ᠯᠢ ᠴᠢᠶᠠᠩ ᠵᠣᠣ ᠯᠸ ᠵᠢᠶ ᠸᠠᠩ ᠬᠣ᠌ ᠨᠢᠩ ᠼᠠᠢ ᠴᠢ ᠳ᠋ᠢᠩ ᠰᠢᠤᠸᠠᠢ ᠱᠢᠶᠠᠩ ᠬᠤᠷᠠᠯ᠎ᠳᠤ ᠣᠷᠣᠯᠴᠠᠪᠠ ᠯᠢ ᠰᠢ ᠬᠤᠷᠠᠯ᠎ᠢ ᠡᠷᠭᠢᠯᠡᠵᠠᠢ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ 12᠎ᠤᠨ ᠦᠳᠡ᠎ᠶ᠋ᠢᠨ ᠡᠮᠦᠨ᠎ᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠥᠬᠥᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠡᠩ ᠡᠷᠡᠰ ᠬᠦᠴᠦᠲᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠷᠬᠡ᠎ᠶ᠋ᠢ ᠨᠡᠩ ᠱᠢᠨᠵᠢᠯᠡᠬᠦ᠌ ᠤᠬᠠᠭᠠᠨᠴᠢ ᠪᠦᠲᠦᠮᠵᠢᠲᠡᠢ᠎ᠪᠡᠷ ᠲᠦᠷᠢᠮ᠎ᠦᠨ ᠱᠢᠩᠭᠡᠯᠢᠭ᠎ᠲᠦ ᠬᠣᠷᠢᠵᠤ᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠨᠡᠩ ᠰᠡᠷᠭᠡᠭ ᠨᠡᠩ ᠡᠷᠡᠰ ᠪᠠᠳᠤ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳ᠋ᠡᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
1 ᠰᠠᠷ᠎ᠠ᠎ᠶᠢᠨ 12 ᠤᠨ ᠡᠳᠦᠷ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠥᠬᠥᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ ᠯᠢ ᠴᠢᠶᠠᠩ᠂ ᠵᠤᠤ ᠯᠸ ᠵᠶ᠋ᠢ᠂ ᠸᠠᠩ ᠬ᠍ᠣ ᠨᠢᠩ᠂ ᠼᠠᠢ ᠴᠢ᠂ ᠳ᠋ᠢᠩ ᠱᠢᠤᠸᠠᠢ ᠱᠢᠶᠠᠩ ᠬᠤᠷᠠᠯ᠎ᠳᠤ ᠣᠷᠣᠯᠴᠠᠪᠠ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠱᠦᠵᠢ ᠯᠢ ᠰᠢ ᠬᠤᠷᠠᠯ᠎ᠢ ᠡᠷᠬᠢᠯᠡᠵᠠᠢ᠃

1 ᠰᠠᠷ᠎ᠠ᠎ᠶᠢᠨ 12 ᠤᠨ ᠡᠳᠦᠷ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠥᠬᠥᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠰᠢᠶᠸ ᠬᠤᠸᠠᠨ ᠤ᠋ᠤᠢ ᠰᠡᠭᠦᠳᠡᠷᠯᠡᠪᠡ
ᠰᠢ᠎ᠵᠢᠨ᠎ᠫᠢᠩ᠂ 2025 ᠣᠨ᠎ᠳᠤ ᠨᠠᠮ᠎ᠤᠨ ᠲᠥᠪ ᠬᠣᠷᠢᠶ᠎ᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠠᠬᠢᠭᠤᠯᠵᠤ᠂ ᠢᠯᠡᠳᠲᠡ ᠦᠷ᠎ᠡ ᠪᠦᠲᠦᠮᠵᠢ ᠤᠯᠪᠠ᠃ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠤᠯᠤᠰ ᠲᠦᠷᠦ᠍᠎ᠶ᠋ᠢᠨ ᠲᠣᠭᠣᠷᠢᠨ ᠪᠠᠢᠴᠠᠭᠠᠯᠲᠠ᠎ᠶ᠋ᠢ ᠭᠦᠨᠵᠡᠭᠡᠢᠷᠡᠭᠦᠯᠵᠦ᠍᠂ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠬᠦᠴᠦᠲᠡᠢ ᠪᠠᠲᠤᠯᠠᠪᠠ;ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠪᠦᠬᠦ᠌ ᠨᠠᠮ᠎ᠢᠶᠠᠷ᠎ᠢᠶᠠᠨ ᠰᠤᠷᠲᠠᠯ᠎ᠢᠶᠠᠨ ᠤᠯᠠᠮ ᠨᠢᠭᠡ ᠠᠯᠬᠤᠮ ᠰᠠᠢᠵᠢᠷᠠᠭᠤᠯᠵᠤ ᠱᠢᠨ᠎ᠡ ᠬᠡᠪ ᠰᠤᠷᠲᠠᠯ᠎ᠢ ᠪᠤᠢ ᠪᠣᠯᠭᠠᠬᠤ᠎ᠶ᠋ᠢ ᠠᠬᠢᠭᠤᠯᠪᠠ; ᠢᠯᠵᠢᠷᠡᠯ᠎ᠢ ᠡᠰᠡᠷᠭᠦᠴᠡᠬᠦ᠌ ᠰᠦᠷ ᠬᠦᠴᠦᠲᠦ ᠪᠠᠢᠳᠠᠯ᠎ᠢ ᠪᠠᠲᠤᠯᠠᠵᠤ᠂ ᠰᠤᠷᠲᠠᠯ᠎ᠤᠨ ᠠᠰᠠᠭᠤᠳᠠᠯ ᠢᠯᠵᠢᠷᠡᠯ᠎ᠢ ᠵᠡᠷᠬᠡ ᠳ᠋ᠤᠨᠢ ᠪᠠᠢᠴᠠᠭᠠᠵᠤ ᠵᠡᠷᠬᠡ ᠳ᠋ᠤᠨᠢ ᠵᠠᠰᠠᠬᠤ ᠠᠵᠢᠯ᠎ᠢ ᠠᠬᠢᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠭᠦᠨᠵᠡᠭᠡᠢ ᠴᠡᠭ᠌ᠴᠡᠯᠡᠨ ᠵᠠᠰᠠᠵᠤ᠂ ᠢᠯᠵᠢᠷᠡᠯ᠎ᠦᠨ ᠡᠭᠦᠰᠦᠨ ᠳᠡᠯᠭᠡᠷᠡᠬᠦ᠌ ᠬᠥᠷᠥᠰᠥ᠍ ᠱᠢᠷᠣᠢ ᠪᠣᠯᠤᠨ ᠨᠥᠬᠥᠴᠡᠯ᠎ᠢ ᠬᠦᠴᠦᠯᠡᠨ ᠠᠷᠢᠯᠭᠠᠵᠠᠢ ᠭᠡᠵᠤ ᠵᠢᠭᠠᠵᠤ ᠭᠠᠷᠭᠠᠪᠠ᠃
ᠰᠢ᠎ᠵᠢᠨ᠎ᠫᠢᠩ᠂ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠯ ᠨᠠᠮ᠎ᠤᠨ ᠲᠥᠪ ᠬᠣᠷᠢᠶ᠎ᠠ᠎ᠶᠢᠨ ᠡᠷᠬᠡ ᠰᠦᠷ ᠪᠣᠯᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠬᠠᠮᠠᠭᠠᠯᠠᠬᠤ ᠦᠨᠳᠦᠰᠦᠨ ᠱᠠᠭᠠᠷᠳᠠᠯᠭ᠎ᠠ ᠮᠥᠨ᠂ ᠪᠠᠰᠠ ᠴᠤ᠌ ᠨᠠᠮ ᠪᠣᠯᠤᠨ ᠠᠷᠠᠳ ᠲᠦᠮᠡᠨ᠎ᠦ ᠠᠵᠢᠯ ᠦᠶ᠋ᠯᠡᠰ᠎ᠦᠨ ᠲᠠᠰᠤᠷᠠᠯᠲᠠ ᠥᠬᠡᠶ ᠬᠥᠭ᠌ᠵᠢᠨ ᠳᠠᠪᠱᠢᠭ᠍ᠰᠠᠨ ᠴᠢᠬᠤᠯᠠ ᠲᠡᠦᠬᠡᠨ ᠲᠤᠷᠱᠢᠯᠭ᠎ᠠ ᠮᠥᠨ᠃ 《ᠠᠷᠪᠡᠨ ᠲᠠᠪᠤᠳᠤᠭᠠᠷ ᠲᠠᠪᠤᠨ ᠵᠢᠯ》᠎ᠤᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷᠴᠤᠳ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ᠂ ᠲᠡᠦᠬᠡᠨ ᠡᠭᠦᠷᠭᠡᠲᠦ ᠰᠡᠳᠭᠢᠯᠭᠡ᠎ᠪᠡᠨ ᠴᠢᠩᠭᠠᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ᠎ᠤᠨ ᠡᠯ᠎ᠡ ᠵᠦᠢᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠯᠤᠭ᠎ᠠ ᠨᠢᠬᠳᠠ ᠤᠶᠠᠯᠳᠤᠭᠤᠯᠵᠤ᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠢ ᠪᠠᠢᠭᠤᠯᠬᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠂ ᠪᠦᠬᠦ᠌ ᠠᠷᠠᠳ ᠲᠦᠮᠡᠨ᠎ᠦ ᠬᠠᠮᠲᠤᠪᠡᠷ ᠪᠠᠶᠠᠵᠢᠬᠤ᠎ᠶᠢ ᠯᠠᠪᠳᠠᠭᠤᠨ ᠪᠠᠲᠤᠲᠠᠶ ᠠᠬᠢᠭᠤᠯᠬᠤ᠂ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶ᠋ᠢ ᠪᠠᠢᠨᠭᠭᠤᠵᠢᠭᠤᠯᠤᠨ ᠰᠡᠷᠭᠡᠢᠯᠡᠬᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠭ᠌ᠴᠡᠭᠡ᠎ᠶ᠋ᠢ ᠠᠷᠢᠯᠭᠠᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠤᠯᠳᠠᠢ ᠲᠦᠯᠦᠪᠵᠢᠬᠦᠯᠬᠦ ᠵᠡᠷᠭᠡ ᠡᠭᠦᠷᠭᠡ᠎ᠶ᠋ᠢᠨ ᠱᠠᠭᠠᠷᠳᠠᠯᠭ᠎ᠠ᠎ᠳᠦ ᠠᠨᠭᠬᠠᠷᠤᠯ᠎ᠢᠶᠠᠨ ᠲᠦᠪᠯᠡᠷᠡᠬᠦᠯᠵᠤ᠂ ᠪᠣᠳᠠᠲᠠᠢᠵᠢᠬᠰᠡᠨ᠂ ᠨᠠᠷᠢᠯᠢᠭ ᠣᠨᠣᠴᠠᠳᠠᠢ᠂ ᠪᠠᠢᠨᠭᠭᠤᠵᠢᠬᠰᠡᠨ ᠬᠢᠨᠠᠯᠲᠠ ᠲᠠᠯᠪᠢᠵᠤ ᠪᠠᠢᠴᠠᠭᠠᠬᠤ᠎ᠶᠢ ᠴᠢᠨᠭᠭᠠᠳᠬᠠᠵᠤ᠂ ᠲᠣᠭᠣᠷᠢᠨ ᠪᠠᠢᠴᠠᠭᠠᠯᠳᠠ᠎ᠶᠢᠨ ᠦᠷ᠎ᠡ ᠪᠦᠲᠦᠭᠡᠯ᠎ᠢ ᠰᠠᠢᠲᠤᠷ ᠬᠡᠷᠡᠭ᠌ᠯᠡᠵᠤ᠂ ᠴᠡᠭ᠌ᠴᠡᠯᠡᠨ ᠰᠡᠢᠵᠢᠷᠠᠭᠤᠯᠬᠤ ᠠᠵᠢᠯ ᠳ᠋ᠤ ᠬᠢᠨᠠᠯᠲᠠᠲᠠᠯᠪᠢᠬᠤᠶᠢ ᠴᠢᠨᠭᠭᠠᠳᠬᠠᠵᠤ᠂ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠦᠨᠡᠨ ᠬᠦ᠌ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠭᠡᠷᠡᠭᠳᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠦᠲᠦᠮᠵᠢᠲᠡᠢ ᠠᠷᠭ᠎ᠠ ᠵᠠᠮ᠎ᠢ ᠨᠠᠷᠢᠨ ᠬᠢᠨᠠᠮᠠᠭᠠᠢ ᠰᠦᠪᠡᠭ᠌ᠴᠢᠯᠡᠬᠦ᠌ ᠬᠡᠷᠡᠭ᠌ᠲᠡᠢ᠃ ᠡᠨᠡ ᠵᠢᠯ ᠣᠷᠣᠨ ᠨᠤᠲᠤᠭ᠎ᠤᠨ ᠬᠢᠨ ᠡᠬᠢᠯᠡᠨ ᠬᠤᠭᠤᠴᠠᠭ᠎ᠠ ᠰᠣᠯᠢᠬᠤ ᠪᠣᠯᠤᠨ᠎ᠠ᠂ ᠦᠨᠡᠨ ᠬᠦ᠌ ᠦᠨᠡᠨᠴᠢ ᠢᠲᠡᠭᠡᠮᠵᠢᠲᠡᠢ᠂ ᠬᠡᠯᠡᠬᠦ ᠬᠢᠬᠦ᠌ ᠨᠢ ᠨᠢᠬᠡᠳᠦᠯ ᠲᠠᠢ᠂ ᠬᠠᠷᠢᠭᠤᠴᠠᠯᠭ᠎ᠠ ᠡᠭᠦᠷᠭᠡᠯᠡᠵᠦ᠍ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠠᠢ᠌ᠨ ᠺᠠᠳ᠋ᠷ᠎ᠢ ᠬᠡᠷᠡᠭ᠌ᠯᠡᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃
ᠰᠢ᠎ᠵᠢᠨ᠎ᠫᠢᠩ᠂ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌᠎ᠶ᠋ᠢᠨ ᠭᠣᠣᠯᠳᠠᠯᠭ᠎ᠠ ᠨᠢ ᠡᠷᠬᠡ᠎ᠶ᠋ᠢ ᠵᠠᠰᠠᠬᠤ᠎ᠳᠤ ᠪᠤᠢ᠂ ᠡᠷᠬᠡ᠎ᠶ᠋ᠢ ᠲᠦᠷᠢᠮ᠎ᠦᠨ ᠱᠢᠩᠭᠡᠯᠢᠭ᠎ᠲᠦ ᠬᠣᠷᠢᠬᠤ ᠪᠣᠯ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠴᠢᠬᠤᠯᠠ ᠡᠭᠦᠷᠭᠡ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠲᠠᠷᠠᠭ᠎ᠠ᠂ ᠨᠠᠮ᠎ᠤᠨ ᠲᠥᠪ ᠬᠣᠷᠢᠶ᠎ᠠ ᠲᠥᠪ᠎ᠤᠨ ᠨᠠᠢ᠍ᠮᠠᠨ ᠲᠣᠭ᠍ᠲᠠᠭᠠᠯ᠎ᠢ ᠲᠣᠭ᠍ᠲᠠᠭᠠᠨ ᠬᠡᠷᠡᠭ᠌ᠵᠢᠭᠦᠯᠬᠦ᠌᠎ᠪᠡᠷ ᠡᠬᠢᠯᠡᠯᠲᠡ ᠪᠣᠯᠭᠠᠨ ᠠᠰᠠᠭᠤᠳᠠᠯ᠎ᠢ ᠱᠢᠢᠳᠪᠦᠷᠢᠯᠡᠵᠦ᠍᠂ ᠲᠡᠮᠤᠷ ᠮᠡᠲᠦ ᠬᠠᠳᠠᠭᠤ ᠶᠣᠰᠣ ᠲᠦᠷᠢᠮ᠎ᠢ ᠲᠣᠭ᠍ᠲᠠᠭᠠᠨ᠂ ᠴᠢᠩᠭ᠎ᠠ ᠬᠦᠯᠢᠶᠡᠰᠦᠯᠡᠯ᠎ᠢ ᠪᠤᠢ ᠪᠤᠯᠭᠠᠵᠤ᠂ ᠨᠠᠮ᠎ᠤᠨ ᠰᠤᠷᠲᠠᠯ ᠵᠠᠰᠠᠭ᠎ᠤᠨ ᠰᠤᠷᠲᠠᠯ ᠴᠣ ᠱᠢᠨ᠎ᠡ ᠪᠠᠢᠳᠠᠯ᠎ᠲᠠᠶ ᠪᠣᠯᠬᠤ᠎ᠶ᠋ᠢ ᠠᠬᠢᠭᠤᠯᠪᠠ᠃ ᠡᠷᠬᠡ᠎ᠶ᠋ᠢ ᠲᠦᠷᠢᠮ᠎ᠦᠨ ᠱᠢᠩᠭᠡᠯᠢᠭ᠎ᠲᠦ ᠬᠣᠷᠢᠬᠤ᠎ᠳᠤ᠂ ᠲᠦᠷᠢᠮ ᠲᠣᠭ᠍ᠲᠠᠭᠠᠯ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠍᠂ ᠲᠦᠷᠢᠮ᠎ᠢ ᠨᠢᠭ᠍ᠲᠠ ᠪᠦᠷᠬᠦᠬᠦᠯᠬᠦ ᠪᠥᠭᠡᠳ ᠬᠡᠷᠡᠭᠵᠢᠬᠦᠯᠬᠦ᠎ᠳᠦ ᠲᠦᠬᠦᠮ᠂ ᠪᠦᠲᠦᠮᠵᠢᠲᠡᠢ ᠪᠥᠭᠡᠳ ᠲᠤᠰᠠᠲᠠᠢ ᠪᠠᠢᠯᠭᠠᠬᠤ ᠮᠥᠷᠲᠡᠭᠡᠨ ᠲᠦᠷᠢᠮ᠎ᠢ ᠬᠡᠷᠡᠭ᠌ᠵᠢᠭᠦᠯᠬᠦ᠌ ᠬᠦᠴᠦᠨ᠎ᠢ ᠬᠦᠴᠦᠯᠡᠨ ᠳᠡᠭᠡᠭ᠌ᠰᠢᠯᠡᠭᠦᠯᠵᠦ᠍᠂ ᠬᠠᠲᠠᠭᠤ ᠬᠦᠯᠢᠶᠡᠰᠦᠯᠡᠯ᠎ᠢ ᠴᠢᠩᠭᠠᠳᠭᠠᠬᠤ ᠬᠡᠷᠡᠭ᠌ᠲᠡᠢ᠃ ᠬᠠᠤᠯᠢ ᠲᠣᠭ᠍ᠲᠠᠭᠠᠯ ᠲᠦᠷᠢᠮ᠎ᠦᠨ ᠡᠮᠦᠨ᠎ᠡ ᠬᠥᠮᠦᠨ ᠪᠦᠬᠦᠨ ᠡᠷᠬᠡ ᠲᠡᠭ᠌ᠰᠢ ᠪᠠᠢᠬᠤ᠂ ᠬᠠᠤᠯᠢ ᠲᠣᠭ᠍ᠲᠠᠭᠠᠯ ᠲᠦᠷᠢᠮ᠎ᠢ ᠵᠢᠷᠤᠮᠯᠠᠬᠤ᠎ᠳᠤ ᠣᠨᠴᠠ ᠡᠷᠬᠡ ᠦᠭᠡᠢ ᠪᠠᠢᠬᠤ᠂ ᠬᠠᠤᠯᠢ ᠲᠣᠭ᠍ᠲᠠᠭᠠᠯᠲᠦᠷᠢᠮᠢ ᠬᠡᠷᠡᠭ᠌ᠵᠢᠭᠦᠯᠬᠦ᠌᠎ᠳᠦ ᠣᠨᠴᠠᠭᠠᠢ ᠪᠠᠢᠳᠠᠯ ᠦᠭᠡᠢ ᠪᠠᠢᠬᠤ᠎ᠶ᠋ᠢ ᠪᠠᠷᠢᠮᠲᠠᠯᠠᠵᠤ᠂ ᠲᠦᠷᠢᠮ ᠲᠣᠭ᠍ᠲᠠᠭᠠᠯ ᠨᠢ ᠦᠨᠡᠨ ᠬᠦ᠌ ᠬᠠᠯᠳᠠᠵᠤ ᠪᠤᠯᠤᠰᠢ ᠦᠬᠡᠢ ᠰᠠᠬᠢᠯᠭ᠎ᠠ ᠪᠠᠲᠤ᠎ᠶᠢᠨ ᠤᠯᠠᠭᠠᠨ ᠱᠤᠭᠤᠮ ᠪᠤᠯᠬᠤ᠎ᠶ᠋ᠢ ᠪᠠᠲᠤᠯᠠᠬᠤ ᠬᠡᠷᠡᠭ᠌ᠲᠡᠢ᠃ 《ᠨᠢᠭᠡᠳᠦᠭᠡᠷ ᠭᠠᠷ》 ᠲᠦᠷᠦᠭᠦᠯᠡᠨ ᠳᠦᠷᠢᠮ᠎ᠢ ᠬᠡᠷᠡᠭ᠌ᠵᠢᠭᠦᠯᠬᠦ᠌ ᠬᠡᠷᠡᠭ᠌ᠲᠡᠶ᠃ ᠬᠠᠤᠯᠢ ᠲᠣᠭ᠍ᠲᠠᠭᠠᠯ ᠳᠦᠷᠢᠮ᠎ᠦᠨ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠨᠠᠮ᠎ᠤᠨ ᠭᠡᠱᠢᠭᠦᠨ᠂ ᠺᠠᠳ᠋ᠷᠴᠤᠳ᠎ᠤᠨ ᠬᠠᠤᠯᠢ ᠰᠠᠬᠢᠯᠭ᠎ᠠ᠎ᠶ᠋ᠢ ᠣᠢᠯᠠᠭᠠᠬᠤ᠂ ᠶᠣᠰᠣ ᠳᠦᠷᠢᠮ᠎ᠢ ᠲᠣᠳᠣᠷᠬᠠᠢᠯᠠᠬᠤ᠂ ᠪᠢᠱᠢᠷᠡᠨ ᠵᠢᠷᠦᠬᠡᠱᠢᠶᠡᠬᠦ᠌᠎ᠶ᠋ᠢ ᠮᠡᠳᠡᠬᠦ᠌᠎ᠶ᠋ᠢ ᠬᠦᠳᠦᠯᠦᠨ ᠵᠢᠯᠣᠭᠣᠳᠭᠤ ᠬᠡᠷᠡᠭ᠌ᠲᠡᠢ᠃ ᠨᠠᠮ᠎ᠤᠨ ᠠᠵᠢᠯ᠂ ᠵᠠᠰᠠᠭ᠎ᠤᠨ ᠶᠠᠪᠤᠳᠠᠯ᠎ᠤᠨ ᠢᠯᠡ ᠲᠣᠳᠣ ᠪᠠᠢᠬᠤ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠡᠷᠬᠡ᠎ᠶ᠋ᠢ ᠢᠯᠡ ᠲᠤᠳᠤ᠎ᠪᠡᠷ ᠬᠡᠷᠡᠭ᠌ᠵᠢᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ᠎ᠵᠢᠨ᠎ᠫᠢᠩ᠂ ᠢᠯᠵᠢᠷᠡᠯ ᠪᠣᠯ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠶᠠᠪᠤᠴᠠ᠎ᠳᠠᠬᠢ ᠰᠠᠭᠠᠳ ᠲᠤᠳᠬᠠᠷ᠂ ᠲᠤᠷᠭᠤᠭᠤᠰᠤ ᠮᠥᠨ᠂ ᠢᠯᠵᠢᠷᠡᠯ᠎ᠢ ᠡᠰᠡᠷᠭᠦᠴᠡᠬᠦ᠌ ᠪᠣᠯ ᠢᠯᠠᠬᠤ᠎ᠠᠴᠠ ᠪᠢᠰᠢ ᠢᠯᠠᠭ᠍ᠳᠠᠵᠤ ᠪᠣᠯᠬᠤ ᠦᠭᠡᠢ ᠪᠥᠭᠡᠳ ᠶᠠᠭᠠᠬᠢᠭ᠍ᠰᠠᠨ ᠴᠤ᠌ ᠢᠯᠠᠭ᠍ᠳᠠᠵᠤ ᠪᠣᠯᠬᠤ ᠦᠭᠡᠢ ᠴᠢᠬᠤᠯᠠ ᠶᠡᠬᠡ ᠲᠡᠮᠡᠴᠡᠯ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠮᠠᠨ᠎ᠤ ᠨᠠᠮ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠦᠨᠭ᠌ᠭᠡᠨ ᠲᠠᠯ᠎ᠠ ᠪᠠ ᠦᠨᠳᠦᠰᠦᠨ᠎ᠡᠴᠡ ᠨᠢ ᠵᠠᠰᠠᠬᠤ᠂ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠵᠢ ᠨᠢᠭᠡ ᠴᠤᠭᠴᠠᠵᠢᠭᠤᠯᠤᠨ ᠠᠬᠢᠭᠤᠯᠤᠬᠰᠠᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠢᠯᠵᠢᠷᠠᠯ᠎ᠢ ᠡᠰᠡᠷᠭᠦᠴᠡᠬᠦ᠌ ᠵᠠᠮ᠎ᠢ ᠠᠮᠵᠢᠯᠲᠠ᠎ᠲᠠᠶ ᠨᠡᠬᠡᠬᠡᠪᠠ᠂ ᠡᠨᠡ ᠵᠠᠮ᠎ᠢᠶᠡᠷ ᠡᠷᠡᠰ ᠪᠠᠲᠤᠵᠠᠮᠨᠠᠬᠤ ᠬᠡᠷᠡᠭ᠌ᠲᠡᠢ᠃ ᠣᠳᠣᠬᠠᠨ᠎ᠳᠤ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠪᠠᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠢᠵᠤ᠂ ᠢᠯᠵᠢᠷᠠᠯ᠎ᠤᠨ ᠡᠭᠦᠰᠦᠨ ᠳᠡᠯᠭᠡᠷᠡᠬᠦ᠌ ᠬᠥᠷᠥᠰᠥ᠍ ᠱᠢᠷᠣᠢ ᠪᠠ ᠨᠥᠬᠥᠴᠡᠯ᠎ᠢ ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢᠨ᠎ᠠ᠃ ᠰᠦᠷ ᠬᠦᠴᠦᠳᠤ᠌ ᠪᠠᠢᠳᠠᠯ᠎ᠢ ᠭᠤᠢᠪᠢᠰᠢ ᠦᠭᠡᠢ ᠪᠠᠷᠢᠮᠲᠠᠯᠠᠵᠤ᠂ ᠢᠯᠵᠢᠷᠠᠯ ᠪᠠᠢᠪᠠᠯ ᠵᠠᠪᠠᠯ ᠡᠰᠡᠷᠭᠦᠴᠡᠵᠦ᠍᠂ ᠱᠠᠮᠱᠢᠯ ᠪᠠᠢᠪᠠᠯ ᠡᠷᠡᠰ ᠠᠷᠢᠯᠭᠠᠵᠤ᠂ ᠲᠡᠬᠦᠨ᠎ᠤ ᠠᠷᠤ ᠳ᠋ᠡᠬᠢ ᠬᠠᠷᠭᠢᠰ ᠬᠦᠴᠦᠨ᠎ᠢ ᠬᠣᠭ ᠦᠭᠡᠢ ᠠᠷᠢᠯᠭᠠᠵᠤ᠂ ᠢᠯᠵᠢᠷᠠᠮᠠᠯ ᠡᠲᠡᠭᠡᠳ᠎ᠢ ᠪᠡᠶ᠎ᠡ ᠳᠠᠯᠳᠠᠯᠠᠬᠤ ᠭᠠᠵᠠᠷ ᠦᠭᠡᠢ ᠪᠣᠯᠭᠠᠬᠤ ᠬᠡᠷᠡᠭ᠌ᠲᠡᠢ᠃ ᠢᠯᠵᠢᠷᠠᠯ᠎ᠤᠨ ᠱᠢᠨ᠎ᠡ ᠬᠠᠨᠳᠤᠰᠢ ᠱᠢᠨ᠎ᠡ ᠣᠨᠴᠠᠯᠢᠭ᠎ᠢ ᠡᠵᠡᠮᠳᠡᠵᠦ᠍᠂ ᠠᠷᠭ᠎ᠠ ᠪᠠᠷᠢᠯ ᠬᠡᠯᠪᠡᠷᠢ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠢᠯᠵᠢᠷᠠᠯ᠎ᠢ ᠡᠰᠡᠷᠭᠦᠴᠡᠬᠦ᠌ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠡᠯ᠎ᠡ ᠲᠦᠷᠦᠯ᠎ᠦᠨ ᠢᠯᠵᠢᠷᠠᠯ᠎ᠤᠨ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠵᠦ᠍᠂ ᠣᠨᠣᠪᠴᠢᠲᠠᠢ ᠢᠯᠭᠠᠨ ᠲᠠᠨᠢᠵᠤ᠂ ᠪᠦᠲᠦᠮᠵᠢᠲᠡᠢ ᠵᠠᠰᠠᠵᠤ᠂ ᠢᠯᠵᠢᠷᠠᠯ᠎ᠢ ᠡᠰᠡᠷᠭᠦᠴᠡᠬᠦ᠌᠎ᠶ᠋ᠢᠨ ᠨᠡᠪᠲᠡᠯᠬᠦ᠌ ᠬᠦᠴᠦᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠨᠢᠭᠡ ᠴᠤᠬ᠍ᠴᠠᠵᠢᠭᠤᠯᠤᠨ ᠠᠬᠢᠭᠤᠯᠬᠤ ᠲᠠᠯ᠎ᠠ᠎ᠪᠠᠷ ᠨᠡᠩ ᠶᠡᠬᠡ ᠬᠦᠴᠦ᠍ ᠣᠷᠣᠭᠤᠯᠵᠤ᠂ ᠱᠢᠰᠲ᠋ᠧᠮ᠎ᠤᠨ ᠦᠵᠡᠯᠲᠡ᠎ᠪᠠᠨ ᠴᠢᠩᠭᠠᠳᠭᠠᠨ᠂ ᠬᠣᠯᠪᠣᠭᠠᠯᠠᠨ ᠬᠦᠳᠡᠯᠦᠯᠴᠡᠵᠤ ᠬᠠᠮᠵᠢᠯᠴᠠᠬᠤ᠎ᠪᠠᠨ ᠴᠢᠩᠭᠠᠳᠭᠠᠵᠤ᠂ ᠡᠯ᠎ᠡ ᠲᠠᠯ᠎ᠠ᠎ᠶ᠋ᠢᠨ ᠬᠢᠨᠠᠯᠲᠠ ᠲᠠᠯᠪᠢᠬᠤ᠎ᠶ᠋ᠢ ᠨᠡᠪᠲᠡᠷᠡᠭᠦᠯᠦᠨ᠂ ᠪᠦᠬᠦ᠌ ᠬᠡᠯᠬᠢᠶᠡᠨ᠎ᠦ ᠬᠠᠮᠵᠢᠯᠴᠠᠭ᠎ᠠ᠎ᠪᠠᠷ ᠨᠢᠭᠡ ᠴᠤᠬ᠍ᠴᠠᠵᠢᠬ᠍ᠰᠠᠨ ᠵᠠᠰᠠᠯᠲᠠ᠎ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ᠎ᠵᠢᠨ᠎ᠫᠢᠩ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠳᠤᠮᠳᠠ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯ ᠳᠡᠢ ᠶᠤᠮ᠂ ᠨᠠᠮ᠎ᠤᠨ ᠪᠦᠯᠬᠦᠮᠳᠡᠯ ᠨᠢᠭᠡᠳᠦᠯ᠎ᠢ ᠡᠷᠡᠰ ᠬᠠᠮᠠᠭᠠᠯᠠᠵᠤ᠂ ᠨᠠᠮ᠎ᠤᠨ ᠲᠡᠷᠢᠭᠦᠨ᠎ᠦ ᠴᠢᠨᠠᠷ ᠴᠡᠪᠡᠷ ᠴᠢᠨᠠᠷ᠎ᠢ ᠡᠷᠡᠰ ᠬᠠᠮᠠᠭᠠᠯᠠᠬᠤ ᠬᠡᠷᠡᠭ᠌ᠲᠡᠢ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ ᠬᠠᠤᠯᠢᠵᠢᠭᠤᠯᠬᠤ ᠵᠢᠩᠬᠢᠨᠢᠴᠢᠯᠡᠬᠦ᠌ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠰᠠᠬᠢᠯᠭ᠎ᠠ ᠪᠠᠲᠤ ᠬᠡᠷᠡᠭ᠌ᠵᠢᠭᠦᠯᠬᠦ᠌ ᠬᠠᠤᠯᠢ ᠬᠡᠷᠡᠭ᠌ᠵᠢᠭᠦᠯᠬᠦ᠌᠎ᠳᠦ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠤᠯᠤᠰ ᠲᠦᠷᠦ᠍ ᠪᠠᠲᠤ ᠴᠢᠩᠭ᠎ᠠ᠂ ᠴᠢᠳᠠᠪᠤᠷᠢ ᠪᠠᠲᠤ ᠴᠢᠩᠭ᠎ᠠ᠂ ᠰᠤᠷᠲᠠᠯ ᠪᠠᠲᠤ ᠴᠢᠩᠭ᠎ᠠ᠂ ᠠᠷᠢᠭᠤᠨ ᠴᠢᠬᠡᠴᠢ ᠪᠠᠳᠤ ᠴᠢᠨᠭᠭ᠎ᠠ ᠪᠠᠢᠬᠤ ᠱᠠᠭᠠᠷᠳᠠᠯᠭ᠎ᠠ ᠶᠣᠰᠣᠭᠠᠷ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠂ ᠵᠣᠷᠢᠭ᠍ᠲᠠᠢ ᠪᠥᠭᠡᠳ ᠴᠢᠳᠠᠮᠠᠭᠠᠢ᠎ᠪᠠᠷ ᠲᠡᠮᠡᠴᠡᠯ ᠬᠢᠬᠦ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠡᠮᠦᠷ ᠴᠡᠷᠢᠭ᠎ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠯᠢ ᠰᠢ ᠬᠤᠷᠠᠯ᠎ᠢ ᠡᠷᠬᠢᠯᠡᠬᠦ᠌᠎ᠳᠡᠭᠡᠨ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ ᠨᠢ ᠥᠩᠭᠡᠷᠡᠭ᠌ᠰᠡᠨ ᠨᠢᠭᠡ ᠵᠢᠯ᠎ᠦᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠭᠠᠳ ᠣᠯᠤᠭ᠍ᠰᠠᠨ ᠢᠯᠡᠷᠬᠡᠢ ᠦᠷ᠎ᠡ ᠪᠦᠲᠦᠮᠵᠢ᠎ᠶ᠋ᠢ ᠭᠦᠢᠴᠡᠳ ᠨᠤᠲᠠᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠴᠠᠭ ᠬᠤᠭᠤᠴᠠᠭ᠎ᠠ᠎ᠡᠴᠡ ᠪᠤᠳᠤᠯᠬᠢᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳ᠋ᠡᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠲᠤᠬᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠪᠡ᠃ ᠶᠠᠷᠢᠶ᠎ᠠ ᠨᠢ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠬᠠᠷᠠᠭᠠᠰᠤ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭ᠍ᠳᠠᠬᠤᠨ ᠪᠠᠶᠠᠯᠢᠭ ᠪᠠᠢᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠢᠯᠵᠠᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠠᠢ᠃ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》᠎ᠦ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》᠎ᠢᠶᠡᠨ ᠴᠢᠩᠭᠠᠳᠭᠠᠵᠤ᠂ 《ᠲᠦᠷᠪᠡᠨ ᠢᠲᠡᠭᠡᠯ》᠎ᠢᠶᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠡᠭᠦᠷᠢᠳᠡ ᠵᠤᠬᠰᠤᠰᠢ ᠦᠭᠡᠢ ᠪᠠᠢᠬᠤ ᠬᠠᠳᠠᠨ ᠵᠣᠷᠢᠭ ᠪᠠ ᠪᠠᠷᠢᠮᠲᠠᠯᠠᠯ᠎ᠢᠶᠠᠷ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌᠎ᠶ᠋ᠢ ᠡᠷᠡᠰ ᠭᠤᠢᠪᠢᠰᠢ ᠦᠭᠡᠢ ᠭᠦᠨᠵᠡᠭᠡᠢᠷᠡᠭᠦᠯᠦᠨ ᠠᠬᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠳᠡᠳ᠋ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠬᠣᠯᠪᠣᠭ᠍ᠳᠠᠯ ᠪᠦᠬᠦᠢ ᠤᠳᠤᠷᠢᠳᠭᠤ ᠨᠥᠬᠥᠳ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠶᠢᠨ ᠳᠠᠷᠤᠭ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶᠢᠨ ᠪᠠᠢᠴᠠᠭᠠᠬᠤ ᠳᠠᠷᠤᠭ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠦᠬᠦᠢ ᠤᠳᠤᠷᠢᠳᠭᠤ ᠨᠥᠬᠥᠳ ᠵᠢᠴᠢ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠭᠡᠱᠢᠭᠦᠳ ᠬᠤᠷᠠᠯ᠎ᠳᠤ ᠣᠷᠣᠯᠴᠠᠪᠠ᠃
ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠭᠡᠱᠢᠭᠦᠨ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ᠎ᠤᠨ ᠪᠦᠯᠬᠦᠮ᠂ ᠴᠡᠷᠢᠭ ᠠᠩᠬᠢ᠎ᠶ᠋ᠢᠨ ᠬᠣᠯᠪᠣᠭ᠍ᠳᠠᠯ ᠪᠦᠬᠦᠢ ᠨᠢᠭᠡᠴᠢ᠎ᠶ᠋ᠢᠨ ᠭᠣᠣᠯ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃ ᠬᠤᠷᠠᠯ ᠨᠢ ᠲᠧᠯᠸᠢᠰ ᠤᠲᠠᠰᠤ ᠬᠤᠷᠠᠯ᠎ᠤᠨ ᠬᠡᠯᠪᠡᠷᠢ᠎ᠪᠡᠷ ᠶᠠᠪᠤᠭ᠍ᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠪᠣᠯᠤᠨ ᠱᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠪᠢᠩᠲ᠋ᠤᠸᠠᠨ ᠵᠢᠴᠢ ᠴᠡᠷᠢᠭ ᠠᠩᠬᠢ᠎ᠶ᠋ᠢᠨ ᠬᠣᠯᠪᠣᠭ᠍ᠳᠠᠯ ᠪᠦᠬᠦᠢ ᠨᠢᠭᠡᠴᠢ᠎ᠳᠦ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠲᠠᠪᠤᠳᠤᠭᠠᠷ ᠪᠦᠬᠦᠳᠡ ᠬᠤᠷᠠᠯ 1 ᠰᠠᠷ᠎ᠠ᠎ᠶ᠋ᠢᠨ 12 ᠤᠨ ᠡᠳᠦᠷ ᠪᠡᠭᠡᠵᠢᠩ᠎ᠳᠦ ᠡᠬᠢᠯᠡᠪᠡ᠃ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠪᠠᠢᠩᠭᠤ᠎ᠶ᠋ᠢᠨ ᠬᠣᠷᠢᠢ᠎ᠠ ᠬᠤᠷᠠᠯ᠎ᠢ ᠡᠷᠬᠢᠯᠡᠪᠡ᠃ 12 ᠤᠨ ᠦᠳᠡ᠎ᠶ᠋ᠢᠨ ᠬᠣᠢᠨ᠎ᠠ ᠯᠢ ᠰᠢ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠪᠠᠢᠩᠭᠤ᠎ᠶ᠋ᠢᠨ ᠬᠣᠷᠢᠢ᠎ᠠ᠎ᠶ᠋ᠢ ᠲᠥᠯᠥᠭᠡᠯᠡᠨ 《ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ 〈ᠠᠷᠪᠠᠨ ᠲᠠᠪᠤᠳᠤᠭᠠᠷ ᠲᠠᠪᠤᠨ ᠵᠢᠯ〉᠎ᠦᠨ ᠬᠤᠭᠤᠴᠠᠭᠠᠨ ᠳ᠋ᠡᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠰᠤᠭᠠᠢ》 ᠭᠡᠬᠦ᠌ ᠰᠡᠳᠦᠪ᠎ᠢᠶᠡᠷ ᠠᠵᠢᠯ᠎ᠤᠨ ᠮᠡᠳᠡᠭᠦᠯᠦᠯᠲᠡ ᠬᠢᠪᠠ᠃