ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠭᠦᠳᠡ ᠬᠤᠷᠠᠯᠳᠤᠭᠠᠨ   -   ᠰᠣᠷᠣᠯᠴᠠᠨ ᠲᠤᠭᠤᠱᠢᠯᠠᠭᠤᠯᠤᠶ᠎ᠠ
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠮᠥᠩᠭᠥᠨ ᠭᠦᠢᠯᠭᠡᠭᠡᠨ᠎ᠦ ᠠᠵᠢᠯ᠎ᠤᠨ ᠠᠯᠪᠠᠨ ᠭᠡᠷ (ᠮᠥᠩᠭᠥᠨ ᠭᠦᠢᠯᠭᠡᠭᠡᠨ᠎ᠦ ᠠᠵᠢᠯ᠎ᠤᠨ ᠬᠣᠷᠢᠶ᠎ᠠ) ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ
ᠨᠡᠶ᠋ᠢᠲᠡᠯᠡᠭᠰᠡᠨ ᠴᠠᠭ᠄ 2025-12-02

12 ᠳ᠋ᠤᠭᠠᠷ ᠰᠠᠷ᠎ᠠ᠎ᠶᠢᠨ 1᠎ᠦ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠮᠥᠩᠭᠥᠨ ᠭᠦᠢᠯᠭᠡᠭᠡᠨ᠎ᠦ ᠠᠵᠢᠯ᠎ᠤᠨ ᠠᠯᠪᠠᠨ ᠭᠡᠷ (ᠮᠥᠩᠭᠥᠨ ᠭᠦᠢᠯᠭᠡᠭᠡᠨ᠎ᠦ ᠠᠵᠢᠯ᠎ᠤᠨ ᠬᠣᠷᠢᠶ᠎ᠠ)᠂ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ᠃ 

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠮᠥᠩᠭᠥᠨ ᠭᠦᠢᠯᠭᠡᠭᠡᠨ᠎ᠦ ᠠᠵᠢᠯ᠎ᠤᠨ ᠠᠯᠪᠠᠨ ᠭᠡᠷ (ᠮᠥᠩᠭᠥᠨ ᠭᠦᠢᠯᠭᠡᠭᠡᠨ᠎ᠦ ᠠᠵᠢᠯ᠎ᠤᠨ ᠬᠣᠷᠢᠶ᠎ᠠ)᠎ᠲᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠵᠠᠬᠢᠷᠤᠯ ᠭᠤᠤ ᠯᠢ ᠫᠢᠩ ᠭᠣᠣᠯᠳᠠᠭᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠬᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ ᠪᠠ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢ ᠭᠦᠨᠵᠡᠭᠡᠢ ᠣᠢᠯᠠᠭᠠᠨ᠂ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ ᠵᠡᠷᠭᠡ ᠲᠠᠯ᠎ᠠ᠎ᠪᠠᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠢᠰᠲᠧᠮ᠎ᠲᠠᠢ ᠲᠣᠳᠣᠷᠬᠠᠢᠯᠠᠨ ᠥᠭᠦᠯᠡᠵᠦ ᠭᠦᠨᠵᠡᠭᠡᠢ ᠲᠠᠢᠯᠤᠮᠵᠢ ᠬᠢᠪᠡ᠃ 

ᠮᠡᠳᠡᠭᠦᠯᠦᠯᠲᠡ᠎ᠶᠢᠨ ᠵᠣᠭᠰᠣᠴᠠ ᠨᠢ ᠥᠨᠳᠥᠷ᠂ ᠠᠭᠤᠯᠤᠭᠳᠠᠬᠤᠨ ᠨᠢ ᠭᠦᠨᠵᠡᠭᠡᠢ᠂ ᠯᠣᠭᠢᠭ᠋ ᠨᠢ ᠴᠢᠩᠭ᠎ᠠ᠂ ᠭᠣᠣᠯᠳᠠᠯᠭ᠎ᠠ᠎ᠶᠢ ᠳᠣᠪᠣᠢᠯᠭᠠᠵᠤ ᠴᠢᠳᠠᠵᠠᠢ᠃ ᠮᠡᠳᠡᠭᠦᠯᠦᠯᠲᠡ᠎ᠶᠢ ᠰᠣᠨᠣᠰᠤᠭᠰᠠᠨ᠎ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠮᠥᠩᠭᠥᠨ ᠭᠦᠢᠯᠭᠡᠭᠡᠨ᠎ᠦ ᠠᠵᠢᠯ᠎ᠤᠨ ᠠᠯᠪᠠᠨ ᠭᠡᠷ (ᠮᠥᠩᠭᠥᠨ ᠭᠦᠢᠯᠭᠡᠭᠡᠨ᠎ᠦ ᠠᠵᠢᠯ᠎ᠤᠨ ᠬᠣᠷᠢᠶ᠎ᠠ)᠎ᠤᠨ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ ᠠᠨ ᠵᠢᠢ ᠰᠧ᠄ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯᠳᠤᠭᠠᠨ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠤ᠎ᠪᠠᠨ ᠪᠡᠶᠡᠯᠡᠭᠦᠯᠬᠦ᠎ᠳᠤ ᠰᠠᠭᠤᠷᠢ᠎ᠶᠢ ᠪᠠᠲᠤᠳᠬᠠᠬᠤ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭᠠᠨ᠎ᠳᠤ ᠤᠳᠠᠯ ᠦᠭᠡᠢ ᠣᠷᠣᠬᠤ ᠭᠡᠵᠦ ᠪᠠᠢᠭ᠎ᠠ ᠦᠶ᠎ᠡ᠎ᠳᠦ ᠬᠤᠷᠠᠯᠳᠤᠭᠤᠯᠤᠭᠰᠠᠨ ᠨᠢᠭᠡ ᠤᠳᠠᠭᠠᠨ᠎ᠤ ᠲᠤᠢᠯ᠎ᠤᠨ ᠴᠢᠬᠤᠯᠠ ᠬᠤᠷᠠᠯᠳᠤᠭᠠᠨ ᠪᠣᠯᠣᠨ᠎ᠠ᠃ ᠪᠢᠳᠡ ᠪᠥᠬᠥᠳᠡ ᠬᠤᠷᠠᠯᠳᠤᠭᠠᠨ᠎ᠢ ᠤᠬᠠᠭᠤᠯᠵᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠤᠳᠤ ᠶᠠᠭ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠦ ᠦᠢᠯᠡᠰ᠎ᠦᠨ ᠬᠣᠢᠰᠢᠳᠠ᠎ᠶᠢᠨ ᠬᠥᠭᠵᠢᠯᠲᠡ᠎ᠶᠢᠨ ᠭᠣᠣᠯᠳᠠᠯᠭ᠎ᠠ ᠪᠠ ᠪᠡᠷᠬᠡ ᠰᠡᠳᠦᠪ᠎ᠢ ᠰᠢᠢᠳᠪᠦᠷᠢᠯᠡᠬᠦ ᠬᠦᠴᠢᠷᠳᠡᠯ᠎ᠢ ᠭᠦᠨᠵᠡᠭᠡᠢ ᠰᠤᠳᠤᠯᠵᠤ᠂ ᠮᠥᠩᠭᠥᠨ ᠭᠦᠢᠯᠭᠡᠭᠡᠨ᠎ᠦ ᠦᠢᠯᠡᠰ᠎ᠦᠨ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠵᠤ᠂ ᠡᠭᠦᠷᠭᠡ ᠬᠠᠷᠢᠭᠤᠴᠠᠯᠭ᠎ᠠ᠎ᠶᠢ ᠵᠦᠢᠯ ᠳᠠᠷᠠᠭᠠᠯᠠᠨ ᠲᠣᠳᠣᠷᠬᠠᠢᠯᠠᠵᠤ᠂ ᠠᠵᠢᠯ᠎ᠤᠨ ᠠᠷᠭ᠎ᠠ ᠬᠡᠮᠵᠢᠶ᠎ᠡ᠎ᠶᠢ ᠲᠣᠭᠲᠠᠭᠠᠨ᠂ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ᠎ᠶᠢ ᠲᠡᠭᠦᠰ ᠠᠮᠵᠢᠯᠲᠠ᠎ᠲᠠᠢ ᠲᠡᠭᠦᠰᠬᠡᠨ᠂ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ᠎ᠶᠢ ᠤᠷᠤᠭᠰᠢᠲᠠᠢ ᠡᠬᠢᠯᠡᠭᠦᠯᠬᠦ᠎ᠳᠦ ᠮᠥᠩᠭᠥᠨ ᠭᠦᠢᠯᠭᠡᠭᠡᠨ᠎ᠦ ᠬᠦᠴᠦᠨ ᠴᠢᠳᠠᠯ᠎ᠢᠶᠠᠨ ᠨᠡᠮᠡᠷᠢᠯᠡᠨ᠎ᠡ》 ᠭᠡᠵᠡᠢ᠃ 

ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠵᠢᠨ ᠨᠢᠭᠡᠳᠦᠮᠡᠯ ᠹᠷᠣᠨᠲ᠎ᠤᠨ ᠵᠢᠭᠠᠬᠤ᠎ᠶᠢ ᠰᠤᠳᠤᠯᠬᠤ ᠬᠡᠯᠲᠡᠰ᠎ᠦᠨ 《ᠨᠢᠭᠡ ᠤᠯᠤᠰ ᠬᠣᠶᠠᠷ ᠪᠠᠢᠭᠤᠯᠤᠯ》 ᠬᠢᠭᠡᠳ ᠤᠯᠤᠰ᠎ᠤᠨ ᠨᠢᠭᠡᠲᠦᠯ᠎ᠢ ᠪᠡᠶᠡᠯᠡᠭᠦᠯᠬᠦ ᠵᠢᠭᠠᠬᠤ᠎ᠶᠢ ᠰᠤᠳᠤᠯᠬᠤ ᠲᠠᠰᠤᠭ᠎ᠤᠨ ᠡᠷᠬᠢᠯᠡᠭᠴᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠵᠠᠬᠢᠷᠤᠯ᠎ᠤᠨ ᠲᠤᠰᠠᠯᠠᠭ᠍ᠴᠢ ᠵᠠᠩ ᠱᠢ ᠷᠦᠩ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠵᠠᠩ ᠱᠢ ᠷᠦᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯᠳᠤᠭᠠᠨ᠎ᠤ ᠵᠣᠷᠢᠭ᠋ ᠰᠠᠨᠠᠭᠠᠨ᠎ᠤ ᠭᠣᠣᠯ ᠴᠢᠬᠤᠯᠠ ᠠᠭᠤᠯᠭ᠎ᠠ ᠵᠢᠴᠢ ᠪᠦᠬᠦᠳᠠ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠵᠡᠷᠭᠡ ᠲᠠᠯ᠎ᠠ᠎ᠪᠠᠷ ᠭᠣᠢᠳᠠ ᠰᠠᠢᠬᠠᠨ ᠪᠥᠭᠡᠳ ᠠᠮᠢᠳᠤᠯᠢᠭ᠋ ᠲᠠᠢᠯᠤᠮᠵᠢ ᠬᠢᠵᠡᠢ᠃ 

《ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ ᠨᠢ ᠤᠨᠤᠯ᠎ᠤᠨ ᠥᠨᠳᠥᠷᠴᠡ ᠲᠠᠢ᠎ᠪᠡᠷ ᠪᠠᠷᠠᠬᠤ ᠦᠭᠡᠢ ᠦᠢᠯᠡᠳᠦᠯᠭᠡ᠎ᠶᠢᠨ ᠭᠦᠨᠴᠡ᠎ᠲᠠᠢ ᠪᠠᠢᠵᠤ᠂ ᠪᠢ ᠰᠣᠨᠣᠰᠤᠭᠠᠳ ᠮᠠᠰᠢ ᠶᠡᠬᠡ ᠰᠡᠩᠬᠡᠷᠡᠭᠦᠯᠦᠯ ᠣᠯᠣᠭᠰᠠᠨ ᠶᠤᠮ᠃》 ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶᠠᠨ᠎ᠤ ᠵᠠᠬᠢᠳᠠᠯ ᠰᠤᠷᠪᠤᠯᠵᠢᠯᠠᠯ᠎ᠢ ᠭᠦᠢᠴᠡᠳᠬᠡᠬᠦ ᠭᠠᠵᠠᠷ (ᠠᠷᠠᠳ᠎ᠤᠨ ᠰᠠᠨᠠᠭᠤᠯᠭ᠎ᠠ᠎ᠶᠢ ᠴᠤᠭᠯᠠᠭᠤᠯᠬᠤ ᠭᠠᠵᠠᠷ)᠎ᠦᠨ ᠳᠡᠳ᠋ ᠳᠠᠷᠤᠭ᠎ᠠ ᠰᠣᠯᠣᠩᠭ᠎ᠠ ᠢᠯᠡᠷᠬᠡᠢᠯᠡᠬᠦ᠎ᠳᠤ᠎ᠪᠠᠨ᠂ ᠵᠠᠬᠢᠳᠠᠯ ᠰᠤᠷᠪᠤᠯᠵᠢᠯᠠᠯ᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠷᠠᠳ᠎ᠤᠨ ᠬᠦᠴᠢᠷᠳᠡᠯ᠎ᠢ ᠰᠢᠢᠳᠪᠦᠷᠢᠯᠡᠬᠦ᠂ ᠨᠠᠮ᠎ᠤᠨ ᠲᠥᠯᠥᠭᠡ ᠰᠠᠨᠠᠭᠠᠰᠢᠷᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠤᠨ ᠬᠢᠷᠢ ᠲᠦᠪᠰᠢᠨ᠎ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ ᠪᠥᠬᠥᠨ᠎ᠢ ᠴᠥᠮ ᠭᠦᠢᠴᠡᠳᠬᠡᠬᠦ ᠬᠥᠮᠥᠨ᠎ᠲᠠᠢ ᠮᠥᠷᠲᠡᠭᠡᠨ ᠬᠠᠤᠯᠢ ᠶᠣᠰᠣᠭᠠᠷ ᠠᠬᠢᠭᠤᠯᠤᠭᠰᠠᠨ ᠪᠠᠢᠬᠤ᠎ᠶᠢ ᠪᠠᠲᠤᠯᠠᠨ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠡᠢ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ