ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ ᠡᠯ᠎ᠡ ᠠᠢᠮᠠᠭ ᠬᠣᠲᠠ᠎ᠶ᠋ᠢᠨ ᠨᠠᠮ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠨᠠᠮ (ᠠᠵᠢᠯᠯᠠᠬᠤ)᠎ᠦᠨ ᠬᠣᠷᠢᠶ᠎ᠠ᠎ᠶ᠋ᠢᠨ ᠱᠦᠵᠢ ᠨᠠᠷ᠎ᠤᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ ᠲᠤᠱᠢᠶᠠᠯ᠎ᠤᠨ ᠮᠡᠳᠡᠭᠦᠯᠦᠯᠲᠡ᠎ᠶᠢ ᠰᠣᠨᠣᠰᠪᠠ   ᠸᠠᠩ ᠸᠧᠢ ᠵᠦᠩ ᠬᠤᠷᠠᠯ᠎ᠢ ᠡᠷᠬᠢᠯᠡᠵᠦ ᠪᠦᠦ ᠭᠠᠩ  ᠵᠠᠩ ᠶᠠᠨ ᠺᠦᠨ  ᠱ᠌ᠢ ᠭᠤᠸᠠᠩ ᠬᠤᠢ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2026-01-05

1 ᠰᠠᠷ᠎ᠠ᠎ᠶ᠋ᠢᠨ 4 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠣᠷᠢᠢ᠎ᠠ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠡᠯ᠎ᠡ ᠠᠢᠮᠠᠭ ᠬᠤᠳᠠ᠎ᠶ᠋ᠢᠨ ᠨᠠᠮ᠎ᠤᠨ ᠬᠣᠷᠢᠢ᠎ᠠ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠨᠠᠮ (ᠠᠵᠢᠯᠯᠠᠬᠤ)᠎ᠦᠨ ᠬᠤᠷᠢᠶ᠎ᠠ᠎ᠶᠢᠨ ᠱᠦᠵᠢ ᠪᠣᠯᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠎ᠶ᠋ᠢᠨ 2025 ᠣᠨ᠎ᠤ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ ᠲᠤᠱᠢᠶᠠᠯ᠎ᠤᠨ ᠮᠡᠳᠡᠭᠦᠯᠦᠯᠲᠡ᠎ᠶ᠋ᠢ ᠰᠣᠨᠣᠰᠤᠭ᠍ᠰᠠᠨ ᠪᠥᠭᠡᠳ ᠲᠤᠬᠠᠢ᠎ᠶ᠋ᠢᠨ ᠲᠠᠯᠠᠪᠠᠢ᠎ᠳᠤ ᠱᠢᠯᠭᠠᠨ ᠦᠨᠡᠯᠡᠯᠲᠡ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ᠎ᠶᠢᠨ ᠱᠦᠵᠢ ᠱ᠌ᠢ ᠭᠤᠸᠠᠩ ᠬᠣᠶ ᠬᠤᠷᠠᠯ᠎ᠳᠤ ᠣᠷᠣᠯᠴᠠᠵᠠᠶ᠃ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠦᠨ ᠬᠠᠮᠢᠶ᠎ᠠ ᠪᠦᠬᠦᠢ ᠨᠥᠬᠥᠳ ᠬᠤᠷᠠᠯ᠎ᠳᠤ ᠣᠷᠣᠯᠴᠠᠵᠤ ᠵᠢᠭᠠᠨ ᠵᠢᠯᠣᠭᠣᠳᠪᠠ᠃

ᠬᠤᠷᠠᠯ ᠳᠡᠭᠡᠷ᠎ᠡ᠂ ᠨᠠᠮ᠎ᠤᠨ (ᠠᠵᠢᠯᠯᠠᠬᠤ) ᠬᠣᠷᠢᠢ᠎ᠠ ᠪᠣᠯᠤᠨ ᠨᠠᠮ᠎ᠤᠨ ᠤᠳᠤᠷᠢᠳᠭᠤ ᠳᠤᠭᠤᠢᠯᠠᠩ᠎ᠤᠨ 18 ᠱᠦᠵᠢ ᠲᠤᠱᠢᠶᠠᠯ᠎ᠤᠨ ᠮᠡᠳᠡᠭᠦᠯᠦᠯᠲᠡ ᠬᠢᠵᠦ᠍᠂ ᠸᠠᠩ ᠸᠧᠢ ᠵᠦᠩ ᠨᠢᠭᠡᠳ ᠨᠢᠭᠡ᠎ᠪᠡᠷ ᠦᠨᠡᠯᠡᠵᠦ᠍᠂ ᠠᠮᠵᠢᠯᠲᠠ᠎ᠵᠢ ᠨᠤᠲᠠᠯᠠᠭ᠍ᠰᠠᠨ ᠪᠥᠭᠡᠳ ᠪᠠᠰᠠ ᠠᠰᠠᠭᠤᠳᠠᠯ᠎ᠢ ᠵᠢᠭᠠᠨ ᠭᠠᠷᠭᠠᠵᠤ᠂ ᠱᠠᠭᠠᠷᠳᠠᠯᠭ᠎ᠠ ᠳᠤᠷᠠᠳᠴᠠᠢ ᠃ ᠱ᠌ᠢ ᠭᠤᠸᠠᠩ ᠬᠤᠢ᠂ ᠯᠢᠦ ᠱᠤᠸᠠᠩ᠂ ᠯᠢ ᠢᠦᠢ ᠭᠠᠩ ᠶᠡᠷᠦᠩᠬᠡᠢᠯᠡᠭᠰᠡᠨ ᠦᠨᠡᠯᠡᠯᠲᠡ ᠬᠢᠪᠡ᠃

ᠸᠠᠩ ᠸᠧᠢ ᠵᠦᠩ᠂ ᠥᠩᠭᠡᠷᠡᠭ᠌ᠰᠡᠨ ᠨᠢᠭᠡ ᠵᠢᠯ᠎ᠳᠦ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠢ ᠱᠠᠭᠠᠷᠳᠠᠯᠭ᠎ᠠ ᠪᠣᠯᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠭᠤᠢᠪᠢᠰᠢ ᠦᠭᠡᠢ ᠲᠤᠭᠤᠱᠢᠯᠠᠭᠤᠯᠵᠤ᠂ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ ᠠᠷᠭ᠎ᠠ ᠬᠡᠮᠵᠢᠢ᠎ᠡ᠎ᠪᠡᠷ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠶ᠋ᠢ ᠦᠨᠳᠦᠰᠦᠨ ᠱᠠᠳᠤ ᠲᠡᠢᠰᠢ ᠤᠷᠲᠤᠳᠭᠠᠬᠤ᠂ ᠭᠦᠨᠵᠡᠭᠡᠢᠷᠡᠭᠦᠯᠦᠨ ᠬᠥᠭ᠌ᠵᠢᠭᠦᠯᠬᠦ᠌᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠰᠢᠵᠢᠮ᠎ᠢ ᠲᠤᠭᠤᠰᠢᠯᠠᠭᠤᠯᠬᠤ᠂ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠠ ᠬᠢᠯᠢ ᠬᠢᠵᠠᠭᠠᠷ᠎ᠤᠨ ᠵᠠᠰᠠᠯᠲᠠ᠎ᠶ᠋ᠢ ᠬᠦᠳᠦᠯᠥᠨ ᠳᠠᠭᠠᠭᠤᠯᠬᠤ ᠵᠡᠷᠭᠡ ᠲᠠᠯ᠎ᠠ᠎ᠪᠠᠷ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠤᠯᠪᠠ᠃ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》᠎ᠦᠨ ᠡᠬᠢᠯᠡᠯᠲᠡ᠎ᠶ᠋ᠢᠨ ᠵᠢᠯ ᠪᠣᠯᠤᠨ᠎ᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠶᠡᠷᠦᠩᠬᠡᠶ ᠱᠦᠵᠢ ᠰᠢ᠎ᠵᠢᠨ᠎ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠬᠦ᠌ ᠦᠨᠳᠦᠷᠴᠡ᠎ᠡᠴᠡ ᠦᠨᠳᠦᠰᠦᠨ ᠱᠠᠲᠤ᠎ᠶ᠋ᠢ ᠠᠳᠭᠤᠨ ᠰᠠᠭᠤᠷᠢ ᠲᠠᠯᠪᠢᠵᠤ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠡᠯ᠎ᠡ ᠵᠦᠶ᠋ᠯ᠎ᠦᠨ ᠠᠵᠢᠯ᠎ᠢ ᠨᠠᠩ ᠶᠡᠬᠡ ᠬᠦᠴᠦ᠍ ᠣᠷᠣᠭᠤᠯᠤᠨ ᠰᠠᠢᠲᠤᠷ ᠠᠳᠭᠤᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ ᠪᠠ ᠨᠡᠢᠭᠡᠮ᠎ᠦᠨ ᠤᠷᠢᠶᠠᠯᠠᠬᠤ ᠬᠦᠴᠦᠨ᠎ᠢ ᠲᠠᠰᠤᠷᠠᠯᠲᠠ ᠥᠬᠡᠶ ᠴᠢᠩᠭᠠᠳᠭᠠᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ ᠪᠠ ᠣᠳᠣᠬᠢᠴᠢᠯᠠᠯᠲᠠ᠎ᠶᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠪᠠᠲᠤ ᠴᠢᠩᠭ᠎ᠠ ᠤᠯᠤᠰ ᠲᠥᠷᠥ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃

ᠸᠠᠩ ᠸᠧᠢ ᠵᠦᠩ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢ ᠠᠳᠭᠤᠬᠤ᠎ᠳᠤ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠴᠢᠳᠠᠮᠵᠢ᠎ᠶ᠋ᠢ ᠬᠦᠴᠦᠯᠡᠨ ᠴᠢᠩᠭᠠᠳᠭᠠᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠰᠤᠷᠤᠯᠴᠠᠯᠭ᠎ᠠ᠎ᠶ᠋ᠢ ᠶᠡᠬᠡ᠎ᠪᠠᠷ ᠡᠷᠬᠢᠮᠯᠡᠵᠦ᠍᠂ ᠨᠠᠢᠳᠠᠪᠤᠷᠢᠵᠢᠭᠤᠯᠤᠯᠲᠠ᠎ᠶ᠋ᠢ ᠶᠡᠬᠡ᠎ᠪᠠᠷ ᠠᠳᠭᠤᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ᠂ ᠱᠢᠰᠲ᠋ᠧᠮ᠎ᠲᠡᠶ᠂ ᠭᠦᠨᠵᠡᠭᠡᠶ ᠰᠤᠷᠤᠯᠴᠠᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠡᠯ᠎ᠡ ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠲᠣᠭ᠍ᠲᠠᠭᠠᠵᠤ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠤᠳᠠᠭᠠᠨ ᠳᠠᠭᠠᠭᠠᠮᠠᠭᠠᠶ ᠵᠢᠳᠬᠦᠵᠦ᠂ ᠨᠢᠭᠡ ᠨᠢᠭᠡ ᠠᠯᠬᠤᠮ᠎ᠢᠶᠠᠷ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶ᠋ᠢᠨ ᠱᠠᠭᠠᠷᠳᠠᠯᠭ᠎ᠠ ᠪᠣᠯᠤᠨ ᠨᠠᠮ᠎ᠤᠨ ᠲᠥᠪ ᠬᠤᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠥᠪᠥᠷ ᠮᠣᠩᠭᠣᠯ᠎ᠳᠤ ᠪᠣᠳᠠᠲᠠᠶ ᠨᠠᠢᠳᠠᠪᠤᠷᠢᠵᠢᠭᠤᠯᠤᠭᠳᠠᠬᠤ᠎ᠶ᠋ᠢ ᠠᠬᠢᠭᠤᠯᠬᠤ ᠬᠡᠷᠡᠭ᠌ᠲᠡᠶ᠃ ᠡᠯ᠎ᠡ ᠬᠦᠷᠢᠶᠡᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠵᠣᠬᠢᠶᠠᠨ ᠪᠠᠢᠭᠤᠯᠬᠤ ᠬᠦᠴᠦᠨ᠎ᠢ ᠤᠯᠠᠮ ᠳᠡᠭᠡᠭ᠌ᠰᠢᠯᠡᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠨᠡᠢᠭᠡᠮ ᠲᠣᠭᠣᠷᠢᠭ᠂ ᠰᠤᠷᠭᠠᠭᠤᠯᠢ᠂ ᠪᠠᠢᠭᠤᠯᠭ᠎ᠠ᠂ ᠠᠵᠤ ᠠᠬᠤᠢᠯᠠᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠠᠲᠤ ᠴᠢᠩᠭ᠎ᠠ ᠵᠣᠬᠢᠶᠠᠨ ᠪᠠᠢᠭᠤᠯᠬᠤ ᠬᠦᠴᠦᠨ᠎ᠢᠶᠡᠷ ᠭᠤᠤᠯ ᠠᠵᠢᠯ᠎ᠳᠤ ᠨᠠᠩ ᠰᠠᠢᠲᠤᠷ ᠦᠶ᠋ᠯᠡᠴᠢᠯᠡᠵᠦ᠍ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠸᠠᠩ ᠸᠧᠢ ᠵᠦᠩ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠍᠂ ᠢᠮᠠᠭ᠍ᠲᠠ ᠴᠢᠩᠭ᠎ᠠ ᠪᠠᠢᠬᠤ ᠬᠦᠭ ᠠᠶᠠᠰ᠂ ᠴᠢᠩᠭ᠎ᠠ ᠪᠠᠢᠬᠤ ᠠᠷᠭ᠎ᠠ ᠬᠡᠮᠵᠢᠶ᠎ᠡ᠂ ᠴᠢᠩᠭ᠎ᠠ ᠪᠠᠢᠬᠤ ᠠᠭᠤᠷ ᠠᠮᠢᠰᠭᠤᠯ᠎ᠢ ᠪᠠᠲᠤᠯᠠᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ᠌᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠦᠨᠳᠦᠰᠦᠨ ᠱᠠᠳᠤ ᠲᠡᠢᠰᠢ ᠤᠷᠲᠤᠳᠭᠠᠬᠤ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠶᠡᠬᠡ᠎ᠪᠡᠷ ᠴᠡᠭ᠌ᠴᠡᠯᠡᠨ ᠵᠠᠰᠠᠵᠤ᠂ ᠣᠯᠠᠨ ᠲᠦᠮᠡᠨ᠎ᠦ ᠲᠤᠰᠭᠠᠯ ᠴᠢᠩᠭ᠎ᠠ ᠪᠠᠢᠬᠤ ᠲᠦᠪᠡᠭᠳᠡᠵᠦ ᠬᠦᠴᠢᠷᠳᠡᠵᠦ ᠪᠠᠢᠭ᠎ᠠ ᠶᠠᠪᠤᠳᠠᠯ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠶ ᠥᠷᠨᠢᠭᠦᠯᠬᠦ᠌ ᠬᠡᠷᠡᠭ᠌ᠲᠡᠶ᠃ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠪᠤᠷᠤᠩᠬᠤᠢ ᠪᠦᠭᠡᠳ ᠤᠯᠠᠨ ᠡᠭᠦᠰᠭᠦ 《ᠲᠦᠷᠪᠡᠨ ᠰᠤᠷᠲᠠᠯ》᠎ᠤᠨ ᠠᠰᠠᠭᠤᠳᠠᠯ᠂ ᠰᠢᠨ᠎ᠡ᠎ᠪᠠᠷ ᠪᠤᠢ ᠪᠤᠯᠤᠭᠰᠠᠨ ᠳᠠᠯᠳᠠ ᠤᠨᠳᠤᠤᠰᠢᠯ ᠠᠰᠠᠭᠤᠳᠠᠯ᠂ ᠴᠤᠬᠤᠢᠵᠦ ᠪᠠᠢᠭ᠎ᠠ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠢᠩᠭᠤ᠎ᠶ᠋ᠢᠨ ᠴᠢᠨᠠᠷᠲᠠᠢ᠎ᠪᠠᠷ ᠠᠰᠠᠭᠤᠳᠠᠯ᠎ᠢ ᠢᠯᠡᠷᠡᠭᠦᠯᠬᠦ᠌᠂ ᠠᠰᠠᠭᠤᠳᠠᠯ᠎ᠢ ᠱᠢᠢᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ᠃ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠭᠦᠨᠵᠡᠭᠡᠢ ᠪᠣᠳᠠᠲᠠᠢ ᠠᠳᠭᠤᠵᠤ᠂ 《ᠵᠢᠷᠭᠤᠭ᠎ᠠ᠎ᠶ᠋ᠢ ᠵᠠᠯᠠᠷᠠᠭᠤᠯᠤᠨ ᠵᠠᠰᠠᠬᠤ》 ᠵᠡᠷᠭᠡ ᠭᠣᠣᠯᠳᠠᠯᠭ᠎ᠠ᠎ᠲᠠᠶ ᠡᠭᠦᠷᠭᠡ᠎ᠶ᠋ᠢ ᠴᠢᠩᠭ᠎ᠠ ᠠᠩᠬᠠᠷᠴᠤ᠌᠂ ᠠᠰᠠᠭᠤᠳᠠᠯ᠎ᠳᠤ ᠴᠢᠭ᠌ᠯᠡᠭᠦᠯᠦᠨ᠂ ᠠᠰᠠᠭᠤᠳᠠᠯ᠎ᠢ ᠵᠠᠯᠠᠷᠠᠭᠤᠯᠬᠤ᠎ᠶᠢ ᠮᠦᠷᠳᠡᠨ ᠲᠠᠭᠠᠵᠦ᠂ ᠰᠤᠷᠲᠠᠯ᠎ᠤᠨ ᠲᠠᠯ᠎ᠠ᠎ᠪᠠᠷ ᠬᠢ ᠠᠷᠬᠠᠭ ᠭᠡᠮ᠎ᠢ ᠦᠩᠬᠡᠨ ᠲᠠᠯ᠎ᠠ ᠪᠠ ᠦᠨᠳᠦᠰᠦ᠎ᠡᠴᠡ ᠨᠢ ᠵᠠᠰᠠᠵᠤ ᠰᠠᠢᠲᠤᠷ ᠱᠢᠢᠳᠪᠦᠷᠢᠯᠡᠵᠦ᠍᠂ ᠨᠡᠩ ᠶᠡᠬᠡ ᠦᠷ᠎ᠡ ᠪᠦᠲᠦᠮᠵᠢ ᠤᠯᠬᠤ᠎ᠪᠠᠷ ᠴᠢᠷᠮᠠᠢᠬᠤ ᠬᠡᠷᠡᠭ᠌ᠲᠡᠢ ᠭᠡᠵᠦ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ