ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠶᠢᠨ ᠳᠥᠷᠪᠡᠳᠦᠭᠡᠷ ᠬᠤᠷᠠᠯ ᠬᠣᠶᠠᠳᠤᠭᠠᠷ ᠤᠳᠠᠭ᠎ᠠ᠎ᠶ᠋ᠢᠨ ᠪᠥᠬᠥᠳᠡ ᠬᠤᠷᠠᠯ ᠬᠢᠪᠠ  ᠵᠠᠩ ᠶᠠᠨ ᠺᠦᠨ ᠬᠤᠷᠠᠯ᠎ᠳᠤ ᠣᠷᠣᠯᠴᠠᠵᠠᠢ
ᠨᠡᠶ᠋ᠢᠲᠡᠯᠡᠭᠰᠡᠨ ᠴᠠᠭ᠄ 2026-02-05

2 ᠰᠠᠷ᠎ᠠ᠎ᠶ᠋ᠢᠨ 4 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠶᠢᠨ ᠳᠥᠷᠪᠡᠳᠦᠭᠡᠷ ᠬᠤᠷᠠᠯ ᠬᠣᠶᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠬᠢᠵᠦ᠍᠂ ᠭᠡᠱᠢᠭᠦᠳ ᠶᠡᠬᠡ ᠬᠤᠷᠠᠯ ᠳᠡᠭᠡᠷ᠎ᠡ ᠦᠭᠡ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠤ᠌᠂ ᠴᠡᠴᠡᠭ᠂ ᠠᠨ ᠷᠦᠨ ᠱᠧᠩ᠂ ᠵᠠᠩ ᠯᠸᠢ᠂ ᠵᠠᠩ ᠪᠠᠶ ᠴᠧᠩ᠂ ᠶᠠᠩ ᠵᠢᠶᠸ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠸᠧᠶ ᠭᠦᠸᠧ ᠨᠠᠨ ᠬᠤᠷᠠᠯ᠎ᠢ ᠡᠷᠭᠢᠯᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ᠎ᠶᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢ ᠳ᠋ᠦᠩ ᠱᠢᠤᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠂ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠶᠤᠤ ᠶᠦᠩ ᠪᠥᠸᠧ ᠬᠤᠷᠠᠯ᠎ᠳᠤ ᠣᠷᠣᠯᠴᠠᠵᠤ ᠭᠡᠱᠢᠭᠦᠳ᠎ᠦᠨ ᠦᠭᠡ ᠬᠡᠯᠡᠬᠦ᠎ᠶ᠋ᠢ ᠰᠣᠨᠣᠰᠪᠠ᠃

ᠯᠢ ᠳ᠋ᠦᠩ ᠱᠢᠤᠢ ᠬᠤᠯᠪᠤᠭᠳᠠᠯ ᠪᠦᠬᠦᠢ ᠠᠵᠢᠯᠲᠠᠨ᠎ᠤ ᠶᠠᠪᠤᠳᠠᠯ᠎ᠤᠨ ᠵᠦᠢᠯᠡᠰ᠎ᠤᠨ ᠲᠤᠬᠠᠶ ᠲᠣᠳᠣᠷᠬᠠᠢᠯᠠᠯᠲᠠ ᠬᠢᠵᠦ᠍᠂ ᠠᠨ ᠷᠦᠨ ᠱᠧᠩ ᠰᠣᠩᠭᠣᠭᠤᠯᠢ᠎ᠶ᠋ᠢᠨ ᠠᠷᠭ᠎ᠠ (ᠲᠥᠰᠦᠯ)᠎ᠶᠢᠨ ᠲᠤᠬᠠᠶ ᠲᠣᠳᠣᠷᠬᠠᠢᠯᠠᠯᠲᠠ ᠬᠢᠪᠠ᠃

ᠴᠢᠨ ᠯᠢ ᠮᠧᠶ᠂ ᠸᠠᠩ ᠹᠧᠩ᠂ ᠾᠧ ᠯᠢᠶᠠᠨ ᠬᠣᠶ᠂ ᠰᠤ᠌ ᠼᠦᠢ ᠹᠠᠩ᠂ ᠶᠠᠩ ᠸᠧᠶ ᠳ᠋ᠦᠩ᠂ ᠭᠦᠸᠧ ᠶᠠᠨ ᠴᠦᠨ᠂ ᠨᠠᠷᠠᠰᠤ᠂ ᠯᠢᠶᠠᠩ ᠪᠢᠨ᠂ ᠯᠢ ᠢ ᠱᠢᠶᠠ᠂ ᠬᠤᠤ ᠵᠧᠨ ᠢᠦᠶ᠂ ᠬᠠᠨ ᠫᠢᠩ᠂ ᠰᠦᠨ ᠳ᠋ᠸ ᠱᠢᠨ ᠵᠡᠷᠭᠡ 12 ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠣᠷᠢᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ᠋ ᠦᠢᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ ᠪᠡᠶᠡᠯᠡᠭᠦᠯᠬᠦ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠵᠡᠷᠭᠡ ᠭᠣᠣᠯ ᠰᠡᠳᠦᠪ᠎ᠲᠤ ᠠᠩᠬᠠᠷᠤᠯ᠎ᠢᠶᠠᠨ ᠲᠥᠪᠯᠡᠷᠡᠭᠦᠯᠦᠨ ᠶᠡᠬᠡ ᠬᠤᠷᠠᠯ ᠳᠡᠭᠡᠷ᠎ᠡ ᠦᠭᠡ ᠬᠡᠯᠡᠪᠡ᠃

ᠬᠤᠷᠠᠯ ᠳᠡᠭᠡᠷ᠎ᠡ᠂ ᠤᠯᠤᠰ ᠲᠥᠷᠥ᠎ᠶᠢᠨ ᠵᠥᠪᠯᠡᠯᠭᠡᠨ᠎ᠦ ᠪᠥᠬᠥ᠌ ᠭᠡᠱᠢᠭᠦᠳ 《2026 ᠣᠨ᠎ᠤ ᠭᠡᠱᠢᠭᠦᠳ᠎ᠦᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠮᠠᠯᠠᠯᠲᠠ᠎ᠶ᠋ᠢᠨ ᠪᠢᠴᠢᠭ》᠎ᠲᠤ᠌ ᠲᠥᠪ ᠴᠢᠩᠭ᠎ᠠ᠎ᠪᠠᠷ ᠭᠠᠷ᠎ᠤᠨ ᠥᠰᠥᠭ ᠵᠢᠷᠤᠪᠠ᠃

ᠲᠣᠰ ᠡᠳᠦᠷ᠎ᠦᠨ ᠦᠳᠡ᠎ᠶ᠋ᠢᠨ ᠬᠣᠢᠨ᠎ᠠ᠂ ᠪᠠᠰᠠ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠶᠢᠨ 68 ᠳ᠋ᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ᠎ᠢ ᠬᠤᠷᠠᠯᠳᠤᠭᠤᠯᠵᠤ᠂ ᠳᠤᠭᠤᠢᠯᠠᠩ ᠬᠤᠪᠢᠶᠠᠨ ᠶᠠᠷᠢᠯᠴᠠᠭᠤᠯᠬᠤ᠎ᠪᠠᠷ ᠳᠡᠪᠱᠢᠭᠦᠯᠦᠭ᠌ᠰᠡᠨ ᠬᠣᠯᠪᠣᠭ᠍ᠳᠠᠯ ᠪᠥᠬᠥᠶ ᠪᠢᠴᠢᠭ ᠮᠠᠲ᠋ᠧᠷᠢᠶᠠᠯ᠂ ᠠᠵᠢᠯᠲᠠᠨ᠎ᠤ ᠶᠠᠪᠤᠳᠠᠯ᠎ᠤᠨ ᠵᠦᠶ᠋ᠯᠡᠰ᠎ᠢ ᠬᠢᠨᠠᠨ ᠵᠥᠪᠯᠡᠪᠡ᠃

ᠢᠷᠡᠯᠲᠡ᠄    