ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ ᠪᠣᠯ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ᠎ᠳᠤ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠣᠢᠷ᠎ᠠ᠎ᠶ᠋ᠢᠨ ᠡᠳᠦᠷ᠎ᠦᠳ᠎ᠲᠦ᠂ ᠪᠥᠬᠥ᠌ ᠣᠷᠣᠨ᠎ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ᠎ᠦᠳ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠭᠠᠷᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠵᠤ ᠪᠠᠢᠨ᠎ᠠ᠃
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠪᠥᠬᠥ᠌ ᠣᠷᠣᠨ᠎ᠤ ᠱᠢᠭᠦᠬᠦ᠌ ᠬᠣᠷᠢᠶ᠎ᠠ᠎ᠶ᠋ᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠭᠡᠵᠦ᠍᠂ ᠲᠡᠰ ᠳᠠᠪᠬᠤᠷᠭ᠎ᠠ ᠬᠤᠪᠢᠶᠠᠨ᠂ ᠪᠦᠬᠦᠨ᠎ᠢ ᠪᠦᠷᠬᠦᠭᠦᠯᠵᠦ᠍ ᠰᠤᠷᠤᠯᠴᠠᠵᠦ᠍ ᠰᠤᠳᠤᠯᠤᠨ ᠶᠠᠷᠢᠯᠴᠠᠬᠤ᠂ ᠪᠣᠯᠪᠠᠰᠤᠷᠠᠭᠤᠯᠬᠤ ᠡᠭᠡᠯᠵᠢᠯᠡᠨ ᠪᠣᠯᠪᠠᠰᠤᠷᠠᠭᠤᠯᠬᠤ ᠠᠵᠢᠯ᠎ᠢ ᠵᠣᠬᠢᠶᠠᠨ ᠪᠠᠢᠭᠤᠯᠵᠦ ᠥᠷᠨᠢᠭᠦᠯᠬᠦ᠌ ᠬᠡᠷᠡᠭ᠌ᠲᠡᠢ᠃ ᠭᠣᠣᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ 《ᠱᠢᠨ᠎ᠡ ᠴᠠᠭ ᠦᠶ᠎ᠡ᠎ᠶ᠋ᠢᠨ ᠱᠢᠭᠦᠨ ᠲᠠᠰᠤᠯᠬᠤ ᠠᠵᠢᠯ᠎ᠢ ᠴᠢᠩᠭᠠᠳᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠰᠠᠨᠠᠯ》᠎ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠱᠢᠭᠦᠨ ᠲᠠᠰᠤᠯᠬᠤ ᠡᠭᠦᠷᠭᠡ ᠴᠢᠳᠠᠪᠬᠢ᠎ᠪᠠᠨ ᠭᠦᠢᠴᠡᠳ ᠪᠠᠳᠠᠷᠠᠭᠤᠯᠵᠤ᠂ ᠴᠢᠨᠠᠷ ᠰᠠᠢᠲᠠᠢ ᠬᠥᠭ᠌ᠵᠢᠯᠲᠡ ᠪᠠ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠌᠎ᠳᠦ ᠬᠠᠤᠯᠢ ᠶᠣᠰᠣᠭᠠᠷ ᠦᠢᠯᠡᠴᠢᠯᠡᠨ ᠪᠠᠲᠤᠯᠠᠵᠤ᠂ ᠣᠨᠣᠪᠴᠢᠲᠠᠢ ᠪᠦᠲᠦᠮᠵᠢᠲᠡᠢ᠂ ᠲᠦᠪ ᠴᠢᠩᠭ᠎ᠠ ᠲᠥᠪ ᠭᠣᠣᠯᠴᠢ᠎ᠪᠠᠷ ᠬᠠᠤᠯᠢ ᠪᠠᠷᠢᠬᠤ ᠦᠢᠯᠡᠴᠢᠯᠡᠭᠡ᠎ᠪᠡᠷ 《ᠠᠷᠪᠠᠨ ᠲᠠᠪᠤᠳᠤᠭᠠᠷ ᠲᠠᠪᠤᠨ ᠵᠢᠯ》᠎ᠤᠨ ᠬᠠᠷᠠᠯᠲᠠ ᠡᠭᠦᠷᠭᠡ᠎ᠶ᠋ᠢ ᠪᠣᠳᠠᠲᠠᠢ ᠨᠠᠷᠢᠯᠢᠭ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠢ᠃ ᠨᠠᠮ᠎ᠢ ᠴᠢᠩᠭ᠎ᠠ ᠬᠠᠮᠢᠶᠠᠷᠴᠤ᠌ ᠴᠠᠭ᠍ᠳᠠᠭ᠎ᠠ᠎ᠶ᠋ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ᠂ ᠡᠷᠴᠢ ᠵᠣᠷᠢᠭ᠎ᠢᠶᠠᠨ ᠬᠥᠪᠴᠢᠯᠡᠨ ᠢᠯᠠᠯᠲᠠ᠎ᠶ᠋ᠢᠨ ᠡᠷᠴᠢᠨ ᠳᠡᠭᠡᠷ᠎ᠡ ᠤᠷᠤᠭ᠍ᠰᠢᠯᠠᠵᠤ᠂ ᠬᠠᠤᠯᠢ ᠴᠠᠭᠠᠵᠠ᠎ᠶ᠋ᠢᠨ ᠱᠢᠭᠦᠨ ᠲᠠᠰᠤᠯᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠲᠠᠰᠤᠷᠠᠯᠳᠠ ᠦᠭᠡᠢ ᠠᠬᠢᠭᠤᠯᠬᠤ ᠬᠡᠷᠡᠭ᠌ᠲᠡᠢ ᠭᠡᠵᠦ ᠱᠠᠭᠠᠷᠳᠠᠪᠠ᠃
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠱᠢᠰᠲ᠋ᠧᠮᠲᠦ ᠰᠡᠳᠭᠢᠬᠦᠢ᠎ᠶ᠋ᠢ ᠪᠠᠷᠢᠮᠲᠠᠯᠠᠵᠤ᠂ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠦᠢᠯᠡᠰ᠎ᠦᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠠᠵᠢᠯ᠎ᠢ ᠨᠠᠷᠢᠨ ᠬᠢᠨᠠᠮᠠᠭᠠᠢ ᠲᠥᠯᠥᠪᠵᠢᠭᠦᠯᠦᠨ ᠲᠦᠷᠭᠡᠳᠭᠡᠨ ᠠᠬᠢᠭᠤᠯᠬᠤ ᠬᠡᠷᠡᠭ᠌ᠲᠡᠢ; ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠢᠳᠡᠪᠬᠢᠲᠡᠢ ᠵᠣᠬᠢᠶᠠᠨ ᠪᠠᠢᠭᠤᠯᠵᠤ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠰᠤᠷᠤᠯᠴᠠᠬᠤ ᠲᠥᠯᠥᠪᠯᠡᠭᠡ ᠪᠠ ᠲᠥᠰᠦᠯ᠎ᠢ ᠨᠠᠷᠢᠨ ᠬᠢᠨᠠᠮᠠᠭᠠᠢ ᠲᠣᠭ᠍ᠲᠠᠭᠠᠵᠤ᠂ ᠬᠠᠮᠲᠤ᠎ᠶ᠋ᠢᠨ ᠰᠤᠷᠤᠯᠴᠠᠯᠭ᠎ᠠ᠂ ᠲᠤᠰᠭᠠᠢ ᠰᠡᠳᠦᠪ᠎ᠢᠶᠡᠷ ᠬᠠᠪᠰᠤᠷᠤᠨ ᠵᠢᠯᠣᠭᠣᠳᠭᠤ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠳᠠᠮᠵᠢᠭᠤᠯᠤᠨ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠢ ᠣᠢᠯᠠᠭᠠᠬᠤ᠎ᠶ᠋ᠢ ᠠᠬᠢᠭᠤᠯᠵᠤ᠂ ᠲᠣᠪᠴᠢᠶᠠᠨ᠎ᠤ ᠱᠢᠰᠲ᠋ᠧᠮ᠎ᠳᠦ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠭᠠᠷᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃ ᠦᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠪᠠᠰᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠨᠣᠮ ᠤᠩᠱᠢᠬᠤ ᠠᠩᠭᠢ ᠡᠷᠬᠢᠯᠡᠵᠦ᠍᠂ ᠲᠤᠰᠭᠠᠶ ᠮᠡᠷᠭᠡᠵᠢᠯᠲᠡᠨ᠎ᠢ ᠤᠷᠢᠵᠤ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠣᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠪᠡᠶ᠎ᠡ᠎ᠶ᠋ᠢᠨ ᠲᠠᠮᠢᠷ᠎ᠤᠨ ᠬᠦᠷᠢᠶᠡᠨ᠎ᠡᠴᠡ ᠭᠠᠷᠴᠤ᠌ ᠪᠡᠶ᠎ᠡ᠎ᠶ᠋ᠢᠨ ᠲᠠᠮᠢᠷ᠎ᠢ ᠦᠵᠡᠵᠦ᠍᠂ ᠪᠡᠶ᠎ᠡ᠎ᠶ᠋ᠢᠨ ᠲᠠᠮᠢᠷ᠎ᠤᠨ ᠠᠵᠢᠯᠲᠠᠨ᠎ᠤ ᠠᠵᠢᠯ᠎ᠤᠨ ᠬᠦᠴᠦᠯᠡᠬᠦ᠌ ᠴᠡᠭ᠎ᠢ ᠣᠨᠣᠪᠴᠢᠲᠠᠶ ᠣᠯᠵᠤ᠂ ᠭᠠᠪᠢᠶ᠎ᠠ ᠪᠠᠢᠭᠤᠯᠬᠤ᠎ᠳᠤ ᠯᠠᠪᠲᠠᠶ ᠪᠢ ᠪᠠᠢᠬᠤ ᠬᠠᠷᠢᠭᠤᠴᠠᠯᠭ᠎ᠠ ᠪᠠ ᠥᠪᠡᠷ᠎ᠢ᠎ᠪᠡᠨ ᠵᠤᠷᠢᠭᠤᠯᠬᠤ ᠰᠥᠰᠥ᠍ ᠵᠣᠷᠢᠭ᠎ᠢᠶᠠᠷ ᠰᠠᠨᠠᠭᠠᠴᠢᠯᠠᠭ᠎ᠠ᠎ᠡᠴᠡ᠎ᠪᠠᠨ ᠪᠠᠷᠢᠮᠵᠢᠶᠠᠯᠠᠨ ᠬᠠᠷᠭᠤᠭᠤᠯᠵᠤ᠂ ᠢᠷᠡᠭᠡᠳᠦᠶ᠎ᠶ᠋ᠢᠨ 5 ᠵᠢᠯ᠎ᠦᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠬᠠᠷᠠᠯᠲᠠ᠂ ᠡᠭᠦᠷᠭᠡ ᠪᠠ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠭᠦᠨᠵᠡᠭᠡᠶ ᠰᠤᠳᠤᠯᠵᠤ᠂ ᠴᠠᠭ ᠬᠤᠭᠤᠴᠠᠭ᠎ᠠ ᠵᠠᠩᠬᠢᠯᠠᠭ᠎ᠠ᠎ᠶᠢᠨ ᠴᠡᠭ ᠪᠠ ᠬᠠᠷᠢᠭᠤᠴᠠᠯᠭ᠎ᠠ᠎ᠶ᠋ᠢᠨ ᠬᠤᠪᠢᠶᠠᠷᠢᠯᠠᠯ᠎ᠢ ᠲᠣᠳᠣᠷᠬᠠᠢᠯᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠡᠶ᠎ᠡ᠎ᠶ᠋ᠢᠨ ᠲᠠᠮᠢᠷ᠎ᠤᠨ ᠱᠢᠰᠲ᠋ᠧᠮ᠎ᠳᠦ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠨ᠎ᠠ ᠭᠡᠵᠦ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ᠎ᠡᠴᠡ᠂ ᠪᠦᠬᠦ᠌ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠱᠢᠰᠲ᠋ᠧᠮ᠎ᠦᠨ ᠬᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢ ᠭᠦᠨᠵᠡᠭᠡᠢ ᠣᠢᠯᠠᠭᠠᠬᠤ ᠬᠡᠷᠡᠭ᠌ᠲᠡᠢ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠣᠳᠣᠬᠠᠨ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠭᠠᠷᠭᠠᠵᠤ᠂ ᠥᠷᠭᠡᠨ ᠣᠯᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠮᠦᠰ᠎ᠢ ᠬᠥᠲᠥᠯᠥᠨ ᠵᠢᠯᠣᠭᠣᠳᠴᠤ᠌ ᠢᠲᠡᠭᠡᠯ ᠵᠣᠷᠢᠭ᠎ᠢᠶᠠᠨ ᠪᠠᠲᠤᠳᠭᠠᠨ᠂ ᠦᠷᠭᠦᠯᠵᠢᠯᠡᠨ ᠲᠡᠮᠡᠴᠡᠵᠦ᠍᠂ ᠴᠢᠨᠠᠷ ᠰᠠᠢᠲᠠᠶ ᠬᠥᠭ᠌ᠵᠢᠯᠲᠡ᠎ᠪᠡᠷ ᠣᠳᠣᠬᠢᠴᠢᠯᠠᠭ᠍ᠰᠠᠨ ᠥᠪᠥᠷ ᠮᠣᠩᠭᠣᠯ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠬᠠᠷᠢᠭᠤᠴᠠᠯᠭ᠎ᠠ ᠡᠭᠦᠷᠭᠡᠯᠡᠬᠦ᠌ ᠬᠡᠷᠡᠭ᠌ᠲᠡᠶ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠡᠷᠡᠭᠦᠯ᠎ᠢᠶᠡᠷ ᠬᠥᠭ᠌ᠵᠢᠬᠦ᠌᠂ ᠴᠢᠨᠠᠷ ᠰᠠᠢᠲᠠᠶ ᠬᠥᠭ᠌ᠵᠢᠬᠦ᠌᠎ᠶ᠋ᠢ ᠠᠬᠢᠭᠤᠯᠬᠤ᠎ᠯᠤᠭ᠎ᠠ ᠤᠶᠠᠯᠳᠤᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠳᠤ ᠦᠶ᠋ᠯᠡᠴᠢᠯᠡᠬᠦ᠌ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠦᠬᠠᠶ ᠬᠣᠲᠠ᠎ᠶ᠋ᠢᠨ ᠨᠠᠮ᠎ᠤᠨ ᠬᠤᠷᠢᠶ᠎ᠠ᠎ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠦᠬᠦᠳᠠ ᠬᠤᠷᠠᠯ᠎ᠤᠨ ᠴᠠᠭ ᠦᠶ᠎ᠡ᠎ᠶ᠋ᠢ ᠵᠠᠭᠠᠭ᠍ᠯᠠᠭ᠍ᠰᠠᠨ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ᠂ ᠪᠦᠬᠦᠳᠠ ᠬᠤᠷᠠᠯ᠎ᠤᠨ ᠠᠯᠪᠠᠨ ᠮᠡᠳᠡᠭᠡ ᠪᠣᠯᠤᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠨᠠᠷᠢᠨ ᠬᠢᠨᠠᠮᠠᠭᠠᠢ ᠰᠤᠳᠤᠯᠤᠨ ᠤᠩᠱᠢᠵᠤ᠂ ᠨᠠᠮ᠎ᠤᠨ ᠲᠥᠪ ᠬᠤᠷᠢᠶ᠎ᠠ᠎ᠵᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠬᠥᠭ᠌ᠵᠢᠯᠲᠡ᠎ᠶ᠋ᠢᠨ ᠲᠤᠬᠠᠢ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠣᠨᠣᠪᠴᠢᠲᠠᠢ ᠤᠢ᠍ᠢᠯᠠᠭᠠᠨ ᠡᠵᠡᠮᠱᠢᠵᠦ᠍᠂ 《ᠬᠣᠶᠠᠷ᠎ᠢ ᠲᠣᠭ᠍ᠲᠠᠭᠠᠭᠰᠠᠨ》᠎ᠢ ᠡᠷᠡᠰ ᠬᠦᠷᠢᠶᠡᠯᠡᠬᠦ᠌᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ᠌ ᠤᠯᠤᠰ ᠲᠦᠷᠦ᠍᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃