2 ᠰᠠᠷ᠎ᠠ᠎ᠶ᠋ᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠯᠢᠦ ᠮᠢᠩ ᠱᠧᠩ᠂ ᠶᠡᠷᠦᠩᠬᠡᠢ ᠳᠠᠭᠠᠭᠠᠮᠠᠯ ᠱᠢᠤᠢ ᠱᠣ᠌ ᠪᠢᠶᠤᠤ ᠲᠠᠢ ᠠᠭᠤᠯᠵᠠᠪᠠ᠃


ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠯᠢᠦ ᠮᠢᠩ ᠱᠧᠩᠨᠡᠷᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠤᠯᠤᠰ᠎ᠤᠨ ᠴᠠᠬᠢᠯᠭᠠᠨ ᠬᠦᠴᠦᠨ᠎ᠦ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠣᠷᠳᠣ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠦᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠨ᠎ᠠ᠂ ᠣᠳᠣᠬᠠᠨ᠎ᠳᠤ ᠶᠠᠭ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ ᠪᠠ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠡᠨᠧᠷᠭᠢ᠎ᠶ᠋ᠢᠨ ᠬᠤᠪᠢᠰᠭᠠᠯ᠎ᠢ ᠭᠦᠨᠵᠡᠭᠡᠶ ᠠᠬᠢᠭᠤᠯᠵᠤ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ ᠠᠮᠤᠷ ᠲᠦᠪᠱᠢᠨ ᠥᠨᠳᠥᠷ ᠪᠦᠲᠦᠮᠵᠢᠲᠡᠶ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠪᠠᠢᠭᠤᠯᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠡᠬᠢ ᠪᠠᠶᠠᠯᠢᠭ᠎ᠢ ᠬᠠᠢᠨ ᠱᠢᠨᠵᠢᠯᠡᠵᠦ᠍ ᠨᠡᠭᠡᠭᠡᠨ ᠬᠥᠭ᠌ᠵᠢᠭᠦᠯᠬᠦ᠌ ᠪᠠ ᠨᠥᠭᠡᠴᠡᠯᠡᠬᠦ᠌᠎ᠶ᠋ᠢ ᠴᠢᠩᠭᠠᠳᠭᠠᠵᠤ᠂ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠠᠵᠤ ᠦᠶ᠋ᠯᠡᠰ᠎ᠢ ᠬᠥᠭ᠌ᠵᠢᠭᠦᠯᠵᠦ᠂ ᠤᠯᠤᠰ᠎ᠤᠨ ᠡᠨᠧᠷᠭᠢ᠎ᠶᠢᠨ ᠡᠬᠢ ᠪᠠᠶᠠᠯᠢᠭ᠎ᠤᠨ ᠠᠮᠤᠷ ᠲᠦᠪᠱᠢᠨ᠎ᠢ ᠨᠠᠩ ᠰᠠᠢᠲᠤᠷ ᠪᠠᠲᠤᠯᠠᠵᠤ ᠪᠠᠢᠨ᠎ᠠ᠃ ᠣᠷᠳᠣ ᠬᠤᠭᠤᠴᠠᠭᠠᠨ᠎ᠤ ᠲᠤᠷᠰᠢ᠂ ᠤᠯᠤᠰ᠎ᠤᠨ ᠴᠠᠬᠢᠯᠭᠠᠨ ᠬᠦᠴᠦᠨ᠎ᠦ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠬᠢᠨ ᠡᠨᠧᠷᠭᠢ᠎ᠶ᠋ᠢᠨ ᠨᠡᠭᠡᠭᠡᠨ ᠬᠦᠭᠵᠢᠭᠦᠯᠦᠯᠲᠡ᠂ ᠡᠷᠬᠢᠯᠳᠡᠳᠤ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠂ ᠠᠵᠤ ᠦᠶ᠋ᠯᠡᠰ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ ᠵᠡᠷᠭᠡ ᠲᠠᠯ᠎ᠠ᠎ᠪᠠᠷ ᠥᠪᠥᠷ ᠮᠣᠩᠭᠣᠯ ᠯᠤᠭ᠎ᠠ ᠰᠠᠢᠨ ᠰᠠᠢᠬᠠᠨ ᠬᠠᠮᠲᠤᠷᠠᠯᠴᠠᠭᠠᠨ᠎ᠤ ᠬᠠᠷᠢᠴᠠᠭ᠎ᠠ᠎ᠪᠠᠨ ᠪᠠᠲᠤᠯᠠᠭ᠍ᠰᠠᠭᠠᠷ ᠢᠷᠡᠵᠡᠶ᠃ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠬᠢᠨ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠳᠤ ᠪᠡᠯᠡ ᠣᠷᠣᠭᠤᠯᠤᠯᠲᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠵᠦ᠍ ᠪᠦᠲᠦᠭᠡᠨ ᠪᠠᠢᠭᠤᠯᠬᠤ᠂ ᠱᠢᠨ᠎ᠡ ᠬᠡᠯᠪᠡᠷᠢ᠎ᠶ᠋ᠢᠨ ᠡᠨᠧᠷᠭᠢ ᠨᠥᠭᠡᠴᠡᠯᠡᠬᠦ᠌ ᠲᠦᠷᠦᠯ ᠵᠦᠢᠯ᠎ᠦᠨ ᠪᠠᠢᠷᠢᠱᠢᠭᠤᠯᠤᠯᠲᠠ᠂ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠱᠢᠭ᠍ᠯᠠᠬᠤ᠂ ᠲᠡᠷᠢᠭᠦᠨ᠎ᠦ ᠪᠣᠬᠢᠷᠲᠤᠯ ᠦᠭᠡᠢ ᠡᠨᠧᠷᠭᠢ᠎ᠶ᠋ᠢᠨ ᠠᠴᠢᠶᠠᠯᠠᠪᠤᠷᠢᠶᠡᠬᠡᠲᠡᠢ ᠠᠵᠤ ᠦᠢᠯᠡᠰ᠎ᠢ ᠬᠥᠭ᠌ᠵᠢᠬᠥᠯᠬᠥ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠪᠣᠭᠣᠮᠲᠠ ᠱᠢᠪᠲᠤᠯᠬᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠪᠠᠢᠭᠤᠯᠤᠯᠲᠠ ᠵᠡᠷᠭᠡ ᠬᠦᠷᠢᠶᠡᠨ᠎ᠳᠦ ᠮᠠᠨ᠎ᠤ ᠣᠷᠣᠨ ᠯᠤᠭ᠎ᠠ᠎ᠶ᠋ᠢᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠴᠢᠨᠠᠭ᠍ᠰᠢᠳᠠ ᠴᠢᠩᠭᠠᠳᠭᠠᠵᠤ᠂ ᠨᠡᠩ ᠥᠨᠳᠥᠷ ᠲᠦᠪᠱᠢᠨ ᠪᠦᠬᠦᠢ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ᠃ ᠪᠢᠳᠡ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠪᠤᠢ ᠪᠣᠯᠭᠠᠵᠤ᠂ ᠥᠷᠭᠡᠨ ᠤᠯᠠᠨ ᠠᠵᠤ ᠠᠬᠤᠢᠯᠠᠯ᠎ᠤᠨ ᠥᠪᠥᠷ ᠮᠣᠩᠭᠣᠯ᠎ᠳᠠᠬᠢ ᠬᠥᠭ᠌ᠵᠢᠯᠲᠡ᠎ᠳᠦ ᠴᠢᠨᠠᠷ ᠰᠠᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠨ᠎ᠠ ᠭᠡᠵᠡᠢ᠃
ᠯᠢᠦ ᠮᠢᠩ ᠱᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠢ ᠬᠠᠯᠠᠮᠵᠢᠯᠠᠨ ᠳᠡᠮᠵᠢᠭ᠌ᠰᠡᠨ᠎ᠳᠦ ᠲᠠᠯᠠᠷᠬᠠᠬᠤ᠎ᠶ᠋ᠢᠨ ᠬᠠᠮᠲᠤ ᠪᠦᠯᠦᠭ᠌ᠯᠡᠯ᠎ᠦᠨ ᠥᠪᠥᠷ ᠮᠣᠩᠭᠣᠯ᠎ᠳᠠᠬᠢ ᠠᠵᠤ ᠦᠢᠯᠡᠰ᠎ᠦᠨ ᠪᠠᠢᠷᠢᠱᠢᠭᠤᠯᠤᠯᠲᠠ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠤᠢ᠍ᠢᠷ᠎ᠠ᠎ᠶ᠋ᠢᠨ ᠵᠢᠯ᠎ᠡᠴᠡ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠬᠢᠨ ᠥᠪᠡᠷᠲᠡᠭᠡᠨ ᠵᠠᠰᠠᠬᠤ ᠣᠷᠣᠨ᠎ᠳᠡᠬᠢ ᠡᠯ᠎ᠡ ᠵᠦᠢᠯ᠎ᠦᠨ ᠲᠤᠬᠠᠢᠯᠠᠭ᠍ᠰᠠᠨ ᠠᠵᠢᠯ᠎ᠤᠨ ᠠᠬᠢᠴᠠ ᠲᠦᠷᠭᠡᠨ᠂ ᠪᠠᠢᠳᠠᠯ ᠰᠠᠢ᠌ᠨ ᠪᠠᠢᠵᠤ᠂ ᠥᠪᠥᠷ ᠮᠣᠩᠭᠣᠯ᠎ᠳᠤ ᠠᠵᠢᠯ ᠦᠢᠯᠡᠰ᠎ᠢᠶᠡᠨ ᠬᠦᠭᠵᠢᠬᠦᠯᠬᠦ ᠢᠲᠡᠭᠡᠯ ᠵᠣᠷᠢᠭ ᠨᠡᠩ ᠪᠠᠲᠤ ᠴᠢᠩᠭ᠎ᠠ ᠪᠣᠯᠪᠠ᠃ 《ᠠᠷᠪᠠᠨ ᠲᠠᠪᠤᠳᠤᠭᠠᠷ ᠲᠠᠪᠤᠨ ᠵᠢᠯ》᠎ᠳᠦ ᠬᠠᠨᠳᠤᠭᠤᠯᠤᠨ᠂ ᠤᠯᠤᠰ᠎ᠤᠨ ᠴᠠᠬᠢᠯᠭᠠᠨ ᠬᠦᠴᠦᠨ᠎ᠦ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠬᠢᠨ ᠶᠡᠷᠦᠩᠬᠡᠶ ᠱᠦᠵᠢ ᠰᠢ᠎ᠵᠢᠨ᠎ᠫᠢᠩ᠎ᠡᠴᠡ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠪᠠᠯᠠ ᠣᠷᠣᠭᠤᠯᠤᠨ ᠬᠥᠭ᠌ᠵᠢᠭᠦᠯᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠴᠡᠪᠡᠷ ᠡᠨᠧᠷᠭᠢ᠎ᠶ᠋ᠢᠨ ᠠᠵᠤ ᠦᠶ᠋ᠯᠡᠰ᠎ᠢ ᠬᠦᠴᠦᠷᠬᠡᠭ᠌ᠵᠢᠭᠦᠯᠦᠨ ᠰᠢᠯᠢᠳᠡᠭᠵᠢᠭᠦᠯᠵᠦ ᠪᠤᠵᠠᠭᠠᠢᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠡᠢ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠣᠷᠣᠯᠴᠠᠪᠠ᠃