ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠭᠦᠳᠡ ᠬᠤᠷᠠᠯᠳᠤᠭᠠᠨ   -   ᠰᠣᠷᠣᠯᠴᠠᠨ ᠲᠤᠭᠤᠱᠢᠯᠠᠭᠤᠯᠤᠶ᠎ᠠ
ᠣᠨᠣᠯ᠎ᠢ ᠰᠣᠨᠣᠰᠪᠤᠷᠢᠲᠠᠢ ᠪᠤᠲᠠᠲᠤ ᠲᠥᠷᠥᠭᠳᠡᠯ ᠲᠡᠢ ᠲᠠᠢᠯᠪᠤᠷᠢᠯᠠᠵᠤ ᠲᠥᠷᠥ᠍᠎ᠶᠢᠨ ᠪᠣᠳᠣᠯᠭ᠎ᠠ᠎ᠶᠢ ᠲᠠᠷᠢᠬᠢᠨ᠎ᠳᠤ ᠬᠠᠳᠠᠩᠰᠢᠭᠤᠯᠤᠨ ᠰᠡᠳᠬᠢᠯ᠎ᠳᠦ ᠰᠠᠭᠤᠭᠳᠠᠭᠤᠯᠵᠤ ᠬᠢᠩᠭᠠᠨ ᠠᠢᠮᠠᠭ ᠲᠦᠩᠯᠢᠶᠣᠤ ᠬᠣᠲᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠣᠨᠴᠠᠯᠢᠭᠳᠦ ᠤᠬᠠᠭᠤᠯᠤᠨ ᠲᠠᠢᠯᠪᠤᠷᠢᠯᠠᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-12-15

ᠤᠢ᠍ᠢᠷ᠎ᠠ᠎ᠶ᠋ᠢᠨ ᠡᠳᠦᠷ᠂ ᠪᠦᠬᠦ᠌ ᠣᠷᠣᠨ᠎ᠤ ᠡᠯ᠎ᠡ ᠭᠠᠵᠠᠷ᠎ᠤᠨ ᠬᠢᠨ ᠤᠯᠠᠨ ᠶᠠᠩᠵᠤ ᠬᠡᠯᠪᠡᠷᠢ᠎ᠶ᠋ᠢᠨ ᠤᠨᠴᠠᠯᠢᠭ ᠪᠦᠬᠦᠢ ᠤᠨᠤᠯ᠎ᠤᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠤᠯᠠᠨ ᠲᠦᠮᠡᠨ᠎ᠤ ᠳᠡᠷᠭᠡᠲᠡ ᠬᠦᠷᠭᠡᠪᠡ᠃

《ᠬᠠᠷᠠᠩᠭ᠎ᠠ ᠬᠡᠩᠭᠡᠷᠭᠡ ᠨᠢᠵᠢᠭᠢᠨᠡᠵᠦ ᠤᠯᠠᠭᠠᠨ ᠲᠤᠭ ᠨᠠᠮᠢᠷᠠᠨ᠎ᠠ᠂ ᠳᠥᠷᠪᠡᠳᠦᠭᠡᠷ ᠪᠦᠬᠦᠳᠡ ᠬᠤᠷᠠᠯ᠎ᠠᠴᠠ ᠪᠠᠶᠠᠷ᠎ᠤᠨ ᠮᠡᠳᠡᠭᠡ ᠳᠠᠮᠵᠢᠭᠤᠯᠵᠤ᠂ ᠤᠯᠤᠰ ᠳᠠᠶᠠᠭᠠᠷ ᠪᠠᠶᠠᠷᠯᠠᠯᠳᠤᠨ ᠬᠥᠭᠡᠷᠦᠯᠳᠦᠨ᠎ᠡ᠂ ᠦᠨᠡᠬᠡᠷ ᠰᠠᠢ᠌ᠨ!》 12 ᠰᠠᠷ᠎ᠠ᠎ᠶ᠋ᠢᠨ 9 ᠤ᠋ ᠡᠳᠦᠷ᠂ ᠬᠢᠩᠭᠠᠨ ᠠᠢᠮᠠᠭ᠎ᠤᠨ ᠤᠯᠠᠭᠠᠨᠬᠣᠲᠠ᠎ᠶ᠋ᠢᠨ ᠲᠢᠶ᠍ᠸ ᠰᠢ ᠵᠡᠭᠡᠯᠢ᠎ᠶ᠋ᠢᠨ ᠨᠠᠮ᠎ᠤᠨ ᠬᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ᠂ ᠢᠷᠠᠭᠤ ᠴᠡᠭᠡᠯᠬᠡᠨ ᠬᠠᠷᠠᠩᠭ᠎ᠠ ᠴᠠᠩ᠎ᠤᠨ ᠲᠠᠭᠤᠨ᠎ᠤ ᠳᠤᠮᠲᠠ ᠬᠠᠩᠭᠢᠨᠠᠮ᠎ᠠ ᠰᠠᠢᠬᠠᠨ ᠠᠶᠠᠯᠭᠤ ᠳᠠᠢ ᠤᠬᠠᠭᠤᠯᠤᠨ ᠳᠠᠢᠯᠪᠤᠷᠢᠯᠠᠯᠳᠠ ᠰᠣᠨᠣᠰᠳᠠᠵᠤ᠂ ᠰᠠᠭᠤᠭᠠᠯᠢ ᠠᠷᠠᠳ᠎ᠤᠨ ᠬᠠᠯᠠᠭᠤᠨ ᠬᠦᠷᠢᠶᠡᠯᠡᠯ᠎ᠢ ᠤᠯᠤᠨ᠎ᠠ᠃ ᠤᠯᠠᠭᠠᠨᠬᠣᠲᠠ᠎ᠶ᠋ᠢᠨ 《ᠠᠰᠢᠭ ᠲᠤᠰᠠ·ᠳᠡᠷᠭᠡᠳᠡᠬᠢ ᠬᠥᠮᠦᠨ》 ᠭᠡᠬᠦ᠌ ᠣᠨᠴᠠᠯᠢᠭ᠎ᠪᠦᠬᠦᠢ ᠤᠬᠠᠭᠤᠯᠤᠨ ᠲᠠᠢᠯᠪᠤᠷᠢᠯᠠᠬᠤ ᠪᠠᠭ᠎ᠠ ᠰᠠᠯᠪᠤᠷᠢ ᠠᠩᠬᠢ᠎ᠶ᠋ᠢᠨ ᠬᠢᠨ ᠤᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠢ ᠤᠷᠠᠯᠢᠭ᠎ᠤ᠋ᠨ ᠬᠡᠯᠪᠡᠷᠢ᠎ᠪᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

《ᠦᠭᠡ᠎ᠨᠢ ᠤᠷᠤᠰᠤᠮ᠎ᠠ ᠰᠠᠢᠬᠠᠨ ᠪᠦᠭᠡᠳ ᠶᠣᠰᠣ ᠤᠴᠢᠷ᠎ᠢ ᠲᠣᠳᠣᠷᠬᠠᠶ ᠶᠠᠷᠢᠵᠤ᠂ ᠬᠡᠯᠡᠵᠦ᠍ ᠪᠠᠢᠭ᠎ᠠ᠎ᠨᠢ ᠪᠦᠷ ᠪᠢᠳᠡᠨ᠎ᠦ ᠬᠠᠯᠠᠮᠵᠢᠯᠠᠵᠤ ᠪᠠᠢᠭ᠎ᠠ ᠶᠠᠪᠤᠳᠠᠯ ᠪᠣᠯᠤᠨ᠎ᠠ᠂ ᠡᠭᠦᠨ᠎ᠳᠦ ᠨᠠᠰᠤᠵᠢᠯ᠎ᠤᠨ ᠠᠰᠠᠷᠠᠮᠵᠢ᠎ᠶ᠋ᠢᠨ ᠡᠮᠴᠢᠯᠡᠭᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠲᠤᠬᠠᠶ ᠲᠠᠢᠯᠪᠤᠷᠢᠯᠠᠯᠲᠠ᠎ᠨᠢ ᠪᠢᠳᠡᠨ᠎ᠢ ᠰᠡᠳᠭᠢᠯ ᠠᠮᠤᠷ ᠪᠣᠯᠭᠠᠪᠠ !》 ᠺᠤᠸᠠᠩ ᠴᠢᠥᠸᠠᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠱᠢᠤᠸᠠᠢ᠎ᠶᠢᠨ ᠲᠤᠬᠯᠠᠯᠲᠠ ᠳᠠᠢᠯᠪᠤᠷᠢᠯᠠᠯᠳᠠ᠎ᠶᠢ ᠰᠤᠨᠤᠰᠤᠬᠰᠠᠨ᠎ᠤ ᠳᠠᠷᠠᠭ᠎ᠠ ᠮᠠᠰᠢ ᠰᠡᠳᠬᠢᠯ ᠬᠦᠳᠡᠯᠦᠨ᠂ ᠡᠢᠮᠦᠷᠬᠦ᠌ ᠬᠡᠯᠪᠡᠷᠢ ᠨᠢ ᠮᠠᠰᠢ ᠠᠮᠢᠳᠤ ᠴᠣᠪᠣᠭᠣᠯᠢᠭ ᠪᠠᠢᠵᠤ᠂ ᠤᠯᠠᠨ ᠲᠦᠮᠡᠨ᠎ᠦ ᠰᠡᠳᠭᠢᠯ᠎ᠦᠨ ᠦᠭᠡ᠎ᠶ᠋ᠢ ᠬᠡᠯᠡᠵᠦ᠍ ᠭᠠᠷᠭᠠᠭ᠍ᠰᠠᠨ᠎ᠢᠶᠠᠷ ᠪᠠᠷᠠᠬᠤ ᠦᠭᠡᠢ᠂ ᠪᠠᠶᠠᠷ ᠪᠠᠶᠠᠰᠤᠯ᠎ᠤᠨ ᠳᠤᠮᠳᠠ ᠤᠯᠠᠨ ᠲᠦᠮᠡᠨ᠎ᠤ ᠨᠠᠮ᠎ᠤᠨ ᠠᠷᠠᠳ᠎ᠲᠤ ᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠲᠤᠬᠠᠢ ᠤᠢᠯᠠᠭᠠᠯᠲᠠ᠎ᠶᠢ ᠬᠦᠨᠵᠡᠬᠡᠢᠷᠡᠬᠦᠯᠵᠡᠢ ᠭᠡᠵᠦ ᠬᠡᠯᠡᠨ᠎ᠠ᠃

ᠣᠢᠷ᠎ᠠ᠎ᠶ᠋ᠢᠨ ᠵᠢᠯ᠎ᠡᠴᠡ ᠨᠠᠭᠠᠰᠢ᠂ ᠤᠯᠠᠭᠠᠨᠬᠣᠲᠠ ᠦᠨᠳᠦᠰᠦᠨ ᠱᠠᠲᠤᠨ᠎ᠤ ᠪᠣᠳᠠᠲᠤ ᠪᠠᠢᠳᠠᠯ᠎ᠳᠤ ᠰᠠᠭᠤᠷᠢᠯᠠᠨ᠂ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠠᠱᠢᠭ ᠲᠤᠰᠠ·ᠳᠡᠷᠭᠡᠳᠡᠬᠢ ᠬᠥᠮᠦᠨ》 ᠭᠡᠬᠦ᠌ ᠣᠨᠣᠯ᠎ᠤᠨ ᠤᠬᠠᠭᠤᠯᠤᠨ ᠲᠠᠢᠯᠪᠤᠷᠢᠯᠠᠬᠤ ᠨᠠᠷᠠᠲᠤ ᠲᠡᠮᠳᠡᠭ᠌ᠲᠦ᠍᠎ᠶ᠋ᠢ ᠨᠠᠷᠢᠨ ᠨᠢᠮᠪᠠᠶ ᠡᠭᠦᠳᠴᠦ᠍᠂ 120 ᠭᠠᠷᠤᠶ ᠦᠨᠳᠦᠰᠦᠨ ᠱᠠᠲᠤᠨ᠎ᠤ ᠤᠬᠠᠭᠤᠯᠤᠨ ᠲᠠᠢᠯᠪᠤᠷᠢᠯᠠᠬᠤ ᠡᠩᠨᠡᠭᠡ᠎ᠶ᠋ᠢ ᠵᠣᠬᠢᠶᠠᠨ ᠪᠠᠢᠭᠤᠯᠵᠤ᠂ ᠮᠢᠩᠭ᠎ᠠ ᠭᠠᠷᠤᠶ ᠤᠬᠠᠭᠤᠯᠤᠨ ᠲᠠᠢᠯᠪᠤᠷᠢᠯᠠᠭ᠍ᠴᠢ᠎ᠶ᠋ᠢ ᠱᠢᠩᠭᠡᠭᠡᠨ ᠠᠪᠴᠠᠶ᠃ ᠲᠡᠳᠡ ᠤᠨᠤᠯ᠎ᠤᠨ ᠤᠬᠠᠭᠤᠯᠤᠨ ᠲᠠᠢᠯᠪᠤᠷᠢᠯᠠᠬᠤ ᠠᠷᠭ᠎ᠠ ᠬᠡᠯᠪᠡᠷᠢ᠎ᠪᠡᠨ ᠱᠢᠨᠡᠴᠢᠯᠡᠵᠦ᠍᠂ 《ᠤᠨᠤᠯ᠎ᠤᠨ ᠤᠬᠠᠭᠤᠯᠤᠨ ᠲᠠᠢᠯᠪᠤᠷᠢᠯᠠᠯᠲᠠ +》 ᠤᠯᠠᠨ ᠡᠰᠢᠲᠦ ᠠᠷᠭ᠎ᠠ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠰᠠᠢ᠌ᠨ ᠳᠤᠷ᠎ᠠ᠎ᠶ᠋ᠢᠨ ᠦᠢᠯᠡᠴᠢᠯᠡᠭᠡ᠂ ᠠᠷᠠᠳ᠎ᠲᠤ ᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠲᠠᠢᠯᠤᠮᠵᠢ᠂ ᠤᠷᠠᠨ ᠰᠠᠢᠬᠠᠨ᠎ᠤ ᠲᠣᠭ᠍ᠯᠠᠯᠲᠠ ᠵᠡᠷᠭᠡ ᠤᠯᠠᠨ ᠵᠦᠢᠯ᠎ᠦᠨ ᠬᠡᠯᠪᠡᠷᠢ᠎ᠵᠢ ᠤᠶᠠᠯᠳᠤᠭᠤᠯᠤᠨ᠂ ᠤᠯᠠᠨ ᠲᠦᠮᠡᠨ᠎ᠦ ᠬᠠᠷᠠᠭᠠᠰᠤ᠎ᠠᠴᠠ ᠡᠭᠦᠰᠴᠦ᠍᠂ ᠡᠩ᠎ᠦᠨ ᠦᠭᠡ᠎ᠪᠡᠷ ᠶᠣᠰᠣ ᠤᠴᠢᠷ᠎ᠢ ᠵᠠᠳᠠᠯᠵᠤ᠂ ᠳᠡᠷᠭᠡᠳᠡᠬᠢ ᠶᠠᠪᠤᠳᠠᠯ᠎ᠢᠶᠠᠷ᠎ᠢᠶᠠᠨ ᠳᠡᠷᠭᠡᠳᠡᠬᠢ ᠬᠥᠮᠦᠰ᠎ᠢᠶᠡᠨ ᠰᠤᠷᠭᠠᠪᠠ᠃ ᠣᠳᠣᠬᠠᠨ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠣᠷᠢᠨ᠎ᠳᠤ᠂ 《ᠠᠰᠢᠭ ᠲᠤᠰᠠ·ᠳᠡᠷᠭᠡᠳᠡᠬᠢ ᠬᠥᠮᠦᠨ》 ᠤᠬᠠᠭᠤᠯᠤᠨ ᠲᠠᠢᠯᠪᠤᠷᠢᠯᠠᠬᠤ ᠪᠠᠭ᠎ᠠ ᠰᠠᠯᠪᠤᠷᠢ ᠠᠩᠭᠢ᠎ᠨᠢ ᠨᠢᠭᠡᠨᠲᠡ 1170 ᠭᠠᠷᠤᠶ ᠲᠠᠯᠠᠪᠠᠶ ᠤᠨᠴᠠᠯᠢᠭᠳᠦ ᠤᠬᠠᠭᠤᠯᠤᠨ ᠲᠠᠢᠯᠪᠤᠷᠢᠯᠠᠯᠲᠠ ᠥᠷᠨᠢᠭᠦᠯᠵᠦ᠍᠂ 4.3 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠪᠡ᠃

12 ᠰᠠᠷ᠎ᠠ᠎ᠶ᠋ᠢᠨ 10 ᠎ᠤ᠋ ᠦᠳᠡ᠎ᠶ᠋ᠢᠨ ᠡᠮᠦᠨ᠎ᠡ᠂ ᠲᠦᠩᠯᠢᠶᠣᠤ ᠬᠤᠳᠠ᠎ᠶ᠋ᠢᠨ ᠵᠠᠷᠤᠳ ᠬᠣᠱᠢᠭᠤᠨ᠎ᠤ ᠪᠤᠯᠤᠩ ᠭᠠᠴᠠᠭ᠎ᠠ᠎ᠵᠢᠨ ᠲᠣᠰᠭᠣᠨ᠎ᠤ ᠠᠷᠠᠳ ᠎ᠬᠤᠩ ᠭᠸ᠎ᠵᠢᠨ ᠭᠡᠷ᠎ᠲᠤ ᠬᠦᠷ ᠬᠥᠭ᠌ᠵᠢᠶᠡᠨ᠎ᠢᠶᠡᠷ ᠪᠢᠯᠬᠠᠵᠤ᠂ ᠬᠥᠷᠰᠢ ᠰᠠᠭᠠᠬᠠᠯᠲᠠ᠎ᠶ᠋ᠢᠨ ᠬᠢᠨ ᠨᠢᠭᠡ ᠳᠣᠣᠷ᠎ᠠ ᠴᠤᠭ᠍ᠯᠠᠷᠠᠨ ᠰᠠᠭᠤᠵᠤ᠂ ᠤᠨᠴᠠᠯᠢᠭᠳᠦ ᠤᠬᠠᠭᠤᠯᠤᠨ ᠲᠠᠢᠯᠪᠤᠷᠢᠯᠠᠯᠲᠠ ᠬᠢᠪᠡ᠃ 《ᠨᠤᠲᠤᠭ᠎ᠤᠨ ᠠᠶᠠᠯᠭᠤ᠎ᠪᠠᠷ ᠶᠣᠰᠣ ᠶᠠᠷᠢᠬᠤᠢ》 ᠰᠠᠢ᠌ᠨ ᠳᠤᠷ᠎ᠠ᠎ᠶᠢᠨ ᠦᠢᠯᠡᠴᠢᠯᠡᠭᠡᠨ᠎ᠦ ᠤᠬᠠᠭᠤᠯᠤᠨ ᠲᠠᠢᠯᠪᠤᠷᠢᠯᠠᠬᠤ ᠪᠠᠭ᠎ᠠ ᠰᠠᠯᠪᠤᠷᠢ ᠠᠩᠬᠢ᠎ᠶ᠋ᠢᠨ ᠪᠦᠷᠢᠯᠳᠦᠬᠦᠨ ᠰᠦᠨ ᠴᠢᠶᠠᠩ ᠴᠠᠷᠭᠢᠯ ᠬᠣᠯᠪᠣᠭ᠎ᠠ ᠶᠠᠷᠢᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠣᠰᠭᠣᠨ᠎ᠤ ᠠᠷᠠᠳ᠎ᠤᠨ ᠠᠩᠬᠠᠷᠴᠤ᠌ ᠪᠠᠢᠭ᠎ᠠ ᠡᠮ ᠡᠮᠨᠡᠯᠭᠡ᠎ᠶ᠋ᠢᠨ ᠳᠠᠭᠠᠳᠭᠠᠯ᠎ᠤᠨ ᠲᠠᠩᠰᠠ ᠲᠠᠢᠯᠬᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠣᠷᠣᠯᠠᠭᠤᠯᠭ᠎ᠠ᠎ᠶ᠋ᠢᠨ ᠵᠠᠮ ᠵᠡᠷᠭᠡ ᠠᠭᠤᠯᠭ᠎ᠠ᠎ᠲᠠᠶ ᠤᠶᠠᠯᠳᠤᠭᠤᠯᠵᠤ᠂ ᠤᠨᠤᠯ᠎ᠤᠨ ᠤᠬᠠᠭᠤᠯᠤᠨ ᠲᠠᠢᠯᠪᠤᠷᠢᠯᠠᠯᠲᠠ᠎ᠶ᠋ᠢ ᠰᠣᠨᠢᠷᠬᠠᠯᠲᠠᠢ ᠪᠥᠭᠡᠳ ᠦᠨᠡᠨ ᠪᠤᠲᠠᠲᠠᠢ ᠪᠣᠯᠭᠠᠪᠠ᠃

《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ ᠨᠢ ᠤᠯᠠᠨ ᠲᠦᠮᠡᠨ᠎ᠲᠡᠶ ᠮᠠᠰᠢ ᠣᠢᠷᠠᠳᠴᠤ᠌᠂ ᠤᠯᠠᠨ ᠲᠦᠮᠡᠨ᠎ᠦ ᠠᠩᠬᠠᠷᠴᠤ᠌ ᠪᠠᠢᠭ᠎ᠠ ᠶᠠᠪᠤᠳᠠᠯ᠎ᠢ ᠶᠠᠷᠢᠵᠠᠢ᠃ ᠡᠢᠮᠦ᠍ ᠰᠠᠢᠨ ᠲᠥᠷᠥ᠎ᠶ᠋ᠢᠨ ᠪᠣᠳᠣᠯᠭ᠎ᠠ ᠪᠠᠶ᠋ᠢᠪᠠᠯ᠂ ᠪᠢᠳᠡᠨ᠎ᠦ ᠠᠮᠢᠳᠤᠷᠠᠯ ᠯᠠᠪᠲᠠᠶ ᠤᠯᠠᠮ ᠰᠠᠢᠨ ᠪᠣᠯᠤᠨ᠎ᠠ !》 ᠬᠡᠵᠦ ᠬᠤᠩ ᠬᠸ ᠪᠣᠯᠤᠨ ᠨᠤᠲᠤᠭ᠎ᠤᠨ ᠠᠬ᠎ᠠ ᠳᠡᠭᠦᠦ᠍᠎ᠨᠡᠷ ᠪᠠᠢᠨ ᠳᠠᠬᠢᠨ ᠮᠠᠭ᠍ᠲᠠᠨ ᠰᠠᠢᠱᠢᠶᠠᠵᠤ ᠪᠠᠢᠯ᠎ᠠ᠃ ᠲᠣᠰ ᠤᠳᠠᠭᠠᠨ᠎ᠤ《ᠨᠤᠲᠤᠭ᠎ᠤᠨ ᠠᠶᠠᠯᠭᠤ᠎ᠪᠠᠷ ᠶᠤᠰᠤ ᠶᠠᠷᠢᠬᠤᠢ》 ᠰᠠᠢᠨ ᠳᠤᠷ᠎ᠠ᠎ᠶᠢᠨ ᠦᠶ᠋ᠯᠡᠴᠢᠯᠡᠭᠡᠨ᠎ᠦ ᠤᠬᠠᠭᠤᠯᠤᠨ ᠲᠠᠢᠯᠪᠤᠷᠢᠯᠠᠬᠤ ᠪᠠᠭ᠎ᠠ ᠰᠠᠯᠪᠤᠷᠢ ᠠᠩᠭᠢ᠎ᠨᠢ ᠣᠨᠣᠯ᠎ᠤᠨ ᠭᠤᠤᠯᠯᠠᠭ᠍ᠴᠢ ᠬᠦᠴᠦᠨ᠂ ᠤᠯᠠᠭᠠᠨᠮᠥ᠋ᠴᠢᠷ᠎ᠦᠨ ᠭᠡᠱᠢᠭᠦᠨ᠂ ᠭᠠᠴᠠᠭᠠᠨ᠎ᠤ ᠺᠠᠳ᠋ᠷ᠎ᠢᠶᠠᠷ ᠪᠦᠷᠢᠯᠳᠦᠵᠦ᠍᠂ 《ᠣᠨᠣᠯ᠎ᠤᠨ ᠲᠠᠢᠯᠤᠮᠵᠢ + ᠴᠠᠷᠭᠢᠯ ᠬᠣᠯᠪᠣᠭ᠎ᠠ + ᠳᠠᠭᠤᠤ ᠪᠥᠵᠢᠭ᠎ᠦᠨ ᠲᠣᠭ᠍ᠯᠠᠯᠲᠠ》᠎ᠶᠢᠨ ᠣᠨᠴᠠᠯᠢᠭᠳᠦ ᠤᠬᠠᠭᠤᠯᠤᠨ ᠲᠠᠢᠯᠪᠤᠷᠢᠯᠠᠬᠤ ᠵᠠᠭ᠍ᠪᠤᠷ᠎ᠢᠶᠠᠷ ᠳᠠᠮᠵᠢᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠤ ᠪᠣᠳᠠᠲᠤ ᠪᠠᠢᠳᠠᠯ᠂ ᠣᠯᠠᠨ ᠲᠦᠮᠡᠨ᠎ᠦ ᠠᠮᠢᠳᠤᠷᠠᠯ᠎ᠲᠠᠶ ᠨᠢᠭ᠍ᠲᠠ ᠤᠶᠠᠯᠳᠤᠭᠤᠯᠵᠤ᠂ 《ᠪᠢᠴᠢᠭ᠎ᠦᠨ ᠬᠡᠯᠡ》᠎ᠶᠢ 《ᠶᠠᠷᠢᠶᠠᠨ᠎ᠤ ᠬᠡᠯᠡ》 ᠪᠤᠯᠭᠠᠵᠦ᠂ 《ᠶᠡᠬᠡ ᠶᠣᠰᠣ》᠎ᠶᠢ 《ᠠᠷᠠᠳ᠎ᠤᠨ ᠠᠮᠢᠳᠤᠷᠠᠯ᠎ᠲᠠᠶ ᠣᠢᠷᠠᠲᠤᠭᠤᠯᠵᠤ》᠂ ᠨᠠᠮ᠎ᠤᠨ ᠱᠢᠨ᠎ᠡ᠎ᠶ᠋ᠢ ᠡᠭᠦᠳᠦᠭᠰᠡᠨ ᠣᠨᠣᠯ᠎ᠢ ᠰᠣᠨᠣᠰᠪᠤᠷᠢᠲᠠᠶ ᠪᠦᠭᠡᠳ ᠪᠤᠲᠠᠳᠦ ᠲᠥᠷᠥᠭ᠌ᠳᠡᠯ ᠲᠠᠢ ᠪᠤᠯᠭᠠᠵᠦ᠂ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠬᠥᠮᠦᠰ᠎ᠦᠨ ᠲᠠᠷᠢᠬᠢᠨ᠎ᠳᠤ ᠬᠠᠳᠠᠩᠰᠢᠭᠤᠯᠵᠦ ᠰᠡᠳᠭᠢᠯ᠎ᠳᠦ ᠰᠠᠭᠤᠬᠳᠠᠭᠤᠯᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ