10 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠳ᠎ᠢ ᠬᠠᠯᠠᠮᠵᠢᠯᠠᠵᠤ ᠬᠠᠢ᠌ᠷᠠᠯᠠᠨ ᠬᠠᠮᠠᠭ᠋ᠠᠯᠠᠬᠤ ᠵᠢ ᠴᠢᠩᠭ᠋ᠠᠳᠬᠠᠬᠤ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠨᠡᠢ᠌ᠭᠡᠮ᠎ᠤᠨ ᠡᠯ᠎ᠡ ᠡᠲᠡᠭᠡᠳ᠎ᠲᠤ ᠥᠪᠡᠷᠲᠡᠭᠡᠨ ᠵᠠᠰᠠᠬᠤ ᠣᠷᠣᠨ᠎ᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠳ᠎ᠢ ᠬᠠᠯᠠᠮᠵᠢᠯᠠᠵᠤ ᠬᠠᠢ᠌ᠷᠠᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠭᠰᠠᠨ ᠠᠬᠢᠴᠠ ᠵᠢᠨ ᠦᠷ᠎ᠡ ᠪᠦᠲᠦᠮᠵᠢ ᠵᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠣᠭ ᠨᠥᠬᠥᠷ ᠭᠣᠣᠯ ᠰᠡᠳᠦᠪ᠎ᠢ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ ᠵᠡᠷᠭᠡ 4 ᠨᠢᠭᠡᠴᠢ᠎ᠨᠢ ᠵᠠᠭᠤᠴᠢᠯᠠᠭᠤᠷ ᠬᠢᠭᠡᠳ ᠨᠡᠢ᠌ᠭᠡᠮ ᠨᠡᠢ᠌ᠲᠡ ᠵᠢᠨ᠎ᠬᠢᠨ᠎ᠤ ᠬᠠᠯᠠᠮᠵᠢᠯᠠᠵᠤ ᠠᠩᠬᠠᠷᠴᠤ ᠪᠠᠢ᠌ᠭ᠎ᠠ ᠠᠰᠠᠭᠤᠯᠲᠠᠨᠤᠭᠤᠳᠲᠤ ᠬᠠᠷᠢᠭᠤᠯᠲᠠ ᠥᠭᠴᠡᠢ᠃