ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠵᠢᠨ ᠬᠠᠮᠢᠶᠠᠷᠤᠯᠲᠠ ᠵᠢᠨ ᠲᠦᠷᠢᠮ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠰᠣᠨᠢᠨ ᠮᠡᠳᠡᠭᠡ ᠨᠡᠢ᠌ᠲᠡᠯᠡᠬᠦ ᠵᠤᠷᠰᠢᠯᠲᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2022-02-14


      12 ᠳ᠋ᠤᠭ᠋ᠠᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠵᠢᠨ ᠬᠠᠮᠢᠶᠠᠷᠤᠯᠲᠠ ᠵᠢᠨ ᠲᠦᠷᠢᠮ》᠎ᠤᠨ ᠲᠥᠷᠥ ᠵᠢᠨ ᠪᠣᠳᠣᠯᠭ᠎ᠠ ᠵᠢᠨ ᠲᠤᠬᠠᠶ ᠰᠣᠨᠢᠨ ᠮᠡᠳᠡᠭᠡ ᠨᠡᠢ᠌ᠲᠡᠯᠡᠬᠦ ᠵᠤᠷᠰᠢᠯᠲᠤ ᠬᠤᠷᠠᠯ ᠬᠤᠷᠠᠯᠳᠤᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠠᠩ ᠾᠧ ᠭᠣᠤᠯ ᠰᠡᠳᠦᠪᠲᠦ ᠢᠯᠡᠳᠬᠡᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠢᠩᠬᠢᠮ᠎ᠤᠨ ᠰᠠᠭᠤᠭ᠋ᠠᠯᠢ ᠲᠣᠭᠣᠷᠢᠭ ᠬᠢᠭᠡᠳ ᠠᠳᠠᠯ ᠠᠬᠤᠶ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠯᠸᠢ ᠵᠧᠨ ᠬᠤᠸᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢ ᠲᠣᠭᠲᠠᠭ᠋ᠠᠬᠤ ᠬᠣᠶᠠᠳᠤᠭ᠋ᠠᠷ ᠭᠠᠵᠠᠷ᠎ᠤᠨ ᠳᠡᠳ᠋ ᠳᠠᠷᠤᠭ᠎ᠠ ᠶᠤᠸᠠᠨ ᠮᠧᠶ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠣᠷᠪᠤᠯᠵᠢᠯᠠᠭᠴᠢᠳ᠎ᠤᠨ ᠠᠰᠠᠭᠤᠯᠲᠠ᠎ᠨᠤᠭᠤᠳ᠎ᠢ ᠬᠠᠷᠢᠭᠤᠯᠵᠠᠢ᠃


      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠵᠢᠨ ᠬᠠᠮᠢᠶᠠᠷᠤᠯᠲᠠ ᠵᠢᠨ ᠲᠦᠷᠢᠮ》᠎ᠤᠨ ᠲᠥᠷᠥ ᠵᠢᠨ ᠪᠣᠳᠣᠯᠭ᠎ᠠ ᠵᠢᠨ ᠲᠤᠬᠠᠶ ᠰᠣᠨᠢᠨ ᠮᠡᠳᠡᠭᠡ ᠨᠡᠢ᠌ᠲᠡᠯᠡᠬᠦ ᠵᠤᠷᠰᠢᠯᠲᠤ ᠬᠤᠷᠠᠯ ᠳᠡᠭᠡᠷᠡᠬᠢ ᠨᠡᠢ᠌ᠲᠡᠯᠡᠯᠲᠡ ᠵᠢᠨ ᠦᠭᠡ
                          ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ

                          ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠠᠩ ᠾᠧ


      ᠣᠷᠣᠨ ᠰᠠᠭᠤᠴᠠ ᠵᠢᠨ ᠠᠳᠠᠯ ᠠᠬᠤᠶ᠎ᠨᠢ ᠪᠥᠬᠥ ᠣᠷᠣᠨ᠎ᠤ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠨᠡᠢ᠌ᠭᠡᠮ᠎ᠤᠨ ᠡᠶ᠎ᠡ ᠵᠣᠬᠢᠴᠠᠩᠭᠤᠶ ᠲᠣᠭᠲᠠᠭᠤᠨ᠎ᠢ ᠠᠬᠢᠭᠤᠯᠬᠤ᠎ᠯᠤᠭ᠎ᠠ ᠬᠣᠯᠪᠤᠭᠳᠠᠳᠠᠭ᠂ ᠣᠷᠣᠨ ᠰᠠᠭᠤᠴᠠ ᠵᠢᠨ ᠠᠳᠠᠯ ᠠᠬᠤᠶ ᠵᠢᠨ ᠬᠠᠮᠢᠶᠠᠷᠤᠯᠲᠠ ᠵᠢᠨ ᠴᠢᠳᠠᠪᠤᠷᠢ ᠪᠠ ᠦᠢᠯᠡᠴᠢᠯᠡᠭᠡᠨ᠎ᠤ ᠬᠢᠷᠢ ᠲᠥᠪᠰᠢᠨ᠎ᠢ ᠳᠡᠭᠡᠭᠰᠢᠯᠡᠭᠦᠯᠬᠦ᠎ᠨᠢ ᠪᠥᠬᠥ ᠣᠷᠣᠨ᠎ᠤ ᠠᠳᠠᠯ ᠠᠬᠤᠶ ᠵᠢᠨ ᠠᠵᠢᠯ ᠲᠥᠷᠥᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠂ ᠪᠥᠬᠥ ᠣᠷᠣᠨ᠎ᠤ ᠠᠳᠠᠯ ᠠᠬᠤᠶ ᠵᠢᠨ ᠵᠠᠰᠠᠯᠲᠠ ᠵᠢᠨ ᠲᠤᠰᠬᠠᠶ ᠠᠵᠢᠯ᠎ᠢ ᠠᠬᠢᠭᠤᠯᠬᠤ᠂ ᠠᠳᠠᠯ ᠠᠬᠤᠶ ᠵᠢᠨ ᠠᠵᠢᠯ ᠲᠥᠷᠥᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
      ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠪᠠ ᠠᠷᠠᠳ ᠣᠯᠠᠨ᠎ᠤ ᠠᠳᠠᠯ ᠠᠬᠤᠶ ᠵᠢᠨ ᠦᠢᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠲᠠᠰᠤᠷᠠᠯᠲᠠ ᠥᠬᠡᠶ ᠳᠡᠭᠡᠭᠰᠢᠯᠡᠬᠦ ᠵᠢ ᠳᠠᠭ᠋ᠠᠯᠳᠤᠨ᠂ ᠠᠳᠠᠯ ᠠᠬᠤᠶ ᠵᠢᠨ ᠬᠠᠮᠢᠶᠠᠷᠤᠯᠲᠠ᠎ᠳᠤ ᠵᠠᠷᠢᠮ ᠰᠢᠨ᠎ᠡ ᠪᠠᠢ᠌ᠳᠠᠯ᠂ ᠰᠢᠨ᠎ᠡ ᠠᠰᠠᠭᠤᠳᠠᠯ᠎ᠤᠳ ᠢᠯᠡᠷᠡᠵᠦ᠂ ᠵᠠᠷᠢᠮ ᠡᠬᠢ ᠡᠭᠦᠰᠦᠯ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠤᠳ ᠲᠠᠰᠤᠷᠠᠯᠲᠠ ᠥᠬᠡᠶ ᠲᠣᠪᠣᠢ᠌ᠮ᠎ᠠ ᠢᠯᠡᠷᠡᠵᠦ᠂ ᠬᠡᠰᠡᠭ ᠣᠷᠣᠨ ᠰᠠᠭᠤᠴᠠ ᠵᠢᠨ ᠵᠢᠵᠢᠭ ᠲᠣᠭᠣᠷᠢᠭ᠎ᠤᠨ  ᠥᠮᠴᠢᠲᠠᠳ᠎ᠤᠨ ᠺᠣᠮᠢᠰ ᠪᠠᠢ᠌ᠭᠤᠯᠬᠤ᠎ᠳᠤ ᠬᠦᠴᠢᠷᠲᠡᠶ᠂ ᠦᠢᠯᠡᠳᠦᠯ᠎ᠢ᠎ᠨᠢ ᠪᠠᠳᠠᠷᠠᠭᠤᠯᠬᠤ᠎ᠳᠤ ᠬᠦᠴᠢᠷᠲᠡᠶ ᠪᠠᠢ᠌ᠨ᠎ᠠ; ᠬᠡᠰᠡᠭ ᠡᠷᠲᠡᠨ᠎ᠤ ᠪᠠ ᠬᠠᠭᠤᠴᠢᠨ  ᠰᠠᠭᠤᠭ᠋ᠠᠯᠢ ᠲᠣᠭᠣᠷᠢᠭ᠎ᠤᠨ ᠪᠡᠯᠡᠳᠬᠡᠮᠵᠢ᠎ᠨᠦᠭᠦᠳ᠎ᠨᠢ ᠬᠠᠭᠤᠴᠢᠷᠠᠵᠤ᠂ ᠰᠡᠯᠪᠢᠨ ᠵᠠᠰᠠᠬᠤ᠎ᠳᠤ ᠬᠦᠴᠢᠷᠲᠡᠶ᠎ᠠᠴᠠ ᠪᠣᠯᠵᠣ ᠵᠥᠷᠢᠴᠡᠯ ᠵᠢᠭᠤᠷᠠᠯᠳᠤᠭ᠋ᠠᠨ ᠠᠮᠠᠷᠬᠠᠨ ᠡᠭᠦᠰᠴᠦ ᠪᠠᠢ᠌ᠨ᠎ᠠ; ᠬᠡᠰᠡᠭ ᠰᠠᠭᠤᠭ᠋ᠠᠯᠢ ᠲᠣᠭᠣᠷᠢᠭ᠎ᠤᠨ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ ᠲᠣᠳᠣᠷᠬᠠᠶ ᠥᠬᠡᠶ᠂ ᠠᠳᠠᠯ ᠠᠬᠤᠶ ᠵᠢᠨ ᠦᠢᠯᠡᠴᠢᠯᠡᠭᠡ ᠡᠮᠬᠢ ᠲᠢᠭᠯᠢᠮ ᠦᠭᠡᠢ᠂ ᠬᠠᠮᠢᠶᠠᠷᠤᠯᠲᠠ ᠬᠦᠴᠢᠷᠲᠡᠶ ᠵᠡᠷᠭᠡ ᠠᠰᠠᠭᠤᠳᠠᠯ᠎ᠤᠳ ᠡᠳᠦᠷ ᠢᠷᠡᠬᠦᠶ᠎ᠡ ᠲᠣᠪᠣᠢ᠌ᠮ᠎ᠠ ᠪᠣᠯᠵᠣ ᠪᠠᠢ᠌ᠨ᠎ᠠ᠃
      2021 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠦᠭᠰᠡᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ ᠵᠢᠨ ᠪᠢᠴᠢᠭ》᠎ᠳᠤ ᠠᠳᠠᠯᠢ ᠪᠤᠰᠤ ᠬᠠᠷᠠᠭ᠋ᠠᠰᠤ᠎ᠠᠴᠠ ᠠᠳᠠᠯ ᠠᠬᠤᠶ ᠵᠢᠨ ᠬᠠᠮᠢᠶᠠᠷᠤᠯᠲᠠ ᠵᠢᠨ ᠠᠵᠢᠯᠯᠠᠭ᠎ᠠ᠎ᠳᠤ ᠠᠯᠢ ᠣᠯᠠᠨ ᠵᠢᠷᠤᠮᠵᠢᠯ ᠪᠠ ᠲᠣᠬᠢᠷᠠᠭᠤᠯᠤᠯᠲᠠ ᠬᠢᠭᠰᠡᠨ ᠪᠠᠢ᠌ᠯ᠎ᠠ᠃ ᠤᠯᠤᠰ᠎ᠤᠨ ᠬᠠᠤᠯᠢ ᠲᠦᠷᠢᠮ ᠨᠢᠭᠡᠳᠦᠯᠲᠡᠶ ᠪᠠᠢ᠌ᠬᠤ ᠵᠢ ᠦᠨᠡᠨ ᠬᠦ᠌ ᠪᠠᠲᠤᠯᠠᠵᠤ᠂ ᠠᠳᠠᠯ ᠠᠬᠤᠶ ᠵᠢᠨ ᠬᠠᠮᠢᠶᠠᠷᠤᠯᠲᠠ ᠵᠢᠨ ᠠᠵᠢᠯᠯᠠᠭ᠎ᠠ ᠵᠢ ᠵᠢᠷᠤᠮᠵᠢᠭᠤᠯᠤᠨ᠂ ᠥᠮᠴᠢᠲᠡᠨ ᠪᠠ ᠠᠳᠠᠯ ᠠᠬᠤᠶ ᠵᠢᠨ ᠦᠢ᠍ᠯᠡᠴᠢᠯᠡᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠰᠠᠢ᠌ᠨ ᠰᠠᠢ᠌ᠬᠠᠨ ᠠᠮᠢᠳᠤᠷᠠᠯ ᠪᠠ ᠠᠵᠢᠯᠯᠠᠬᠤ ᠣᠷᠴᠢᠨ ᠲᠣᠭᠣᠷᠢᠨ᠎ᠢ ᠪᠣᠶ ᠪᠣᠯᠭ᠋ᠠᠬᠤ ᠵᠢᠨ ᠲᠤᠰᠠᠳᠠ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠢᠩᠬᠢᠮ ᠡᠮᠦᠨᠡᠬᠢ ᠬᠤᠭᠤᠴᠠᠭ᠋ᠠᠨ᠎ᠳᠤ ᠭᠦᠨᠵᠡᠭᠡᠶ ᠪᠠᠢ᠌ᠴᠠᠭ᠋ᠠᠨ ᠰᠤᠳᠤᠯᠤᠯᠲᠠ ᠬᠢᠵᠦ᠂ ᠭᠦᠢᠴᠡᠳ ᠨᠤᠲᠠᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢ ᠲᠥᠯᠦᠭᠡᠯᠡᠨ 《ᠲᠦᠷᠢᠮ (ᠵᠠᠰᠠᠪᠤᠷᠢ ᠣᠷᠤᠭᠤᠯᠬᠤ ᠲᠥᠰᠦᠯ)》᠎ᠤᠨ ᠬᠢᠨᠠᠭᠤᠯᠬᠤ ᠨᠣᠤᠷᠠᠭ᠎ᠢ ᠲᠤᠭᠤᠷᠪᠢᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠬᠢᠨᠠᠭᠤᠯᠬᠤ ᠨᠣᠤᠷᠠᠭ᠎ᠢ ᠨᠠᠷᠢᠨ ᠬᠢᠨᠠᠮᠠᠭ᠋ᠠᠶ ᠬᠢᠨᠠᠨ ᠪᠠᠢ᠌ᠴᠠᠭ᠋ᠠᠵᠤ᠂ ᠵᠣᠬᠢᠴᠠᠭᠤᠯᠭ᠎ᠠ ᠪᠠ ᠵᠠᠰᠠᠪᠤᠷᠢ ᠣᠷᠣᠭᠤᠯᠵᠤ᠂ ᠡᠯ᠎ᠡ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠂ ᠡᠯ᠎ᠡ ᠵᠥᠪᠯᠡᠯ ᠠᠯᠪᠠᠨ ᠬᠡᠷ ᠲᠢᠩᠬᠢᠮ ᠲᠣᠪᠴᠢᠶ᠎ᠠ ᠵᠢᠴᠢ ᠨᠡᠢ᠌ᠭᠡᠮ᠎ᠤᠨ ᠡᠯ᠎ᠡ ᠡᠲᠡᠭᠡᠳ᠎ᠤᠨ ᠰᠠᠨᠠᠯ᠎ᠢ ᠥᠷᠭᠡᠨ ᠵᠶ᠋ᠡᠷ ᠬᠤᠷᠢᠶᠠᠵᠤ᠂ ᠳᠠᠬᠢᠨ ᠳᠠᠪᠲᠠᠨ ᠰᠤᠳᠤᠯᠤᠨ ᠨᠤᠲᠠᠯᠠᠬᠤ᠎ᠪᠠᠷ ᠳᠠᠮᠵᠢᠭ᠋ᠠᠳ 2021 ᠣᠨ᠎ᠤ 9 ᠳ᠋ᠦ᠍ᠭᠡᠷ ᠰᠠᠷ᠎ᠠ ᠵᠢᠨ 16᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 19 ᠳ᠋ᠦ᠍ᠭᠡᠷ ᠤᠳᠠᠭ᠎ᠠ ᠵᠢᠨ ᠪᠠᠢ᠌ᠩᠭᠤ ᠵᠢᠨ ᠬᠤᠷᠠᠯ ᠶᠠᠷᠢᠯᠴᠠᠭᠤᠯᠤᠨ ᠪᠠᠲᠤᠯᠠᠭᠤᠯᠤᠭ᠋ᠠᠳ 2021 ᠣᠨ᠎ᠤ 11 ᠳ᠋ᠦ᠍ᠭᠡᠷ ᠰᠠᠷ᠎ᠠ ᠵᠢᠨ 16᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠭᠤᠴᠢᠨ ᠨᠢᠭᠡᠳᠦᠭᠡᠷ ᠤᠳᠠᠭ᠎ᠠ ᠵᠢᠨ ᠬᠤᠷᠠᠯ ᠳᠡᠭᠡᠷ᠎ᠡ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠵᠢᠨ ᠬᠠᠮᠢᠶᠠᠷᠤᠯᠲᠠ ᠵᠢᠨ ᠲᠦᠷᠢᠮ》᠎ᠢ ᠪᠠᠲᠤᠯᠠᠭᠤᠯᠪᠠ᠃
      ᠰᠢᠨ᠎ᠡ 《ᠲᠦᠷᠢᠮ》᠎ᠳᠤ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢ ᠬᠤᠪᠢᠶᠠᠷᠢᠯᠠᠬᠤ᠂ ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ ᠪᠠᠢ᠌ᠭᠤᠯᠬᠤ᠂ ᠠᠳᠠᠯ ᠠᠬᠤᠶ ᠵᠢᠨ ᠡᠮᠦᠨᠡᠬᠢ ᠬᠤᠭᠤᠴᠠᠭ᠋ᠠᠨ᠎ᠤ ᠬᠠᠮᠢᠶᠠᠷᠤᠯᠲᠠ᠂ ᠬᠡᠷ ᠪᠠᠢ᠌ᠰᠢᠩ᠎ᠢ ᠵᠠᠰᠠᠨ ᠴᠢᠮᠡᠭᠯᠡᠬᠦ᠂ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠲᠤᠰᠬᠠᠶ ᠡᠵᠡᠩᠨᠡᠯᠲᠡ ᠵᠢᠨ ᠪᠡᠯᠡᠳᠬᠡᠮᠵᠢ ᠲᠥᠬᠥᠭᠡᠷᠦᠮᠵᠢ ᠵᠢ ᠬᠠᠮᠠᠭ᠋ᠠᠯᠠᠬᠤ᠂ ᠬᠠᠮᠢᠶ᠎ᠠ ᠪᠥᠬᠥᠶ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠯᠠᠨ ᠲᠠᠯ᠎ᠠ᠎ᠠᠴᠠ ᠠᠳᠠᠯ ᠠᠬᠤᠶ ᠵᠢᠨ ᠬᠠᠮᠢᠶᠠᠷᠤᠯᠲᠠ ᠪᠠ ᠦᠢᠯᠡᠴᠢᠯᠡᠭᠡᠨ᠎ᠤ ᠠᠭᠤᠯᠭ᠎ᠠ᠎ᠳᠤ ᠵᠠᠰᠠᠪᠤᠷᠢ ᠣᠷᠤᠭᠤᠯᠵᠠᠢ᠃
      ᠨᠢᠭᠡ᠂ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠤᠨ ᠲᠤᠬᠠᠢ᠃ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ ᠪᠣᠯ ᠠᠳᠠᠯ ᠠᠬᠤᠢ ᠵᠢᠨ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ ᠵᠢᠨ ᠰᠠᠭᠤᠷᠢ ᠪᠠ ᠤᠷᠢᠲᠠᠯ ᠮᠥᠨ᠂ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠤᠨ ᠠᠷᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠲᠣᠭᠲᠠᠭ᠋ᠠᠨ᠎ᠠ ᠭᠡᠵᠦ ᠲᠦᠷᠦ ᠵᠢᠨ ᠶᠠᠪᠤᠳᠠᠯ᠎ᠤᠨ ᠬᠣᠷᠢᠶᠠᠨ᠎ᠤ 《ᠠᠳᠠᠯ ᠠᠬᠤᠢ ᠵᠢᠨ ᠬᠠᠮᠢᠶᠠᠷᠤᠯᠲᠠ ᠵᠢᠨ ᠲᠦᠷᠢᠮ》᠎ᠳᠤ ᠲᠣᠳᠣᠷᠬᠠᠢ ᠲᠣᠭᠲᠠᠭ᠋ᠠᠵᠠᠢ᠃ ᠲᠣᠰ ᠤᠳᠠᠭ᠋ᠠᠨ᠎ᠤ ᠵᠠᠰᠠᠪᠤᠷᠢ ᠣᠷᠤᠭᠤᠯᠬᠤ ᠲᠣᠬᠢᠶᠠᠯ᠎ᠢ ᠠᠰᠢᠭᠯᠠᠨ᠂ ᠪᠢᠳᠡ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠳᠤ ᠲᠣᠭᠲᠠᠭ᠋ᠠᠯ ᠭᠠᠷᠭ᠋ᠠᠯ᠎ᠠ᠂ ᠡᠭᠦᠨ᠎ᠳᠤ ᠭᠣᠤᠯᠳᠠᠭᠤ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠤᠨ ᠵᠠᠷᠴᠢᠮ᠂ ᠰᠢᠨ᠎ᠡ᠎ᠪᠠᠷ ᠪᠠᠢ᠌ᠭᠤᠯᠤᠭᠳᠠᠭᠰᠠᠨ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠂ ᠨᠢᠭᠡᠨᠲᠡ ᠠᠰᠢᠭᠯᠠᠯᠲᠠ᠎ᠳᠤ ᠣᠷᠣᠭᠤᠯᠤᠭᠰᠠᠨ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ ᠪᠠ ᠲᠣᠬᠢᠷᠠᠭᠤᠯᠤᠯᠲᠠ ᠭᠡᠬᠦ ᠭᠤᠷᠪᠠᠨ ᠬᠡᠰᠡᠭ᠎ᠢ ᠪᠠᠭᠲᠠᠭ᠋ᠠᠪᠠ᠃ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠨᠢ ᠠᠳᠠᠯ ᠠᠬᠤᠶ ᠵᠢᠨ ᠬᠠᠮᠢᠶᠠᠷᠤᠯᠲᠠ ᠵᠢ ᠬᠡᠷᠡᠭᠵᠢᠭᠦᠯᠬᠦ᠎ᠳᠤ ᠠᠰᠢᠭᠲᠠᠶ ᠪᠠᠢ᠌ᠯᠭ᠋ᠠᠬᠤ᠎ᠪᠠᠷ ᠵᠠᠷᠴᠢᠮ ᠪᠣᠯᠭ᠋ᠠᠵᠤ᠂ ᠪᠥᠲᠥᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ᠎ᠳᠤ ᠲᠣᠭᠲᠠᠭ᠋ᠠᠭᠰᠠᠨ ᠬᠡᠷᠡᠭᠯᠡᠬᠦ ᠭᠠᠵᠠᠷ᠎ᠤᠨ ᠬᠡᠪᠴᠢᠶ᠎ᠡ᠎ᠪᠠᠷ ᠰᠠᠭᠤᠷᠢ ᠪᠣᠯᠭ᠋ᠠᠵᠤ᠂ ᠭᠠᠵᠠᠷ ᠰᠢᠷᠣᠶ ᠬᠡᠷᠡᠭᠯᠡᠬᠦ ᠡᠷᠬᠡ ᠵᠢᠨ ᠬᠠᠷᠢᠶᠠᠯᠠᠭᠳᠠᠬᠤ ᠬᠡᠪᠴᠢᠶ᠎ᠡ᠂ ᠪᠠᠷᠢᠯᠭ᠎ᠠ ᠵᠢᠨ ᠵᠦᠢᠯᠡᠰ᠎ᠤᠨ ᠬᠡᠪᠴᠢᠶ᠎ᠡ᠂ ᠨᠡᠢ᠌ᠲᠡ ᠵᠢᠨ ᠬᠡᠷᠡᠭᠯᠡᠭᠡᠨ᠎ᠤ ᠪᠡᠯᠡᠳᠬᠡᠮᠵᠢ ᠲᠥᠬᠥᠭᠡᠷᠦᠮᠵᠢ᠂ ᠪᠠᠢ᠌ᠭ᠋ᠠᠯᠢ ᠵᠢᠨ ᠵᠠᠭ᠋ᠠᠭ ᠬᠢᠵᠠᠭ᠋ᠠᠷ᠂ ᠨᠡᠢ᠌ᠭᠡᠮ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠡᠷᠭᠡ ᠬᠦᠴᠦᠨ ᠵᠦᠢᠯ᠎ᠢ ᠶᠡᠷᠦᠩᠬᠡᠢ᠌ᠯᠡᠨ ᠪᠣᠳᠤᠯᠬᠢᠯᠠᠵᠠᠢ; ᠠᠳᠠᠯ ᠠᠬᠤᠢ ᠵᠢᠨ ᠬᠠᠮᠢᠶᠠᠷᠤᠯᠲᠠ᠎ᠳᠤ ᠬᠡᠷᠡᠭᠯᠡᠬᠦ ᠭᠡᠷ ᠪᠠᠢ᠌ᠰᠢᠩ᠂ ᠤᠰᠤ᠂ ᠴᠠᠬᠢᠯᠭ᠋ᠠᠨ᠂ ᠢᠯᠴᠢ ᠬᠠᠩᠭ᠋ᠠᠬᠤ᠂ ᠭᠠᠯ ᠤᠨᠲᠠᠷᠠᠭ᠋ᠠᠬᠤ ᠵᠡᠷᠭᠡ ᠢᠵᠢ ᠪᠦᠷᠢᠳᠦᠭᠰᠡᠨ ᠪᠡᠯᠡᠳᠬᠡᠮᠵᠢ ᠪᠠ ᠬᠠᠮᠢᠶ᠎ᠠ ᠪᠦᠬᠦᠢ ᠲᠠᠯᠠᠪᠤᠷ ᠭᠠᠵᠠᠷ᠎ᠤᠨ ᠬᠠᠮᠲᠤ᠎ᠪᠠᠷ ᠬᠡᠷᠡᠭᠯᠡᠬᠦ ᠵᠢ ᠰᠠᠯᠭ᠋ᠠᠵᠤ ᠪᠣᠯᠬᠤ ᠥᠬᠡᠶ ᠪᠣᠯ᠂ ᠠᠳᠠᠯ ᠠᠬᠤᠢ ᠵᠢᠨ ᠬᠠᠮᠢᠶᠠᠷᠤᠯᠲᠠ ᠵᠢᠨ ᠨᠢᠭᠡ ᠣᠷᠣᠨ ᠪᠦᠰᠡ᠎ᠳᠤ ᠬᠤᠪᠢᠶᠠᠷᠢᠯᠠᠵᠤ ᠥᠭᠭᠦᠨ᠎ᠡ; ᠲᠤᠰᠠᠭ᠋ᠠᠷᠯᠠᠨ ᠬᠡᠷᠡᠭᠯᠡᠵᠦ ᠪᠣᠯᠬᠤ ᠵᠢ᠎ᠨᠢ ᠠᠳᠠᠯ ᠠᠬᠤᠶ ᠵᠢᠨ ᠬᠠᠮᠢᠶᠠᠷᠤᠯᠲᠠ ᠵᠢᠨ ᠠᠳᠠᠯᠢ ᠪᠤᠰᠤ ᠣᠷᠣᠨ ᠪᠦᠰᠡ᠎ᠳᠤ ᠬᠤᠪᠢᠶᠠᠷᠢᠯᠠᠨ ᠥᠭᠴᠦ ᠪᠣᠯᠤᠨ᠎ᠠ᠃ ᠰᠢᠨ᠎ᠡ᠎ᠪᠠᠷ ᠪᠠᠢ᠌ᠭᠤᠯᠤᠭᠳᠠᠭᠰᠠᠨ ᠠᠳᠠᠯ ᠠᠬᠤᠶ ᠵᠢᠨ ᠣᠷᠣᠨ ᠪᠦᠰᠡ ᠵᠢ ᠬᠤᠪᠢᠶᠠᠷᠢᠯᠠᠬᠤ ᠭᠣᠤᠯ ᠴᠣᠭᠴᠠ ᠪᠣᠯ ᠪᠦᠲᠦᠭᠡᠨ ᠪᠠᠢ᠌ᠭᠤᠯᠤᠭᠰᠠᠨ ᠨᠢᠭᠡᠴᠡ ᠪᠣᠯᠤᠨ᠎ᠠ᠂ ᠪᠦᠲᠦᠭᠡᠨ ᠪᠠᠢ᠌ᠭᠤᠯᠤᠭᠰᠠᠨ ᠨᠢᠭᠡᠴᠡ᠎ᠨᠢ ᠬᠤᠪᠢᠶᠠᠷᠢᠯᠠᠬᠤ ᠵᠠᠷᠴᠢᠮ᠎ᠤᠨ ᠰᠠᠭᠤᠷᠢᠨ ᠳᠡᠭᠡᠷ᠎ᠡ᠂ ᠲᠠᠸᠠᠷ᠎ᠤᠨ ᠬᠡᠷ ᠪᠠᠢ᠌ᠰᠢᠩ᠎ᠢ ᠤᠷᠢᠳᠴᠢᠯᠠᠨ ᠬᠤᠳᠠᠯᠳᠤᠬᠤ ᠵᠥᠪᠰᠢᠶᠡᠷᠡᠯ᠎ᠤᠨ ᠦᠨᠡᠮᠯᠡᠯ ᠪᠤᠶᠤ ᠲᠠᠸᠠᠷ᠎ᠤᠨ ᠬᠡᠷ ᠪᠠᠢ᠌ᠰᠢᠩ᠎ᠤᠨ ᠪᠡᠯᠡᠨ ᠬᠡᠷ ᠪᠠᠢ᠌ᠰᠢᠩ᠎ᠢ ᠪᠣᠷᠣᠯᠠᠭᠤᠯᠬᠤ᠎ᠠᠴᠠ ᠡᠮᠦᠨ᠎ᠡ᠂ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢ ᠬᠤᠪᠢᠶᠠᠷᠢᠯᠠᠨ ᠲᠣᠭᠲᠠᠭ᠋ᠠᠭᠰᠠᠨ ᠮᠠᠲ᠋ᠧᠷᠢᠶᠠᠯ ᠵᠶ᠋ᠠᠨ ᠠᠳᠠᠯ ᠠᠬᠤᠶ ᠵᠢᠨ ᠲᠥᠷᠥᠯ ᠵᠦᠢᠯ᠎ᠤᠨ ᠪᠠᠢ᠌ᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠳᠠᠯ ᠠᠬᠤᠶ ᠵᠢᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ᠃ ᠠᠳᠠᠯ ᠠᠬᠤᠶ ᠵᠢᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠠᠩᠰᠠᠯᠠᠭᠤᠯᠤᠭᠰᠠᠨ ᠪᠠᠢ᠌ᠳᠠᠯ᠎ᠢ ᠲᠥᠷᠥᠯ ᠵᠦᠢᠯ᠎ᠤᠨ ᠪᠠᠢ᠌ᠭ᠎ᠠ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠲᠤ ᠪᠢᠴᠢᠭ ᠵᠶ᠋ᠡᠷ ᠮᠡᠳᠡᠭᠳᠡᠬᠦ ᠬᠡᠷᠡᠭᠲᠡᠶ᠃ ᠨᠢᠭᠡᠨᠲᠡ ᠠᠰᠢᠭᠯᠠᠯᠲᠠ᠎ᠳᠤ ᠣᠷᠣᠭᠤᠯᠤᠭᠰᠠᠨ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ ᠪᠠ ᠲᠣᠬᠢᠷᠠᠭᠤᠯᠤᠯᠲᠠ ᠬᠢᠬᠦ᠎ᠳᠤ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠤᠨ ᠭᠣᠤᠯ ᠴᠣᠭᠴᠠ ᠪᠣᠯ ᠬᠣᠰᠢᠭᠤ ᠰᠢᠶᠠᠨ᠎ᠤ ᠱᠠᠲᠤᠨ᠎ᠤ ᠠᠳᠠᠯ ᠠᠬᠤᠶ ᠵᠢᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠣᠯᠤᠨ᠎ᠠ᠂ ᠮᠥᠨ ᠬᠦ᠌ ᠬᠤᠪᠢᠶᠠᠷᠢᠯᠠᠬᠤ ᠵᠠᠷᠴᠢᠮ᠎ᠤᠨ ᠰᠠᠭᠤᠷᠢᠨ ᠳᠡᠭᠡᠷ᠎ᠡ᠂ ᠥᠮᠴᠢᠲᠠᠳ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ ᠬᠤᠪᠢᠶᠠᠷᠢᠯᠠᠬᠤ ᠪᠤᠶᠤ ᠲᠣᠬᠢᠷᠠᠭᠤᠯᠤᠯᠲᠠ ᠬᠢᠨ᠎ᠠ᠃
      ᠬᠣᠶᠠᠷ᠂ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠤᠨ ᠲᠤᠬᠠᠢ᠃ ᠵᠠᠷᠢᠮ ᠣᠷᠣᠨ ᠰᠠᠭᠤᠴᠠ ᠵᠢᠨ ᠲᠣᠭᠣᠷᠢᠭ᠎ᠤᠨ ᠥᠮᠴᠢᠲᠠᠳ᠎ᠤᠨ ᠥᠪᠡᠷᠲᠡᠭᠡᠨ ᠵᠠᠰᠠᠬᠤ ᠤᠬᠠᠮᠰᠠᠷ ᠳᠣᠷᠤᠢ᠂ ᠢᠳᠡᠪᠬᠢᠵᠢᠯ ᠦᠭᠡᠢ᠂ ᠥᠮᠴᠢᠲᠠᠳ᠎ᠤᠨ ᠶᠡᠬᠡ ᠬᠤᠷᠠᠯ᠎ᠢ ᠬᠤᠷᠠᠯᠳᠤᠭᠤᠯᠬᠤ᠎ᠳᠤ ᠬᠦᠴᠢᠷ᠂ ᠠᠳᠠᠯ ᠠᠬᠤᠶ ᠵᠢᠨ ᠦᠢᠯᠡᠴᠢᠯᠡᠭᠡᠨ᠎ᠤ ᠠᠵᠤ ᠠᠬᠤᠢ᠌ᠯᠠᠯ᠎ᠢ ᠰᠣᠩᠭᠣᠨ ᠤᠷᠢᠬᠤ ᠬᠠᠤᠯᠢ᠎ᠪᠠᠷ ᠲᠣᠭᠲᠠᠭ᠋ᠠᠭᠰᠠᠨ ᠵᠢᠷᠤᠮ᠎ᠢ ᠬᠡᠪ᠎ᠤᠨ ᠶᠣᠰᠤᠭ᠋ᠠᠷ ᠪᠡᠶᠡᠯᠡᠭᠦᠯᠬᠦ᠎ᠳᠤ ᠬᠦᠴᠢᠷ ᠪᠠᠢ᠌ᠬᠤ ᠵᠡᠷᠭᠡ ᠪᠠᠢ᠌ᠳᠠᠯ᠎ᠤᠳ᠎ᠢ ᠪᠦᠲᠦᠮᠵᠢᠲᠡᠶ ᠰᠢᠢᠳᠪᠦᠷᠢᠯᠡᠬᠦ ᠵᠢᠨ ᠲᠤᠯᠠᠳᠠ᠂ 《ᠣᠷᠣᠨ ᠰᠠᠭᠤᠴᠠ ᠵᠢᠨ ᠠᠳᠠᠯ ᠠᠬᠤᠶ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠶᠠᠮᠤᠨ ᠵᠡᠷᠭᠡ ᠰᠠᠯᠠᠭ᠎ᠠ ᠮᠥᠴᠢᠷ᠎ᠤᠨ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠪᠡᠭᠡᠵᠢᠩ᠂ ᠭᠤᠸᠠᠩᠵᠧᠦ ᠵᠡᠷᠭᠡ ᠭᠠᠵᠠᠷ᠎ᠤᠳ᠎ᠤᠨ ᠠᠮᠵᠢᠯᠲᠠ᠎ᠲᠠᠢ ᠲᠤᠷᠰᠢᠯᠭ᠎ᠠ᠎ᠪᠠᠷ ᠲᠣᠯᠢᠯᠠᠵᠤ ᠰᠢᠨ᠎ᠡ 《ᠲᠦᠷᠢᠮ》᠎ᠳᠤ ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ᠎ᠢ ᠪᠠᠢ᠌ᠭᠤᠯᠬᠤ ᠬᠣᠯᠪᠣᠭᠳᠠᠯ ᠪᠥᠬᠥᠶ ᠲᠣᠭᠲᠠᠭ᠋ᠠᠯ᠎ᠢ ᠨᠡᠮᠡᠭᠰᠡᠨ ᠪᠠᠢ᠌ᠨ᠎ᠠ᠂ ᠡᠭᠦᠨ᠎ᠳᠤ ᠭᠣᠣᠯᠴᠠᠭᠤ ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ᠎ᠢ ᠪᠠᠢ᠌ᠭᠤᠯᠬᠤ ᠪᠠᠢ᠌ᠳᠠᠯ ᠵᠢᠴᠢ ᠡᠭᠦᠷᠭᠡ ᠬᠠᠷᠢᠭᠤᠴᠠᠯᠭ᠎ᠠ᠂ ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ᠎ᠤᠨ ᠠᠵᠢᠯᠲᠠᠳ᠎ᠤᠨ ᠪᠦᠷᠢᠯᠳᠦᠴᠡ ᠪᠠ ᠲᠤᠰᠢᠶᠠᠯ ᠡᠭᠦᠷᠭᠡᠯᠡᠬᠦ ᠬᠢᠷᠢ ᠬᠡᠮ᠂ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠤᠨ ᠠᠵᠢᠯᠯᠠᠬᠤ ᠬᠤᠭᠤᠴᠠᠭ᠎ᠠ ᠪᠠ ᠲᠠᠷᠬᠠᠭ᠋ᠠᠬᠤ ᠵᠡᠷᠭᠡ ᠠᠭᠤᠯᠭ᠎ᠠ ᠵᠢ ᠪᠠᠭᠲᠠᠭ᠋ᠠᠵᠠᠢ᠃ ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ ᠪᠣᠯ ᠨᠢᠭᠡᠨ ᠲᠦᠷ ᠴᠠᠭ᠎ᠤᠨ ᠪᠠᠢ᠌ᠭᠤᠯᠤᠮᠵᠢ ᠶᠤᠮ᠂ ᠬᠠᠮᠢᠶ᠎ᠠ ᠪᠥᠬᠥᠶ ᠲᠣᠭᠲᠠᠭ᠋ᠠᠯ ᠶᠣᠰᠣᠭ᠋ᠠᠷ ᠪᠣᠯ᠂ ᠥᠮᠴᠢᠲᠡᠨ᠎ᠢ ᠵᠣᠬᠢᠶᠠᠨ ᠪᠠᠢ᠌ᠭᠤᠯᠵᠤ ᠥᠮᠴᠢᠲᠠᠳ᠎ᠤᠨ ᠶᠡᠬᠡ ᠬᠤᠷᠠᠯ᠂ ᠥᠮᠴᠢᠲᠠᠳ᠎ᠤᠨ ᠺᠣᠮᠢᠰ᠎ᠤᠨ ᠡᠭᠦᠷᠭᠡ ᠬᠠᠷᠢᠭᠤᠴᠠᠯᠭ᠎ᠠ ᠵᠢ ᠭᠦᠢᠴᠡᠳᠬᠡᠨ᠎ᠡ; ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ᠎ᠢ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠂ ᠥᠮᠴᠢᠲᠡᠨ᠂ ᠠᠳᠠᠯ ᠠᠬᠤᠶ ᠵᠢᠨ ᠬᠡᠷᠡᠭᠯᠡᠭᠴᠢ ᠵᠢᠨ ᠲᠥᠯᠥᠭᠡᠯᠡᠭᠴᠢ ᠵᠡᠷᠭᠡ ᠭᠤᠷᠪᠠ᠎ᠠᠴᠠ ᠳᠡᠭᠡᠭᠰᠢᠬᠢ ᠰᠣᠨᠳᠣᠭᠣᠶ ᠲᠣᠭ᠎ᠠ᠎ᠪᠠᠷ ᠪᠦᠷᠢᠯᠳᠦᠭᠦᠯᠵᠦ᠂ ᠡᠭᠦᠨ᠎ᠳᠤ ᠥᠮᠴᠢᠲᠠᠳ᠎ᠤᠨ ᠲᠥᠯᠥᠭᠡᠯᠡᠭᠴᠢ᠎ᠨᠢ ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ᠎ᠤᠨ ᠭᠡᠰᠢᠭᠦᠨ᠎ᠤ ᠬᠥᠮᠦᠨ᠎ᠤ ᠲᠣᠭ᠎ᠠ ᠵᠢᠨ ᠬᠣᠶᠠᠷ᠎ᠤᠨ ᠨᠢᠭᠡ ᠬᠤᠪᠢ᠎ᠠᠴᠠ ᠳᠤᠲᠠᠭᠤ ᠪᠠᠢ᠌ᠵᠤ ᠪᠣᠯᠬᠤ ᠥᠬᠡᠶ᠂ ᠥᠮᠴᠢᠲᠠᠳ᠎ᠤᠨ ᠲᠥᠯᠥᠭᠡᠯᠡᠭᠴᠢ ᠵᠢ ᠰᠣᠩᠭᠤᠬᠤ ᠪᠠ ᠬᠢᠷᠢ ᠬᠡᠮ᠎ᠢ ᠬᠢᠨᠠᠨ ᠪᠠᠢ᠌ᠴᠠᠭ᠋ᠠᠬᠤ ᠵᠢ ᠥᠮᠴᠢᠲᠠᠳ᠎ᠤᠨ ᠺᠣᠮᠢᠰ᠎ᠤᠨ ᠵᠢᠱ᠌ᠢᠭᠳᠡᠭᠴᠢ ᠵᠢᠨ ᠬᠣᠯᠪᠣᠭᠳᠠᠯ ᠪᠥᠬᠥᠶ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ᠂ ᠡᠷᠬᠢᠯᠡᠭᠴᠢ ᠵᠢᠨ ᠲᠤᠰᠢᠶᠠᠯ᠎ᠢ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠤᠨ ᠲᠥᠯᠥᠭᠡᠯᠡᠭᠴᠢ ᠡᠭᠦᠷᠭᠡᠯᠡᠵᠦ᠂ ᠳᠡᠳ᠋ ᠡᠷᠬᠢᠯᠡᠭᠴᠢ ᠵᠢᠨ ᠲᠤᠰᠢᠶᠠᠯ᠎ᠢ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠠᠴᠠ ᠨᠢᠭᠡ ᠥᠮᠴᠢᠲᠠᠳ᠎ᠤᠨ ᠲᠥᠯᠥᠭᠡᠯᠡᠭᠴᠢ ᠵᠢ ᠵᠢᠭ᠋ᠠᠨ ᠲᠣᠭᠲᠠᠭ᠋ᠠᠵᠤ ᠡᠭᠦᠷᠭᠡᠯᠡᠭᠦᠯᠦᠨ᠎ᠡ; ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ᠎ᠤᠨ ᠠᠵᠢᠯᠯᠠᠬᠤ ᠬᠤᠭᠤᠴᠠᠭ᠎ᠠ᠎ᠨᠢ ᠡᠩ᠎ᠤᠨ ᠪᠠᠢ᠌ᠳᠠᠯ᠎ᠳᠤ ᠭᠤᠷᠪᠠᠨ ᠵᠢᠯ᠎ᠠᠴᠠ ᠬᠡᠲᠦᠷᠡᠵᠦ ᠪᠣᠯᠬᠤ ᠥᠬᠡᠶ᠂ ᠥᠮᠴᠢᠲᠠᠳ᠎ᠤᠨ ᠶᠡᠬᠡ ᠬᠤᠷᠠᠯ ᠨᠢᠭᠡᠨᠲᠡ ᠪᠠᠢ᠌ᠭᠤᠯᠤᠭᠳᠠᠭᠰᠠᠨ᠂ ᠥᠮᠴᠢᠲᠠᠳ᠎ᠤᠨ ᠺᠣᠮᠢᠰ᠎ᠢ ᠰᠣᠩᠭᠣᠨ ᠭᠠᠷᠭ᠋ᠠᠬᠤ ᠪᠤᠶᠤ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢ ᠳᠣᠭᠢᠷᠠᠭᠤᠯᠬᠤ᠂ ᠬᠡᠷ ᠪᠠᠢ᠌ᠰᠢᠩ ᠰᠦᠢ᠍ᠳᠬᠡᠭᠳᠡᠭᠰᠡᠨ ᠵᠡᠷᠭᠡ ᠪᠤᠰᠤᠳ ᠪᠤᠰᠤᠳᠴᠢ ᠰᠢᠯᠲᠠᠭ᠋ᠠᠨ᠎ᠠᠴᠠ ᠪᠣᠯᠵᠣ ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ ᠣᠷᠣᠰᠢᠨ ᠲᠣᠭᠲᠠᠨᠢᠬᠤ ᠠᠷᠭ᠎ᠠ ᠥᠬᠡᠶ ᠪᠣᠯᠤᠭᠰᠠᠨ ᠪᠠᠢ᠌ᠪᠠᠯ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠭᠤᠴᠢᠨ ᠡᠳᠦᠷ᠎ᠤᠨ ᠳᠣᠲᠣᠷ᠎ᠠ ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ᠎ᠢ ᠲᠠᠷᠬᠠᠭ᠋ᠠᠬᠤ ᠬᠡᠷᠡᠭᠲᠡᠶ᠃
      ᠭᠤᠷᠪᠠ᠎ᠳᠤ ᠠᠳᠠᠯ ᠠᠬᠤᠶ ᠵᠢᠨ ᠡᠮᠦᠨᠡᠬᠢ ᠬᠤᠭᠤᠴᠠᠭ᠋ᠠᠨ᠎ᠤ ᠬᠠᠮᠢᠶᠠᠷᠤᠯᠲᠠ ᠵᠢᠨ ᠲᠤᠬᠠᠶ᠃ ᠪᠥᠲᠥᠭᠡᠨ ᠪᠠᠢ᠌ᠭᠤᠯᠤᠭᠰᠠᠨ ᠨᠢᠭᠡᠴᠡ᠎ᠨᠢ ᠡᠷᠬᠡ᠎ᠪᠠᠨ ᠳᠠᠪᠠᠭᠤᠯᠤᠨ ᠥᠮᠴᠢᠲᠡᠨ᠎ᠤ ᠡᠷᠬᠡ ᠵᠢ ᠬᠡᠷᠡᠭᠵᠢᠭᠦᠯᠬᠦ᠂ ᠠᠳᠠᠯ ᠠᠬᠤᠶ ᠵᠢᠨ ᠦᠢᠯᠡᠴᠢᠯᠡᠭᠡ᠎ᠳᠤ ᠬᠡᠷᠡᠭᠯᠡᠬᠦ ᠬᠡᠷ ᠪᠠᠢ᠌ᠰᠢᠩ᠎ᠢ ᠵᠢᠷᠤᠮᠵᠢᠯ ᠦᠭᠡᠢ ᠳᠣᠭᠢᠷᠠᠭᠤᠯᠬᠤ᠂ ᠵᠠᠰᠠᠵᠤ ᠰᠡᠯᠪᠢᠬᠦ ᠶᠣᠰᠤᠲᠠᠢ ᠬᠠᠷᠢᠭᠤᠴᠠᠯᠭ᠎ᠠ ᠵᠢ ᠢᠳᠡᠪᠬᠢᠲᠡᠶ ᠡᠭᠦᠷᠭᠡᠯᠡᠬᠦ ᠥᠬᠡᠶ ᠪᠠᠢ᠌ᠬᠤ ᠠᠰᠠᠭᠤᠳᠠᠯ᠎ᠤᠳ᠎ᠲᠤ ᠴᠢᠭᠯᠡᠭᠦᠯᠦᠨ᠂ ᠰᠢᠨ᠎ᠡ 《ᠲᠦᠷᠢᠮ》᠎ᠳᠤ ᠡᠢ᠌ᠨ ᠬᠦ᠌ ᠲᠣᠭᠲᠠᠭ᠋ᠠᠪᠠ᠄ ᠠᠳᠠᠯ ᠠᠬᠤᠶ ᠵᠢᠨ ᠡᠮᠦᠨᠡᠬᠢ ᠬᠤᠭᠤᠴᠠᠭ᠋ᠠᠨ᠎ᠤ ᠦᠢᠯᠡᠴᠢᠯᠡᠭᠡᠨ᠎ᠤ ᠭᠡᠷ᠎ᠡ ᠵᠢᠨ ᠬᠤᠭᠤᠴᠠᠭ᠎ᠠ ᠵᠢ ᠠᠳᠠᠯ ᠠᠬᠤᠶ ᠵᠢᠨ ᠲᠥᠷᠥᠯ ᠵᠦᠢᠯ᠎ᠢ ᠲᠤᠰᠢᠶᠠᠨ ᠥᠭᠴᠦ ᠬᠡᠷᠡᠭᠯᠡᠭᠦᠯᠦᠭᠰᠡᠨ ᠡᠳᠦᠷ᠎ᠠᠴᠠ ᠡᠬᠢᠯᠡᠨ ᠪᠣᠳᠤᠵᠤ ᠬᠠᠮᠤᠭ᠎ᠤᠨ ᠣᠷᠳᠣ᠎ᠳᠤ᠎ᠪᠠᠨ ᠬᠣᠶᠠᠷ ᠵᠢᠯ᠎ᠠᠴᠠ ᠬᠡᠲᠦᠷᠡᠭᠦᠯᠵᠦ ᠪᠣᠯᠬᠤ ᠥᠬᠡᠶ; ᠰᠢᠨ᠎ᠡ᠎ᠪᠠᠷ ᠪᠠᠢ᠌ᠭᠤᠯᠬᠤ ᠣᠷᠣᠨ ᠰᠠᠭᠤᠴᠠ ᠵᠢ ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠵᠦ ᠪᠥᠲᠥᠭᠡᠨ ᠪᠠᠢ᠌ᠭᠤᠯᠬᠤ᠎ᠳᠤ ᠠᠳᠠᠯ ᠠᠬᠤᠶ ᠵᠢᠨ ᠦᠢᠯᠡᠴᠢᠯᠡᠭᠡᠨ᠎ᠳᠤ ᠬᠡᠷᠡᠭᠯᠡᠬᠦ ᠬᠡᠷ ᠪᠠᠢ᠌ᠰᠢᠩ᠎ᠢ ᠬᠠᠷᠠᠬᠠᠨ ᠲᠤᠰᠢᠶᠠᠵᠤ ᠥᠭᠭᠦᠭᠡᠳᠦᠢ ᠪᠣᠯ᠂ ᠪᠥᠲᠥᠭᠡᠨ ᠪᠠᠢ᠌ᠭᠤᠯᠤᠭᠰᠠᠨ ᠨᠢᠭᠡᠴᠡ᠎ᠨᠢ ᠵᠠᠭᠤᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢᠬᠢ ᠲᠠᠯᠠᠪᠠᠢ᠎ᠲᠠᠢ ᠠᠳᠠᠯ ᠠᠬᠤᠶ ᠵᠢᠨ ᠦᠢᠯᠡᠴᠢᠯᠡᠭᠡᠨ᠎ᠳᠤ ᠬᠡᠷᠡᠭᠯᠡᠬᠦ ᠲᠦᠷ ᠴᠠᠭ᠎ᠤᠨ ᠬᠡᠷ ᠪᠠᠢ᠌ᠰᠢᠩ ᠬᠠᠩᠭ᠋ᠠᠬᠤ ᠬᠡᠷᠡᠭᠲᠡᠶ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠥᠲᠥᠭᠡᠨ ᠪᠠᠢ᠌ᠭᠤᠯᠬᠤ ᠪᠠᠷᠢᠯᠭ᠎ᠠ ᠵᠢᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ ᠦᠶᠡᠰ᠂ ᠵᠥᠪᠰᠢᠶᠡᠷᠡᠯ᠎ᠤᠨ ᠦᠨᠡᠮᠯᠡᠯ ᠵᠢᠴᠢ ᠳᠠᠭ᠋ᠠᠯᠳᠤᠭᠤᠯᠤᠯ ᠵᠢᠷᠤᠭ ᠳᠡᠭᠡᠷ᠎ᠡ ᠲᠥᠬᠥᠷᠵᠢᠭᠦᠯᠦᠨ ᠪᠥᠲᠥᠭᠡᠨ ᠪᠠᠢ᠌ᠭᠤᠯᠬᠤ ᠠᠳᠠᠯ ᠠᠬᠤᠶ ᠵᠢᠨ ᠦᠢᠯᠡᠴᠢᠯᠡᠭᠡᠨ᠎ᠳᠤ ᠬᠡᠷᠡᠭᠯᠡᠬᠦ ᠬᠡᠷ ᠪᠠᠢ᠌ᠰᠢᠩ᠎ᠤᠨ ᠪᠠᠷᠢᠯᠭ᠎ᠠ ᠵᠢᠨ ᠲᠠᠯᠠᠪᠠᠶ ᠪᠠ ᠣᠷᠣᠨ ᠪᠠᠢ᠌ᠷᠢ ᠵᠢ ᠲᠣᠳᠣᠷᠬᠠᠢ᠌ᠯᠠᠬᠤ ᠬᠡᠷᠡᠭᠲᠡᠶ; ᠠᠳᠠᠯ ᠠᠬᠤᠢ ᠵᠢᠨ ᠵᠠᠰᠠᠬᠤ ᠵᠢ ᠪᠠᠲᠤᠯᠠᠬᠤ ᠬᠤᠭᠤᠴᠠᠭ᠎ᠠ ᠪᠠ ᠬᠡᠪᠴᠢᠶᠡᠨ᠎ᠳᠤ ᠶᠠᠰᠤ ᠴᠢᠨᠠᠷ᠎ᠤᠨ ᠠᠰᠠᠭᠤᠳᠠᠯ ᠭᠠᠷᠪᠠᠯ᠂ ᠠᠳᠠᠯ ᠠᠬᠤᠢ ᠵᠢᠨ ᠦᠢᠯᠡᠴᠢᠯᠡᠭᠡᠨ᠎ᠤ ᠬᠦᠮᠦᠰ ᠪᠦᠲᠦᠭᠡᠨ ᠪᠠᠢ᠌ᠭᠤᠯᠤᠭᠰᠠᠨ ᠨᠢᠭᠡᠴᠡ᠎ᠳᠤ ᠳᠠᠷᠤᠢ᠌ᠬᠠᠨ ᠮᠡᠳᠡᠭᠳᠡᠵᠦ᠂ ᠪᠦᠲᠦᠭᠡᠨ ᠪᠠᠢ᠌ᠭᠤᠯᠤᠭᠰᠠᠨ ᠨᠢᠭᠡᠴᠡ ᠵᠢ ᠰᠢᠮᠳᠠᠭᠤᠯᠵᠤ ᠪᠠᠢ᠌ᠭ᠋ᠠᠳ ᠴᠠᠭ ᠲᠤᠬᠠᠶ᠎ᠳᠤ᠎ᠨᠢ ᠰᠡᠯᠪᠢᠨ ᠵᠠᠰᠠᠭᠤᠯᠬᠤ ᠬᠡᠷᠡᠭᠲᠡᠢ᠃
      ᠲᠦᠷᠪᠡ᠎ᠳᠤ ᠭᠡᠷ ᠪᠠᠢ᠌ᠰᠢᠩ᠎ᠢ ᠵᠠᠰᠠᠵᠤ ᠴᠢᠮᠡᠭᠯᠡᠬᠦ ᠲᠤᠬᠠᠢ᠃ ᠵᠠᠰᠠᠯ ᠴᠢᠮᠡᠭᠯᠡᠯ᠎ᠤᠨ ᠠᠵᠢᠯ ᠥᠷᠭᠡᠨ ᠣᠯᠠᠨ ᠥᠮᠴᠢᠲᠠᠳ᠎ᠤᠨ ᠡᠳᠦᠷ ᠲᠣᠳᠣᠮ᠎ᠤᠨ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ᠂ ᠵᠢᠷᠤᠮᠵᠢᠯ ᠦᠭᠡᠢ ᠵᠠᠰᠠᠯ ᠴᠢᠮᠡᠭᠯᠡᠯ᠎ᠤᠨ ᠠᠵᠢᠯᠯᠠᠭ᠎ᠠ᠎ᠨᠢ ᠥᠮᠴᠢᠲᠠᠳ᠎ᠤᠨ ᠬᠠᠮᠲᠤ᠎ᠪᠠᠷ ᠥᠮᠴᠢᠯᠡᠬᠦ ᠪᠡᠯᠡᠳᠬᠡᠮᠵᠢ ᠲᠥᠬᠥᠭᠡᠷᠦᠮᠵᠢ ᠵᠢ ᠡᠪᠳᠡᠬᠦ᠂ ᠥᠮᠴᠢᠲᠠᠳ᠎ᠤᠨ ᠬᠠᠮᠲᠤ᠎ᠪᠠᠷ ᠬᠡᠷᠡᠭᠯᠡᠬᠦ ᠭᠠᠵᠠᠷ᠎ᠢ ᠡᠪᠳᠡᠬᠦ ᠵᠡᠷᠭᠡ ᠲᠠᠯᠳᠠ ᠭᠡᠮ᠎ᠤᠳ᠎ᠲᠠᠢ ᠪᠤᠶᠤ ᠥᠮᠴᠢᠲᠠᠳ᠎ᠤᠨ ᠬᠡᠪ᠎ᠤᠨ ᠠᠮᠢᠳᠤᠷᠠᠯ ᠪᠠ ᠠᠮᠢᠳᠤᠷᠠᠯ᠎ᠤᠨ ᠣᠷᠴᠢᠨ ᠨᠥᠬᠥᠴᠡᠯ᠎ᠢ ᠨᠥᠯᠥᠭᠡᠯᠡᠬᠦ᠂ ᠴᠢᠨᠠᠭᠰᠢᠯᠠᠪᠠᠯ ᠪᠠᠰᠠ ᠭᠡᠷ ᠪᠠᠢ᠌ᠰᠢᠩ᠎ᠤᠨ ᠠᠮᠤᠷ ᠲᠦᠪᠰᠢᠨ ᠪᠠ ᠥᠮᠴᠢᠲᠠᠳ᠎ᠤᠨ ᠠᠮᠢ ᠨᠠᠰᠤ ᠡᠳ᠋ ᠭᠦᠷᠦᠨᠭᠭᠡ ᠵᠢᠨ ᠠᠮᠤᠷ ᠲᠦᠪᠰᠢᠨ᠎ᠢ ᠰᠦᠷᠳᠡᠭᠦᠯᠳᠡᠭ᠃ ᠰᠢᠨ᠎ᠡ 《ᠲᠦᠷᠢᠮ》᠎ᠳᠤ ᠳᠡᠭᠡᠷᠡᠬᠢ ᠠᠰᠠᠭᠤᠳᠠᠯ᠎ᠤᠳ᠎ᠲᠤ ᠴᠢᠭᠯᠡᠭᠦᠯᠦᠨ᠂ ᠥᠮᠴᠢᠲᠡᠨ᠂ ᠠᠳᠠᠯ ᠠᠬᠤᠢ ᠵᠢᠨ ᠬᠡᠷᠡᠭᠯᠡᠭᠴᠢ ᠭᠡᠷ ᠪᠠᠢ᠌ᠰᠢᠩ ᠵᠶ᠋ᠠᠨ ᠵᠠᠰᠠᠵᠤ ᠴᠢᠮᠡᠭᠯᠡᠬᠦ᠎ᠳᠤ᠎ᠪᠠᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠬᠠᠮᠢᠶᠠᠷᠤᠯᠲᠠ ᠵᠢᠨ ᠭᠡᠷ᠎ᠡ ᠪᠤᠶᠤ ᠲᠦᠷ ᠴᠠᠭ᠎ᠤᠨ ᠬᠠᠮᠢᠶᠠᠷᠤᠯᠲᠠ ᠵᠢᠨ ᠭᠡᠷ᠎ᠡ ᠵᠢ ᠵᠢᠷᠤᠮᠯᠠᠵᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠦᠮᠦᠰ᠎ᠲᠤ ᠤᠷᠢᠳᠠᠪᠠᠷ ᠮᠡᠳᠡᠭᠳᠡᠵᠦ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠦᠮᠦᠰ᠎ᠤᠨ ᠰᠠᠨᠠᠭᠤᠯᠤᠭᠰᠠᠨ ᠵᠦᠢ ᠵᠣᠬᠢᠰᠲᠠᠢ ᠠᠩᠬᠠᠷᠬᠤ ᠵᠦᠢ᠍ᠯᠡᠰ᠎ᠢ ᠵᠢᠷᠤᠮᠯᠠᠬᠤ ᠵᠢᠨ ᠬᠠᠮᠲᠤ ᠲᠡᠳᠡᠨ᠎ᠲᠠᠢ ᠬᠠᠮᠵᠢᠯᠴᠠᠨ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠬᠦ ᠬᠡᠷᠡᠭᠲᠡᠢ᠃ ᠠᠳᠠᠯ ᠠᠬᠤᠶ ᠵᠢᠨ ᠦᠢ᠍ᠯᠡᠴᠢᠯᠡᠭᠡᠨ᠎ᠤ ᠬᠥᠮᠦᠰ ᠲᠤᠬᠠᠶ ᠵᠢᠨ ᠲᠠᠯᠠᠪᠠᠶ ᠵᠢ ᠲᠣᠭᠣᠷᠢᠨ ᠪᠠᠢ᠌ᠴᠠᠭ᠋ᠠᠬᠤ ᠪᠠ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠳᠡᠭᠡᠷ᠎ᠡ ᠳᠤᠷᠠᠳᠤᠭᠰᠠᠨ ᠠᠰᠠᠭᠤᠳᠠᠯ᠎ᠤᠳ᠎ᠢ ᠣᠯᠵᠤ ᠮᠡᠳᠡᠪᠡᠯ᠂ ᠴᠠᠭ ᠲᠤᠬᠠᠶ᠎ᠳᠤ᠎ᠨᠢ ᠢᠳᠬᠠᠨ ᠬᠣᠷᠢᠭᠯᠠᠨ ᠵᠣᠭᠰᠣᠭ᠋ᠠᠬᠤ ᠬᠡᠷᠡᠭᠲᠡᠶ; ᠢᠳᠬᠠᠨ ᠬᠣᠷᠢᠭᠯᠠᠭ᠋ᠠᠳ ᠵᠣᠭᠰᠤᠭ᠋ᠠᠵᠤ ᠡᠰᠡ ᠴᠢᠳᠠᠭᠰᠠᠨ ᠪᠠᠢ᠌ᠪᠠᠯ᠂ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠥᠮᠴᠢᠲᠠᠳ᠎ᠤᠨ ᠺᠣᠮᠢᠰ᠎ᠲᠤ ᠳᠠᠷᠤᠢ᠌ᠬᠠᠨ ᠮᠡᠳᠡᠭᠦᠯᠬᠦ ᠬᠡᠷᠡᠭᠲᠡᠢ ᠭᠡᠵᠦ᠃
      ᠲᠠᠪᠤ᠎ᠳᠤ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ᠎ᠤ ᠲᠤᠰᠬᠠᠶ ᠡᠵᠡᠩᠨᠡᠯᠲᠡ ᠵᠢᠨ ᠪᠡᠯᠡᠳᠬᠡᠮᠵᠢ ᠲᠥᠬᠥᠭᠡᠷᠦᠮᠵᠢ ᠵᠢᠨ ᠬᠠᠮᠠᠭ᠋ᠠᠯᠠᠯᠲᠠ ᠵᠢᠨ ᠲᠤᠬᠠᠶ᠃ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ᠎ᠤ ᠳᠣᠲᠣᠷᠠᠬᠢ ᠬᠠᠮᠢᠶ᠎ᠠ ᠪᠦᠬᠦᠢ ᠲᠤᠰᠬᠠᠶ ᠡᠵᠡᠩᠨᠡᠯᠲᠡ ᠵᠢᠨ ᠪᠡᠯᠡᠳᠬᠡᠮᠵᠢ ᠲᠥᠬᠥᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠶ ᠤᠲᠠᠰᠤ ᠵᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ ᠪᠠ ᠰᠢᠨᠡᠳᠬᠡᠬᠦ ᠶᠠᠪᠤᠴᠠ ᠳᠤᠮᠳᠠ ᠠᠳᠠᠯ ᠠᠬᠤᠢ ᠵᠢᠨ ᠦᠢᠯᠡᠴᠢᠯᠡᠭᠡᠨ᠎ᠤ ᠬᠥᠮᠦᠨ ᠪᠠ ᠤᠰᠤ᠂ ᠴᠠᠬᠢᠯᠭ᠋ᠠᠨ᠂ ᠢᠯᠴᠢ᠂ ᠰᠢᠲᠠᠮᠠᠬᠠᠢ ᠬᠡᠢ ᠬᠠᠩᠭ᠋ᠠᠬᠤ ᠵᠡᠷᠭᠡ ᠨᠢᠭᠡᠴᠡ ᠵᠢᠨ ᠬᠠᠷᠢᠭᠤᠴᠠᠯᠭ᠎ᠠ ᠲᠣᠳᠣᠷᠬᠠᠶ ᠦᠭᠡᠢ᠂ ᠬᠠᠷᠢᠯᠴᠠᠨ ᠲᠦᠯᠬᠢᠯᠴᠡᠬᠦ ᠵᠡᠷᠭᠡ ᠠᠰᠠᠭᠤᠳᠠᠯ᠎ᠤᠳ᠎ᠲᠤ ᠴᠢᠭᠯᠡᠭᠦᠯᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠤᠯᠠᠮᠵᠢᠯᠠᠨ ᠲᠠᠷᠬᠠᠭ᠋ᠠᠭᠰᠠᠨ 《ᠬᠣᠲᠠ ᠪᠠᠯᠭ᠋ᠠᠰᠤᠨ᠎ᠤ ᠤᠰᠤ ᠴᠠᠬᠢᠯᠭ᠋ᠠᠨ ᠰᠢᠲᠠᠮᠠᠬᠠᠶ ᠬᠡᠶ ᠳᠤᠯᠠᠭ᠋ᠠᠯᠠᠭ᠎ᠠ ᠬᠠᠩᠭ᠋ᠠᠬᠤ ᠠᠵᠢᠯ ᠲᠥᠷᠥᠯ᠎ᠤᠨ ᠰᠦᠢᠳᠬᠡᠯ ᠬᠣᠷᠢᠶᠠᠬᠤ ᠵᠢ ᠴᠡᠭᠴᠡᠯᠡᠨ ᠵᠢᠷᠤᠮᠵᠢᠭᠤᠯᠵᠤ ᠠᠵᠢᠯ ᠲᠥᠷᠥᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠤᠯᠤᠰ᠎ᠤᠨ ᠡᠨᠧᠷᠭᠢ ᠵᠢᠨ ᠲᠣᠪᠴᠢᠶ᠎ᠠ ᠵᠢᠨ ᠰᠠᠨᠠᠯ》᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠬᠡᠰᠡᠭ ᠮᠤᠵᠢ ᠬᠤᠳᠠ ᠵᠢᠨ ᠬᠠᠤᠯᠢ ᠲᠣᠭᠲᠠᠭ᠋ᠠᠭᠰᠠᠨ ᠲᠤᠷᠰᠢᠯᠭ᠎ᠠ᠎ᠪᠠᠷ ᠯᠠᠪᠯᠠᠯᠲᠠ ᠪᠣᠯᠭ᠋ᠠᠵᠤ᠂ ᠰᠢᠨ᠎ᠡ 《ᠳᠦᠷᠢᠮ》᠎ᠳᠤ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ᠎ᠤ ᠤᠰᠤ᠂ ᠴᠠᠬᠢᠯᠭ᠋ᠠᠨ᠂ ᠢᠯᠴᠢ᠂ ᠰᠢᠲᠠᠮᠠᠬᠠᠢ ᠬᠡᠢ ᠵᠡᠷᠭᠡ ᠵᠢ ᠬᠠᠩᠭ᠋ᠠᠬᠤ ᠨᠢᠭᠡᠴᠡ᠎ᠨᠦᠭᠦᠳ᠎ᠤᠨ ᠲᠤᠰᠬᠠᠶ ᠡᠵᠡᠩᠨᠡᠯᠲᠡ ᠵᠢᠨ ᠪᠡᠯᠡᠳᠬᠡᠮᠵᠢ ᠲᠥᠬᠥᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠶ ᠤᠲᠠᠰᠤ ᠵᠢ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂ ᠬᠠᠤᠯᠢ ᠲᠣᠭᠲᠠᠭ᠋ᠠᠯ ᠶᠣᠰᠣᠭ᠋ᠠᠷ ᠲᠤᠰᠬᠠᠶ ᠡᠵᠡᠩᠨᠡᠯᠲᠡ ᠵᠢᠨ ᠨᠢᠭᠡᠴᠡ᠎ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠬᠡᠷᠡᠭᠲᠡᠶ᠂ ᠲᠡᠷᠡᠴᠢᠯᠡᠨ ᠡᠷᠦᠬᠡᠴᠢᠯᠡᠨ ᠬᠤᠪᠢᠶᠠᠭᠰᠠᠨ ᠦᠵᠦᠭᠦᠷ ᠬᠡᠮᠵᠢᠯᠲᠡ ᠵᠢᠨ ᠲᠣᠨᠣᠭᠯᠠᠯ ᠵᠢᠴᠢ ᠲᠡᠭᠦᠨ᠎ᠠᠴᠠ ᠪᠤᠰᠤᠳ ᠪᠡᠯᠡᠳᠬᠡᠮᠵᠢ ᠲᠥᠬᠥᠭᠡᠷᠦᠮᠵᠢ ᠪᠤᠶᠤ ᠡᠷᠦᠬᠡ᠎ᠳᠤ ᠣᠷᠣᠭᠤᠯᠬᠤ ᠵᠠᠯᠭ᠋ᠠᠭ᠋ᠠᠰᠤ᠎ᠠᠴᠠ ᠪᠤᠰᠤᠳ ᠪᠡᠯᠡᠳᠬᠡᠮᠵᠢ ᠲᠥᠬᠥᠭᠡᠷᠦᠮᠵᠢ ᠵᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠠᠵᠢᠯ᠎ᠢ ᠬᠠᠷᠢᠭᠤᠴᠠᠭᠤᠯᠬᠤ ᠵᠢᠨ ᠬᠠᠮᠲᠤ ᠬᠠᠮᠢᠶ᠎ᠠ ᠪᠦᠬᠦᠢ ᠵᠠᠷᠤᠳᠠᠯ᠎ᠢ᠎ᠨᠢ ᠡᠭᠦᠷᠭᠡᠯᠡᠭᠦᠯᠬᠦ ᠬᠡᠷᠡᠭᠲᠡᠢ ᠭᠡᠵᠦ ᠲᠣᠭᠲᠠᠭ᠋ᠠᠵᠠᠶ᠃
      ᠵᠢᠷᠭᠤᠭ᠎ᠠ᠎ᠳᠤ ᠬᠠᠤᠯᠢ ᠵᠢᠨ ᠬᠠᠷᠢᠭᠤᠴᠠᠯᠭ᠎ᠠ ᠵᠢᠨ ᠲᠤᠬᠠᠢ᠃ ᠰᠢᠨ᠎ᠡ 《ᠲᠦᠷᠢᠮ》᠎ᠳᠤ ᠠᠳᠠᠯ ᠠᠬᠤᠶ ᠵᠢᠨ ᠬᠠᠮᠢᠶᠠᠷᠤᠯᠲᠠ ᠵᠢᠨ ᠠᠵᠢᠯ ᠲᠥᠷᠥᠯ᠎ᠢ ᠡᠷᠡᠭᠦᠯ ᠪᠥᠭᠡᠳ ᠲᠣᠭᠲᠠᠭᠤᠨ ᠵᠶ᠋ᠠᠷ ᠬᠦᠭᠵᠢᠭᠦᠯᠬᠦ ᠲᠤᠬᠠᠶ ᠭᠣᠤᠯᠳᠠᠯᠭ᠎ᠠ᠎ᠲᠠᠢ ᠠᠰᠠᠭᠤᠳᠠᠯ᠎ᠤᠳ᠎ᠲᠤ ᠴᠢᠭᠯᠡᠭᠦᠯᠦᠨ᠂ ᠬᠠᠮᠢᠶ᠎ᠠ ᠪᠦᠬᠦᠢ ᠲᠣᠷᠭ᠋ᠠᠭᠤᠯᠢ ᠰᠢᠢ᠍ᠳᠬᠡᠯ᠎ᠤᠨ ᠲᠦᠷᠢᠮ᠎ᠢ ᠲᠣᠭᠲᠠᠭ᠋ᠠᠪᠠ᠂ ᠡᠭᠦᠨ᠎ᠳᠤ ᠭᠣᠣᠯᠴᠠᠭᠤ ᠪᠥᠲᠥᠭᠡᠨ ᠪᠠᠢ᠌ᠭᠤᠯᠤᠯᠲᠠ ᠵᠢᠨ ᠨᠢᠭᠡᠴᠡ ᠵᠢᠨ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ᠂ ᠠᠳᠠᠯ ᠠᠬᠤᠶ ᠵᠢᠨ ᠡᠮᠦᠨᠡᠬᠢ ᠬᠤᠭᠤᠴᠠᠭ᠋ᠠᠨ᠎ᠤ ᠦᠢᠯᠡᠴᠢᠯᠡᠭᠡᠨ᠎ᠤ ᠭᠡᠷ᠎ᠡ᠂ ᠲᠦᠷ ᠴᠠᠭ᠎ᠤᠨ ᠬᠠᠮᠢᠶᠠᠷᠤᠯᠲᠠ ᠵᠢᠨ ᠭᠡᠷ᠎ᠡ ᠵᠢ ᠳᠠᠩᠰᠠᠯᠠᠭᠤᠯᠬᠤ ᠪᠠ ᠵᠠᠰᠠᠯᠲᠠ ᠰᠡᠯᠪᠢᠯᠲᠡ ᠬᠢᠬᠦ ᠵᠢ ᠪᠠᠲᠤᠯᠠᠬᠤ ᠡᠭᠦᠷᠭᠡ ᠬᠠᠷᠢᠭᠤᠴᠠᠯᠭ᠎ᠠ ᠵᠢᠨ ᠲᠣᠷᠭ᠋ᠠᠭᠤᠯᠢ ᠵᠢᠨ ᠲᠦᠷᠢᠮ; ᠠᠳᠠᠯ ᠠᠬᠤᠶ ᠵᠢᠨ ᠦᠢᠯᠡᠴᠢᠯᠡᠭᠡᠨ᠎ᠤ ᠠᠵᠤ ᠠᠬᠤᠢ᠌ᠯᠠᠯ᠎ᠤᠨ ᠦᠢᠯᠡᠴᠢᠯᠡᠭᠡᠨ᠎ᠤ ᠭᠡᠷ᠎ᠡ᠂ ᠠᠳᠠᠯ ᠠᠬᠤᠶ ᠵᠢᠨ ᠲᠥᠷᠥᠯ ᠵᠦᠢᠯ᠎ᠢ ᠲᠤᠰᠢᠶᠠᠬᠤ ᠪᠠ ᠭᠥᠯᠢᠶᠡᠨ ᠠᠪᠬᠤ ᠵᠢ ᠪᠦᠷᠢᠳᠬᠡᠨ ᠳᠠᠩᠰᠠᠯᠠᠬᠤ᠂ ᠮᠡᠳᠡᠭᠡ ᠵᠠᠩᠭᠢ ᠵᠢ ᠢᠯᠡ ᠨᠡᠢ᠌ᠲᠡᠯᠡᠬᠦ᠂ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ᠎ᠠᠴᠠ ᠳᠤᠷ᠎ᠠ᠎ᠪᠠᠷ ᠵᠶ᠋ᠠᠨ ᠰᠠᠯᠵᠤ ᠭᠠᠷᠬᠤ᠂ ᠠᠳᠠᠯ ᠠᠬᠤᠶ ᠵᠢᠨ ᠦᠢᠯᠡᠴᠢᠯᠡᠭᠡ᠎ᠪᠠᠨ ᠵᠣᠭᠰᠣᠭ᠋ᠠᠬᠤ᠂ ᠥᠮᠴᠢᠲᠡᠨ ᠠᠳᠠᠯ ᠠᠬᠤᠶ ᠵᠢᠨ ᠦᠢᠯᠡᠴᠢᠯᠡᠭᠡᠨ᠎ᠤ ᠰᠦᠢᠳᠬᠡᠯ᠎ᠢ ᠦᠯᠦ ᠲᠤᠰᠢᠶᠠᠭᠰᠠᠨ ᠵᠡᠷᠭᠡ᠎ᠪᠠᠷ ᠰᠢᠯᠲᠠᠭ ᠪᠣᠯᠭ᠋ᠠᠵᠤ ᠲᠤᠰᠢᠶᠠᠬᠤ ᠪᠠ ᠭᠥᠯᠢᠶᠡᠨ ᠠᠪᠬᠤ ᠵᠢ ᠲᠡᠪᠴᠢᠬᠦ᠂ ᠰᠢᠨ᠎ᠡ᠎ᠪᠠᠷ ᠰᠣᠩᠭᠤᠭᠳᠠᠨ ᠤᠷᠢᠭᠰᠠᠨ ᠠᠳᠠᠯ ᠠᠬᠤᠶ ᠵᠢᠨ ᠦᠢᠯᠡᠴᠢᠯᠡᠭᠡᠨ᠎ᠤ ᠬᠥᠮᠦᠨ᠎ᠤ ᠦᠢᠯᠡᠴᠢᠯᠡᠬᠦ ᠵᠢ ᠬᠣᠷᠢᠭᠯᠠᠬᠤ ᠲᠣᠷᠭ᠋ᠠᠭᠤᠯᠢ ᠵᠢᠨ ᠲᠦᠷᠢᠮ; ᠤᠰᠤ᠂ ᠴᠠᠬᠢᠯᠭ᠋ᠠᠨ᠂ ᠢᠯᠴᠢ᠂ ᠰᠢᠲᠠᠮᠠᠬᠠᠢ ᠬᠡᠢ ᠬᠠᠩᠭ᠋ᠠᠬᠤ᠂ ᠴᠢᠮᠡᠭᠡ ᠬᠣᠯᠪᠣᠭ᠎ᠠ᠂ ᠤᠲᠠᠰᠤᠲᠤ ᠲᠧᠯᠸᠢᠰ ᠵᠡᠷᠭᠡ ᠨᠢᠭᠡᠴᠡ᠎ᠨᠦᠭᠦᠳ ᠲᠤᠰᠬᠠᠶ ᠡᠵᠡᠩᠨᠡᠯᠲᠡ ᠵᠢᠨ ᠪᠡᠯᠡᠳᠬᠡᠮᠵᠢ ᠲᠥᠬᠥᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠶ ᠤᠲᠠᠰᠤ ᠵᠢ ᠬᠦᠯᠢᠶᠡᠨ ᠠᠪᠬᠤ ᠵᠢ ᠲᠡᠪᠴᠢᠬᠦ᠂ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ᠎ᠤ ᠬᠠᠮᠢᠶ᠎ᠠ ᠪᠦᠬᠦᠢ ᠪᠡᠯᠡᠳᠬᠡᠮᠵᠢ ᠲᠥᠬᠥᠭᠡᠷᠦᠮᠵᠢ ᠵᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ ᠪᠤᠶᠤ ᠰᠢᠨᠡᠳᠬᠡᠬᠦ ᠵᠢ ᠲᠡᠪᠴᠢᠬᠦ ᠬᠠᠷᠢᠭᠤᠴᠠᠯᠭ᠎ᠠ ᠵᠢᠨ ᠲᠣᠷᠭ᠋ᠠᠭᠤᠯᠢ ᠵᠢᠨ ᠳᠦᠷᠢᠮ ᠵᠡᠷᠭᠡ ᠪᠤᠢ; ᠲᠣᠷᠭ᠋ᠠᠭᠤᠯᠢ ᠵᠢᠨ ᠳᠦᠷᠢᠮ᠎ᠨᠢ ᠵᠢᠷᠤᠮᠵᠢᠭᠤᠯᠬᠤ᠎ᠪᠠᠷ ᠭᠣᠣᠯ ᠪᠣᠯᠭ᠋ᠠᠵᠤ᠂ ᠰᠢᠢ᠍ᠳᠬᠡᠬᠦ᠎ᠪᠠᠷ ᠬᠠᠪᠰᠤᠷᠤᠮᠵᠢ ᠪᠣᠯᠭ᠋ᠠᠨ᠎ᠠ᠃ ᠡᠭᠦᠨ᠎ᠤ ᠬᠠᠮᠲᠤ ᠲᠣᠷᠭ᠋ᠠᠬᠤ ᠭᠣᠣᠯ ᠴᠣᠭᠴᠠ᠂ ᠬᠠᠤᠯᠢ ᠬᠡᠷᠡᠭᠵᠢᠭᠦᠯᠬᠦ ᠭᠣᠣᠯ ᠴᠣᠭᠴᠠ᠂ ᠲᠣᠷᠭ᠋ᠠᠭᠤᠯᠢ ᠵᠢᠨ ᠵᠣᠭᠣᠰ᠎ᠤᠨ ᠲᠣᠭ᠎ᠠ᠂ ᠳᠥᠯᠥᠬᠦ ᠬᠠᠷᠢᠭᠤᠴᠠᠯᠭ᠎ᠠ ᠵᠢᠴᠢ ᠠᠳᠠᠯ ᠠᠬᠤᠶ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠥᠬᠥᠶ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠡᠭᠦᠨ᠎ᠤ ᠠᠵᠢᠯᠲᠠᠳ᠎ᠤᠨ ᠲᠣᠭᠲᠠᠭ᠋ᠠᠯ᠎ᠢ ᠵᠥᠷᠢᠴᠡᠭᠰᠡᠨ ᠬᠠᠷᠢᠭᠤᠴᠠᠯᠭ᠎ᠠ ᠵᠢ ᠲᠣᠳᠣᠷᠬᠠᠶ ᠲᠣᠭᠲᠠᠭ᠋ᠠᠪᠠ᠃
      ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠢᠩᠬᠢᠮ ᠬᠣᠯᠪᠣᠭᠳᠠᠯ ᠪᠥᠬᠥᠶ ᠰᠠᠯᠠᠭ᠎ᠠ ᠮᠥᠴᠢᠷ᠎ᠯᠦᠭᠡ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠰᠢᠨ᠎ᠡ 《ᠲᠦᠷᠢᠮ》᠎ᠢ ᠤᠬᠠᠭᠤᠯᠤᠨ ᠲᠤᠭᠤᠰᠢᠯᠠᠭᠤᠯᠵᠤ ᠬᠡᠷᠡᠭᠵᠢᠭᠦᠯᠬᠦ ᠠᠵᠢᠯ᠎ᠢ ᠠᠬᠢᠭᠤᠯᠬᠤ ᠵᠢᠨ ᠬᠠᠮᠲᠤ ᠬᠣᠢ᠌ᠰᠢᠳᠠ ᠵᠢᠨ ᠢᠵᠢ ᠪᠦᠷᠢᠳᠦᠭᠦᠯᠦᠭᠰᠡᠨ ᠲᠦᠷᠢᠮ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠢᠵᠢ ᠪᠥᠷᠢᠳᠦᠭᠦᠯᠬᠦ ᠪᠢᠴᠢᠭ ᠮᠠᠲ᠋ᠧᠷᠢᠶᠠᠯ᠎ᠢ ᠰᠤᠳᠤᠯᠤᠨ ᠲᠣᠭᠲᠠᠭ᠋ᠠᠵᠤ᠂ ᠠᠳᠠᠯ ᠠᠬᠤᠶ ᠵᠢᠨ ᠦᠢᠯᠡᠴᠢᠯᠡᠭᠡᠨ᠎ᠤ ᠬᠠᠮᠢᠶᠠᠷᠤᠯᠲᠠ ᠵᠢᠨ ᠲᠦᠷᠢᠮ᠎ᠤᠨ ᠲᠣᠭᠲᠠᠯᠴᠠᠭ᠎ᠠ ᠵᠢ ᠪᠦᠷᠢᠨᠰᠢᠭᠦᠯᠦᠨ᠂ ᠠᠳᠠᠯ ᠠᠬᠤᠶ ᠵᠢᠨ ᠦᠢᠯᠡᠴᠢᠯᠡᠭᠡᠨ᠎ᠤ ᠳᠦᠷᠢᠮᠵᠢᠭᠦᠯᠦᠯᠲᠡ᠂ ᠬᠠᠤᠯᠢᠵᠢᠭᠤᠯᠤᠯᠲᠠ᠂ ᠪᠠᠷᠢᠮᠵᠢᠶᠠᠵᠢᠭᠤᠯᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠥ ᠣᠷᠣᠨ᠎ᠤ ᠠᠳᠠᠯ ᠠᠬᠤᠶ ᠵᠢᠨ ᠠᠵᠢᠯ ᠲᠥᠷᠥᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ᠃

 

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠵᠢᠨ ᠬᠠᠮᠢᠶᠠᠷᠤᠯᠲᠠ ᠵᠢᠨ ᠲᠦᠷᠢᠮ》᠎ᠤᠨ ᠲᠥᠷᠥ ᠵᠢᠨ ᠪᠣᠳᠣᠯᠭ᠎ᠠ ᠵᠢᠨ ᠲᠤᠬᠠᠶ ᠰᠣᠨᠢᠨ ᠮᠡᠳᠡᠭᠡ ᠨᠡᠢ᠌ᠲᠡᠯᠡᠬᠦ ᠵᠤᠷᠰᠢᠯᠲᠤ ᠬᠤᠷᠠᠯ ᠳᠡᠭᠡᠷᠡᠬᠢ ᠠᠰᠠᠭᠤᠯᠲᠠ ᠬᠠᠷᠢᠭᠤᠯᠲᠠ᠎ᠨᠤᠭᠤᠳ
      ᠥᠪᠥᠷ ᠮᠣᠩᠭᠣᠯ᠎ᠤᠨ ᠬᠠᠤᠯᠢ ᠲᠦᠷᠢᠮ᠎ᠤᠨ ᠰᠣᠨᠢᠨ᠎ᠤ ᠰᠤᠷᠪᠤᠯᠵᠢᠯᠠᠭᠴᠢ᠄ ᠪᠢ ᠵᠠᠰᠠᠪᠤᠷᠢ ᠣᠷᠣᠭᠤᠯᠬᠤ᠎ᠠᠴᠠ ᠡᠮᠦᠨ᠎ᠡ ᠬᠣᠢ᠌ᠨᠠᠬᠢ ᠲᠦᠷᠢᠮ᠎ᠤᠨ ᠠᠭᠤᠯᠭ᠎ᠠ ᠵᠢ ᠬᠠᠷᠢᠴᠠᠭᠤᠯᠤᠭ᠋ᠠᠳ ᠡᠨᠡ ᠤᠳᠠᠭ᠎ᠠ ᠵᠢᠨ ᠵᠠᠰᠠᠪᠤᠷᠢ ᠣᠷᠣᠭᠤᠯᠤᠭᠰᠠᠨ ᠲᠦᠷᠢᠮ᠎ᠨᠢ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ ᠡᠳᠦᠶ ᠲᠡᠳᠦᠶ ᠨᠡᠮᠡᠭᠳᠡᠭᠰᠡᠨ ᠪᠥᠭᠡᠳ ᠨᠠᠩ ᠬᠠᠨᠳᠤᠯᠭ᠋ᠠᠲᠤ ᠴᠢᠨᠠᠷᠲᠠᠶ ᠪᠠᠢ᠌ᠬᠤ ᠵᠢ ᠣᠯᠵᠤ ᠮᠡᠳᠡᠵᠡᠶ᠂ ᠡᠨᠡ ᠲᠠᠯ᠎ᠠ ᠵᠢᠨ ᠪᠠᠢ᠌ᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ?
      ᠶᠤᠸᠠᠨ ᠮᠧᠶ᠄ ᠰᠠᠢ᠌ᠨ ᠤᠤ᠂ ᠲᠠᠨ᠎ᠤ ᠳᠤᠷᠠᠳᠤᠭᠰᠠᠨ ᠠᠰᠠᠭᠤᠯᠲᠠ ᠮᠠᠰᠢ ᠴᠢᠬᠤᠯᠠ᠂ ᠳᠦᠷᠢᠮ ᠲᠣᠭᠲᠠᠭ᠋ᠠᠯ᠎ᠤᠨ ᠵᠢᠷᠤᠮᠵᠢᠯᠠᠯ᠎ᠤᠨ ᠲᠠᠯ᠎ᠠ᠎ᠪᠠᠷ ᠴᠤ᠌ ᠲᠡᠷᠡ᠂ ᠠᠮᠢᠳᠤᠷᠠᠯ᠎ᠤᠨ ᠦᠢ᠍ᠯᠡᠳᠦᠯᠭᠡ ᠵᠢᠨ ᠲᠠᠯ᠎ᠠ᠎ᠪᠠᠷ ᠴᠤ᠌ ᠲᠡᠷᠡ ᠴᠥᠮ ᠤᠯᠠᠨ᠎ᠤ ᠠᠩᠬᠠᠷᠤᠯ᠎ᠢ ᠲᠠᠲᠠᠵᠤ ᠪᠤᠢ᠂ ᠲᠠᠨ᠎ᠤ ᠠᠰᠠᠭᠤᠯᠲᠠ᠎ᠳᠤ ᠬᠢᠯᠠᠢ᠌ᠯ᠎ᠠ᠃
      ᠲᠤᠰ ᠤᠳᠠᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠵᠢᠨ ᠲᠦᠷᠢᠮ》᠎ᠳᠤ ᠵᠠᠰᠠᠪᠤᠷᠢ ᠣᠷᠣᠭᠤᠯᠬᠤ᠎ᠳᠤ᠎ᠪᠠᠨ ᠬᠠᠤᠯᠢ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ ᠨᠡᠢ᠌ᠲᠡ 3 ᠵᠦᠢᠯ᠎ᠢ ᠨᠡᠮᠡᠪᠡ᠄ ᠳᠠᠯᠠᠨ ᠳᠥᠷᠪᠡᠳᠦᠭᠡᠷ ᠵᠦᠢᠯ᠂ ᠳᠠᠯᠠᠨ ᠲᠠᠪᠤᠳᠤᠭ᠋ᠠᠷ ᠵᠦᠢᠯ᠂ ᠳᠠᠯᠠ ᠶᠢᠰᠦᠳᠦᠭᠡᠷ ᠵᠦᠢᠯ ᠪᠣᠯᠤᠨ᠎ᠠ᠃ ᠡᠭᠦᠨ᠎ᠳᠤ ᠳᠠᠯᠠ ᠶᠢᠰᠦᠳᠦᠭᠡᠷ ᠵᠦᠢᠯ᠎ᠳᠤ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠳᠠᠯ ᠠᠬᠤᠶ ᠵᠢᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠡᠷᠡᠭᠵᠢᠭᠦᠯᠬᠦ ᠲᠣᠷᠭ᠋ᠠᠭᠤᠯᠢ ᠵᠢᠨ ᠡᠷᠬᠡ ᠵᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠣᠲᠠ ᠵᠢᠨ ᠬᠠᠮᠢᠶᠠᠷᠤᠯᠲᠠ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠤᠶᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢᠨ ᠡᠷᠬᠡ ᠵᠢ ᠬᠠᠷᠢᠴᠠᠩᠭᠤᠶ᠎ᠪᠠᠷ ᠲᠥᠪᠯᠡᠷᠡᠭᠦᠯᠦᠨ ᠲᠥᠷᠥᠯ ᠵᠦᠢᠯ᠎ᠳᠤ ᠣᠷᠣᠭᠤᠯᠤᠨ ᠶᠡᠷᠦᠩᠬᠡᠢ᠌ᠯᠡᠨ ᠬᠠᠤᠯᠢ ᠬᠡᠷᠡᠭᠵᠢᠭᠦᠯᠬᠦ᠎ᠳᠤ ᠬᠦᠷᠪᠡᠯ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ ᠭᠡᠵᠦ ᠳᠤᠷᠠᠳᠤᠭᠰᠠᠨ ᠶᠠᠪᠤᠳᠠᠯ ᠪᠣᠯ ᠬᠠᠤᠯᠢ ᠬᠡᠷᠡᠭᠵᠢᠭᠦᠯᠬᠦ ᠭᠣᠤᠯ ᠴᠣᠭᠴᠠ ᠵᠢ ᠲᠣᠭᠲᠠᠭ᠋ᠠᠭᠰᠠᠨ ᠨᠢᠭᠡᠨ ᠵᠣᠯᠭ᠋ᠠᠯᠳᠤᠭᠤᠯᠬᠤ ᠴᠢᠨᠠᠷᠲᠠᠢ ᠵᠤᠷᠪᠤᠰ ᠶᠤᠮ᠃ ᠭᠣᠣᠯᠳᠠᠯᠭ᠎ᠠ᠎ᠨᠢ ᠳᠠᠯᠠᠨ ᠳᠥᠷᠪᠡᠳᠦᠭᠡᠷ ᠵᠦᠢ᠍ᠯ᠂ ᠳᠠᠯᠠᠨ ᠲᠠᠪᠤᠳᠤᠭ᠋ᠠᠷ ᠵᠦᠢ᠍ᠯ ᠪᠣᠯᠤᠨ᠎ᠠ᠃
      ᠳᠠᠯᠠᠨ ᠳᠥᠷᠪᠡᠳᠦᠭᠡᠷ ᠵᠦᠢᠯ ᠪᠥᠲᠥᠭᠡᠨ ᠪᠠᠢ᠌ᠭᠤᠯᠬᠤ ᠨᠢᠭᠡᠴᠡ ᠵᠢᠨ ᠠᠳᠠᠯ ᠠᠬᠤᠶ ᠵᠢᠨ ᠬᠠᠮᠢᠶᠠᠷᠤᠯᠲᠠ ᠵᠢᠨ ᠳᠤᠮᠳᠠᠬᠢ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢ᠍ᠳᠬᠡᠨ ᠲᠣᠷᠭ᠋ᠠᠬᠤ᠎ᠳᠤ ᠬᠠᠤᠯᠢ ᠬᠡᠷᠡᠭᠵᠢᠭᠦᠯᠬᠦ ᠭᠣᠤᠯ ᠴᠣᠭᠴᠠ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠳᠠᠯ ᠠᠬᠤᠶ ᠵᠢᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠃ ᠠᠳᠠᠯ ᠠᠬᠤᠢ ᠵᠢᠨ ᠬᠠᠮᠢᠶᠠᠷᠤᠯᠲᠠ ᠵᠢᠨ ᠦᠢ᠍ᠯᠡᠳᠦᠯᠭᠡ ᠳᠤᠮᠳᠠ ᠲᠤᠯᠭ᠋ᠠᠷᠠᠳᠠᠭ ᠬᠦᠴᠢᠷᠲᠡᠢ᠂ ᠬᠠᠯᠠᠮᠰᠢᠯ ᠠᠰᠠᠭᠤᠳᠠᠯ᠎ᠤᠳ᠎ᠲᠠᠢ ᠤᠶᠠᠯᠳᠤᠭᠤᠯᠤᠨ᠂ ᠲᠤᠰ ᠵᠣᠷᠪᠤᠰ᠎ᠢ ᠬᠣᠶᠠᠷ ᠲᠥᠷᠦᠯ ᠬᠤᠪᠢᠶᠠᠨ ᠪᠦᠳᠦᠭᠡᠨ ᠪᠠᠢ᠌ᠭᠤᠯᠤᠯᠲᠠ ᠵᠢᠨ ᠨᠢᠭᠡᠴᠡ ᠵᠢᠨ ᠬᠠᠤᠯᠢ ᠵᠥᠷᠢᠴᠡᠭᠰᠡᠨ ᠬᠣᠶᠠᠷ ᠵᠦᠢ᠍ᠯ᠎ᠤᠨ ᠲᠦᠷᠪᠡᠨ ᠠᠵᠢᠯᠯᠠᠭ᠎ᠠ ᠵᠢ ᠲᠣᠷᠭ᠋ᠠᠬᠤ ᠪᠣᠯᠪᠠ᠃ ᠡᠭᠦᠨ᠎ᠳᠤ ᠨᠢᠭᠡᠳᠦᠭᠡᠷ ᠵᠦᠢᠯ᠎ᠤᠨ ᠦᠢᠯᠡ ᠠᠵᠢᠯᠯᠠᠭ᠎ᠠ ᠭᠡᠳᠡᠭ᠎ᠨᠢ ᠪᠥᠲᠥᠭᠡᠨ ᠪᠠᠢ᠌ᠭᠤᠯᠬᠤ ᠨᠢᠭᠡᠴᠡ  ᠲᠦᠷᠢᠮ᠎ᠤᠨ ᠠᠷᠪᠠᠨ ᠲᠠᠪᠤᠳᠤᠭ᠋ᠠᠷ ᠵᠦᠢᠯ᠎ᠤᠨ ᠨᠢᠭᠡᠳᠦᠭᠡᠷ ᠵᠤᠷᠪᠤᠰ᠂ ᠳᠥᠴᠢᠨ ᠨᠢᠭᠡᠳᠦᠭᠡᠷ ᠵᠦᠢᠯ᠎ᠤᠨ ᠨᠢᠭᠡᠳᠦᠭᠡᠷ ᠵᠤᠷᠪᠤᠰ᠎ᠤᠨ ᠲᠣᠭᠲᠠᠭ᠋ᠠᠯ᠎ᠢ ᠵᠥᠷᠢᠴᠡᠵᠦ᠂ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ᠂ ᠠᠳᠠᠯ ᠠᠬᠤᠶ ᠵᠢᠨ ᠡᠮᠦᠨᠡᠬᠢ ᠬᠤᠭᠤᠴᠠᠭ᠋ᠠᠨ᠎ᠤ ᠦᠢᠯᠡᠴᠢᠯᠡᠭᠡᠨ᠎ᠤ ᠭᠡᠷ᠎ᠡ᠂ ᠲᠦᠷ ᠴᠠᠭ᠎ᠤᠨ ᠬᠠᠮᠢᠶᠠᠷᠤᠯᠲᠠ ᠵᠢᠨ ᠭᠡᠷ᠎ᠡ ᠵᠢ ᠥᠯᠥ ᠳᠠᠩᠰᠠᠯᠠᠭᠤᠯᠬᠤ 3 ᠦᠢᠯᠡ ᠠᠵᠢᠯᠯᠠᠭ᠎ᠠ ᠵᠢ ᠵᠢᠭ᠋ᠠᠵᠤ ᠪᠣᠶ᠃ ᠬᠡᠳᠦᠢ᠌ᠪᠡᠷ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠢ ᠳᠠᠩᠰᠠᠯᠠᠬᠤ᠂ ᠠᠳᠠᠯ ᠠᠬᠤᠶ ᠵᠢᠨ ᠦᠢᠯᠡᠴᠢᠯᠡᠭᠡᠨ᠎ᠤ ᠡᠮᠦᠨᠡᠬᠢ ᠬᠤᠭᠤᠴᠠᠭ᠋ᠠᠨ᠎ᠤ ᠭᠡᠷ᠎ᠡ ᠵᠢ ᠳᠠᠩᠰᠠᠯᠠᠬᠤ᠂ ᠲᠦᠷ ᠴᠠᠭ᠎ᠤᠨ ᠬᠠᠮᠢᠶᠠᠷᠤᠯᠲᠠ ᠵᠢᠨ ᠭᠡᠷ᠎ᠡ ᠭᠤᠷᠪᠠ ᠵᠢ ᠳᠠᠩᠰᠠᠯᠠᠬᠤ ᠠᠵᠢᠯᠯᠠᠭ᠎ᠠ᠎ᠨᠢ ᠮᠡᠳᠡᠭᠳᠡᠬᠦ ᠴᠢᠨᠠᠷᠲᠠᠶ ᠳᠠᠩᠰᠠᠯᠠᠭᠤᠯᠤᠯᠲᠠ ᠭᠡᠳᠡᠭ ᠪᠣᠯᠪᠠᠴᠤ ᠠᠳᠠᠯ ᠠᠬᠤᠢ ᠵᠢᠨ ᠬᠠᠮᠢᠶᠠᠷᠤᠯᠲᠠ᠎ᠨᠢ ᠠᠷᠠᠳ᠎ᠤᠨ ᠠᠮᠢᠳᠤᠷᠠᠯ᠂ ᠬᠣᠲᠠ ᠵᠢᠨ ᠠᠮᠤᠷ ᠲᠦᠪᠰᠢᠨ ᠪᠠ ᠨᠡᠢ᠌ᠭᠡᠮ᠎ᠤᠨ ᠲᠣᠭᠲᠠᠭᠤᠨ᠎ᠲᠠᠢ ᠬᠣᠯᠪᠤᠭᠳᠠᠳᠠᠭ ᠤᠴᠢᠷ᠎ᠠᠴᠠ ᠠᠵᠢᠯ᠎ᠤᠨ ᠳᠤᠮᠳᠠ ᠪᠥᠲᠥᠭᠡᠨ ᠪᠠᠢ᠌ᠭᠤᠯᠤᠯᠲᠠ ᠵᠢᠨ ᠨᠢᠭᠡᠴᠡ ᠵᠢᠨ ᠡᠮᠦᠨᠡᠬᠢ ᠬᠤᠭᠤᠴᠠᠭ᠋ᠠᠨ᠎ᠤ ᠠᠳᠠᠯ ᠠᠬᠤᠶ ᠵᠢᠨ ᠦᠢᠯᠡᠴᠢᠯᠡᠭᠡᠨ᠎ᠤ ᠳᠤᠮᠳᠠᠬᠢ ᠦᠯᠦ ᠳᠠᠩᠰᠠᠯᠠᠭᠤᠯᠬᠤ ᠠᠵᠢᠯᠯᠠᠭ᠎ᠠ᠎ᠨᠢ ᠠᠳᠠᠯ ᠠᠬᠤᠶ ᠵᠢᠨ ᠬᠠᠮᠢᠶᠠᠷᠤᠯᠲᠠ ᠵᠢᠨ ᠡᠮᠬᠢ ᠵᠢᠷᠤᠮ ᠪᠠ ᠥᠮᠴᠢᠲᠠᠳ᠎ᠤᠨ ᠠᠮᠢᠳᠤᠷᠠᠯ᠎ᠢ ᠨᠥᠯᠦᠭᠡᠯᠡᠳᠡᠭ᠂ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠪᠠᠲᠤᠯᠠᠬᠤ ᠵᠢᠨ ᠲᠤᠯᠠᠳᠠ᠂ ᠲᠤᠰ ᠲᠣᠭᠲᠠᠭ᠋ᠠᠯ ᠵᠶ᠋ᠠᠷ ᠳᠠᠮᠵᠢᠭᠤᠯᠤᠨ ᠭᠦᠨᠵᠡᠭᠡᠢ ᠰᠤᠳᠤᠯᠤᠨ ᠨᠣᠲᠠᠯᠠᠵᠤ᠂ ᠪᠦᠲᠦᠭᠡᠨ ᠪᠠᠢ᠌ᠭᠤᠯᠬᠤ ᠨᠢᠭᠡᠴᠡ ᠵᠢᠨ ᠲᠣᠭᠲᠠᠭ᠋ᠠᠯ ᠶᠣᠰᠣᠭ᠋ᠠᠷ ᠳᠠᠩᠰᠠᠯᠠᠭᠤᠯᠤᠭᠰᠠᠨ ᠦᠭᠡᠢ ᠦᠢ᠍ᠯᠡ ᠠᠵᠢᠯᠯᠠᠭ᠎ᠠ ᠵᠢ ᠵᠠᠷᠯᠢᠭᠳᠠᠨ ᠪᠠᠢ᠌ᠵᠤ ᠲᠣᠭᠲᠠᠭᠰᠠᠨ ᠬᠤᠭᠤᠴᠠᠭ᠋ᠠᠨ᠎ᠳᠤ ᠵᠠᠯᠠᠷᠠᠭᠤᠯᠤᠭᠤᠯᠬᠤ᠎ᠪᠠᠷ ᠲᠣᠭᠲᠠᠭ᠋ᠠᠵᠠᠢ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠡᠰᠡ ᠵᠠᠯᠠᠷᠠᠭᠤᠯᠤᠭᠰᠠᠨ᠎ᠢ᠎ᠨᠢ 5000 ᠲᠥᠭᠥᠷᠢᠭ᠎ᠠᠴᠠ ᠳᠡᠭᠡᠭᠰᠢ 1 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠪᠣᠯᠪᠠ᠃ ᠡᠭᠦᠨ᠎ᠤ ᠵᠡᠷᠭᠡ᠎ᠳᠤ᠂ 《ᠣᠷᠣᠨ ᠰᠠᠭᠤᠴᠠ ᠵᠢᠨ ᠠᠳᠠᠯ ᠠᠬᠤᠶ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠶᠠᠮᠤᠨ ᠵᠡᠷᠭᠡ ᠰᠠᠯᠠᠭ᠎ᠠ ᠮᠥᠴᠢᠷ᠎ᠤᠳ᠎ᠤᠨ ᠮᠡᠳᠡᠭᠳᠡᠯ》 (ᠪᠠᠢ᠌ᠭᠤᠯᠤᠯᠲᠠ ᠲᠣᠭᠲᠠᠭ᠋ᠠᠯ [2020] 10 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠶᠣᠰᠣᠭ᠋ᠠᠷ᠂ ᠠᠳᠠᠯ ᠠᠬᠤᠶ ᠵᠢᠨ ᠬᠠᠮᠢᠶᠠᠷᠤᠯᠲᠠ ᠵᠢᠨ  ᠠᠳᠠᠯ ᠠᠬᠤᠶ ᠵᠢᠨ ᠲᠥᠷᠥᠯ ᠵᠦᠢᠯ᠎ᠢ ᠲᠤᠰᠢᠶᠠᠬᠤ ᠪᠠ ᠭᠥᠯᠢᠶᠡᠨ ᠠᠪᠬᠤ ᠵᠢ ᠪᠦᠷᠢᠳᠬᠡᠨ ᠳᠠᠩᠰᠠᠯᠠᠬᠤ ᠬᠠᠤᠯᠢ ᠲᠣᠭᠲᠠᠭ᠋ᠠᠯ᠎ᠳᠠᠬᠢ ᠬᠠᠮᠢᠶ᠎ᠠ ᠪᠥᠬᠥᠶ ᠲᠣᠭᠲᠠᠭ᠋ᠠᠯ᠎ᠲᠠᠢ ᠤᠶᠠᠯᠳᠤᠭᠤᠯᠤᠨ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠲᠣᠭᠲᠠᠭ᠋ᠠᠭᠰᠠᠨ ᠥᠬᠡᠶ᠂ ᠠᠳᠠᠯ ᠠᠬᠤᠶ ᠵᠢᠨ ᠦᠢᠯᠡᠴᠢᠯᠡᠭᠡᠨ᠎ᠤ ᠬᠥᠮᠦᠨ ᠨᠠᠢ᠌ᠳᠠᠪᠤᠷᠢᠵᠢᠭᠤᠯᠤᠭᠰᠠᠨ ᠥᠬᠡᠶ ᠪᠠᠢ᠌ᠬᠤ ᠪᠣᠳᠠᠲᠠᠶ ᠪᠠᠢ᠌ᠳᠠᠯ ᠎ᠤᠨ ᠲᠠᠯ᠎ᠠ᠎ᠪᠠᠷ ᠠᠷᠪᠠᠨ ᠲᠠᠪᠤᠳᠤᠭ᠋ᠠᠷ ᠵᠦᠢᠯ᠎ᠳᠤ᠂ ᠠᠳᠠᠯ ᠠᠬᠤᠶ ᠵᠢᠨ ᠦᠢᠯᠡᠴᠢᠯᠡᠭᠡᠨ᠎ᠤ ᠬᠥᠮᠦᠨ᠎ᠤ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠴᠢᠭᠯᠡᠭᠦᠯᠦᠨ ᠰᠢᠢ᠍ᠳᠬᠡᠨ ᠲᠣᠷᠭ᠋ᠠᠬᠤ᠎ᠳᠤ᠎ᠪᠠᠨ᠂ ᠲᠣᠭᠲᠠᠭ᠋ᠠᠯ ᠶᠣᠰᠣᠭ᠋ᠠᠷ ᠪᠦᠷᠢᠳᠬᠡᠨ ᠳᠠᠩᠰᠠᠯᠠᠭᠤᠯᠤᠭᠰᠠᠨ ᠥᠬᠡᠶ ᠪᠠᠢ᠌ᠪᠠᠯ ᠠᠳᠠᠯ ᠠᠬᠤᠶ ᠵᠢᠨ ᠦᠢᠯᠡᠴᠢᠯᠡᠭᠡᠨ᠎ᠤ ᠬᠥᠮᠦᠨ᠎ᠢ ᠰᠢᠢ᠍ᠳᠬᠡᠨ ᠲᠣᠷᠭ᠋ᠠᠬᠤ᠂ ᠬᠠᠤᠯᠢ ᠬᠡᠷᠡᠭᠵᠢᠭᠦᠯᠬᠦ ᠭᠣᠤᠯ ᠴᠣᠭᠴᠠ ᠪᠠ ᠰᠢᠢ᠍ᠳᠬᠡᠨ ᠲᠣᠷᠭ᠋ᠠᠬᠤ ᠬᠡᠮᠵᠢᠶ᠎ᠡ ᠵᠢ ᠨᠢᠭᠡᠳᠦᠭᠡᠷ ᠵᠤᠷᠪᠤᠰ᠎ᠲᠤ ᠪᠠᠰᠠ ᠵᠣᠬᠢᠬᠤ ᠬᠡᠮᠵᠢᠶ᠎ᠡ᠎ᠪᠠᠷ ᠲᠣᠭᠲᠠᠭ᠋ᠠᠭᠰᠠᠨ ᠪᠥᠭᠡᠳ ᠪᠥᠲᠥᠭᠡᠨ ᠪᠠᠢ᠌ᠭᠤᠯᠬᠤ ᠨᠢᠭᠡᠴᠡ ᠵᠢᠨ ᠰᠢᠢ᠍ᠳᠬᠡᠨ ᠲᠣᠷᠭ᠋ᠠᠬᠤ ᠲᠣᠭᠲᠠᠭ᠋ᠠᠯ᠎ᠲᠠᠢ ᠨᠢᠭᠡᠳᠦᠯᠲᠡᠶ ᠪᠣᠯᠭ᠋ᠠᠪᠠ᠃ ᠲᠠᠪᠢᠨ ᠨᠢᠭᠡᠳᠦᠭᠡᠷ ᠵᠦᠢ᠍ᠯ᠎ᠤᠨ ᠳᠥᠷᠪᠡᠳᠦᠭᠡᠷ ᠵᠣᠷᠪᠤᠰ᠂ ᠲᠠᠪᠢᠨ ᠳᠣᠯᠣᠳᠤᠭ᠋ᠠᠷ ᠵᠦᠢ᠍ᠯ᠎ᠤᠨ ᠨᠢᠭᠡᠳᠦᠭᠡᠷ ᠵᠣᠷᠪᠤᠰ ᠶᠣᠰᠣᠭ᠋ᠠᠷ ᠠᠳᠠᠯ ᠠᠬᠤᠢ ᠵᠢᠨ ᠦᠢ᠍ᠯᠡᠴᠢᠯᠡᠭᠡᠨ᠎ᠤ ᠭᠡᠷ᠎ᠡ ᠬᠢᠭᠰᠡᠨ ᠦᠭᠡᠢ᠂ ᠠᠳᠠᠯ ᠠᠬᠤᠢ ᠵᠢᠨ ᠵᠦᠢ᠍ᠯᠡᠰ᠎ᠢ ᠲᠤᠰᠢᠶᠠᠬᠤ ᠪᠠ ᠬᠦᠯᠢᠶᠡᠨ ᠠᠪᠬᠤ᠎ᠪᠠᠨ ᠳᠠᠩᠰᠠᠯᠠᠭᠤᠯᠤᠭᠰᠠᠨ ᠦᠭᠡᠢ ᠪᠠᠢ᠌ᠪᠠᠯ᠂ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠵᠠᠯᠠᠷᠠᠭᠤᠯᠤᠭᠰᠠᠨ ᠦᠭᠡᠢ ᠪᠠᠢ᠌ᠪᠠᠯ᠂ 5000 ᠲᠥᠭᠥᠷᠢᠭ᠎ᠠᠴᠠ ᠳᠡᠭᠡᠭᠰᠢ 1 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠨ ᠰᠢᠢ᠍ᠳᠬᠡᠨ᠋ ᠭᠡᠵᠦ ᠲᠣᠭᠲᠠᠭ᠋ᠠᠵᠠᠢ᠃ ᠳᠡᠭᠡᠷᠡᠬᠢ ᠬᠣᠶᠠᠷ ᠵᠦᠢ᠍ᠯ᠎ᠳᠤ᠂ ᠲᠣᠭᠲᠠᠭ᠋ᠠᠯ ᠶᠣᠰᠣᠭ᠋ᠠᠷ ᠳᠠᠩᠰᠠᠯᠠᠭᠤᠯᠤᠭᠰᠠᠨ ᠦᠭᠡᠢ ᠲᠠᠪᠤᠨ ᠠᠵᠢᠯᠯᠠᠭ᠎ᠠ᠎ᠳᠤ ᠬᠠᠤᠯᠢ ᠵᠢᠨ ᠬᠠᠷᠢᠭᠤᠴᠠᠯᠭ᠎ᠠ ᠲᠣᠭᠲᠠᠭ᠋ᠠᠵᠠᠢ᠃
      ᠲᠠᠯᠠᠨ ᠳᠥᠷᠪᠡᠳᠦᠭᠡᠷ ᠵᠦᠢ᠍ᠯ᠎ᠳᠠᠬᠢ ᠬᠣᠶᠠᠳᠤᠭ᠋ᠠᠷ ᠵᠦᠢ᠍ᠯ᠎ᠤᠨ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ ᠭᠡᠳᠡᠭ᠎ᠨᠢ ᠪᠦᠳᠦᠭᠡᠨ ᠪᠠᠢ᠌ᠭᠤᠯᠬᠤ ᠨᠢᠭᠡᠴᠡ ᠠᠳᠠᠯ ᠠᠬᠤᠢ ᠵᠢᠨ ᠬᠠᠮᠢᠶᠠᠷᠤᠯᠲᠠ ᠳᠤᠮᠳᠠ᠎ᠳᠤ ᠵᠠᠰᠠᠬᠤ ᠵᠢ ᠪᠠᠲᠤᠯᠠᠬᠤ ᠬᠤᠭᠤᠴᠠᠭ᠎ᠠ ᠪᠠ ᠬᠡᠪᠴᠢᠶᠡᠨ ᠳᠣᠲᠤᠷ᠎ᠠ ᠲᠣᠭᠲᠠᠭ᠋ᠠᠯ ᠶᠣᠰᠣᠭ᠋ᠠᠷ ᠵᠠᠰᠠᠬᠤ ᠬᠠᠷᠢᠭᠤᠴᠠᠯᠭ᠎ᠠ ᠵᠢ ᠡᠭᠦᠷᠭᠡᠯᠡᠭᠰᠡᠨ ᠦᠭᠡᠢ ᠪᠠᠢ᠌ᠳᠠᠯ᠎ᠳᠤ ᠴᠢᠭᠯᠡᠭᠦᠯᠦᠭᠰᠡᠨ ᠲᠣᠷᠭ᠋ᠠᠭᠤᠯᠢ ᠵᠢ ᠵᠢᠭ᠋ᠠᠵᠤ ᠪᠠᠢ᠌ᠨ᠎ᠠ᠃ ᠪᠦᠲᠦᠭᠡᠨ ᠪᠠᠢ᠌ᠭᠤᠯᠤᠯᠲᠠ ᠵᠢᠨ ᠨᠢᠭᠡᠴᠡ ᠵᠢᠨ ᠡᠨᠡ ᠬᠦ᠌ ᠥᠮᠴᠢᠲᠡᠨ᠎ᠤ ᠡᠷᠬᠡ ᠠᠰᠢᠭ᠎ᠢ ᠬᠣᠬᠢᠷᠠᠭᠤᠯᠤᠭᠰᠠᠨ ᠡᠰᠡ ᠬᠢᠵᠦ ᠪᠣᠯᠬᠤ ᠠᠵᠢᠯᠯᠠᠭ᠎ᠠ ᠵᠢᠨ ᠲᠤᠬᠠᠢ᠂ ᠤᠯᠤᠰ᠎ᠤᠨ 《ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠬᠣᠯᠪᠣᠭᠳᠠᠯ ᠪᠦᠬᠦᠢ ᠲᠣᠷᠭ᠋ᠠᠭᠤᠯᠢ ᠵᠢᠨ ᠲᠣᠭᠲᠠᠭ᠋ᠠᠯ ᠪᠠᠢ᠌ᠬᠤ ᠦᠭᠡᠢ᠂ ᠬᠠᠤᠯᠢ ᠴᠠᠭ᠋ᠠᠵᠠ ᠵᠢᠨ ᠬᠣᠭᠣᠰᠣᠨ᠎ᠢ ᠨᠥᠬᠥᠪᠥᠷᠢᠯᠡᠬᠦ ᠵᠢᠨ ᠲᠤᠯᠠᠳᠠ 《ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠦᠷᠢᠮ》᠎ᠳᠠᠬᠢ ᠪᠠᠷᠢᠯᠭ᠎ᠠ ᠪᠠᠷᠢᠬᠤ ᠨᠢᠭᠡᠴᠡ ᠵᠢ ᠲᠣᠷᠭ᠋ᠠᠬᠤ ᠲᠤᠬᠠᠢ ᠲᠣᠭᠲᠠᠭ᠋ᠠᠯ᠂ ᠳᠠᠷᠤᠢ ᠳᠠᠯᠠᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ᠎ᠤᠨ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ᠂ ᠲᠦᠷᠢᠮ᠎ᠤᠨ ᠳᠥᠴᠢ ᠶᠢᠰᠦᠳᠦᠭᠡᠷ ᠵᠦᠢ᠍ᠯ᠎ᠤᠨ ᠨᠢᠭᠡᠳᠦᠭᠡᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠠᠳᠠᠯ ᠠᠬᠤᠢ ᠵᠢᠨ ᠵᠠᠰᠠᠬᠤ ᠵᠢ ᠪᠠᠲᠤᠯᠠᠬᠤ ᠬᠠᠷᠢᠭᠤᠴᠠᠯᠭ᠎ᠠ ᠦᠯᠦ ᠡᠭᠦᠷᠭᠡᠯᠡᠭᠰᠡᠳ᠎ᠢ᠂ ᠵᠠᠷᠯᠢᠭᠳᠠᠵᠤ ᠪᠠᠢ᠌ᠭ᠋ᠠᠳ ᠲᠣᠭᠲᠠᠭᠰᠠᠨ ᠬᠤᠭᠤᠴᠠᠭ᠋ᠠᠨ᠎ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠵᠠᠯᠠᠷᠠᠭᠤᠯᠤᠭᠰᠠᠨ ᠦᠭᠡᠢ ᠪᠠᠢ᠌ᠪᠠᠯ᠂ 10 ᠲᠦᠮᠡᠨ ᠲᠥᠭᠥᠷᠢᠭ᠎ᠠᠴᠠ ᠳᠡᠭᠡᠭᠰᠢ 20 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠨ᠎ᠠ; ᠥᠮᠴᠢᠲᠠᠳ᠎ᠲᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠣᠭᠲᠠᠭ᠋ᠠᠵᠠᠢ᠃
      ᠲᠦᠷᠢᠮ᠎ᠤᠨ ᠲᠠᠯᠠᠨ ᠲᠠᠪᠤᠳᠤᠭ᠋ᠠᠷ ᠵᠦᠢ᠍ᠯ ᠪᠣᠯ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠦᠨ᠎ᠤ ᠬᠢᠵᠦ ᠦᠯᠦ ᠪᠣᠯᠬᠤ ᠰᠢᠨᠵᠢ ᠴᠢᠨᠠᠷ᠎ᠲᠠᠢ ᠬᠠᠤᠯᠢ᠎ᠠᠴᠠ ᠵᠥᠷᠢᠴᠡᠭᠰᠡᠨ ᠭᠤᠷᠪᠠᠨ ᠵᠦᠢ᠍ᠯ᠎ᠤᠨ ᠠᠵᠢᠯᠯᠠᠭ᠎ᠠ᠂ ᠳᠤᠷ᠎ᠠ᠎ᠪᠠᠷ ᠵᠶ᠋ᠠᠨ ᠦᠢ᠍ᠯᠡᠳᠦᠭᠰᠡᠨ ᠰᠢᠨᠵᠢ ᠴᠢᠨᠠᠷ᠎ᠲᠠᠢ ᠲᠦᠷᠪᠡᠨ ᠵᠦᠢ᠍ᠯ᠎ᠤᠨ ᠠᠵᠢᠯᠯᠠᠭ᠎ᠠ᠎ᠳᠤ ᠴᠢᠭᠯᠡᠭᠦᠯᠦᠨ ᠲᠣᠭᠲᠠᠭ᠋ᠠᠭᠰᠠᠨ ᠬᠠᠤᠯᠢ ᠵᠢᠨ ᠬᠠᠷᠢᠭᠤᠴᠠᠯᠭ᠎ᠠ ᠮᠥᠨ᠃ ᠡᠭᠦᠨ᠎ᠳᠤ ᠨᠢᠭᠡᠳᠦᠭᠡᠷ ᠵᠤᠷᠪᠤᠰ᠎ᠲᠠᠬᠢ ᠲᠣᠭᠲᠠᠭ᠋ᠠᠯ ᠶᠣᠰᠣᠭ᠋ᠠᠷ ᠥᠯᠥ ᠳᠠᠩᠰᠠᠯᠠᠭᠤᠯᠤᠭᠰᠠᠨ ᠬᠣᠶᠠᠷ ᠦᠢᠯᠡ ᠠᠵᠢᠯᠯᠠᠭ᠎ᠠ ᠵᠢ ᠡᠮᠦᠨ᠎ᠡ ᠨᠢᠭᠡᠨᠲᠡ ᠲᠠᠢ᠌ᠯᠪᠤᠷᠢᠯᠠᠪᠠ᠂ ᠨᠥᠭᠥᠭᠡ ᠨᠢᠭᠡ ᠬᠢᠵᠦ ᠦᠯᠦ ᠪᠣᠯᠬᠤ ᠦᠢᠯᠡ ᠠᠵᠢᠯᠯᠠᠭ᠎ᠠ ᠪᠣᠯ ᠬᠣᠶᠠᠳᠤᠭ᠋ᠠᠷ ᠵᠤᠷᠪᠤᠰ᠎ᠲᠠᠬᠢ ᠲᠦᠷᠢᠮ ᠲᠣᠭᠲᠠᠭ᠋ᠠᠯ᠎ᠤᠨ ᠶᠣᠰᠣᠭ᠋ᠠᠷ ᠬᠠᠮᠢᠶ᠎ᠠ ᠪᠥᠬᠥᠶ ᠮᠡᠳᠡᠭᠡ ᠵᠠᠩᠭᠢ ᠵᠢ ᠥᠯᠥ ᠵᠠᠷᠯᠠᠨ ᠨᠡᠢ᠌ᠲᠡᠯᠡᠭᠰᠡᠨ ᠦᠢᠯᠡ ᠠᠵᠢᠯᠯᠠᠭ᠎ᠠ ᠪᠣᠯᠤᠨ᠎ᠠ᠂ ᠠᠳᠠᠯ ᠠᠬᠤᠶ ᠵᠢᠨ ᠦᠢᠯᠡᠴᠢᠯᠡᠭᠡᠨ᠎ᠤ ᠬᠥᠮᠦᠰ᠎ᠢ ᠰᠢᠪᠠᠳᠠᠭᠤᠯᠤᠨ ᠪᠠᠢ᠌ᠵᠤ ᠠᠳᠠᠯ ᠠᠬᠤᠶ ᠵᠢᠨ ᠦᠢᠯᠡᠴᠢᠯᠡᠭᠡᠨ᠎ᠤ ᠬᠢᠷᠢ ᠲᠦᠪᠰᠢᠨ ᠪᠠ ᠶᠠᠰᠤ ᠴᠢᠨᠠᠷ᠎ᠢ ᠳᠡᠭᠡᠭᠰᠢᠯᠡᠭᠦᠯᠦᠨ᠂ ᠠᠳᠠᠯ ᠠᠬᠤᠶ ᠵᠢᠨ ᠦᠢᠯᠡᠴᠢᠯᠡᠭᠡᠨ᠎ᠤ ᠬᠥᠮᠦᠨ ᠪᠠ ᠥᠮᠴᠢᠲᠡᠨ᠎ᠤ ᠡᠶ᠎ᠡ ᠵᠣᠬᠢᠴᠠᠩᠭᠤᠢ ᠪᠠᠢ᠌ᠬᠤ ᠵᠢ ᠠᠬᠢᠭᠤᠯᠵᠤ᠂ ᠠᠳᠠᠯ ᠠᠬᠤᠶ ᠵᠢᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠥᠯᠥᠭᠡ᠂ ᠡᠨᠳᠡ ᠬᠥᠷᠰᠢ ᠵᠡᠷᠭᠡᠯᠡᠳᠡᠭᠡ ᠮᠤᠵᠢ ᠣᠷᠣᠨ᠎ᠤ ᠬᠠᠤᠯᠢ ᠲᠣᠭᠲᠠᠭ᠋ᠠᠭᠰᠠᠨ ᠲᠤᠷᠰᠢᠯᠭ᠎ᠠ᠎ᠪᠠᠷ ᠲᠣᠯᠢ ᠪᠣᠯᠭ᠋ᠠᠵᠤ᠂ ᠲᠣᠭᠲᠠᠭ᠋ᠠᠯ ᠶᠣᠰᠣᠭ᠋ᠠᠷ ᠮᠡᠳᠡᠭᠳᠡᠬᠦ ᠴᠢᠨᠠᠷᠲᠠᠶ ᠳᠠᠩᠰᠠᠯᠠᠭᠤᠯᠤᠯᠲᠠ ᠬᠢᠭᠰᠡᠨ ᠦᠭᠡᠢ ᠵᠢ ᠲᠣᠷᠭ᠋ᠠᠨ ᠰᠢᠢ᠍ᠳᠬᠡᠬᠦ᠎ᠯᠤᠭ᠎ᠠ ᠠᠳᠠᠯᠢᠪᠲᠤᠷ ᠨᠡᠯᠢᠶᠡᠳ ᠬᠥᠩᠭᠡᠨ ᠲᠣᠷᠭ᠋ᠠᠭᠤᠯᠢ ᠰᠢᠢ᠍ᠳᠬᠡᠯ᠎ᠤᠨ ᠲᠣᠭᠲᠠᠭ᠋ᠠᠯ᠎ᠢ ᠵᠣᠬᠢᠴᠠᠩᠭᠤᠢ ᠲᠣᠭᠲᠠᠭ᠋ᠠᠪᠠ᠃ ᠲᠠᠪᠢᠨ ᠲᠠᠪᠤᠳᠤᠭ᠋ᠠᠷ ᠵᠦᠢᠯ᠎ᠤᠨ ᠲᠣᠭᠲᠠᠭ᠋ᠠᠯ ᠶᠣᠰᠣᠭ᠋ᠠᠷ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ ᠢᠯᠡ ᠲᠣᠳᠤ ᠪᠠᠢ᠌ᠷᠢᠨ᠎ᠳᠤ ᠬᠠᠮᠢᠶ᠎ᠠ ᠪᠥᠬᠥᠶ ᠮᠡᠳᠡᠭᠡ ᠵᠠᠩᠭᠢ ᠵᠢ ᠢᠯᠡ ᠨᠡᠢ᠌ᠲᠡᠯᠡᠭᠰᠡᠨ ᠥᠬᠡᠶ ᠪᠠᠢ᠌ᠪᠠᠯ ᠵᠠᠷᠯᠢᠭᠳᠠᠨ ᠪᠠᠢ᠌ᠵᠤ ᠲᠣᠭᠲᠠᠭᠰᠠᠨ ᠬᠤᠭᠤᠴᠠᠭ᠋ᠠᠨ᠎ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠵᠠᠯᠠᠷᠠᠭᠤᠯᠤᠭᠰᠠᠨ ᠥᠬᠡᠶ ᠪᠣᠯ 1000 ᠲᠥᠭᠥᠷᠢᠭ᠎ᠠᠴᠠ ᠳᠡᠭᠡᠭᠰᠢ 5000 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ ᠭᠡᠵᠦ ᠲᠣᠭᠲᠠᠭ᠋ᠠᠵᠠᠢ᠃
      ᠲᠠᠯᠠᠨ ᠲᠠᠪᠤᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ᠂ ᠳᠥᠷᠪᠡᠳᠦᠭᠡᠷ ᠵᠤᠷᠪᠤᠰ᠎ᠨᠢ ᠭᠣᠣᠯᠳᠠᠭᠤ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠦᠨ᠎ᠤ ᠠᠳᠠᠯ ᠠᠬᠤᠢ ᠵᠢᠨ ᠵᠦᠢ᠍ᠯᠡᠰ᠎ᠢ ᠲᠤᠰᠢᠶᠠᠬᠤ ᠪᠠ ᠬᠦᠯᠢᠶᠡᠨ ᠠᠪᠬᠤ ᠶᠠᠪᠤᠴᠠ᠎ᠳᠠᠬᠢ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠭᠯᠡᠭᠦᠯᠦᠨ ᠲᠣᠷᠭ᠋ᠠᠭᠤᠯᠢ ᠰᠢᠢ᠍ᠳᠬᠡᠯ ᠪᠣᠯᠤᠨ᠎ᠠ᠃ ᠠᠳᠠᠯ ᠠᠬᠤᠶ ᠵᠢᠨ ᠲᠥᠷᠥᠯ ᠵᠦᠢᠯ᠎ᠢ ᠵᠢᠷᠤᠮᠵᠢᠭᠤᠯᠤᠨ ᠲᠤᠰᠢᠶᠠᠬᠤ ᠪᠠ ᠲᠦᠷᠦᠯ ᠵᠦᠢ᠍ᠯ᠎ᠠᠴᠠ ᠪᠤᠴᠠᠨ ᠭᠠᠷᠭ᠋ᠠᠵᠤ ᠪᠣᠯᠬᠤ᠂ ᠥᠮᠴᠢᠲᠠᠳ᠎ᠤᠨ ᠬᠠᠮᠲᠤ᠎ᠪᠠᠷ ᠥᠮᠴᠢᠯᠡᠬᠦ ᠪᠡᠯᠡᠳᠬᠡᠮᠵᠢ ᠲᠥᠬᠥᠭᠡᠷᠦᠮᠵᠢ ᠪᠠ ᠬᠠᠮᠢᠶ᠎ᠠ ᠪᠦᠬᠦᠢ ᠲᠠᠯᠠᠪᠤᠷ ᠭᠠᠵᠠᠷ᠎ᠤᠨ ᠬᠡᠪ᠎ᠤᠨ ᠬᠡᠷᠡᠭᠯᠡᠯᠲᠡ ᠵᠢ ᠪᠠᠲᠤᠯᠠᠬᠤ᠂ ᠠᠳᠠᠯ ᠠᠬᠤᠶ ᠵᠢᠨ ᠬᠠᠮᠢᠶᠠᠷᠤᠯᠲᠠ ᠵᠢᠨ ᠬᠠᠮᠢᠶ᠎ᠠ ᠪᠥᠬᠥᠶ ᠮᠠᠲ᠋ᠧᠷᠢᠶᠠᠯ᠎ᠢ ᠬᠠᠮᠠᠭ᠋ᠠᠯᠠᠨ ᠬᠠᠳᠠᠭ᠋ᠠᠯᠠᠬᠤ᠂ ᠥᠮᠴᠢᠲᠠᠳ᠎ᠤᠨ ᠬᠠᠮᠲᠤ ᠵᠢᠨ ᠡᠳ᠋ ᠬᠥᠷᠥᠩᠭᠡ ᠪᠠ ᠠᠰᠢᠭ ᠲᠤᠰᠠ ᠵᠢ ᠬᠠᠮᠠᠭ᠋ᠠᠯᠠᠨ ᠬᠣᠬᠢᠷᠠᠯ᠎ᠳᠤ ᠤᠴᠠᠷᠠᠭᠤᠯᠬᠤ ᠦᠭᠡᠢ ᠵᠢᠨ ᠲᠤᠰᠠᠳᠠ᠂ ᠠᠳᠠᠯ ᠠᠬᠤᠶ ᠵᠢᠨ ᠬᠠᠮᠢᠶᠠᠷᠤᠯᠲᠠ ᠵᠢᠨ ᠡᠮᠬᠢ ᠳᠢᠭᠯᠢᠮ᠎ᠢ ᠪᠠᠲᠤᠯᠠᠵᠤ᠂ ᠠᠳᠠᠯ ᠠᠬᠤᠶ ᠵᠢᠨ ᠦᠢᠯᠡᠴᠢᠯᠡᠭᠡᠨ᠎ᠤ ᠬᠥᠮᠦᠨ ᠪᠠ ᠥᠮᠴᠢᠲᠡᠨ᠎ᠤ ᠬᠠᠷᠢᠭᠤᠴᠠᠯᠭ᠎ᠠ ᠪᠠ ᠡᠭᠦᠷᠭᠡ ᠵᠢ ᠲᠣᠳᠤᠷᠬᠠᠢ᠌ᠯᠠᠵᠤ᠂ ᠢᠲᠡᠭᠡᠯ ᠠᠯᠳᠠᠭᠰᠠᠨ᠂ ᠬᠠᠷᠢᠭᠤᠴᠠᠯᠭ᠎ᠠ ᠠᠯᠳᠠᠭᠰᠠᠨ ᠦᠢ᠍ᠯᠡ ᠠᠵᠢᠯᠯᠠᠭ᠎ᠠ᠎ᠢ ᠴᠢᠩᠭ᠎ᠠ ᠰᠢᠢᠳᠬᠡᠬᠦ ᠲᠤᠬᠠᠢ ᠪᠤᠰᠤᠳ ᠮᠤᠵᠢ ᠣᠷᠣᠨ᠎ᠤ ᠬᠠᠤᠯᠢ ᠲᠣᠭᠲᠠᠭ᠋ᠠᠭᠰᠠᠨ ᠲᠤᠷᠰᠢᠯᠭ᠎ᠠ᠎ᠪᠠᠷ ᠲᠣᠯᠢ ᠪᠣᠯᠭ᠋ᠠᠭ᠋ᠠᠳ ᠰᠢᠢ᠍ᠳᠬᠡᠯ ᠲᠣᠷᠭ᠋ᠠᠭᠤᠯᠢ ᠵᠢᠨ ᠲᠣᠭᠲᠠᠭ᠋ᠠᠯ ᠨᠡᠮᠡᠪᠡ᠂ ᠲᠤᠬᠠᠢ᠌ᠯᠠᠪᠠᠯ᠄ ᠲᠠᠪᠢᠨ ᠵᠢᠷᠭᠤᠳᠤᠭ᠋ᠠᠷ ᠵᠦᠢᠯ᠎ᠤᠨ ᠬᠣᠶᠠᠳᠤᠭ᠋ᠠᠷ  ᠵᠣᠷᠪᠤᠰ᠎ᠤᠨ ᠲᠣᠭᠲᠠᠭ᠋ᠠᠯ᠎ᠢ ᠵᠦᠷᠢᠴᠡᠵᠦ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ᠎ᠠᠴᠠ ᠳᠤᠷ᠎ᠠ᠎ᠪᠠᠷ ᠵᠶ᠋ᠠᠨ ᠰᠠᠯᠵᠤ ᠭᠠᠷᠬᠤ᠂ ᠠᠳᠠᠯ ᠠᠬᠤᠶ ᠵᠢᠨ ᠦᠢ᠍ᠯᠡᠴᠢᠯᠡᠭᠡ᠎ᠪᠠᠨ ᠵᠣᠭᠰᠤᠭ᠋ᠠᠬᠤ ᠵᠢ ᠵᠠᠷᠯᠢᠭᠳᠠᠨ ᠪᠠᠢ᠌ᠵᠤ ᠲᠣᠭᠲᠠᠭᠰᠠᠨ ᠬᠤᠭᠤᠴᠠᠭ᠋ᠠᠨ᠎ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠡᠰᠡ ᠵᠠᠯᠠᠷᠠᠭᠤᠯᠤᠭᠰᠠᠨ ᠪᠠᠢ᠌ᠪᠠᠯ 1 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠨ᠎ᠡ᠃ ᠲᠠᠪᠢᠨ ᠳᠣᠯᠣᠳᠤᠭ᠋ᠠᠷ ᠵᠦᠢ᠍ᠯ᠎ᠤᠨ ᠭᠤᠷᠪᠠᠳᠤᠭ᠋ᠠᠷ ᠵᠣᠷᠪᠤᠰ᠎ᠤᠨ ᠲᠣᠭᠲᠠᠭ᠋ᠠᠯ᠎ᠢ ᠵᠥᠷᠢᠴᠡᠵᠦ᠂ ᠥᠮᠴᠢᠲᠡᠨ ᠠᠳᠠᠯ ᠠᠬᠤᠢ ᠵᠢᠨ ᠦᠢ᠍ᠯᠡᠴᠢᠯᠡᠭᠡᠨ᠎ᠤ ᠰᠦᠢ᠍ᠳᠬᠡᠯ ᠵᠡᠷᠭᠡ ᠵᠢ ᠦᠯᠦ ᠲᠤᠰᠢᠶᠠᠭᠰᠠᠨ ᠵᠡᠷᠭᠡ᠎ᠪᠠᠷ ᠰᠢᠯᠲᠠᠭ ᠪᠣᠯᠭ᠋ᠠᠵᠤ ᠲᠤᠰᠢᠶᠠᠬᠤ ᠪᠠ ᠬᠦᠯᠢᠶᠡᠨ ᠠᠪᠬᠤ ᠵᠢ ᠲᠡᠪᠴᠢᠵᠦ᠂ ᠰᠢᠨ᠎ᠡ᠎ᠪᠠᠷ ᠰᠣᠩᠭᠤᠭᠳᠠᠨ ᠤᠷᠢᠭᠳᠠᠭᠰᠠᠨ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠦᠨ᠎ᠤ ᠲᠠᠯᠠᠪᠤᠷ᠎ᠲᠤ ᠣᠷᠣᠵᠤ ᠦᠢ᠍ᠯᠡᠴᠢᠯᠡᠬᠦ ᠵᠢ ᠬᠠᠷᠰᠢᠯᠠᠭᠰᠠᠨ ᠪᠠᠢ᠌ᠪᠠᠯ᠂ ᠵᠠᠷᠯᠢᠭᠳᠠᠵᠤ ᠪᠠᠢ᠌ᠭ᠋ᠠᠳ ᠲᠣᠭᠲᠠᠭᠰᠠᠨ ᠬᠤᠭᠤᠴᠠᠭ᠋ᠠᠨ᠎ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠵᠠᠯᠠᠷᠠᠭᠤᠯᠤᠭᠰᠠᠨ ᠦᠭᠡᠢ ᠪᠣᠯ᠂ 1 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠨ᠎ᠡ᠃ ᠥᠮᠴᠢᠲᠡᠨ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠣᠭᠲᠠᠭ᠋ᠠᠵᠠᠢ᠃ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠪᠣᠯ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠭᠡᠪᠡᠴᠦ ᠵᠠᠯᠬᠠᠭ᠋ᠠᠨ ᠰᠢᠢ᠍ᠳᠬᠡᠬᠦ ᠪᠣᠯ ᠬᠠᠤᠯᠢ ᠲᠣᠭᠲᠠᠭ᠋ᠠᠬᠤ ᠵᠣᠷᠢᠯᠭ᠎ᠠ ᠪᠠ ᠠᠷᠭ᠎ᠠ ᠪᠠᠷᠢᠯ ᠪᠢᠰᠢ ᠶᠤᠮ᠂ ᠬᠠᠤᠯᠢ ᠴᠠᠭ᠋ᠠᠵᠠ ᠵᠢᠨ ᠴᠢᠳᠠᠮᠵᠢ᠎ᠨᠢ ᠨᠡᠩ ᠢᠯᠡᠬᠦᠦ ᠬᠦᠳᠦᠯᠦᠨ ᠳᠠᠭ᠋ᠠᠭᠤᠯᠬᠤ᠂ ᠵᠢᠱ᠌ᠢᠢ᠎ᠡ ᠦᠵᠡᠭᠦᠯᠬᠦ᠂ ᠡᠭᠦᠷᠭᠡ ᠴᠢᠳᠠᠪᠤᠷᠢ ᠵᠢᠨ ᠴᠢᠳᠠᠮᠵᠢ ᠵᠢ ᠪᠠᠳᠠᠷᠠᠭᠤᠯᠬᠤ᠎ᠪᠠᠷ ᠳᠠᠮᠵᠢᠭᠤᠯᠤᠨ ᠨᠡᠢ᠌ᠭᠡᠮ ᠳᠠᠶᠠᠭ᠋ᠠᠷ᠎ᠤᠨ ᠬᠠᠤᠯᠢ ᠶᠣᠰᠣᠭ᠋ᠠᠷ ᠠᠵᠢᠯᠯᠠᠵᠤ ᠬᠠᠤᠯᠢ ᠵᠢ ᠰᠠᠬᠢᠬᠤ ᠤᠬᠠᠮᠰᠠᠷ᠎ᠢ ᠠᠭ᠋ᠠᠵᠢᠮ ᠵᠶ᠋ᠠᠷ ᠪᠤᠢ ᠪᠣᠯᠭ᠋ᠠᠬᠤ᠎ᠳᠤ ᠪᠠᠢ᠌ᠳᠠᠭ᠂ ᠮᠢᠨᠦ ᠲᠠᠨᠢᠯᠴᠠᠭᠤᠯᠭ᠎ᠠ ᠤᠯᠠᠨ᠎ᠳᠤ ᠬᠠᠪᠰᠤᠷᠤᠯᠭ᠎ᠠ ᠪᠣᠯᠬᠤ ᠪᠣᠯᠲᠤᠭ᠋ᠠᠢ᠃ ᠪᠠᠶᠠᠷᠯᠠᠯ᠎ᠠ!
      ᠥᠪᠥᠷ ᠮᠣᠩᠭᠣᠯ᠎ᠤᠨ ᠷᠠᠳᠢᠣ᠋ ᠲᠧᠯᠸᠢᠰ᠎ᠤᠨ ᠰᠤᠷᠪᠤᠯᠵᠢᠯᠠᠭᠴᠢ᠄ ᠣᠳᠣᠬᠠᠨ᠎ᠳᠤ᠂ ᠮᠠᠰᠢ ᠣᠯᠠᠨ ᠣᠷᠣᠨ ᠰᠠᠭᠤᠴᠠ ᠵᠢᠨ ᠲᠣᠭᠣᠷᠢᠭ᠎ᠲᠤ ᠥᠮᠴᠢᠲᠠᠳ᠎ᠤᠨ ᠺᠣᠮᠢᠰ ᠪᠠᠢ᠌ᠭᠤᠯᠬᠤ᠎ᠳᠤ ᠬᠦᠴᠢᠷ᠂ ᠵᠠᠷᠤᠳᠠᠯ ᠳᠤᠲᠠᠮᠠᠭ᠂ ᠦᠢᠯᠡᠳᠦᠯ ᠵᠶ᠋ᠡᠨ ᠪᠠᠳᠠᠷᠠᠭᠤᠯᠬᠤ᠎ᠳᠤ ᠬᠦᠴᠢᠷ ᠪᠠᠢ᠌ᠬᠤ ᠵᠡᠷᠭᠡ ᠠᠰᠠᠭᠤᠳᠠᠯ᠎ᠤᠳ ᠣᠷᠣᠰᠢᠵᠤ ᠪᠠᠢ᠌ᠨ᠎ᠠ᠂ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠵᠢᠨ ᠬᠠᠮᠢᠶᠠᠷᠤᠯᠲᠠ ᠵᠢᠨ ᠲᠦᠷᠢᠮ》᠎ᠳᠤ ᠶᠠᠮᠠᠷ ᠶᠠᠮᠠᠷ ᠲᠣᠭᠲᠠᠭ᠋ᠠᠯ ᠵᠶ᠋ᠠᠷ ᠡᠲᠡᠭᠡᠷ ᠠᠰᠠᠭᠤᠳᠠᠯ᠎ᠤᠳ᠎ᠢ ᠰᠢᠢ᠍ᠳᠪᠦᠷᠢᠯᠡᠭᠰᠡᠨ ᠪᠣᠶ?
      ᠯᠸᠢ ᠵᠧᠨ ᠬᠤᠸᠠ᠄ (ᠨᠢᠭᠡ) ᠥᠮᠴᠢᠲᠡᠨ᠎ᠤ ᠳᠤᠮᠳᠠᠬᠢ ᠨᠥᠬᠥᠴᠡᠯ᠎ᠳᠤ ᠨᠡᠢ᠌ᠴᠡᠭᠰᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠎ᠤ ᠬᠠᠤᠯᠢ᠎ᠳᠤ ᠲᠣᠭᠲᠠᠭ᠋ᠠᠭᠰᠠᠨ ᠵᠢᠷᠤᠮ ᠵᠶ᠋ᠠᠷ ᠳᠠᠮᠵᠢᠭᠤᠯᠤᠨ ᠥᠮᠴᠢᠲᠠᠳ᠎ᠤᠨ ᠺᠣᠮᠢᠰ᠎ᠤᠨ ᠭᠡᠰᠢᠭᠦᠨ ᠪᠣᠯᠬᠤ ᠵᠢ ᠵᠣᠷᠢᠭᠵᠢᠭᠤᠯᠤᠨ ᠳᠡᠮᠵᠢᠨ᠎ᠡ᠃
       ᠥᠮᠴᠢᠲᠠᠳ᠎ᠤᠨ ᠺᠣᠮᠢᠰ ᠪᠠᠢ᠌ᠭᠤᠯᠤᠭᠳᠠᠬᠤ ᠶᠠᠪᠤᠴᠠ᠎ᠳᠤ᠂ ᠥᠮᠴᠢᠲᠠᠳ᠎ᠤᠨ ᠺᠣᠮᠢᠰ᠎ᠤᠨ ᠭᠡᠰᠢᠭᠦᠨ᠎ᠢ ᠰᠣᠩᠭᠣᠬᠤ ᠪᠠ ᠲᠤᠰᠢᠶᠠᠯ ᠡᠭᠦᠷᠭᠡᠯᠡᠬᠦ ᠬᠥᠮᠦᠨ᠎ᠢ ᠲᠣᠭᠲᠠᠭ᠋ᠠᠬᠤ᠎ᠳᠤ ᠨᠡᠯᠢᠶᠡᠳ ᠬᠦᠴᠢᠷᠲᠡᠶ ᠪᠠᠢ᠌ᠳᠠᠭ᠂ ᠡᠭᠦᠨ᠎ᠤ ᠭᠣᠤᠯ ᠰᠢᠯᠲᠠᠭ᠋ᠠᠨ᠎ᠨᠢ᠄ ᠨᠢᠭᠡ᠎ᠳᠤ᠂ ᠥᠮᠴᠢᠲᠠᠳ᠎ᠤᠨ ᠺᠣᠮᠢᠰ᠎ᠤᠨ ᠠᠵᠢᠯ᠎ᠢ ᠥᠷᠨᠢᠭᠦᠯᠬᠦ᠎ᠳᠤ ᠵᠠᠷᠤᠳᠠᠯ᠎ᠤᠨ ᠪᠠᠲᠤᠯᠠᠭ᠎ᠠ ᠥᠬᠡᠶ᠂ ᠵᠥᠪᠬᠡᠨ ᠲᠤᠰᠢᠶᠠᠯ ᠬᠠᠪᠰᠤᠷᠭ᠋ᠠᠬᠤ ᠪᠠ ᠰᠠᠢ᠌ᠨ ᠳᠤᠷ᠎ᠠ᠎ᠠᠴᠠ᠎ᠪᠠᠨ ᠣᠷᠣᠯᠴᠠᠬᠤ᠎ᠳᠤ ᠲᠦᠰᠢᠭᠯᠡᠨ᠂ ᠲᠤᠰᠢᠶᠠᠯ ᠡᠭᠦᠷᠭᠡᠯᠡᠬᠦ ᠴᠢᠳᠠᠪᠤᠷᠢ᠎ᠲᠠᠢ ᠥᠮᠴᠢᠲᠡᠨ᠎ᠨᠢ ᠠᠵᠢᠯ ᠬᠢᠬᠦ ᠳᠤᠷ᠎ᠠ ᠥᠬᠡᠶ᠂ ᠬᠢᠬᠦ ᠰᠠᠨᠠᠭ᠎ᠠ᠎ᠲᠠᠢ᠎ᠳᠤ᠎ᠨᠢ ᠡᠷᠬᠡ᠎ᠪᠠᠨ ᠠᠰᠢᠭᠯᠠᠨ ᠠᠮᠢ᠎ᠪᠠᠨ ᠪᠣᠷᠳᠣᠬᠤ ᠦᠢᠯᠡ ᠠᠵᠢᠯᠯᠠᠭ᠎ᠠ ᠴᠥᠭᠡᠨ ᠪᠤᠰᠤ᠎ᠢ ᠣᠷᠣᠰᠢᠵᠤ᠂ ᠥᠮᠴᠢᠲᠠᠳ᠎ᠤᠨ ᠺᠣᠮᠢᠰ ᠪᠠᠢ᠌ᠭᠤᠯᠬᠤ᠎ᠳᠤ ᠬᠦᠴᠢᠷᠲᠡᠶ᠂ ᠠᠵᠢᠯᠠᠭᠤᠯᠬᠤ᠎ᠳᠤ ᠬᠦᠴᠢᠷᠲᠡᠶ᠂ ᠪᠠᠢ᠌ᠭᠤᠯᠤᠭᠳᠠᠭᠰᠠᠨ᠎ᠤ ᠳᠠᠷᠠᠭ᠎ᠠ ᠠᠵᠢᠯ ᠶᠠᠪᠤᠭᠳᠠᠬᠤ ᠦᠭᠡᠢ ᠪᠤᠶᠤ ᠳᠤᠷ᠎ᠠ᠎ᠪᠠᠷ ᠵᠶ᠋ᠠᠨ ᠦᠢᠯᠡᠳᠬᠦ ᠪᠠᠢ᠌ᠳᠠᠯ ᠪᠣᠶ ᠪᠣᠯᠭ᠋ᠠᠵᠤ᠂ ᠠᠳᠠᠯ ᠠᠬᠤᠶ ᠵᠢᠨ ᠦᠢᠯᠡᠴᠢᠯᠡᠭᠡᠨ᠎ᠤ ᠠᠵᠢᠯ ᠬᠡᠪ ᠵᠶ᠋ᠡᠷ ᠶᠠᠪᠤᠭᠳᠠᠬᠤ ᠵᠢ ᠨᠥᠯᠦᠭᠡᠯᠡᠵᠦ ᠪᠠᠢ᠌ᠨ᠎ᠠ᠃ ᠬᠣᠶᠠᠷ᠎ᠲᠤ ᠨᠡᠢ᠌ᠲᠡ ᠵᠢᠨ ᠠᠰᠠᠷᠠᠮᠵᠢ ᠵᠢᠨ ᠦᠢ᠍ᠯᠡᠰ᠎ᠲᠤ ᠬᠠᠯᠠᠭᠤᠨ ᠰᠡᠳᠬᠢᠯ᠎ᠲᠠᠢ᠂ ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ᠂ ᠲᠥᠪ ᠭᠣᠣᠯᠴᠢ ᠠᠷᠢᠭᠤᠨ ᠴᠢᠬᠡᠴᠢ ᠥᠮᠴᠢᠲᠠᠳ ᠪᠠᠢ᠌ᠪᠠᠴᠤ ᠥᠮᠴᠢᠲᠠᠳ᠎ᠤᠨ ᠺᠣᠮᠢᠰ᠎ᠤᠨ ᠠᠵᠢᠯ᠎ᠨᠢ ᠥᠷᠨᠢᠭᠦᠯᠬᠦ᠎ᠳᠤ ᠨᠡᠯᠢᠶᠡᠳ ᠬᠦᠴᠢᠷᠲᠡᠶ ᠪᠠᠢ᠌ᠵᠤ᠂ ᠠᠳᠠᠯ ᠠᠬᠤᠶ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ᠂ ᠭᠡᠷ᠎ᠡ ᠵᠢᠨ ᠪᠣᠯᠵᠣᠭ᠎ᠠ᠎ᠪᠠᠨ ᠭᠦᠢ᠍ᠴᠡᠳᠬᠡᠬᠦ᠎ᠳᠤ ᠬᠢᠨᠠᠯᠲᠠ ᠲᠠᠯᠪᠢᠬᠤ᠎ᠪᠠᠷ ᠦᠯᠦ ᠪᠠᠷᠠᠮ᠂ ᠪᠠᠰᠠ ᠥᠮᠴᠢᠲᠠᠳ᠎ᠢ ᠰᠢᠮᠳᠠᠭᠤᠯᠵᠤ ᠪᠠᠢ᠌ᠭ᠋ᠠᠳ ᠠᠳᠠᠯ ᠠᠬᠤᠶ ᠵᠢᠨ ᠦᠢ᠍ᠯᠡᠴᠢᠯᠡᠭᠡᠨ᠎ᠤ ᠰᠦᠢ᠍ᠳᠬᠡᠯ᠎ᠢ ᠲᠣᠭᠲᠠᠭᠰᠠᠨ ᠴᠠᠭ᠎ᠲᠤ᠎ᠨᠢ ᠲᠤᠰᠢᠶᠠᠯᠭ᠋ᠠᠵᠦ᠂ ᠠᠳᠠᠯ ᠠᠬᠤᠶ ᠵᠢᠨ ᠦᠢ᠍ᠯᠡᠴᠢᠯᠡᠭᠡᠨ᠎ᠤ ᠬᠥᠮᠦᠰ᠎ᠲᠠᠢ ᠬᠠᠮᠵᠢᠯᠴᠠᠨ ᠠᠳᠠᠯ ᠠᠬᠤᠶ ᠵᠢᠨ ᠬᠠᠮᠢᠶᠠᠷᠤᠯᠲᠠ ᠵᠢ ᠬᠡᠷᠡᠭᠵᠢᠭᠦᠯᠳᠡᠭ ᠨᠢᠭᠡ ᠵᠦᠢ᠍ᠯ᠎ᠤᠨ ᠴᠢᠳᠠᠯ ᠵᠶ᠋ᠠᠨ ᠰᠢᠪᠬᠠᠪᠠᠴᠤ ᠴᠢᠷᠠᠶ ᠣᠯᠬᠤ ᠦᠭᠡᠶ ᠶᠠᠪᠤᠳᠠᠯ ᠪᠣᠯᠬᠣᠷ᠂ ᠨᠡᠷ᠎ᠡ ᠮᠡᠳᠡᠭᠦᠯᠦᠨ ᠰᠣᠩᠭᠣᠭᠤᠯᠢ᠎ᠳᠤ ᠣᠷᠣᠯᠴᠠᠬᠤ ᠳᠤᠷ᠎ᠠ ᠦᠭᠡᠶ ᠪᠠᠢ᠌ᠳᠠᠭ᠃ ᠳᠡᠭᠡᠷᠡᠬᠢ ᠪᠠᠢ᠌ᠳᠠᠯ᠎ᠳᠤ ᠬᠠᠨᠳᠤᠭᠤᠯᠤᠨ᠂ ᠡᠨᠡ ᠤᠳᠠᠭ᠎ᠠ ᠲᠦᠷᠢᠮ᠎ᠳᠤ 《ᠥᠮᠴᠢᠲᠠᠳ᠎ᠤᠨ ᠳᠣᠲᠣᠷᠠᠬᠢ ᠨᠥᠬᠥᠴᠡᠯ᠎ᠳᠤ ᠨᠡᠢ᠌ᠴᠡᠬᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠎ᠤ ᠬᠠᠤᠯᠢ᠎ᠪᠠᠷ ᠲᠣᠭᠲᠠᠭ᠋ᠠᠭᠰᠠᠨ ᠵᠢᠷᠤᠮ ᠵᠶ᠋ᠠᠷ ᠥᠮᠴᠢᠲᠠᠳ᠎ᠤᠨ ᠺᠣᠮᠢᠰ᠎ᠤᠨ ᠭᠡᠰᠢᠭᠦᠨ ᠪᠣᠯᠬᠤ ᠵᠢ ᠵᠣᠷᠢᠭᠵᠢᠭᠤᠯᠤᠨ ᠳᠡᠮᠵᠢᠨ᠎ᠡ᠃ ᠥᠮᠴᠢᠲᠠᠳ᠎ᠤᠨ ᠺᠣᠮᠢᠰ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠪᠠᠢ᠌ᠭᠤᠯᠬᠤ ᠵᠢ ᠠᠬᠢᠭᠤᠯᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠭᠡᠰᠢᠭᠦᠳ᠎ᠤᠨ ᠳᠠᠢ᠌ᠴᠢᠨ ᠪᠡᠬᠢᠯᠡᠯᠲᠡ ᠪᠠ ᠬᠣᠰᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠳᠠᠯ ᠠᠬᠤᠶ ᠵᠢᠨ ᠬᠠᠮᠢᠶᠠᠷᠤᠯᠲᠠ ᠵᠢᠨ ᠡᠷᠡᠭᠦᠯ ᠵᠶ᠋ᠡᠷ ᠬᠥᠭᠵᠢᠬᠦ ᠵᠢ ᠪᠠᠲᠤᠯᠠᠨ᠎ᠠ᠃》 ᠭᠡᠬᠦ ᠵᠦᠢ᠍ᠯ ᠵᠤᠷᠪᠤᠰ᠎ᠢ ᠨᠡᠮᠡᠯ᠎ᠡ᠃
      (ᠬᠣᠶᠠᠷ) ᠥᠮᠴᠢᠲᠠᠳ᠎ᠤᠨ ᠶᠡᠬᠡ ᠬᠤᠷᠠᠯ᠂ ᠥᠮᠴᠢᠲᠠᠳ᠎ᠤᠨ ᠺᠣᠮᠢᠰ᠎ᠤᠨ ᠠᠵᠢᠯ ᠥᠷᠨᠢᠭᠦᠯᠬᠦ ᠵᠠᠷᠤᠳᠠᠯ ᠪᠠ ᠥᠮᠴᠢᠲᠠᠳ᠎ᠤᠨ ᠺᠣᠮᠢᠰ᠎ᠤᠨ ᠭᠡᠰᠢᠭᠦᠳ᠎ᠤᠨ ᠠᠵᠢᠯ᠎ᠤᠨ ᠨᠥᠬᠥᠪᠥᠷᠢ ᠵᠢ ᠴᠤᠭᠯᠠᠭᠤᠯᠬᠤ ᠠᠷᠭ᠎ᠠ ᠵᠠᠮ ᠨᠡᠮᠡᠪᠡ᠃
      ᠨᠢᠭᠡᠳᠦᠭᠡᠷ᠎ᠲᠤ ᠦᠮᠴᠢᠳᠠᠳ᠎ᠤᠨ ᠶᠡᠬᠡ ᠬᠤᠷᠠᠯ᠂ ᠦᠮᠴᠢᠳᠠᠳ᠎ᠤᠨ ᠺᠣᠮᠢᠰ᠎ᠤᠨ ᠠᠵᠢᠯ ᠥᠷᠨᠢᠭᠦᠯᠬᠦ ᠵᠠᠷᠤᠳᠠᠯ᠎ᠢ ᠪᠦᠬᠦ ᠦᠮᠴᠢᠳᠠᠳ ᠡᠭᠦᠷᠭᠡᠯᠡᠬᠦ ᠤᠤᠯ ᠰᠠᠭᠤᠷᠢᠨ ᠳᠡᠭᠡᠷ᠎ᠡ᠂ ᠦᠮᠴᠢᠳᠠᠳ᠎ᠤᠨ ᠬᠠᠮᠲᠤ᠎ᠪᠠᠷ ᠥᠮᠴᠢᠯᠡᠵᠦ ᠪᠠᠢ᠌ᠭ᠎ᠠ ᠡᠵᠡᠩᠨᠡᠯᠲᠡ ᠵᠢᠨ ᠠᠰᠢᠭ ᠣᠷᠣᠯᠭ᠎ᠠ ᠳᠣᠲᠤᠷ᠎ᠠ᠎ᠠᠴᠠ ᠬᠡᠰᠡᠭ ᠵᠢ᠎ᠨᠢ ᠵᠠᠷᠤᠴᠠᠭᠤᠯᠵᠤ ᠪᠣᠯᠬᠤ ᠠᠷᠭ᠎ᠠ ᠵᠠᠮ᠎ᠢ ᠨᠡᠮᠡᠵᠦ᠂ ᠦᠮᠴᠢᠳᠠᠳ᠎ᠤᠨ ᠶᠡᠬᠡ ᠬᠤᠷᠠᠯ ᠥᠮᠴᠢᠲᠠᠳ᠎ᠤᠨ ᠺᠣᠮᠢᠰ᠎ᠤᠨ ᠠᠵᠢᠯ᠎ᠤᠨ ᠵᠠᠷᠤᠳᠠᠯ᠎ᠢ ᠴᠤᠭᠯᠠᠭᠤᠯᠬᠤ ᠠᠷᠭ᠎ᠠ ᠵᠠᠮ᠎ᠢ᠎ᠨᠢ ᠥᠷᠭᠡᠳᠬᠡᠵᠦ᠂ ᠦᠮᠴᠢᠳᠠᠳ᠎ᠤᠨ ᠶᠡᠬᠡ ᠬᠤᠷᠠᠯ᠂ ᠥᠮᠴᠢᠲᠠᠳ᠎ᠤᠨ ᠺᠣᠮᠢᠰ᠎ᠤᠨ ᠠᠵᠢᠯ᠎ᠢ ᠥᠷᠨᠢᠭᠦᠯᠬᠦ ᠵᠠᠷᠤᠳᠠᠯ᠎ᠤᠨ ᠪᠠᠲᠤᠯᠠᠭ᠎ᠠ᠎ᠳᠤ ᠬᠦᠴᠦᠨ ᠨᠡᠮᠡᠵᠡᠢ᠃
      ᠬᠣᠶᠠᠳᠤᠭ᠋ᠠᠷ᠎ᠲᠤ᠂ ᠥᠮᠴᠢᠲᠠᠳ᠎ᠤᠨ ᠺᠣᠮᠢᠰ᠎ᠤᠨ ᠭᠡᠰᠢᠭᠦᠳ᠎ᠤᠨ ᠠᠵᠢᠯ᠎ᠤᠨ ᠨᠥᠬᠥᠪᠥᠷᠢ ᠵᠢᠨ ᠰᠢᠨ᠎ᠡ ᠠᠭᠤᠯᠭ᠎ᠠ ᠨᠡᠮᠡᠵᠦ᠂ ᠦᠮᠴᠢᠳᠠᠳ᠎ᠤᠨ ᠶᠡᠬᠡ ᠬᠤᠷᠠᠯ᠎ᠠᠴᠠ ᠦᠮᠴᠢᠳᠠᠳ᠎ᠤᠨ ᠶᠡᠬᠡ ᠬᠤᠷᠠᠯ᠂ ᠥᠮᠴᠢᠲᠠᠳ᠎ᠤᠨ ᠺᠣᠮᠢᠰ᠎ᠲᠤ ᠲᠤᠰᠢᠶᠠᠭᠰᠠᠨ ᠵᠠᠷᠤᠳᠠᠯ᠎ᠤᠨ ᠪᠠᠢ᠌ᠳᠠᠯ ᠪᠠ ᠦᠮᠴᠢᠳᠠᠳ᠎ᠤᠨ ᠬᠠᠮᠲᠤ᠎ᠪᠠᠷ ᠥᠮᠴᠢᠯᠡᠬᠦ ᠬᠡᠰᠡᠭ ᠡᠵᠡᠩᠨᠡᠯᠲᠡ ᠵᠢᠨ ᠠᠰᠢᠭ ᠣᠷᠣᠯᠭ᠎ᠠ ᠵᠢᠨ ᠪᠠᠢ᠌ᠳᠠᠯ᠎ᠢ ᠦᠨᠳᠦᠰᠦᠯᠡᠨ ᠥᠮᠴᠢᠲᠠᠳ᠎ᠤᠨ ᠺᠣᠮᠢᠰ᠎ᠤᠨ ᠭᠡᠰᠢᠭᠦᠳ᠎ᠤᠨ ᠠᠵᠢᠯ᠎ᠤᠨ ᠨᠥᠬᠥᠪᠥᠷᠢ ᠵᠢᠴᠢ ᠪᠠᠷᠢᠮᠵᠢᠶ᠎ᠠ ᠵᠢ ᠲᠣᠭᠲᠠᠭ᠋ᠠᠵᠤ᠂ ᠨᠥᠬᠥᠴᠡᠯ᠎ᠳᠤ ᠨᠡᠢ᠌ᠴᠡᠭᠰᠡᠨ ᠦᠮᠴᠢᠳᠠᠳ᠎ᠤᠨ ᠥᠮᠴᠢᠲᠠᠳ᠎ᠤᠨ ᠺᠣᠮᠢᠰ᠎ᠤᠨ ᠰᠣᠩᠭᠣᠭᠤᠯᠢ᠎ᠳᠤ ᠣᠷᠣᠯᠴᠠᠬᠤ ᠲᠣᠬᠢᠶᠠᠯᠳᠤᠮᠵᠢ ᠵᠢ ᠳᠡᠭᠡᠭᠰᠢᠯᠡᠭᠦᠯᠵᠦ᠂ ᠥᠮᠴᠢᠲᠠᠳ᠎ᠤᠨ ᠺᠣᠮᠢᠰ᠎ᠤᠨ ᠭᠡᠰᠢᠭᠦᠳ᠎ᠤᠨ ᠠᠵᠢᠯ᠎ᠤᠨ ᠢᠳᠡᠪᠬᠢᠵᠢᠯ᠎ᠢ ᠲᠠᠢ᠍ᠢ᠍ᠴᠢᠯᠠᠵᠦ᠂ ᠠᠳᠠᠯ ᠠᠬᠤᠢ ᠵᠢᠨ ᠬᠠᠮᠢᠶᠠᠷᠤᠯᠲᠠ ᠦᠢ᠍ᠯᠡᠴᠢᠯᠡᠭᠡᠨ᠎ᠤ ᠠᠵᠢᠯ᠎ᠤᠨ ᠡᠮᠬᠢ ᠵᠢᠷᠤᠮ᠎ᠲᠠᠢ ᠥᠷᠨᠢᠬᠦ ᠵᠢ ᠠᠬᠢᠭᠤᠯᠵᠤ᠂ ᠨᠡᠢ᠌ᠭᠡᠮ ᠲᠣᠭᠣᠷᠢᠭ᠎ᠤᠨ ᠡᠶ᠎ᠡ ᠵᠣᠬᠢᠴᠠᠩᠭᠤᠢ ᠲᠣᠭᠲᠠᠭᠤᠨ ᠪᠠᠢ᠌ᠳᠠᠯ᠎ᠢ ᠠᠭᠢᠭᠤᠯᠪᠠ᠃
      (ᠭᠤᠷᠪᠠ) ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠤᠨ ᠵᠦᠢ᠍ᠯ ᠵᠤᠷᠪᠤᠰ᠎ᠢ ᠨᠡᠮᠡᠵᠦ᠂ ᠥᠮᠴᠢᠲᠡᠨ᠎ᠤ ᠺᠣᠮᠢᠰ᠎ᠤᠨ ᠦᠢ᠍ᠯᠡᠳᠦᠯ ᠵᠶ᠋ᠠᠨ ᠪᠠᠳᠠᠷᠠᠭᠤᠯᠬᠤ᠎ᠳᠤ ᠨᠥᠬᠥᠪᠥᠷᠢ ᠬᠠᠩᠭ᠋ᠠᠵᠠᠢ᠃
      ᠳᠦᠷᠢᠮ᠎ᠳᠤ 《ᠥᠮᠴᠢᠲᠠᠳ᠎ᠤᠨ ᠶᠡᠬᠡ ᠬᠤᠷᠠᠯ᠎ᠢ ᠪᠠᠢ᠌ᠭᠤᠯᠬᠤ ᠨᠥᠬᠥᠴᠡᠯ ᠦᠭᠡᠢ᠂ ᠡᠰᠡᠬᠦᠯ᠎ᠡ ᠥᠮᠴᠢᠲᠠᠳ᠎ᠤᠨ ᠶᠡᠬᠡ ᠬᠤᠷᠠᠯ᠎ᠢ ᠪᠠᠢ᠌ᠭᠤᠯᠬᠤ ᠨᠥᠬᠥᠴᠡᠯ᠎ᠢ ᠪᠦᠷᠢᠯᠳᠦᠭᠦᠯᠦᠭᠰᠡᠨ ᠪᠣᠯᠪᠠᠴᠤ ᠥᠮᠴᠢᠲᠠᠳ᠎ᠤᠨ ᠶᠡᠬᠡ ᠬᠤᠷᠠᠯ᠎ᠢ ᠪᠠᠢ᠌ᠭᠤᠯᠤᠭ᠋ᠠᠳᠤᠢ᠂ ᠥᠮᠴᠢᠲᠠᠳ᠎ᠤᠨ ᠶᠡᠬᠡ ᠬᠤᠷᠠᠯ ᠪᠠᠢ᠌ᠭᠤᠯᠤᠭᠳᠠᠭᠰᠠᠨ᠎ᠤ ᠳᠠᠷᠠᠭ᠎ᠠ ᠥᠮᠴᠢᠲᠠᠳ᠎ᠤᠨ ᠺᠣᠮᠢᠰ᠎ᠤᠨ ᠣᠷᠣᠨ ᠰᠠᠭᠤᠴᠠ ᠵᠢᠨ ᠲᠣᠭᠣᠷᠢᠭ ᠰᠤᠩᠭᠤᠭ᠋ᠠᠳᠤᠢ᠂ ᠠᠳᠠᠯ ᠠᠬᠤᠶ ᠵᠢᠨ ᠲᠥᠷᠥᠯ ᠵᠦᠢᠯ᠎ᠤᠨ ᠪᠠᠢ᠌ᠭ᠎ᠠ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠲᠠᠷᠠᠭ᠎ᠠ ᠮᠥᠨ ᠯᠡ ᠥᠮᠴᠢᠲᠠᠳ᠎ᠤᠨ ᠶᠡᠬᠡ ᠬᠤᠷᠠᠯ ᠪᠠᠢ᠌ᠭᠤᠯᠬᠤ ᠪᠠ ᠥᠮᠴᠢᠲᠠᠳ᠎ᠤᠨ ᠺᠣᠮᠢᠰ᠎ᠢ ᠰᠣᠩᠭᠣᠨ ᠭᠠᠷᠭ᠋ᠠᠵᠤ ᠳᠡᠢ᠌ᠯᠬᠦ ᠦᠭᠡᠢ ᠪᠣᠯ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠺᠣᠮᠢᠰ᠎ᠢ ᠵᠣᠬᠢᠶᠠᠨ ᠪᠠᠢ᠌ᠭᠤᠯᠤᠨ᠂ ᠥᠮᠴᠢᠲᠠᠳ ᠵᠶ᠋ᠠᠷ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠢ ᠵᠣᠬᠢᠶᠠᠨ ᠪᠠᠢ᠌ᠭᠤᠯᠵᠤ᠂ ᠥᠮᠴᠢᠲᠠᠳ᠎ᠤᠨ ᠶᠡᠬᠡ ᠬᠤᠷᠠᠯ᠂ ᠥᠮᠴᠢᠲᠠᠳ᠎ᠤᠨ ᠺᠣᠮᠢᠰ᠎ᠤᠨ ᠡᠭᠦᠷᠭᠡ ᠬᠠᠷᠢᠭᠤᠴᠠᠯᠭ᠎ᠠ ᠵᠢ ᠲᠦᠷ ᠴᠠᠭ ᠭᠦᠢᠴᠡᠳᠬᠡᠯᠭᠡᠵᠦ᠂ ᠨᠥᠬᠥᠴᠡᠯ᠎ᠳᠤ ᠨᠡᠢ᠌ᠴᠡᠬᠦ ᠣᠷᠣᠨ ᠰᠠᠭᠤᠴᠠ ᠵᠢᠨ ᠲᠣᠭᠣᠷᠢᠭ᠎ᠲᠤ ᠥᠮᠴᠢᠲᠠᠳ᠎ᠤᠨ ᠶᠡᠬᠡ ᠬᠤᠷᠠᠯ᠎ᠢ ᠪᠠᠢ᠌ᠭᠤᠯᠵᠤ᠂ ᠥᠮᠴᠢᠲᠠᠳ᠎ᠤᠨ ᠺᠣᠮᠢᠰ ᠰᠤᠩᠭᠤᠬᠤ ᠵᠢ ᠠᠭᠢᠭᠤᠯᠬᠤ ᠬᠡᠷᠡᠭᠲᠡᠢ᠃》 ᠬᠡᠮᠡᠨ ᠲᠣᠭᠲᠠᠭ᠋ᠠᠪᠠ᠃
      ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ᠎ᠨᠢ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠂ ᠥᠮᠴᠢᠲᠡᠨ᠂ ᠠᠳᠠᠯ ᠠᠬᠤᠶ ᠵᠢᠨ ᠬᠡᠷᠡᠭᠯᠡᠭᠴᠢ ᠵᠢᠨ ᠲᠥᠯᠥᠭᠡᠯᠡᠭᠴᠢ ᠵᠡᠷᠭᠡ ᠭᠤᠷᠪᠠ᠎ᠠᠴᠠ ᠳᠡᠭᠡᠭᠰᠢᠬᠢ ᠰᠣᠨᠳᠣᠭᠣᠶ ᠲᠣᠭ᠎ᠠ᠎ᠪᠠᠷ ᠪᠦᠷᠢᠯᠳᠦᠵᠦ᠂ ᠡᠭᠦᠨ᠎ᠳᠤ ᠥᠮᠴᠢᠲᠡᠨ᠎ᠤ ᠲᠥᠯᠥᠭᠡᠯᠡᠭᠴᠢ᠎ᠨᠢ ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠢᠰ᠎ᠤᠨ ᠭᠡᠰᠢᠭᠦᠳ᠎ᠤᠨ ᠲᠣᠭ᠎ᠠ ᠵᠢᠨ ᠬᠠᠭ᠋ᠠᠰ᠎ᠠᠴᠠ ᠳᠤᠲᠠᠭᠤ ᠪᠠᠢ᠌ᠵᠤ ᠪᠣᠯᠬᠤ ᠥᠬᠡᠶ᠃ ᠥᠮᠴᠢᠲᠡᠨ᠎ᠤ ᠲᠥᠯᠥᠭᠡᠯᠡᠭᠴᠢ ᠵᠢ ᠰᠣᠩᠭᠣᠨ ᠭᠠᠷᠭ᠋ᠠᠬᠤ ᠪᠠ ᠬᠢᠷᠢ ᠬᠡᠮ᠎ᠢ ᠬᠢᠨᠠᠨ ᠪᠠᠢ᠌ᠴᠠᠭ᠋ᠠᠬᠤ ᠵᠢ ᠥᠮᠴᠢᠲᠠᠳ᠎ᠤᠨ ᠺᠣᠮᠢᠰ᠎ᠤᠨ ᠵᠢᠱ᠌ᠢᠭᠳᠡᠭᠴᠢ ᠵᠢᠨ ᠬᠣᠯᠪᠣᠭᠳᠠᠯ ᠪᠥᠬᠥᠶ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠬᠡᠷᠡᠭᠵᠢᠭᠦᠯᠦᠨ᠎ᠡ᠃ ᠡᠷᠬᠢᠯᠡᠭᠴᠢ ᠵᠢ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠤᠨ ᠲᠥᠯᠥᠭᠡᠯᠡᠭᠴᠢ ᠡᠭᠦᠷᠭᠡᠯᠡᠵᠦ᠂ ᠳᠡᠳ᠋ ᠡᠷᠬᠢᠯᠡᠭᠴᠢ ᠵᠢ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠠᠴᠠ ᠨᠢᠭᠡ ᠥᠮᠴᠢᠲᠡᠨ᠎ᠤ ᠲᠥᠯᠥᠭᠡᠯᠡᠭᠴᠢ ᠲᠣᠭᠲᠠᠭ᠋ᠠᠨ ᠡᠭᠦᠷᠭᠡᠯᠡᠭᠦᠯᠦᠨ᠎ᠡ᠃
      ᠳᠡᠭᠡᠷᠡᠬᠢ ᠭᠤᠷᠪᠠᠨ ᠵᠦᠢ᠍ᠯ᠎ᠤᠨ ᠠᠷᠭ᠎ᠠ ᠬᠡᠮᠵᠢᠶ᠎ᠡ ᠵᠢ ᠳᠦᠷᠢᠮ᠎ᠳᠤ ᠪᠢᠴᠢᠵᠦ ᠣᠷᠣᠭᠤᠯᠬᠤ᠎ᠪᠠᠷ ᠳᠠᠮᠵᠢᠨ᠂ ᠣᠷᠣᠨ ᠰᠠᠭᠤᠴᠠ ᠵᠢᠨ ᠲᠣᠭᠣᠷᠢᠭ᠎ᠤᠨ ᠥᠮᠴᠢᠲᠠᠳ᠎ᠤᠨ ᠺᠣᠮᠢᠰ᠎ᠢ ᠪᠠᠢ᠌ᠭᠤᠯᠬᠤ᠎ᠳᠤ ᠬᠦᠴᠢᠷ᠂ ᠵᠠᠷᠤᠳᠠᠯ ᠳᠤᠲᠠᠮᠠᠭ᠂ ᠦᠢ᠍ᠯᠡᠳᠦᠯ ᠵᠶ᠋ᠡᠨ ᠪᠠᠳᠠᠷᠠᠭᠤᠯᠬᠤ᠎ᠳᠤ ᠬᠦᠴᠢᠷ ᠵᠡᠷᠭᠡ ᠠᠰᠠᠭᠤᠳᠠᠯ᠎ᠤᠳ᠎ᠢ ᠤᠯᠠᠮ ᠨᠢᠭᠡ ᠠᠯᠬᠤᠮ ᠰᠢᠢ᠍ᠳᠪᠦᠷᠢᠯᠡᠪᠡ᠃
      ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠮᠠᠰᠢ ᠣᠯᠠᠨ ᠥᠮᠴᠢᠲᠠᠳ ᠴᠥᠮ ᠤᠰᠤ᠂ ᠴᠠᠬᠢᠯᠭ᠋ᠠᠨ᠂ ᠰᠢᠲᠠᠮᠠᠬᠠᠢ ᠬᠡᠶ᠂ ᠢᠯᠴᠢ ᠬᠠᠩᠭ᠋ᠠᠬᠤ ᠬᠣᠭᠣᠯᠠᠶ ᠵᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠠᠵᠢᠯ᠎ᠢ ᠶᠡᠬᠡ ᠠᠩᠬᠠᠷᠴᠤ ᠪᠤᠢ᠂ ᠠᠮᠢᠳᠤᠷᠠᠯ ᠳᠤᠮᠳᠠ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠠᠵᠢᠯ᠎ᠢ ᠬᠠᠷᠢᠯᠴᠠᠨ ᠲᠦᠯᠬᠢᠯᠴᠡᠬᠦ ᠦᠵᠡᠭᠳᠡᠯ ᠣᠷᠤᠰᠢᠵᠤ ᠪᠠᠢ᠌ᠨ᠎ᠠ᠂ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠵᠢᠨ ᠬᠠᠮᠢᠶᠠᠷᠤᠯᠲᠠ ᠵᠢᠨ ᠲᠦᠷᠢᠮ》᠎ᠳᠤ ᠡᠨᠡ ᠲᠤᠬᠠᠢ ᠬᠡᠷᠬᠢᠨ ᠲᠣᠭᠲᠠᠭ᠋ᠠᠭᠰᠠᠨ ᠪᠣᠶ?
      ᠯᠸᠢ ᠵᠧᠨ ᠬᠤᠸᠠ᠄ ᠤᠰᠤ᠂ ᠴᠠᠬᠢᠯᠭ᠋ᠠᠨ᠂ ᠰᠢᠲᠠᠮᠠᠬᠠᠶ ᠬᠡᠶ᠂ ᠢᠯᠴᠢ ᠬᠠᠩᠭ᠋ᠠᠬᠤ᠎ᠨᠢ ᠥᠮᠴᠢᠲᠠᠳ᠎ᠤᠨ ᠠᠮᠤᠷ ᠲᠣᠭᠲᠠᠭᠤᠨ ᠠᠮᠢᠳᠤᠷᠠᠯ᠎ᠳᠤ ᠬᠣᠯᠪᠣᠭᠳᠠᠬᠤ ᠪᠥᠭᠡᠳ ᠪᠠᠰᠠ ᠳᠡᠭᠡᠷ᠎ᠡ ᠳᠤᠷᠠᠳᠤᠭᠰᠠᠨ ᠠᠵᠤ ᠠᠬᠤᠢ᠌ᠯᠠᠯ᠎ᠤᠳ ᠬᠢᠭᠡᠳ ᠠᠳᠠᠯ ᠠᠬᠤᠶ ᠵᠢᠨ ᠦᠢᠯᠡᠴᠢᠯᠡᠭᠡᠨ᠎ᠤ ᠠᠵᠤ ᠠᠬᠤᠢ᠌ᠯᠠᠯ᠎ᠤᠨ ᠠᠵᠤ ᠠᠬᠤᠶ ᠵᠢᠨ ᠠᠰᠢᠭ ᠲᠤᠰᠠ ᠵᠢᠴᠢ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠳᠤ ᠬᠣᠯᠪᠣᠭᠳᠠᠨ᠎ᠠ᠂ ᠠᠮᠢᠳᠤᠷᠠᠯ ᠳᠤᠮᠳᠠ᠂ ᠬᠠᠷᠢᠯᠴᠠᠨ ᠲᠦᠯᠬᠢᠯᠴᠡᠬᠦ ᠪᠠ ᠵᠥᠷᠢᠴᠡᠯ ᠮᠠᠷᠭᠤᠭ᠋ᠠᠨ᠎ᠲᠠᠢ ᠦᠵᠡᠭᠳᠡᠯ ᠦᠨᠡᠨ ᠬᠦ᠌ ᠣᠷᠣᠰᠢᠵᠤ᠂ ᠨᠢᠭᠡᠨ ᠨᠡᠯᠢᠶᠡᠳ ᠲᠣᠪᠣᠢ᠌ᠮ᠎ᠠ ᠠᠰᠠᠭᠤᠳᠠᠯ ᠪᠣᠯᠪᠠ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠵᠢᠨ ᠬᠠᠮᠢᠶᠠᠷᠤᠯᠲᠠ ᠵᠢᠨ ᠲᠦᠷᠢᠮ》᠎ᠨᠢ ᠳᠡᠭᠡᠷᠡᠬᠢ ᠠᠰᠠᠭᠤᠳᠠᠯ᠎ᠳᠤ ᠨᠢᠭᠡᠨᠲᠡ ᠲᠣᠳᠣᠷᠬᠠᠶ ᠲᠣᠭᠲᠠᠭ᠋ᠠᠯ᠎ᠲᠠᠢ ᠪᠣᠯᠤᠭᠰᠠᠨ ᠪᠠᠢ᠌ᠨ᠎ᠠ᠃
      ᠨᠢᠭᠡᠳᠦᠭᠡᠷ᠎ᠲᠤ᠂ ᠤᠰᠤ᠂ ᠴᠠᠬᠢᠯᠭ᠋ᠠᠨ᠂ ᠰᠢᠲᠠᠮᠠᠬᠠᠢ ᠬᠡᠢ᠂ ᠢᠯᠴᠢ ᠬᠠᠩᠭ᠋ᠠᠬᠤ ᠵᠡᠷᠭᠡ ᠨᠢᠭᠡᠴᠡ ᠵᠢᠨ ᠲᠤᠰᠬᠠᠶ ᠡᠵᠡᠩᠨᠡᠯᠲᠡ ᠵᠢᠨ ᠪᠡᠯᠡᠳᠬᠡᠮᠵᠢ ᠲᠥᠬᠥᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠶ ᠤᠲᠠᠰᠤ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠵᠢᠴᠢ ᠥᠮᠴᠢᠯᠡᠬᠦ ᠡᠷᠬᠡ ᠵᠢᠨ ᠬᠠᠷᠢᠶᠠᠯᠠᠯ᠎ᠢ ᠡᠬᠢ ᠡᠭᠦᠰᠦᠯ᠎ᠠᠴᠠ᠎ᠨᠢ ᠰᠢᠢᠳᠪᠦᠷᠢᠯᠡᠪᠠ᠃ ᠪᠠᠷᠢᠯᠭ᠎ᠠ ᠪᠠᠷᠢᠭᠤᠯᠬᠤ ᠨᠢᠭᠡᠴᠡ ᠲᠥᠷᠥᠯ ᠵᠦᠢᠯ᠎ᠢ ᠪᠥᠲᠥᠭᠡᠨ ᠪᠠᠢ᠌ᠭᠤᠯᠬᠤ᠎ᠳᠤ᠎ᠪᠠᠨ ᠤᠰᠤ᠂ ᠴᠠᠬᠢᠯᠭ᠋ᠠᠨ᠂ ᠰᠢᠲᠠᠮᠠᠬᠠᠢ ᠬᠡᠶ᠂ ᠢᠯᠴᠢ ᠵᠡᠷᠭᠡ ᠲᠤᠰᠬᠠᠶ ᠡᠵᠡᠩᠨᠡᠯᠲᠡ ᠵᠢᠨ ᠪᠡᠯᠡᠳᠬᠡᠮᠵᠢ ᠲᠥᠬᠥᠭᠡᠷᠦᠮᠵᠢ ᠵᠢᠴᠢ ᠬᠠᠮᠢᠶ᠎ᠠ ᠪᠥᠬᠥᠶ ᠬᠣᠭᠣᠯᠠᠶ ᠤᠲᠠᠰᠤ ᠵᠢᠨ ᠪᠥᠲᠥᠭᠡᠨ ᠪᠠᠢ᠌ᠭᠤᠯᠤᠯᠲᠠ ᠵᠢᠨ ᠪᠠᠷᠢᠮᠵᠢᠶ᠎ᠠ ᠵᠢ ᠳᠤᠷ᠎ᠠ᠎ᠪᠠᠷ ᠵᠶ᠋ᠠᠨ ᠲᠣᠭᠲᠠᠭ᠋ᠠᠵᠤ ᠪᠣᠯᠬᠤ ᠥᠬᠡᠶ᠂ ᠤᠯᠤᠰ᠎ᠤᠨ ᠮᠡᠷᠭᠡᠵᠢᠯ᠎ᠤᠨ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠃ ᠰᠢᠨ᠎ᠡ᠎ᠪᠠᠷ ᠪᠠᠢ᠌ᠭᠤᠯᠤᠭᠳᠠᠭᠰᠠᠨ ᠣᠷᠣᠨ ᠰᠠᠭᠤᠴᠠ ᠵᠢᠨ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ᠎ᠤ ᠳᠣᠲᠣᠷᠠᠬᠢ ᠲᠤᠰᠬᠠᠶ ᠡᠵᠡᠩᠨᠡᠯᠲᠡ ᠵᠢᠨ ᠪᠡᠯᠡᠳᠬᠡᠮᠵᠢ ᠵᠢ ᠭᠣᠤᠯ ᠴᠣᠭᠴᠠᠲᠤ ᠪᠠᠷᠢᠯᠭ᠎ᠠ᠎ᠯᠤᠭ᠎ᠠ ᠬᠠᠮᠲᠤ᠎ᠳᠤ᠎ᠨᠢ ᠵᠢᠷᠤᠭᠯᠠᠨ ᠲᠥᠯᠥᠪᠯᠡᠵᠦ᠂ ᠬᠠᠮᠲᠤ᠎ᠳᠤ᠎ᠨᠢ ᠪᠠᠢ᠌ᠭᠤᠯᠵᠤ᠂ ᠬᠠᠮᠲᠤ᠎ᠳᠤ᠎ᠨᠢ ᠲᠤᠰᠢᠶᠠᠨ ᠥᠭᠬᠦ ᠬᠡᠷᠡᠭᠲᠡᠶ᠃ ᠪᠦᠳᠦᠭᠡᠠ ᠪᠠᠢ᠌ᠭᠤᠯᠬᠤ ᠨᠢᠭᠡᠴᠡ᠎ᠨᠢ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠠᠵᠢᠯ ᠵᠣᠬᠢᠶᠠᠨ ᠪᠠᠢ᠌ᠭᠤᠯᠬᠤ᠎ᠳᠤ᠎ᠪᠠᠨ ᠤᠰᠤ᠂ ᠴᠠᠬᠢᠯᠭ᠋ᠠᠨ᠂ ᠢᠯᠴᠢ᠂ ᠰᠢᠲᠠᠮᠠᠬᠠᠢ ᠭᠡᠢ ᠬᠠᠩᠭ᠋ᠠᠬᠤ ᠵᠡᠷᠭᠡ ᠬᠣᠯᠪᠣᠭᠳᠠᠯ ᠪᠦᠬᠦᠢ ᠲᠤᠰᠬᠠᠢ ᠡᠵᠡᠩᠨᠡᠯᠲᠡ ᠵᠢᠨ ᠨᠢᠭᠡᠴᠡ᠎ᠳᠤ ᠮᠡᠳᠡᠭᠳᠡᠵᠦ ᠣᠷᠣᠯᠴᠠᠭᠤᠯᠬᠤ ᠬᠡᠷᠡᠭᠲᠡᠢ; ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂ ᠪᠦᠲᠦᠭᠡᠨ ᠪᠠᠢ᠌ᠭᠤᠯᠤᠭᠰᠠᠨ ᠨᠢᠭᠡᠴᠡ ᠲᠤᠰᠬᠠᠶ ᠡᠵᠡᠩᠨᠡᠯᠲᠡ ᠵᠢᠨ ᠪᠡᠯᠡᠳᠬᠡᠮᠵᠢ ᠲᠥᠬᠥᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠶ ᠤᠲᠠᠰᠤ ᠵᠢ ᠲᠤᠰᠬᠠᠶ ᠡᠵᠡᠩᠨᠡᠯᠲᠡ ᠵᠢᠨ ᠨᠢᠭᠡᠴᠡ᠎ᠳᠤ ᠰᠢᠯᠵᠢᠭᠦᠯᠦᠨ ᠲᠤᠰᠢᠶᠠᠵᠤ ᠬᠠᠮᠠᠭ᠋ᠠᠯᠠᠨ ᠬᠠᠮᠢᠶᠠᠷᠤᠭᠤᠯᠬᠤ ᠬᠡᠷᠡᠭᠲᠡᠶ᠂ ᠲᠤᠰᠬᠠᠶ ᠡᠵᠡᠩᠨᠡᠯᠲᠡ ᠵᠢᠨ ᠨᠢᠭᠡᠴᠡ᠎ᠨᠢ ᠭᠥᠯᠢᠶᠡᠨ ᠠᠪᠬᠤ ᠬᠡᠷᠡᠭᠲᠡᠶ᠃
      ᠬᠣᠶᠠᠳᠤᠭ᠋ᠠᠷ᠎ᠲᠤ᠂ ᠤᠰᠤ᠂ ᠴᠠᠬᠢᠯᠭ᠋ᠠᠨ᠂ ᠰᠢᠲᠠᠮᠠᠬᠠᠢ ᠬᠡᠢ᠂ ᠢᠯᠴᠢ ᠬᠠᠩᠭ᠋ᠠᠬᠤ ᠵᠡᠷᠭᠡ ᠨᠢᠭᠡᠴᠡ ᠵᠢᠨ ᠲᠤᠰᠬᠠᠶ ᠡᠵᠡᠩᠨᠡᠯᠲᠡ ᠵᠢᠨ ᠲᠥᠬᠥᠭᠡᠷᠦᠮᠵᠢ ᠲᠥᠬᠥᠭᠡᠷᠦᠮᠵᠢ ᠵᠢᠴᠢ ᠬᠣᠯᠪᠣᠭᠳᠠᠯ ᠪᠦᠬᠦᠢ ᠬᠣᠭᠣᠯᠠᠶ ᠤᠲᠠᠰᠤ ᠵᠢᠨ ᠥᠮᠴᠢᠯᠡᠯ᠎ᠤᠨ ᠡᠷᠬᠡ ᠵᠢᠨ ᠬᠠᠷᠢᠶᠠᠯᠠᠯ᠎ᠢ ᠴᠦ᠍ ᠨᠢᠭᠡᠨᠲᠡ ᠲᠣᠳᠣᠷᠬᠠᠢ᠌ᠯᠠᠪᠠ᠃ ᠠᠳᠠᠯ ᠠᠬᠤᠶ ᠵᠢᠨ ᠪᠠᠢ᠌ᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠤᠰᠬᠠᠶ ᠡᠵᠡᠩᠨᠡᠯᠲᠡ ᠵᠢᠨ ᠨᠢᠭᠡᠴᠡ ᠵᠢ ᠵᠣᠬᠢᠶᠠᠨ ᠪᠠᠢ᠌ᠭᠤᠯᠵᠤ ᠰᠢᠯᠭ᠋ᠠᠨ ᠠᠪᠬᠤ ᠬᠡᠷᠡᠭᠲᠡᠶ᠃ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠪᠠᠢ᠌ᠪᠠᠯ ᠲᠤᠰᠬᠠᠢ ᠮᠡᠷᠭᠡᠵᠢᠯ᠎ᠤᠨ ᠡᠵᠡᠩᠨᠡᠯᠲᠡ ᠵᠢᠨ ᠨᠢᠭᠡᠴᠡ ᠬᠦᠯᠢᠶᠡᠨ ᠠᠪᠤᠨ᠎ᠠ; ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠶ ᠵᠢ᠎ᠨᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠮᠢᠶ᠎ᠠ ᠪᠦᠬᠦᠢ ᠨᠢᠭᠡᠴᠡ ᠵᠢ ᠵᠣᠬᠢᠶᠠᠨ ᠪᠠᠢ᠌ᠭᠤᠯᠤᠨ ᠴᠡᠭᠴᠡᠯᠡᠨ ᠰᠠᠢ᠌ᠵᠢᠷᠠᠭᠤᠯᠵᠤ᠂ ᠴᠡᠭᠴᠡᠯᠡᠨ ᠰᠠᠢ᠌ᠵᠢᠷᠠᠭᠤᠯᠤᠭ᠋ᠠᠳ ᠬᠢᠷᠢ ᠲᠡᠩᠴᠡᠭᠰᠡᠨ᠎ᠤ ᠳᠠᠷᠠᠭ᠎ᠠ᠂ ᠲᠤᠰᠬᠠᠶ ᠡᠵᠡᠩᠨᠡᠯᠲᠡ ᠵᠢᠨ ᠨᠢᠭᠡᠴᠡ᠎ᠨᠢ ᠬᠦᠯᠢᠶᠡᠨ ᠠᠪᠤᠨ᠎ᠠ᠃
      ᠭᠤᠷᠪᠠᠳᠤᠭ᠋ᠠᠷ᠎ᠲᠤ᠂ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠵᠡᠷᠭᠡ ᠵᠠᠷᠤᠳᠠᠯ᠎ᠢ ᠡᠭᠦᠷᠭᠡᠯᠡᠬᠦ ᠰᠠᠯᠠᠭ᠎ᠠ ᠮᠥᠴᠢᠷ᠎ᠢ ᠤᠯᠠᠮ ᠨᠢᠭᠡ ᠠᠯᠬᠤᠮ ᠲᠣᠳᠤᠷᠬᠠᠢ ᠪᠣᠯᠭ᠋ᠠᠪᠠ᠂ ᠲᠦᠷᠢᠮ᠎ᠳᠤ᠂ ᠲᠤᠰᠬᠠᠶ ᠡᠵᠡᠩᠨᠡᠯᠲᠡ ᠵᠢᠨ ᠨᠢᠭᠡᠴᠡ᠎ᠳᠤ ᠰᠢᠯᠵᠢᠭᠦᠯᠦᠨ ᠥᠭᠭᠦᠭᠰᠡᠨ ᠪᠡᠯᠡᠳᠬᠡᠮᠵᠢ ᠲᠥᠬᠥᠭᠡᠷᠦᠮᠵᠢ ᠵᠢᠴᠢ ᠬᠠᠮᠢᠶ᠎ᠠ ᠪᠥᠬᠥᠶ ᠬᠣᠭᠣᠯᠠᠶ ᠤᠲᠠᠰᠤ ᠵᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠵᠡᠷᠭᠡ ᠵᠠᠷᠤᠳᠠᠯ᠎ᠢ ᠲᠤᠰᠬᠠᠶ ᠡᠵᠡᠩᠨᠡᠯᠲᠡ ᠵᠢᠨ ᠨᠢᠭᠡᠴᠡ ᠬᠠᠤᠯᠢ ᠶᠣᠰᠣᠭ᠋ᠠᠷ ᠡᠭᠦᠷᠭᠡᠯᠡᠨ᠎ᠡ ᠭᠡᠵᠦ ᠲᠣᠳᠣᠷᠬᠠᠶ ᠲᠣᠭᠲᠠᠭ᠋ᠠᠵᠠᠶ᠃ ᠵᠠᠰᠠᠬᠤ ᠵᠢ ᠪᠠᠲᠤᠯᠠᠬᠤ ᠬᠤᠭᠤᠴᠠᠭ᠋ᠠᠨ᠎ᠳᠤ ᠪᠠᠢ᠌ᠭ᠎ᠠ ᠪᠣᠯ ᠵᠠᠷᠤᠳᠠᠯ᠎ᠢ᠎ᠨᠢ ᠪᠦᠲᠦᠭᠡᠨ ᠪᠠᠷᠢᠭᠤᠯᠤᠭᠰᠠᠨ ᠨᠢᠭᠡᠴᠡ ᠡᠭᠦᠷᠭᠡᠯᠡᠨ᠎ᠡ᠃
      ᠳᠥᠷᠪᠡᠳᠦᠭᠡᠷ᠎ᠲᠤ᠂ ᠤᠰᠤ᠂ ᠴᠠᠬᠢᠯᠭ᠋ᠠᠨ᠂ ᠰᠢᠲᠠᠮᠠᠬᠠᠢ ᠬᠡᠢ᠂ ᠢᠯᠴᠢ ᠬᠠᠩᠭ᠋ᠠᠬᠤ ᠵᠡᠷᠭᠡ ᠨᠢᠭᠡᠴᠡ ᠵᠢᠨ ᠲᠤᠰᠬᠠᠶ ᠰᠡᠯᠪᠢᠨ ᠵᠠᠰᠠᠬᠤ ᠬᠦᠷᠢᠶ᠎ᠡ ᠬᠡᠪᠴᠢᠶ᠎ᠡ ᠵᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠠᠳᠠᠯ ᠠᠬᠤᠶ ᠵᠢᠨ ᠬᠠᠮᠢᠶᠠᠷᠤᠯᠲᠠ ᠵᠢᠨ ᠣᠷᠣᠨ᠎ᠤ ᠳᠣᠲᠣᠷᠠᠬᠢ ᠡᠷᠦᠬᠡᠴᠢᠯᠡᠨ ᠬᠤᠪᠢᠶᠠᠭᠰᠠᠨ ᠦᠵᠦᠭᠦᠷ ᠬᠡᠮᠵᠢᠯᠲᠡ ᠵᠢᠨ ᠲᠣᠨᠣᠭᠯᠠᠯ ᠵᠢᠴᠢ ᠲᠡᠭᠦᠨ᠎ᠠᠴᠠ ᠪᠤᠰᠤᠳ ᠪᠡᠯᠡᠳᠬᠡᠮᠵᠢ ᠲᠥᠬᠥᠭᠡᠷᠦᠮᠵᠢ ᠪᠤᠶᠤ ᠡᠷᠦᠬᠡ᠎ᠳᠤ ᠣᠷᠣᠭᠤᠯᠬᠤ ᠵᠠᠯᠭ᠋ᠠᠭ᠋ᠠᠰᠤ᠎ᠠᠴᠠ ᠪᠤᠰᠤᠳ ᠪᠡᠯᠡᠳᠬᠡᠮᠵᠢ ᠲᠥᠬᠥᠭᠡᠷᠦᠮᠵᠢ ᠵᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠵᠢ ᠬᠠᠷᠢᠭᠤᠴᠠᠬᠤ ᠵᠢᠨ ᠬᠠᠮᠲᠤ ᠬᠠᠮᠢᠶ᠎ᠠ ᠪᠦᠬᠦᠢ ᠵᠠᠷᠤᠳᠠᠯ᠎ᠢ ᠡᠭᠦᠷᠭᠡᠯᠡᠭᠦᠯᠦᠨ᠎ᠡ᠃
      ᠳᠡᠭᠡᠷᠡᠬᠢ ᠪᠣᠯ ᠳᠠᠷᠤᠶ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ ᠵᠢᠨ ᠬᠠᠮᠢᠶᠠᠷᠤᠯᠲᠠ ᠵᠢᠨ ᠲᠦᠷᠢᠮ》᠎ᠤᠨ ᠤᠰᠤ᠂ ᠴᠠᠬᠢᠯᠭ᠋ᠠᠨ᠂ ᠰᠢᠲᠠᠮᠠᠬᠠᠶ ᠬᠡᠶ᠂ ᠢᠯᠴᠢ ᠬᠠᠩᠭ᠋ᠠᠬᠤ ᠬᠣᠭᠣᠯᠠᠶ ᠵᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠠᠰᠠᠭᠤᠳᠠᠯ᠎ᠤᠳ᠎ᠤᠨ ᠲᠤᠬᠠᠶ ᠲᠣᠭᠲᠠᠭ᠋ᠠᠯ ᠪᠣᠯᠤᠨ᠎ᠠ᠂ ᠡᠨᠡ᠎ᠨᠢ ᠡᠲᠡᠭᠡᠷ ᠲᠣᠭᠲᠠᠭ᠋ᠠᠯ᠎ᠳᠤ ᠬᠣᠯᠪᠤᠭᠳᠠᠬᠤ ᠪᠥᠲᠥᠭᠡᠨ ᠪᠠᠢ᠌ᠭᠤᠯᠬᠤ ᠨᠢᠭᠡᠴᠡ᠂ ᠤᠰᠤ᠂ ᠴᠠᠬᠢᠯᠭ᠋ᠠᠨ᠂ ᠰᠢᠲᠠᠮᠠᠬᠠᠶ ᠬᠡᠶ᠂ ᠢᠯᠴᠢ ᠬᠠᠩᠭ᠋ᠠᠬᠤ ᠵᠡᠷᠭᠡ ᠲᠤᠰᠬᠠᠶ ᠡᠵᠡᠩᠨᠡᠯᠲᠡ ᠵᠢᠨ ᠨᠢᠭᠡᠴᠡ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ᠎ᠤᠳ᠎ᠤᠨ ᠬᠠᠮᠲᠤ᠎ᠪᠠᠷ ᠴᠢᠷᠮᠠᠢ᠌ᠵᠤ ᠨᠠᠢ᠌ᠳᠠᠪᠤᠷᠢᠵᠢᠭᠤᠯᠬᠤ ᠵᠢ ᠱᠠᠭ᠋ᠠᠷᠳᠠᠨ᠎ᠠ᠃

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ