ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠢ᠍ᠮᠠᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠠᠷᠪᠠᠨ ᠭᠤᠷᠪᠠᠳᠤᠭ᠋ᠠᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠣᠷᠳᠣᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠨᠠᠮ᠎ᠤᠨ ᠠᠵᠢᠯ᠎ᠤᠨ ᠬᠣᠷᠢᠶ᠎ᠠ᠎ᠳᠤ ᠲᠣᠭᠣᠷᠢᠨ ᠪᠠᠢ᠌ᠴᠠᠭ᠋ᠠᠭᠰᠠᠨ ᠪᠠᠢ᠌ᠳᠠᠯ᠎ᠢ ᠬᠠᠷᠢᠭᠤ ᠲᠤᠰᠬᠠᠪᠠ ᠸᠠᠩ ᠯᠢ ᠰᠢᠶᠠ ᠬᠠᠷᠢᠭᠤ ᠲᠤᠰᠬᠠᠬᠤ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2025-07-03

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠯᠲᠡᠢ ᠲᠣᠬᠢᠷᠠᠭᠤᠯᠤᠯᠲᠠ᠎ᠪᠠᠷ᠂ 7 ᠰᠠᠷ᠎ᠠ ᠵᠢᠨ 2᠎ᠤᠨ ᠡᠳᠦᠷ᠂ ᠸᠠᠩ ᠯᠢ ᠰᠢᠶᠠ ᠣᠷᠳᠣᠰ ᠬᠤᠳᠠ᠎ᠳᠤ ᠬᠦᠷᠴᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠢ᠍ᠮᠠᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠲᠤᠰᠬᠠᠬᠤ ᠬᠤᠷᠠᠯ᠎ᠳᠤ ᠣᠷᠣᠯᠴᠠᠪᠠ᠃

自治区党委第八轮巡视第十三巡视组向鄂尔多斯高新技术产业开发区党工委反馈巡视情况1.jpg

      ᠬᠠᠷᠢᠭᠤ ᠲᠤᠰᠬᠠᠬᠤ ᠬᠤᠷᠠᠯ ᠳᠡᠭᠡᠷ᠎ᠡ᠂ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠎ᠤᠨ ᠶᠠᠷᠢᠶ᠎ᠠ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠲᠤᠰᠬᠠᠬᠤ  ᠰᠠᠨᠠᠯ᠎ᠢ ᠵᠠᠷᠯᠠᠨ ᠮᠡᠳᠡᠭᠳᠡᠪᠡ᠃ ᠣᠷᠳᠣᠰ ᠬᠤᠳᠠ ᠵᠢᠨ ᠨᠠᠮ᠎ᠤᠨ ᠬᠣᠷᠢᠶ᠎ᠠ ᠪᠣᠯᠣᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠨᠠᠮ᠎ᠤᠨ ᠠᠵᠢᠯ᠎ᠤᠨ ᠬᠣᠷᠢᠶ᠎ᠠ ᠵᠢᠨ ᠭᠣᠣᠯ ᠬᠠᠷᠢᠭᠤᠴᠠᠯᠭ᠋ᠠᠲᠠᠨ ᠣᠪᠣᠷ ᠵᠶ᠋ᠠᠨ ᠢᠯᠡᠳᠬᠡᠬᠦ ᠦᠭᠡ ᠬᠡᠯᠡᠵᠡᠢ᠃

      ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠢ᠍ᠮᠠᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠨᠢᠭᠡ ᠤᠳᠠᠭ᠎ᠠ ᠵᠢᠨ ᠤᠯᠤᠰ ᠲᠦᠷᠦ ᠵᠢᠨ ᠪᠠᠢ᠌ᠴᠠᠭ᠋ᠠᠯᠲᠠ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠤᠭᠰᠠᠨ ᠪᠣᠳᠠᠲᠠᠢ ᠠᠵᠢᠯᠯᠠᠭ᠎ᠠ ᠮᠥᠨ᠂ ᠡᠷᠬᠡᠪᠰᠢ ᠦᠵᠡᠯ ᠰᠠᠨᠠᠭ᠋ᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠡᠷᠡᠰ ᠨᠠᠢ᠌ᠳᠠᠪᠤᠷᠢᠵᠢᠭᠤᠯᠵᠤ᠂ ᠴᠡᠭᠴᠡᠯᠡᠨ ᠰᠠᠢ᠌ᠵᠢᠷᠠᠭᠤᠯᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠪᠣᠳᠠᠲᠠᠢ ᠠᠳᠬᠤᠵᠤ᠂ 《ᠤᠳᠠᠭ᠋ᠠᠨ ᠪᠦᠳᠦᠭᠦᠯᠢᠭ ᠬᠡᠢ᠌ᠰᠪᠦᠷᠢ》 ᠭᠡᠮ ᠠᠷᠬᠠᠭ᠎ᠢ ᠡᠷᠡᠰ ᠲᠡᠪᠴᠢᠵᠦ᠂ ᠲᠣᠭᠣᠷᠢᠨ ᠪᠠᠢ᠌ᠴᠠᠭ᠋ᠠᠯᠲᠠ ᠵᠢᠨ 《ᠰᠡᠭᠦᠯᠴᠢ ᠵᠢᠨ ᠠᠵᠢᠯ》᠎ᠢ  ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ ᠭᠡᠪᠡ᠃

      ᠸᠠᠩ ᠯᠢ ᠰᠢᠶᠠ᠂ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠰᠠᠢ᠌ᠵᠢᠷᠠᠭᠤᠯᠬᠤ ᠵᠢ ᠰᠠᠢ᠌ᠲᠤᠷ ᠠᠳᠬᠤᠬᠤ ᠪᠣᠯ ᠤᠯᠤᠰ ᠲᠦᠷᠦ ᠵᠢᠨ ᠬᠠᠷᠢᠭᠤᠴᠠᠯᠭ᠎ᠠ ᠮᠥᠨ᠂ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠨᠠᠮ᠎ᠤᠨ ᠠᠵᠢᠯ᠎ᠤᠨ ᠬᠣᠷᠢᠶ᠎ᠠ ᠭᠣᠣᠯ ᠬᠠᠷᠢᠭᠤᠴᠠᠯᠭ᠎ᠠ ᠭᠣᠣᠯ ᠠᠵᠢᠯ᠎ᠳᠠᠭᠠᠨ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠠᠵᠢᠯ᠎ᠤᠨ ᠬᠣᠷᠢᠶ᠎ᠠ ᠵᠢᠨ ᠱᠦᠵᠢ ᠵᠢᠨ ᠴᠡᠭᠴᠡᠯᠡᠨ ᠰᠠᠢ᠌ᠵᠢᠷᠠᠭᠤᠯᠬᠤ 《ᠨᠢᠭᠡᠳᠦᠭᠡᠷ ᠬᠠᠷᠢᠭᠤᠴᠠᠯᠭ᠋ᠠᠲᠠᠨ》᠎ᠤ ᠲᠤᠰᠢᠶᠠᠯ ᠬᠠᠷᠢᠭᠤᠴᠠᠯᠭ᠎ᠠ ᠪᠣᠯᠣᠨ ᠤᠳᠤᠷᠢᠳᠬᠤ ᠪᠠᠭ᠎ᠤᠨ ᠪᠦᠷᠢᠯᠳᠦᠭᠦᠨ᠎ᠤ 《ᠨᠢᠭᠡ ᠠᠵᠢᠯ᠎ᠤᠨ ᠪᠠᠢ᠌ᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠪᠣᠳᠠᠲᠠᠢ᠌ᠵᠢᠭᠤᠯᠵᠤ᠂ ᠵᠤᠷᠪᠤᠰ ᠳᠠᠷᠠᠭ᠋ᠠᠯᠠᠨ ᠪᠣᠳᠠᠲᠠᠢ ᠠᠷᠭ᠎ᠠ ᠬᠡᠮᠵᠢᠶ᠎ᠡ ᠭᠠᠷᠭ᠋ᠠᠵᠤ᠂ ᠲᠣᠭᠣᠷᠢᠨ ᠪᠠᠢ᠌ᠴᠠᠭ᠋ᠠᠯᠲᠠ᠎ᠠᠴᠠ ᠵᠢᠭ᠋ᠠᠵᠤ ᠭᠠᠷᠭ᠋ᠠᠭᠰᠠᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠠᠳᠬᠤᠬᠤ ᠶᠣᠰᠣᠲᠠᠢ ᠵᠢ᠎ᠨᠢ ᠰᠠᠢ᠌ᠲᠤᠷ ᠠᠳᠬᠤᠵᠤ᠂ ᠰᠠᠢ᠌ᠲᠤᠷ ᠴᠢᠷᠮᠠᠢ᠌ᠵᠤ᠂ ᠵᠣᠷᠢᠭᠲᠠᠢ ᠲᠡᠮᠡᠴᠡᠵᠦ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠤᠷᠤᠭᠰᠢ ᠠᠬᠢᠵᠤ ᠲᠡᠰ ᠳᠡᠪᠰᠢᠬᠦ ᠬᠡᠷᠡᠭᠲᠡᠢ᠃ ᠣᠷᠳᠣᠰ ᠬᠣᠲᠠ ᠵᠢᠨ ᠨᠠᠮ᠎ᠤᠨ ᠬᠣᠷᠢᠶ᠎ᠠ ᠪᠦᠭᠦ ᠬᠣᠲᠠ ᠵᠢᠨ ᠳᠥᠷᠪᠡᠨ ᠬᠣᠰᠢᠭᠤ ᠲᠣᠭᠣᠷᠢᠭ᠎ᠤᠨ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠨᠢᠭᠡᠳᠦᠯᠲᠡᠢ ᠲᠥᠯᠥᠪᠵᠢᠭᠦᠯᠵᠦ᠂ 《ᠬᠣᠶᠠᠷ ᠬᠠᠷᠢᠭᠤᠴᠠᠯᠭ᠎ᠠ》 ᠵᠢ ᠰᠠᠢ᠌ᠲᠤᠷ ᠨᠠᠢ᠌ᠳᠠᠪᠤᠷᠢᠵᠢᠭᠤᠯᠵᠤ᠂ 《ᠨᠢᠭᠡ ᠱᠤᠭᠤᠮ》᠎ᠤᠨ ᠬᠠᠷᠢᠭᠤᠴᠠᠯᠭ᠎ᠠ ᠵᠢᠨ ᠲᠣᠭᠲᠠᠴᠠ᠎ᠪᠠᠷ ᠡᠴᠦᠰ᠎ᠲᠤᠨᠢ ᠲᠤᠯᠲᠠᠯ᠎ᠠ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠲᠠᠯ᠎ᠠ᠎ᠠᠴᠠ ᠴᠤ᠌ ᠲᠣᠭᠣᠷᠢᠨ ᠪᠠᠢ᠌ᠴᠠᠭ᠋ᠠᠵᠤ ᠢᠯᠡᠷᠡᠭᠦᠯᠦᠭᠰᠡᠨ ᠪᠦᠭᠦ ᠣᠷᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠡᠢ᠌ᠲᠡᠯᠢᠭ ᠴᠢᠨᠠᠷᠲᠠᠢ ᠠᠰᠠᠭᠤᠳᠠᠯ᠎ᠳᠤ ᠨᠢᠭᠡ᠎ᠠᠴᠠ ᠵᠦᠢ᠍ᠴᠢᠯᠡᠵᠦ ᠨᠦᠭᠦᠭᠡ ᠵᠢ ᠮᠡᠳᠡᠵᠦ᠂ ᠪᠦᠭᠦ ᠲᠠᠯ᠎ᠠ᠎ᠪᠠᠷ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ ᠭᠡᠪᠡ᠃

      ᠸᠠᠩ ᠯᠢ ᠰᠢᠶᠠ᠂ ᠣᠷᠳᠣᠰ ᠬᠤᠳᠠ ᠵᠢᠨ᠎ᠬᠢᠨ ᠬᠣᠶᠠᠷ ᠲᠠᠯ᠎ᠠ᠎ᠪᠠᠷ ᠠᠳᠬᠤᠬᠤ᠂ ᠬᠣᠶᠠᠷ᠎ᠢ ᠠᠬᠢᠭᠤᠯᠬᠤ ᠵᠢ ᠪᠠᠷᠢᠮᠲᠠᠯᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠪᠦᠭᠦ ᠬᠦᠴᠦᠨ ᠵᠶ᠋ᠡᠷ ᠵᠶ᠋ᠠᠨ ᠠᠬᠢᠭᠤᠯᠵᠤ᠂ ᠲᠥᠪ᠎ᠤᠨ ᠲᠣᠭᠣᠷᠢᠨ ᠪᠠᠢ᠌ᠴᠠᠭ᠋ᠠᠯᠲᠠ ᠪᠠ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠢ᠌ᠴᠠᠭ᠋ᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠰᠤᠯᠠᠷᠠᠭᠤᠯᠤᠯ ᠦᠭᠡᠢ ᠴᠢᠩᠭ᠎ᠠ ᠠᠳᠬᠤᠨ ᠠᠬᠢᠭᠤᠯᠬᠤ ᠬᠡᠷᠡᠭᠲᠡᠢ᠃ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠬᠥᠭᠵᠢᠯᠲᠡ ᠵᠢᠨ ᠳᠠᠭ᠋ᠠᠭᠤᠯᠤᠭᠴᠢ ᠵᠢᠨ ᠥᠨᠳᠥᠷᠴᠡ᠎ᠳᠤ ᠵᠣᠭᠰᠣᠨ᠂ ᠬᠠᠷᠠᠯᠲᠠ᠎ᠪᠠᠨ ᠪᠠᠭᠤᠷᠠᠭᠤᠯᠬᠤ ᠦᠭᠡᠢ᠂ ᠡᠭᠦᠷᠭᠡ᠎ᠪᠠᠨ ᠬᠠᠰᠤᠬᠤ ᠦᠭᠡᠢ᠂ ᠡᠷᠴᠢ ᠵᠣᠷᠢᠭ ᠵᠶ᠋ᠠᠨ ᠰᠤᠯᠠᠷᠠᠭᠤᠯᠬᠤ ᠦᠭᠡᠢ ᠪᠠᠢ᠌ᠬᠤ ᠵᠢ ᠪᠠᠷᠢᠮᠲᠠᠯᠠᠵᠤ᠂ ᠲᠠᠪᠤᠨ ᠶᠡᠬᠡ ᠡᠭᠦᠷᠭᠡ᠂ ᠵᠢᠷᠭᠤᠭ᠋ᠠᠨ ᠢᠨᠵᠧᠨᠧᠷᠢᠩ᠂ ᠵᠢᠷᠭᠤᠭ᠋ᠠᠨ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠰᠢᠨ ᠲᠣᠭᠲᠠᠭᠤᠨ᠎ᠤ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠠᠳᠬᠤᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠢᠷᠢ ᠲᠡᠩᠴᠡᠭᠰᠡᠨ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠬᠤ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃

      ᠸᠠᠩ ᠯᠢ ᠰᠢᠶᠠ ᠪᠠᠰᠠ ᠪᠣᠷᠣᠭ᠋ᠠᠨ᠎ᠳᠤ ᠳ᠋ᠦᠩᠱ᠌ᠧᠩ ᠲᠣᠭᠣᠷᠢᠭ᠎ᠤᠨ ᠠᠨᠳᠠ ᠨᠡᠢ᠌ᠭᠡᠮ ᠲᠣᠭᠣᠷᠢᠭ᠎ᠲᠤ ᠬᠦᠷᠴᠦ᠂ ᠨᠡᠢ᠌ᠭᠡᠮ ᠲᠣᠭᠣᠷᠢᠭ᠎ᠤᠨ ᠵᠠᠮ᠂ ᠢᠯᠴᠢ ᠬᠠᠩᠭ᠋ᠠᠬᠤ ᠬᠣᠭᠣᠯᠠᠢ ᠲᠣᠣᠷ᠎ᠢ ᠥᠭᠡᠷᠡᠴᠢᠯᠡᠨ ᠰᠠᠢ᠌ᠵᠢᠷᠠᠭᠤᠯᠬᠤ ᠪᠠ ᠨᠠᠰᠤᠲᠠᠨ᠎ᠳᠤ ᠲᠤᠰᠠᠯᠠᠬᠤ ᠬᠣᠭᠣᠯᠠᠨ ᠭᠡᠷ᠎ᠤᠨ ᠦᠢ᠍ᠯᠡᠴᠢᠯᠡᠭᠡᠨ᠎ᠤ ᠠᠵᠢᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠵᠦ᠂ ᠣᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠢ ᠴᠢᠩᠭ᠎ᠠ ᠠᠩᠬᠠᠷᠴᠤ᠂ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠳᠤᠮᠳᠠ ᠭᠠᠷᠭ᠋ᠠᠭᠰᠠᠨ ᠠᠷᠠᠳ᠎ᠲᠤ ᠲᠥᠭᠦᠮ ᠦᠵᠡᠭᠦᠯᠭᠦ᠂ ᠠᠷᠠᠳ᠎ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠪᠠᠷᠢᠮᠲᠠᠯᠠᠵᠤ᠂ ᠠᠷᠠᠳ᠎ᠲᠤ ᠪᠣᠳᠠᠲᠤ ᠶᠠᠪᠤᠳᠠᠯ ᠬᠢᠵᠦ ᠥᠭᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠯᠳᠦᠭᠦᠯᠬᠦ ᠬᠡᠷᠡᠭᠲᠡᠢ ᠭᠡᠵᠦ ᠱᠠᠭ᠋ᠠᠷᠳᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ