ᠲᠡᠷᠢᠭᠦᠨ ᠬᠠᠭᠤᠳᠠᠰᠤ   -   ᠲᠡᠷᠢᠭᠦᠨ ᠮᠡᠳᠡᠭᠡ
ᠰᠢ᠎ᠵᠢᠨ᠎ᠫᠢᠩ ᠤᠷᠤᠰ᠎ᠤᠨ ᠶᠡᠷᠦᠩᠬᠡᠢᠯᠡᠭᠴᠢ ᠫᠦᠲ᠋ᠢᠨ ᠲᠡᠢ ᠸᠢᠳᠢᠤ᠋ ᠠᠭᠤᠯᠵᠠᠯᠲᠠ ᠬᠢᠪᠡ
ᠨᠡᠶ᠋ᠢᠲᠡᠯᠡᠭᠰᠡᠨ ᠴᠠᠭ᠄ 2026-02-05

2 ᠰᠠᠷ᠎ᠠ ᠎ᠶᠢᠨ 4᠎ᠤ ᠦᠳᠡ᠎ᠶᠢᠨ ᠬᠣᠢᠨ᠎ᠠ᠂ ᠤᠯᠤᠰ᠎ᠤᠨ ᠲᠡᠷᠢᠭᠦᠯᠡᠭᠴᠢ ᠰᠢ ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠤᠷᠤᠰ᠎ᠤᠨ ᠶᠡᠷᠦᠩᠬᠡᠢᠯᠡᠭᠴᠢ ᠫᠦᠲ᠋ᠢᠨ ᠲᠠᠢ ᠸᠢᠳᠢᠤ᠋ ᠠᠭᠤᠯᠵᠠᠯᠲᠠ ᠬᠢᠪᠡ᠃

ᠰᠢ᠎ᠵᠢᠨ᠎ᠫᠢᠩ ᠶᠡᠷᠦᠩᠬᠡᠢᠯᠡᠭᠴᠢ ᠫᠦᠲ᠋ᠢᠨ ᠪᠣᠯᠣᠨ ᠣᠷᠣᠰ᠎ᠤᠨ ᠠᠷᠠᠳ ᠲᠦᠮᠡᠨ᠎ᠳᠦ ᠴᠠᠭᠠᠨ ᠰᠠᠷ᠎ᠠ᠎ᠶᠢᠨ ᠰᠠᠢᠨ ᠰᠠᠢᠬᠠᠨ ᠵᠦᠨᠭᠨᠡᠯ ᠳᠡᠪᠰᠢᠭᠦᠯᠵᠦ᠂ ᠡᠨᠡ ᠡᠳᠦᠷ ᠪᠣᠯ ᠶᠠᠭ ᠰᠠᠢᠬᠠᠨ ᠳᠤᠮᠳᠠᠳᠤ ᠤᠯᠤᠰ᠎ᠤᠨ ᠪᠢᠯᠢᠭ᠎ᠦᠨ ᠤᠯᠠᠷᠢᠯ᠎ᠤᠨ ᠬᠠᠪᠤᠷ᠎ᠤᠨ ᠠᠭᠤᠷ ᠤᠷᠤᠭᠰᠠᠨ ᠡᠳᠦᠷ ᠪᠠᠢᠵᠤ᠂ ᠡᠬᠡ ᠳᠡᠯᠡᠬᠡᠢ᠎ᠳᠦ ᠤᠷᠢᠬᠠᠨ ᠬᠠᠪᠤᠷ ᠰᠠᠭᠠᠲᠠᠭᠰᠠᠨ᠎ᠢ ᠪᠡᠯᠭᠡᠳᠡᠵᠦ᠂ ᠰᠢᠨ᠎ᠡ ᠡᠬᠢᠯᠡᠯᠲᠡ᠎ᠶᠢ ᠲᠥᠯᠥᠭᠡᠯᠡᠵᠦ ᠪᠠᠢᠭ᠎ᠠ ᠶᠤᠮ᠃ ᠡᠨᠡ ᠬᠦ᠌ ᠤᠳᠬ᠎ᠠ ᠠᠭᠤᠯᠭ᠎ᠠ ᠲᠡᠢ ᠡᠳᠦᠷ ᠪᠢ ᠳᠤᠷᠠᠲᠠᠶ᠎ᠠ ᠶᠡᠷᠦᠩᠬᠡᠢᠯᠡᠭᠴᠢ ᠫᠦᠲ᠋ᠢᠨ ᠲᠠᠢ ᠬᠠᠮᠲᠤ᠎ᠪᠠᠷ ᠳᠤᠮᠳᠠᠳᠤ ᠤᠷᠤᠰ᠎ᠤᠨ ᠬᠠᠷᠢᠯᠴᠠᠭᠠᠨ᠎ᠤ ᠰᠢᠨ᠎ᠡ ᠵᠢᠷᠤᠭ ᠲᠥᠯᠥᠪᠯᠡᠭᠡ᠎ᠶᠢ ᠵᠢᠷᠤᠭᠯᠠᠨ᠎ᠠ ᠭᠡᠵᠤ ᠢᠯᠡᠳᠭᠡᠪᠡ᠃ ᠫᠦᠲ᠋ᠢᠨ᠂ ᠬᠠᠪᠤᠷ᠎ᠤᠨ ᠠᠭᠤᠷ ᠣᠷᠣᠵᠤ ᠲᠦᠮᠡᠨ ᠪᠣᠳᠠᠰ ᠠᠮᠢᠯᠠᠨ ᠰᠡᠷᠭᠦᠵᠤ᠂ ᠣᠷᠣᠰ ᠳᠤᠮᠳᠠᠳᠤ᠎ᠶᠢᠨ ᠬᠠᠷᠢᠯᠴᠠᠭ᠎ᠠ ᠴᠤ᠌ ᠥᠷᠨᠢᠨ ᠬᠥᠭᠵᠢᠵᠦ ᠥᠭᠡᠳᠡᠯᠡᠨ ᠳᠠᠪᠰᠢᠬᠤ ᠪᠣᠯᠣᠨ᠎ᠠ᠃ ᠲᠡᠷᠢᠭᠦᠯᠡᠭᠴᠢ ᠰᠢ᠎ᠵᠢᠨ᠎ᠫᠢᠩ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠳᠦ ᠴᠠᠭᠠᠨ ᠰᠠᠷ᠎ᠠ᠎ᠶᠢᠨ ᠪᠠᠶᠠᠷ ᠬᠦᠷᠭᠡᠵᠦ ᠪᠠᠢᠨ᠎ᠠ᠂ ᠰᠢᠨ᠎ᠡ ᠵᠢᠯ᠎ᠳᠡᠭᠡᠨ ᠦᠭᠡᠳᠡ ᠡᠰᠡᠷᠡᠭ᠂ ᠦᠯᠵᠡᠢ ᠬᠡᠢᠮᠦᠷᠢ ᠲᠡᠢ᠂ ᠠᠵᠢᠯ ᠦᠢᠯᠡᠰ ᠠᠮᠵᠢᠯᠳᠠ ᠲᠠᠢ ᠪᠠᠢᠬᠤ᠎ᠶᠢ ᠬᠦᠰᠡᠨ ᠵᠥᠩᠨᠡᠶ᠎ᠡ ᠭᠡᠵᠤ ᠢᠯᠡᠳᠭᠡᠪᠡ᠃

ᠰᠢ᠎ᠵᠢᠨ᠎ᠫᠢᠩ᠂ ᠥᠩᠭᠡᠷᠡᠭᠰᠡᠨ ᠨᠢᠭᠡ ᠵᠢᠯ᠎ᠳᠦ ᠪᠢᠳᠡ ᠬᠣᠶᠠᠷ ᠤᠳᠠᠭ᠎ᠠ ᠠᠭᠤᠯᠵᠠᠯᠲᠠ ᠬᠢᠵᠤ᠂ ᠳᠤᠮᠳᠠᠳᠤ ᠣᠷᠣᠰ᠎ᠤᠨ ᠬᠠᠷᠢᠯᠴᠠᠭ᠎ᠠ᠎ᠶᠢ ᠬᠥᠲᠥᠯᠥᠨ ᠳᠠᠭᠠᠭᠤᠯᠵᠤ ᠰᠢᠨ᠎ᠡ ᠬᠥᠭᠵᠢᠯᠲᠡ᠎ᠶᠢᠨ ᠱᠠᠲᠤᠨ᠎ᠳᠤ ᠣᠷᠣᠭᠤᠯᠤᠭᠰᠠᠨ ᠶᠤᠮ᠃ ᠬᠣᠶᠠᠷ ᠤᠯᠤᠰ᠎ᠢᠶᠠᠷ᠎ᠢᠶᠠᠨ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠦᠪᠡᠳᠡᠭᠰᠢ ᠶᠡᠬᠡ ᠪᠡᠷ ᠳᠤᠷᠠᠰᠬᠠᠵᠤ᠂ ᠬᠣᠶᠠᠷ ᠲᠠᠯ᠎ᠠ᠎ᠶᠢᠨ ᠳᠡᠯᠡᠬᠡᠢ᠎ᠶᠢᠨ ᠬᠣᠶᠠᠳᠤᠭᠠᠷ ᠲᠠᠢ᠍ᠢᠨ᠎ᠦ ᠢᠯᠠᠯᠲᠠ᠎ᠶᠢᠨ ᠦᠷ᠎ᠡ ᠪᠦᠲᠦᠭᠡᠯ ᠪᠣᠯᠣᠨ ᠳᠡᠯᠡᠬᠡᠢ᠎ᠶᠢᠨ ᠲᠥᠪ ᠭᠣᠣᠯᠴᠢ ᠰᠢᠳᠤᠷᠭᠤ ᠶᠣᠰᠣ᠌᠎ᠶᠢ ᠬᠠᠮᠠᠭᠠᠯᠠᠬᠤ ᠪᠠᠲᠤ ᠵᠣᠷᠢᠭ᠋᠎ᠢ ᠢᠯᠡᠷᠡᠭᠦᠯᠪᠡ᠃ ᠬᠣᠶᠠᠷ ᠲᠠᠯ᠎ᠠ᠎ᠶᠢᠨ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ᠎ᠶᠢᠨ ᠬᠠᠨᠳᠦᠰᠢ ᠲᠣᠭᠲᠠᠭᠤᠨ ᠪᠠᠢᠨ᠎ᠠ᠃《ᠳᠤᠮᠳᠠᠳᠤ ᠤᠷᠤᠰ᠎ᠤᠨ ᠰᠣᠶᠣᠯ᠎ᠤᠨ ᠣᠨ》ᠲᠡᠭᠦᠰ ᠠᠮᠵᠢᠯᠲᠠ ᠲᠠᠢ ᠦᠨᠳᠦᠷᠯᠡᠵᠤ᠂ ᠬᠣᠶᠠᠷ ᠤᠯᠤᠰ᠎ᠤᠨ ᠰᠣᠶᠣᠯ ᠢᠷᠭᠡᠨᠰᠢᠯ᠎ᠦᠨ ᠰᠣᠯᠢᠯᠴᠠᠭ᠎ᠠ ᠬᠠᠮᠲᠤᠷᠠᠯᠴᠠᠭ᠎ᠠ ᠰᠢᠨ᠎ᠡ ᠳᠡᠭᠲᠡᠷ᠎ᠲᠦ ᠭᠠᠷᠴᠤ᠂ ᠬᠥᠮᠥᠰ᠎ᠦᠨ ᠶᠠᠪᠤᠯᠴᠠᠭ᠎ᠠ ᠤᠯᠠᠮ ᠨᠢᠭ᠍ᠲᠠᠷᠠᠪᠠ᠃ ᠬᠣᠶᠠᠷ ᠲᠠᠯ᠎ᠠ᠎ᠪᠠᠷ᠎ᠢᠶᠠᠨ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠲᠢᠶᠠᠨᠵᠢᠨ᠎ᠳ᠋ᠡᠬᠢ ᠲᠦᠷᠦᠭᠦᠴᠦᠳ᠎ᠦᠨ ᠬᠤᠷᠠᠯ ᠪᠣᠯᠣᠨ ᠮᠣᠰᠺᠸᠠ᠎ᠶᠢᠨ ᠶᠡᠷᠦᠩᠬᠡᠢ ᠰᠠᠢᠳ᠎ᠤᠨ ᠬᠤᠷᠠᠯ᠎ᠢ ᠵᠠᠯᠭᠠᠭ᠎ᠠ ᠪᠡᠷ ᠠᠮᠵᠢᠯᠲᠠ ᠲᠠᠢ ᠡᠷᠬᠢᠯᠡᠨ ᠬᠤᠷᠠᠯᠳᠤᠭᠤᠯᠵᠤ᠂ ᠤᠯᠠᠨ ᠲᠠᠯ᠎ᠠ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲ᠋ᠸᠮ᠎ᠢ ᠪᠠᠶ᠋ᠢᠭᠤᠯᠬᠤ᠎ᠪᠠᠷ ᠦᠷᠭᠦᠯᠵᠢᠯᠡᠨ ᠴᠢᠷᠮᠠᠢᠵᠠᠢ ᠭᠡᠵᠤ ᠵᠢᠭᠠᠵᠤ ᠭᠠᠷᠭᠠᠪᠠ᠃

ᠰᠢ᠎ᠵᠢᠨ᠎ᠫᠢᠩ᠂ ᠡᠨᠡ ᠵᠢᠯ ᠪᠣᠯ ᠳᠤᠮᠳᠠᠳᠤ ᠤᠯᠤᠰ᠎ᠤᠨ《ᠠᠷᠪᠠᠨ ᠲᠠᠪᠤᠳᠤᠭᠠᠷ ᠲᠠᠪᠤᠨ ᠵᠢᠯ》ᠦ᠋ᠨ ᠡᠬᠢᠯᠡᠯᠲᠡ᠎ᠶᠢᠨ ᠵᠢᠯ ᠮᠥᠨ᠂ ᠳᠤᠮᠳᠠᠳᠤ᠎ᠶᠢᠨ ᠲᠠᠯ᠎ᠠ᠎ᠶᠢᠨ ᠬᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠪᠡᠨ ᠨᠠᠩ ᠢᠳᠡᠪᠬᠢᠲᠡᠢ ᠪᠥᠭᠡᠳ ᠰᠠᠨᠠᠭᠠᠴᠢᠯᠠᠭ᠎ᠠ᠎ᠲᠠᠢ᠎ᠥᠷᠭᠡᠳᠬᠡᠵᠦ᠂ ᠣᠷᠣᠰ᠎ᠢ ᠪᠠᠭᠲᠠᠭᠠᠭᠰᠠᠨ ᠳᠡᠯᠡᠬᠡᠢ᠎ᠶᠢᠨ ᠡᠯ᠎ᠡ ᠤᠯᠤᠰ᠎ᠲᠠᠢ ᠬᠥᠭᠵᠢᠯᠲᠡ᠎ᠶᠢᠨ ᠰᠢᠨ᠎ᠡ ᠠᠵᠠ ᠲᠣᠬᠢᠶᠠᠯ᠎ᠢ ᠬᠠᠮᠲᠤ᠎ᠪᠠᠷ ᠡᠳ᠋ᠯᠡᠨ᠎ᠡ᠃ ᠡᠨᠡ ᠵᠢᠯ ᠪᠣᠯ ᠪᠠᠰᠠ ᠴᠤ᠌ ᠳᠤᠮᠳᠠᠳᠤ ᠤᠷᠤᠰ᠎ᠤᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ ᠪᠠᠢᠭᠤᠯᠤᠭᠳᠠᠭᠰᠠᠨ 30 ᠵᠢᠯ᠎ᠦᠨ ᠤᠢ᠂《ᠳᠤᠮᠳᠠᠳᠤ ᠤᠷᠤᠰ᠎ᠤᠨ ᠡᠶᠡᠯᠳᠡᠭ ᠬᠥᠷᠰᠢ᠎ᠶᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》ᠲᠣᠭᠲᠠᠭᠰᠠᠨ 25 ᠵᠢᠯ᠎ᠦᠨ ᠤᠢ ᠪᠣᠯᠣᠨ《ᠳᠤᠮᠳᠠᠳᠤ ᠤᠷᠤᠰ᠎ᠤᠨ ᠰᠤᠷᠭᠠᠨ ᠬᠥᠮᠦᠵᠢᠯ᠎ᠦᠨ ᠣᠨ》ᠢ᠋ ᠡᠬᠢᠯᠡᠭᠦᠯᠦᠭᠰᠡᠨ ᠵᠢᠯ ᠪᠣᠯᠣᠨ᠎ᠠ᠃ ᠬᠣᠶᠠᠷ ᠲᠠᠯ᠎ᠠ᠎ᠪᠠᠷ᠎ᠢᠶᠠᠨ ᠲᠡᠦᠬᠡ᠎ᠶᠢᠨ ᠠᠵᠠ ᠲᠣᠬᠢᠶᠠᠯ᠎ᠢ ᠠᠳᠬᠤᠵᠤ᠂ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠡᠯ᠎ᠡ ᠬᠦᠷᠢᠶᠡᠨ᠎ᠳ᠋ᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠨᠡᠩ ᠭᠦᠨ ᠳᠠᠪᠬᠤᠷᠭ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭ᠎ᠠ ᠪᠣᠯᠣᠨ ᠨᠡᠩ ᠢᠳᠡᠪᠬᠢᠲᠡᠢ ᠪᠥᠭᠡᠳ ᠵᠢᠳᠬᠦᠯ ᠴᠢᠷᠮᠠᠢᠯᠭ᠎ᠠ᠎ᠲᠠᠢ ᠲᠣᠮᠣ᠌ ᠤᠯᠤᠰ᠎ᠤᠨ ᠬᠠᠷᠢᠭᠤᠴᠠᠯᠭ᠎ᠠ᠎ᠪᠠᠷ ᠳᠤᠮᠳᠠᠳᠤ ᠤᠷᠤᠰ᠎ᠤᠨ ᠬᠠᠷᠢᠯᠴᠠᠭ᠎ᠠ᠎ᠶᠢᠨ ᠦᠷᠭᠦᠯᠵᠢᠯᠡᠨ ᠵᠥᠪ ᠵᠠᠮ᠎ᠢᠶᠠᠷ ᠲᠠᠰᠤᠷᠠᠯᠲᠠ ᠦᠭᠡᠢ ᠬᠥᠭᠵᠢᠬᠦ᠎ᠶᠢ ᠪᠠᠲᠤᠯᠠᠶ᠎ᠠ ᠭᠡᠵᠤ ᠴᠢᠬᠤᠯᠠᠴᠢᠯᠠᠪᠠ᠃

ᠰᠢ᠎ᠵᠢᠨ᠎ᠫᠢᠩ᠂ ᠵᠢᠯ᠎ᠤᠨ ᠡᠬᠢᠨ᠎ᠡᠴᠡ ᠨᠠᠭᠠᠰᠢ᠂ ᠳᠡᠯᠡᠬᠡᠢ᠎ᠶ᠋ᠢᠨ ᠪᠠᠢᠳᠠᠯ ᠶᠠᠪᠤᠬᠤ ᠲᠤᠳᠤᠮ ᠤᠷᠤᠭ᠎ᠠ ᠪᠤᠰᠬᠠᠭ᠎ᠠ ᠪᠤᠯᠵᠤ ᠪᠠᠢᠨ᠎ᠠ᠃ ᠬᠠᠷᠢᠭᠤᠴᠠᠯᠭ᠎ᠠ᠎ᠲᠠᠶ ᠲᠤᠮᠤ ᠤᠯᠤᠰ ᠪᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠶᠤᠯ ᠦᠭᠡᠢ᠎ᠶ᠋ᠢᠨ ᠵᠥᠪᠯᠡᠯ᠎ᠦᠨ ᠪᠠᠢᠩᠭᠤ᠎ᠶ᠋ᠢᠨ ᠬᠡᠷᠡᠭ ᠡᠷᠬᠢᠯᠡᠭ᠌ᠴᠢ ᠤᠯᠤᠰ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠷᠤᠰ ᠬᠣᠶᠠᠷ ᠤᠯᠤᠰ ᠳᠡᠯᠡᠬᠡᠢ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠪᠠᠲᠤ ᠰᠠᠬᠢᠬᠤ᠎ᠶ᠋ᠢ ᠠᠬᠢᠭᠤᠯᠵᠤ᠂ ᠳᠡᠯᠡᠬᠡᠢ᠎ᠶ᠋ᠢᠨ ᠬᠣᠶᠠᠳᠤᠭᠠᠷ ᠳᠠᠢ᠌ᠨ᠎ᠦ ᠢᠯᠠᠯᠲᠠ᠎ᠶ᠋ᠢᠨ ᠦᠷ᠎ᠡ ᠪᠦᠲᠦᠭᠡᠯ᠎ᠢ ᠡᠷᠡᠰ ᠬᠠᠮᠠᠭᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠪᠠᠷ ᠭᠣᠣᠯ ᠪᠣᠯᠭᠠᠭ᠍ᠰᠠᠨ ᠤᠯᠠᠨ ᠤᠯᠤᠰ᠎ᠤᠨ ᠱᠢᠰᠲ᠋ᠧᠮ ᠪᠠ ᠤᠯᠠᠨ ᠤᠯᠤᠰ᠎ᠤᠨ ᠬᠠᠤᠯᠢ᠎ᠶ᠋ᠢᠨ ᠦᠨᠳᠦᠰᠦᠨ ᠪᠠᠷᠢᠮᠵᠢᠶ᠎ᠠ᠎ᠶ᠋ᠢ ᠡᠷᠡᠰ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠭᠤᠨ ᠎ᠢ ᠭᠠᠷ ᠬᠣᠯᠪᠣᠨ ᠬᠠᠮᠠᠭᠠᠯᠠᠬᠤ ᠡᠭᠦᠷᠭᠡ᠎ᠲᠡᠶ ᠶᠤᠮ ᠭᠡᠵᠦ ᠢᠯᠡᠳᠭᠡᠪᠡ᠃

ᠫᠦᠲ᠋ᠢᠨ᠂ ᠥᠩᠭᠡᠷᠡᠭ᠌ᠰᠡᠨ ᠨᠢᠭᠡ ᠵᠢᠯ᠎ᠳᠦ ᠤᠷᠤᠰ ᠳᠤᠮᠳᠠᠳᠤ ᠳᠡᠯᠡᠬᠡᠢ ᠎ᠶ᠋ᠢᠨ ᠬᠣᠶᠠᠳᠤᠭᠠᠷ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠬᠠᠮᠲᠤ ᠪᠠᠷ ᠳᠤᠷᠠᠰᠭᠠᠵᠤ᠂ ᠤᠷᠤᠰ ᠳᠤᠮᠳᠠᠳᠤ᠎ᠶ᠋ᠢᠨ ᠠᠷᠠᠳ ᠲᠦᠮᠡᠨ᠎ᠦ ᠬᠦᠨᠳᠦ ᠶᠡᠬᠡ ᠦᠷᠡᠭ᠌ᠳᠡᠯ ᠭᠠᠷᠭᠠᠵᠤ ᠣᠯᠤᠭ᠍ᠰᠠᠨ ᠳᠡᠯᠡᠬᠡᠢ᠎ᠶ᠋ᠢᠨ ᠡᠩᠬᠡ ᠲᠠᠢᠪᠤᠩ᠎ᠢ ᠡᠷᠡᠰ ᠬᠠᠮᠠᠭᠠᠯᠠᠵᠤ᠂ ᠲᠡᠦᠬᠡ᠎ᠶ᠋ᠢᠨ ᠦᠨᠡᠨ᠎ᠢ ᠬᠠᠮᠠᠭᠠᠯᠠᠪᠠ᠃ ᠬᠣᠶᠠᠷ ᠤᠯᠤᠰ᠎ᠤᠨ ᠠᠷᠠᠯᠵᠢᠶ᠎ᠠ᠂ ᠡᠨᠧᠷᠭᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠬᠥᠳᠡᠭᠡ ᠠᠵᠤ ᠠᠬᠤᠢ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ ᠭᠦᠨᠵᠡᠭᠡᠢᠷᠡᠨ ᠪᠣᠳᠠᠲᠠᠢᠵᠢᠵᠤ᠂ ᠰᠣᠶᠣᠯ ᠢᠷᠭᠡᠨᠱᠢᠯ᠎ᠦᠨ ᠰᠣᠯᠢᠯᠴᠠᠭ᠎ᠠ ᠡᠳᠦᠷ ᠢᠷᠡᠬᠦᠶ᠎ᠡ ᠨᠢᠭ᠍ᠲᠠᠷᠠᠵᠤ᠂ ᠰᠣᠶᠣᠯ᠎ᠤᠨ ᠣᠨ᠎ᠤ ᠠᠵᠢᠯᠯᠠᠭ᠎ᠠ ᠲᠡᠭᠦᠰ ᠠᠮᠵᠢᠯᠲᠠ ᠣᠯᠵᠤ᠂ ᠬᠠᠷᠢᠯᠴᠠᠨ ᠦᠯᠦ ᠸᠢᠰᠠᠯᠠᠬᠤ ᠎ᠲᠥᠷᠥ᠎ᠶ᠋ᠢᠨ ᠪᠣᠳᠣᠯᠭ᠎ᠠ ᠨᠢ ᠬᠣᠶᠠᠷ ᠤᠯᠤᠰ᠎ᠤᠨ ᠠᠷᠠᠳ ᠲᠦᠮᠡᠨ᠎ᠦ ᠶᠠᠪᠤᠯᠴᠠᠭ᠎ᠠ᠎ᠶ᠋ᠢ ᠨᠠᠩ ᠳᠥᠭᠥᠮ ᠳᠥᠲᠡ ᠪᠣᠯᠭᠠᠪᠠ᠃ ᠱᠢᠨ᠎ᠡ ᠨᠢᠭᠡ ᠵᠢᠯ᠎ᠳ᠋ᠤ ᠤᠷᠤᠰ᠎ᠤᠨ ᠬᠢᠨ ᠤᠷᠤᠰ ᠳᠤᠮᠳᠠᠳᠤ᠎ᠶ᠋ᠢᠨ ᠬᠠᠷᠢᠯᠴᠠᠭ᠎ᠠ᠎ᠳᠤ ᠢᠲᠡᠭᠡᠯ ᠳᠦᠭᠦᠷᠡᠩ ᠪᠠᠢᠨ᠎ᠠ᠃ ᠬᠣᠶᠠᠷ ᠲᠠᠯ᠎ᠠ᠎ᠪᠠᠷ᠎ᠢᠶᠠᠨ ᠲᠤᠰ ᠲᠤᠰ᠎ᠤᠨ᠎ᠢᠶᠠᠨ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠎ᠢᠶᠡᠨ ᠬᠠᠮᠠᠭᠠᠯᠠᠬᠤ᠂ ᠠᠵᠤ ᠠᠬᠤᠢ ᠨᠡᠢᠭᠡᠮ᠎ᠦᠨ ᠬᠥᠭ᠌ᠵᠢᠯ ᠴᠡᠴᠡᠭᠯᠡᠯ᠎ᠢ ᠪᠡᠶᠡᠯᠡᠭᠦᠯᠬᠦ᠌᠂ ᠰᠤᠷᠭᠠᠨ ᠬᠥᠮᠦᠵᠢᠯ᠂ ᠰᠣᠶᠣᠯ ᠵᠡᠷᠭᠡ ᠬᠦᠷᠢᠶᠡᠨ᠎ᠳ᠋ᠡᠬᠢ ᠰᠣᠶᠣᠯ ᠢᠷᠭᠡᠨᠱᠢᠯ᠎ᠦᠨ ᠰᠣᠯᠢᠯᠴᠠᠭ᠎ᠠ᠎ᠶ᠋ᠢ ᠠᠬᠢᠭᠤᠯᠬᠤ᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠬᠦ᠌᠎ᠶ᠋ᠢ ᠦᠷᠭᠦᠯᠵᠢᠯᠡᠨ ᠭᠤᠢᠪᠢᠰᠢ ᠦᠭᠡᠢ ᠳᠡᠮᠵᠢᠶ᠎ᠠ᠃ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠡᠯᠡᠬᠡᠢ᠎ᠶ᠋ᠢᠨ ᠪᠠᠢᠳᠠᠯ᠎ᠤᠨ ᠡᠮᠦᠨ᠎ᠡ᠂ ᠤᠷᠤᠰ᠎ᠤᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠦᠷᠭᠦᠯᠵᠢᠯᠡᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠂ ᠠᠯᠳᠠᠨ ᠲᠣᠭᠣᠰᠭ᠎ᠠ ᠤᠯᠤᠰ᠎ᠤᠳ ᠵᠡᠷᠭᠡ ᠤᠯᠠᠨ ᠲᠠᠯᠠᠲᠤ ᠲᠠᠪᠴᠠᠩ᠎ᠳᠤ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭ᠎ᠠ᠎ᠪᠠᠨ ᠴᠢᠩᠭᠠᠳᠭᠠᠵᠤ᠂ ᠤᠯᠠᠨ ᠤᠯᠤᠰ᠎ᠤᠨ ᠬᠡᠷᠡᠭ ᠶᠠᠪᠤᠳᠠᠯ᠎ᠳᠤ ᠢᠳᠡᠪᠬᠢ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ᠎ᠤᠨ ᠬᠢᠨ᠎ᠤ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠠᠵᠤ ᠠᠬᠤᠢ ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠬᠥᠮᠦᠰ ᠎ᠦᠨ ᠠᠯᠪᠠᠨ ᠶᠣᠰᠣᠨ᠎ᠤ ᠪᠤᠰᠤ ᠬᠤᠷᠠᠯ ᠬᠤᠷᠠᠯᠳᠤᠭᠤᠯᠬᠤ᠎ᠶ᠋ᠢ ᠤᠷᠤᠰ᠎ᠤᠨ ᠬᠢᠨ ᠢᠳᠡᠪᠬᠢᠲᠡᠢ ᠳᠡᠮᠵᠢᠨ᠎ᠠ ᠭᠡᠵᠦ᠍ ᠢᠯᠡᠳᠭᠡᠪᠡ᠃

ᠬᠣᠶᠠᠷ ᠤᠯᠤᠰ᠎ᠤᠨ ᠲᠡᠷᠢᠭᠦᠨ ᠪᠠᠰᠠ ᠬᠠᠮᠲᠤ᠎ᠪᠠᠷ ᠠᠩᠬᠠᠷᠴᠤ᠌ ᠪᠠᠢᠭ᠎ᠠ ᠳᠡᠯᠡᠬᠡᠢ᠎ᠶ᠋ᠢᠨ ᠪᠠ ᠭᠠᠵᠠᠷ ᠣᠷᠣᠨ᠎ᠤ ᠬᠠᠯᠠᠮᠱᠢᠯ ᠠᠰᠠᠭᠤᠳᠠᠯ᠎ᠤᠨ ᠲᠤᠬᠠᠢ ᠰᠠᠨᠠᠯ᠎ᠢᠶᠠᠨ ᠭᠦᠨᠵᠡᠭᠡᠢ ᠰᠣᠯᠢᠯᠴᠠᠵᠠᠢ᠃

ᠸᠠᠩ ᠢ ᠠᠵᠢᠯᠯᠠᠭ᠎ᠠ᠎ᠳᠤ ᠣᠷᠣᠯᠴᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ