᠷᠤᠭ᠎ᠠ ᠵᠠᠩ ᠢ ᠮᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯᠳᠤᠭᠠᠨ᠎ᠤ ᠴᠢᠬᠤᠯᠠ ᠶᠡᠬᠡ ᠠᠴᠢ ᠬᠣᠯᠪᠣᠭᠳᠠᠯ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠬᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠭᠡᠬᠦ ᠭᠤᠷᠪᠠᠨ ᠲᠠᠯ᠎ᠠ᠎ᠪᠠᠷ ᠰᠢᠰᠲᠧᠮ᠎ᠲᠠᠢ ᠲᠠᠢᠯᠪᠤᠷᠢᠯᠠᠵᠤ ᠭᠦᠨᠵᠡᠭᠡᠢ ᠲᠠᠢᠯᠤᠮᠵᠢ ᠬᠢᠵᠡᠢ᠃ 

ᠪᠦᠬᠦᠶ᠋ᠢᠯᠡ ᠮᠡᠳᠡᠭᠦᠯᠦᠯᠲᠡ᠎ᠶᠢᠨ ᠤᠳᠬ᠎ᠠ ᠰᠠᠨᠠᠭ᠎ᠠ ᠨᠢ ᠲᠣᠳᠣᠷᠬᠠᠢ᠂ ᠥᠭᠦᠯᠡᠯᠲᠡ ᠨᠢ ᠭᠦᠨ ᠭᠦᠨᠵᠡᠭᠡᠢ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠭᠠᠨ ᠵᠢᠯᠤᠭᠣᠳᠬᠤ ᠴᠢᠨᠠᠷ᠎ᠲᠠᠢ ᠪᠠᠢᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ᠎ᠶᠢᠨ ᠲᠤᠰᠬᠠᠢ ᠲᠤᠰᠢᠶᠠᠯᠲᠤ ᠳᠡᠳ᠋ ᠱᠦᠵᠢ ᠰᠢᠤᠸᠠᠢ ᠵᠢᠶᠧ᠄ 《ᠪᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠬᠢᠨᠠᠮᠠᠭᠠᠢ ᠡᠵᠡᠮᠰᠢᠵᠦ᠂ ᠠᠵᠢᠯ᠎ᠤᠨ ᠪᠠᠢᠷᠢ᠎ᠳᠤ᠎ᠪᠠᠨ ᠰᠠᠭᠤᠷᠢᠯᠠᠨ ᠨᠢᠮᠪᠠᠢ ᠠᠵᠢᠯᠯᠠᠵᠤ᠂ 〈ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ〉 ᠡᠭᠦᠷᠭᠡ ᠬᠠᠷᠢᠭᠤᠴᠠᠯᠭ᠎ᠠ᠎ᠪᠠᠷ ᠦᠢᠯᠡᠴᠢᠯᠡᠭᠡ ᠪᠠᠲᠤᠯᠠᠭ᠎ᠠ᠎ᠶᠢᠨ ᠭᠠᠷᠳᠠᠬᠤ ᠴᠡᠭ ᠪᠠ ᠰᠢᠪᠲᠤᠯᠤᠯᠲᠠ᠎ᠶᠢᠨ ᠴᠡᠭ᠎ᠢ ᠣᠨᠣᠪᠴᠢᠲᠠᠢ ᠣᠯᠵᠤ᠂ ᠨᠠᠮ᠎ᠤᠨ ᠪᠠᠢᠭᠤᠯᠤᠯᠲᠠ ᠪᠠ ᠲᠤᠬᠠᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠤᠨ᠂ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ 〈ᠬᠣᠶᠠᠷ ᠬᠠᠯᠬᠠᠪᠴᠢ〉᠂ 〈ᠬᠣᠶᠠᠷ ᠰᠠᠭᠤᠷᠢᠨ〉᠂ 〈ᠨᠢᠭᠡ ᠪᠡᠬᠢᠯᠡᠯᠲᠡ〉 ᠶ᠋ᠢ ᠰᠠᠢᠲᠤᠷ ᠪᠦᠲᠦᠭᠡᠨ ᠪᠠᠶ᠋ᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ᠃》 ᠭᠡᠵᠡᠢ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ