2 ᠰᠠᠷ᠎ᠠ᠎ᠶ᠋ᠢᠨ 2᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ ᠪᠣᠯᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠠᠵᠢᠯ ᠱᠢᠨ᠎ᠡ ᠠᠬᠢᠴᠠ᠎ᠲᠠᠶ ᠪᠣᠯᠵᠤ᠂ ᠮᠠᠯ ᠠᠵᠤ ᠠᠬᠤᠶ ᠲᠠᠷᠢᠶᠠᠯᠠᠩ ᠪᠣᠯᠤᠨ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠳᠠᠬᠢᠨ ᠱᠢᠨ᠎ᠡ ᠳᠡᠭ᠌ᠲᠡᠷ᠎ᠲᠦ ᠭᠠᠷᠬᠤ᠎ᠶᠢ ᠪᠦᠬᠦ ᠬᠦᠴᠦ᠎ᠪᠡᠷ᠎ᠢᠶᠡᠨ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ᠎ᠶᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠥᠬᠥᠶ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠠᠶ᠃ ᠬᠤᠷᠠᠯ᠎ᠡᠴᠡ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠪᠠ᠃
ᠸᠠᠩ ᠸᠧᠢ ᠵᠦᠩ ᠶᠠᠷᠢᠶᠠᠨ᠎ᠳᠠᠭᠠᠨ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ᠎ᠵᠢᠨ᠎ᠫᠢᠩ ᠪᠠᠢᠯᠳᠤᠬᠤ ᠪᠤᠳᠤᠯᠭ᠎ᠠ ᠪᠠ ᠪᠦᠬᠦ᠌ ᠲᠠᠯ᠎ᠠ᠎ᠡᠴᠡ ᠡᠭᠦᠰᠴᠦ᠍᠂ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》᠎ᠤ ᠠᠵᠢᠯ᠎ᠢ ᠪᠡᠶ᠎ᠡ᠎ᠪᠡᠷ᠎ᠢᠶᠡᠨ ᠲᠥᠯᠥᠪᠵᠢᠭᠦᠯᠵᠦ᠍᠂ ᠪᠡᠶ᠎ᠡ᠎ᠪᠡᠷ᠎ᠢᠶᠡᠨ ᠪᠠᠢᠷᠢᠯᠠᠭᠤᠯᠵᠤ᠂ ᠪᠡᠶ᠎ᠡ᠎ᠪᠡᠷ᠎ᠢᠶᠡᠨ ᠠᠬᠢᠭᠤᠯᠤᠭ᠍ᠰᠠᠨ ᠪᠥᠭᠡᠳ ᠠᠯᠢ ᠤᠯᠠᠨ ᠴᠢᠬᠤᠯᠠ ᠥᠭᠦᠯᠡᠯᠲᠡ ᠬᠢᠵᠤ᠂ ᠱᠢᠨ᠎ᠡ ᠴᠠᠭ ᠦᠶ᠎ᠡ᠎ᠶ᠋ᠢᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》᠎ᠤ ᠠᠵᠢᠯ᠎ᠢ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠶᠡᠷᠦᠩᠬᠡᠶ ᠱᠦᠵᠢ ᠰᠢ᠎ᠵᠢᠨ᠎ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠣᠯᠭᠣᠭ᠍ᠰᠠᠨ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠪᠠᠲᠤ ᠡᠵᠡᠮᠳᠡᠨ᠂ ᠴᠢᠷᠮᠠᠢᠨ ᠳᠡᠮᠡᠴᠡᠵᠦ ᠵᠢᠳᠬᠦᠯ ᠴᠢᠷᠮᠠᠢᠯᠭ᠎ᠠ ᠭᠠᠷᠭᠠᠨ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠢ ᠰᠠᠢᠲᠤᠷ ᠬᠢᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠤᠭᠳᠠᠭᠠᠭᠰᠠᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠪᠡ᠃
ᠸᠠᠩ ᠸᠧᠶ ᠵᠥᠩ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠎ᠠ ᠪᠠ ᠥᠩᠭᠡᠷᠡᠭ᠌ᠰᠡᠨ ᠨᠢᠭᠡ ᠵᠢᠯ᠎ᠦᠨ ᠮᠠᠨ᠎ᠤ ᠣᠷᠣᠨ᠎ᠤ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠤᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠨᠤᠲᠠᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭ᠎ᠠ ᠵᠢᠴᠢ ᠡᠨᠡ ᠵᠢᠯ᠎ᠦᠨ ᠠᠵᠢᠯ᠎ᠢ ᠰᠠᠢᠲᠤᠷ ᠬᠢᠬᠦ᠌ ᠲᠤᠬᠠᠶ ᠪᠠᠢᠷᠢᠯᠠᠭᠤᠯᠤᠯᠲᠠ ᠬᠢᠪᠠ᠃ ᠲᠡᠷᠡ᠂ ᠮᠠᠯ ᠠᠵᠤ ᠠᠬᠤᠢ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ ᠪᠣᠯᠤᠨ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠠᠮᠤ ᠪᠤᠳᠠᠭ᠎ᠠ ᠮᠢᠬ᠎ᠠ ᠰᠦ ᠵᠡᠷᠭᠡ ᠭᠣᠣᠯ ᠪᠣᠯᠬᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠷᠤᠯᠲᠠ᠎ᠶᠢᠨ ᠲᠣᠭ᠍ᠲᠠᠪᠤᠷᠢᠳᠠᠢ ᠨᠡᠮᠡᠭ᠌ᠳᠡᠬᠦ᠌᠎ᠶ᠋ᠢ ᠪᠠᠲᠤᠯᠠᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠠᠬᠢᠭᠤᠯᠵᠤ᠂ ᠨᠠᠷᠢᠯᠢᠭ ᠡᠳ᠋ᠱᠢᠭᠦᠯᠬᠦ᠌ ᠪᠠ ᠪᠦᠲᠦᠭᠡᠭ᠌ᠳᠡᠬᠦᠨ᠎ᠦ ᠲᠦᠷᠦᠯ ᠲᠡᠮᠳᠡᠭ᠎ᠢ ᠰᠢᠯᠢᠳᠡᠭᠵᠢᠭᠦᠯᠵᠦ᠂ ᠴᠢᠨᠠᠷ ᠰᠠᠢᠲᠠᠢ ᠪᠣᠬᠢᠷᠲᠤᠯ ᠦᠭᠡᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ᠃ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠡᠴᠡ ᠰᠡᠷᠭᠡᠢᠯᠡᠬᠦ᠌ ᠲᠣᠭ᠍ᠲᠡᠴᠡ᠎ᠶ᠋ᠢ ᠨᠢᠭᠡᠳᠦᠯᠲᠡᠶ ᠲᠥᠯᠥᠪᠵᠢᠭᠦᠯᠦᠨ ᠪᠠᠢᠭᠤᠯᠵᠤ᠂ ᠬᠠᠪᠰᠤᠷᠤᠨ ᠲᠡᠳᠬᠦᠬᠦ᠌ ᠡᠲᠡᠭᠡᠳ᠎ᠢ ᠣᠨᠣᠴᠠᠲᠠᠶ ᠥᠨᠳᠥᠷ ᠪᠦᠲᠦᠮᠵᠢᠲᠡᠶ ᠬᠢᠨᠠᠨ ᠬᠡᠮᠵᠢᠵᠦ᠍ ᠢᠯᠭᠠᠨ ᠲᠠᠨᠢᠵᠤ᠂ ᠠᠵᠤ ᠦᠶ᠋ᠯᠡᠰ᠎ᠢᠶᠡᠷ ᠬᠠᠪᠰᠤᠷᠤᠨ ᠲᠡᠳᠬᠦᠬᠦ᠌᠂ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠌ ᠵᠡᠷᠭᠡ ᠠᠷᠭ᠎ᠠ ᠬᠡᠮᠵᠢᠶ᠎ᠡ᠎ᠶ᠋ᠢ ᠲᠥᠷᠥᠯ ᠬᠤᠪᠢᠶᠠᠨ ᠬᠡᠷᠡᠭ᠌ᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠬᠣᠱᠢᠭᠤ ᠱᠢᠶᠠᠨ᠎ᠤ ᠬᠥᠭ᠌ᠵᠢᠯᠲᠡ᠎ᠶ᠋ᠢ ᠦᠷᠭᠦᠯᠵᠢᠯᠡᠨ ᠳᠡᠮᠵᠢᠵᠦ᠍᠂ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌᠎ᠶᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠬᠦᠴᠦᠯᠡᠨ ᠳᠡᠭᠡᠭ᠌ᠰᠢᠯᠡᠭᠦᠯᠬᠦ᠌ ᠬᠡᠷᠡᠭ᠌ᠲᠡᠶ᠃ ᠣᠯᠠᠨ ᠠᠷᠭ᠎ᠠ ᠵᠠᠮ᠎ᠢᠶᠠᠷ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠵᠤ᠂ ᠱᠢᠶᠠᠨ᠎ᠤ ᠬᠡᠪᠴᠢᠶᠡᠨ᠎ᠦ ᠠᠵᠤ ᠠᠬᠤᠶ ᠪᠠ ᠠᠷᠠᠳ᠎ᠢ ᠪᠠᠶᠠᠵᠢᠭᠤᠯᠬᠤ ᠠᠵᠤ ᠦᠶ᠋ᠯᠡᠰ᠎ᠢ ᠶᠡᠬᠡᠪᠡᠷ ᠬᠥᠭ᠌ᠵᠢᠭᠦᠯᠵᠦ᠍᠂ ᠱᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠮᠠᠯᠴᠢᠨ ᠲᠠᠷᠢᠶᠠᠴᠢᠨ ᠲᠠᠢ ᠬᠣᠯᠪᠣᠭᠠᠯᠠᠨ ᠮᠠᠯᠴᠢᠨ ᠲᠠᠷᠢᠶᠠᠴᠢᠨ᠎ᠢ ᠳᠠᠢᠴᠢᠯᠠᠬᠤ ᠲᠣᠭ᠍ᠲᠡᠴᠡ᠎ᠶ᠋ᠢ ᠲᠡᠭᠦᠯᠳᠡᠷᠵᠢᠭᠦᠯᠵᠦ᠍᠂ ᠮᠠᠯ ᠠᠵᠤ ᠠᠬᠤᠢ ᠲᠠᠷᠢᠶᠠᠯᠠᠩ᠎ᠢ ᠬᠦᠴᠦᠷᠬᠡᠭ᠌ᠵᠢᠭᠦᠯᠦᠨ ᠮᠠᠯᠴᠢᠨ ᠲᠠᠷᠢᠶᠠᠴᠢᠨ᠎ᠳᠦ ᠠᠱᠢᠭ ᠬᠦᠷᠲᠡᠭᠡᠵᠦ᠍ ᠮᠠᠯᠴᠢᠨ ᠲᠠᠷᠢᠶᠠᠴᠢᠨ᠎ᠢ ᠪᠠᠶᠠᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ 《ᠬᠤᠶᠠᠷ ᠲᠠᠯ᠎ᠠ᠎ᠪᠡᠷ ᠪᠦᠬᠦ ᠤᠯᠤᠰ᠎ᠤᠨ ᠳᠡᠭᠡᠲᠦ ᠲᠦᠪᠰᠢᠨ᠎ᠳᠤ ᠲᠤᠭᠳᠠᠭᠤᠨ ᠪᠠᠢᠬᠤ》᠂ 《ᠬᠣᠶᠠᠷ ᠲᠠᠯ᠎ᠠ᠎ᠪᠠᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠬᠤ》᠎ᠳᠤ ᠲᠤᠯᠭᠠᠭᠤᠷᠢᠯᠠᠯ ᠬᠠᠩᠭᠠᠬᠤ ᠬᠡᠷᠡᠭ᠌ᠲᠡᠶ᠃ 《ᠮᠢᠩᠭᠠᠨ ᠲᠤᠰᠬᠤᠨᠵᠢᠡᠷ ᠵᠢᠱᠶ᠋ᠶ᠎ᠡ ᠦᠵᠡᠭᠦᠯᠵᠦ ᠲᠦᠮᠡᠨ ᠲᠤᠰᠬᠤᠨ᠎ᠢ ᠵᠠᠰᠠᠬᠤ ᠢᠨᠵᠧᠨᠧᠷᠢᠩ》᠎ᠤᠨ ᠲᠤᠷᠱᠢᠯᠭ᠎ᠠ᠎ᠶ᠋ᠢ ᠰᠤᠷᠤᠯᠴᠠᠨ ᠬᠡᠷᠡᠭᠯᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠠᠵᠢᠯᠯᠠᠵᠤ ᠠᠮᠢᠳᠤᠷᠠᠬᠤ᠎ᠳᠤ ᠲᠣᠬᠢᠲᠠᠶ ᠡᠶ᠎ᠠ ᠵᠤᠬᠢᠴᠠᠨᠭᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠣᠷᠣᠱᠢᠨ ᠰᠠᠭᠤᠷᠢᠰᠢᠬᠤ ᠣᠷᠴᠢᠨ ᠨᠥᠬᠥᠴᠡᠯ᠎ᠢ ᠲᠥᠷᠥᠯ ᠬᠤᠪᠢᠶᠠᠨ ᠡᠮᠬᠢ ᠵᠢᠷᠤᠮ᠎ᠲᠠᠶ ᠰᠠᠢᠵᠢᠷᠠᠭᠤᠯᠵᠤ᠂ ᠬᠡᠰᠡᠭ ᠲᠤᠭᠤᠷᠢᠭᠵᠢᠭᠤᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠶ᠋ᠢ ᠰᠦᠪᠡᠭ᠌ᠴᠢᠯᠡᠵᠦ᠍᠂ ᠣᠲᠣ ᠦᠶ᠎ᠡ᠎ᠶ᠋ᠢᠨ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠥᠬᠥᠭᠡᠷᠦᠮᠵᠢ᠎ᠶ᠋ᠢᠨ ᠪᠦᠷᠢᠨ ᠲᠡᠭᠦᠯᠳᠡᠷ᠎ᠦᠨ ᠬᠡᠮᠵᠢᠶ᠎ᠡ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠥᠬᠥᠮ ᠳᠦ᠋ᠲᠡᠵᠢᠨ ᠬᠡᠮᠵᠢᠶ᠎ᠡ ᠪᠠ ᠣᠷᠣᠱᠢᠨ ᠰᠠᠭᠤᠷᠢᠰᠢᠬᠤ ᠣᠷᠴᠢᠨ ᠨᠥᠬᠥᠴᠡᠯ᠎ᠦᠨ ᠲᠠᠭᠠᠯᠠᠮᠵᠢᠲᠠᠶᠪᠠᠢᠬᠤ ᠬᠡᠮᠵᠢᠶ᠎ᠡ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠬᠦ᠌ ᠬᠡᠷᠡᠭ᠌ᠲᠡᠶ᠃ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠡᠵᠡᠩᠨᠡᠯᠲᠡ᠎ᠶ᠋ᠢᠨ ᠱᠢᠰᠲ᠋ᠧᠮ᠎ᠢ ᠲᠦᠷᠭᠡᠳᠭᠡᠨ ᠪᠦᠷᠢᠨᠱᠢᠬᠦᠯᠵᠤ᠂ ᠪᠦᠬᠦᠢᠯᠡ ᠮᠤᠵᠢ ᠣᠷᠣᠨ᠎ᠤ ᠬᠡᠪᠴᠢᠶᠠᠨ᠎ᠳᠤ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠳᠠ᠎ᠶᠢᠨ ᠬᠤᠭᠤᠴᠠᠭ᠎ᠠ ᠨᠢ ᠲᠤᠯᠤᠭᠰᠠᠨᠦ ᠲᠠᠷᠠᠭ᠎ᠠ ᠲᠠᠬᠢᠨ ᠭᠤᠴᠢᠨ ᠵᠢᠯ ᠤᠷᠲᠤᠳᠬᠠᠬᠤ ᠲᠤᠷᠱᠢᠯᠲᠠ᠎ᠶ᠋ᠢᠨ ᠴᠡᠭ᠎ᠤᠨ ᠠᠵᠢᠯ᠎ᠢ ᠰᠠᠢᠲᠤᠷ ᠬᠢᠵᠦ᠍᠂ ᠡᠬᠢ ᠪᠠᠶᠠᠯᠢᠭ ᠡᠳ᠋ ᠬᠥᠷᠥᠩᠭᠡ᠎ᠶ᠋ᠢ ᠠᠮᠢᠯᠠᠭᠤᠯᠤᠨ ᠰᠠᠢᠲᠤᠷ ᠬᠡᠷᠡᠭᠯᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠯᠠ ᠣᠷᠣᠭᠤᠯᠵᠤ ᠪᠠᠯᠠ ᠬᠤᠷᠠᠮᠳᠤᠭᠤᠯᠬᠤ ᠲᠣᠭ᠍ᠲᠡᠴᠡ᠎ᠶ᠋ᠢᠨ ᠱᠢᠨ᠎ᠡ᠎ᠶ᠋ᠢ ᠡᠭᠦᠳᠴᠦ᠍᠂ ᠬᠥᠳᠡᠭᠡ ᠲᠣᠰᠭᠣᠨ᠎ᠤ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭ᠌ᠵᠢᠭᠡᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
ᠸᠠᠩ ᠸᠧᠢ ᠵᠦᠩ᠂ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠦ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠠᠷᠢᠭᠤᠴᠠᠯᠭ᠎ᠠ᠎ᠶ᠋ᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠰᠤᠷᠤᠯᠴᠠᠯᠭ᠎ᠠ᠎ᠶᠢ ᠶᠡᠬᠡᠪᠡᠷ ᠠᠳᠬᠤᠬᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶ᠋ᠢ ᠬᠦᠳᠦᠯᠦᠨ ᠵᠢᠯᠣᠭᠣᠳᠴᠤ᠌᠂ ᠠᠵᠢᠯ ᠬᠢᠵᠦ᠍ ᠦᠢᠯᠡᠰ ᠪᠤᠰᠭᠠᠬᠤ ᠤᠷᠮ᠎ᠠ ᠵᠣᠷᠢᠭ᠎ᠢ ᠨᠢ ᠬᠥᠭ᠌ᠵᠢᠭᠡᠬᠦ᠌ ᠬᠡᠷᠡᠭ᠌ᠲᠡᠢ᠃ ᠰᠦᠨ ᠱᠤᠤ ᠴᠧᠩ᠂ ᠸᠠᠩ ᠯᠢ ᠱᠢᠶᠠ᠎ᠶ᠋ᠢᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠶ ᠵᠥᠷᠢᠴᠡᠭ᠌ᠰᠡᠨᠵᠢᠡᠷ ᠰᠡᠵᠢᠭᠯᠡᠭᠲᠡᠭᠰᠡᠨ ᠬᠡᠷᠡᠭ᠎ᠡᠴᠡ ᠭᠦᠨᠵᠡᠭᠡᠶ ᠰᠤᠷᠭᠠᠮᠵᠢ ᠠᠪᠴᠤ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠦᠷᠢᠶᠡᠨ᠎ᠳᠡᠬᠢ ᠢᠯᠵᠢᠷᠠᠯ ᠪᠠ ᠰᠤᠷᠲᠠᠯ᠎ᠤᠨ ᠠᠰᠠᠭᠤᠳᠠᠯ᠎ᠢ ᠭᠦᠨᠵᠡᠭᠡᠶ ᠴᠡᠭ᠌ᠴᠡᠯᠡᠨ ᠵᠠᠰᠠᠵᠤ᠂ ᠱᠢᠯᠢᠳᠡᠭ ᠰᠤᠷᠲᠠᠯ᠎ᠢᠶᠠᠷ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ᠂ ᠬᠥᠬᠡᠡᠡᠣᠲᠠ᠂ ᠬᠢᠩᠭᠠᠨ ᠠᠢᠮᠠᠭ᠂ ᠲᠦᠩᠯᠢᠶᠣᠤ ᠬᠣᠲᠠ᠂ ᠤᠯᠠᠭᠠᠨᠬᠠᠳᠠ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠎ᠶ᠋ᠢᠨ ᠬᠠᠷᠢᠭᠤᠴᠠᠯᠭᠠᠲᠠᠨ ᠨᠥᠬᠥᠳ ᠨᠡᠢᠲᠡᠯᠢᠭ ᠲᠤᠷᠱᠢᠯᠭ᠎ᠠ᠎ᠪᠠᠨ ᠰᠣᠯᠢᠯᠴᠠᠪᠠ᠃
ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠪᠠ᠃