ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ   -   ᠮᠡᠳᠡᠭᠡᠯᠡᠯ
​ᠪᠣᠣ ᠭᠠᠩ ᠪᠤᠭᠤᠲᠤ ᠬᠣᠲᠠ ᠲᠥᠯᠥᠭᠡᠯᠡᠭ᠌ᠴᠢᠳ ᠪᠦᠯᠬᠦᠮ ᠎ᠦᠨ ᠬᠢᠨᠠᠨ ᠵᠥᠪᠯᠡᠬᠦ᠌ ᠎ᠳᠦ ᠣᠷᠣᠯᠴᠠᠬᠤ ᠎ᠳᠠᠭᠠᠨ ᠴᠢᠬᠤᠯᠠᠴᠢᠯᠠᠭ᠍ᠰᠠᠨ ᠨᠢ ᠬᠠᠭᠤᠴᠢᠨ ᠠᠵᠤ ᠦᠶ᠋ᠯᠡᠳᠪᠦᠷᠢ᠎ᠶ᠋ᠢᠨ ᠰᠠᠭᠤᠷᠢᠨ᠎ᠤ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2026-02-05

2 ᠰᠠᠷ᠎ᠠ᠎ᠶ᠋ᠢᠨ 4 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠎ᠤᠨ ᠪᠤᠭᠤᠲᠤ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃
 

2  ᠰᠠᠷ᠎ᠠ᠎ᠶ᠋ᠢᠨ 4 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠪᠤᠭᠤᠲᠤ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃

ᠰᠤᠷᠪᠤᠯᠵᠢᠯᠠᠬᠴᠢ  ᠬᠠᠨ ᠴᠢᠩ ᠯᠢ  ᠰᠡᠬᠦᠳᠡᠷᠯᠡᠪᠡ

ᠴᠧᠨ ᡁᠢ ᠴᠠᠩ᠂ ᠳ᠋ᠢᠩ ᠱᠢᠤ ᠹᠸᠩ᠂ ᠮᠸᠩ ᠴᠢᠩ ᠸᠧᠢ᠂ ᠱᠢᠤᠢ ᠱᠢᠩ᠂ ᠸᠠᠩ ᠵᠠᠨ ᠱᠠᠨ᠂ ᠬᠣ᠌ ᠵᠢᠨ᠂ ᠱ᠌ᠢ ᠵᠦᠩ ᠴᠢᠨ᠂ ᠢᠦᠢ ᠵᠠᠨ ᠵᠢᠶᠠᠩ ᠵᠡᠷᠭᠡ ᠲᠥᠯᠥᠭᠡᠯᠡᠭ᠌ᠴᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠣᠭᠣᠷᠢᠨ᠎ᠳᠤ᠂ ᠲᠤᠰ ᠲᠤᠰ᠎ᠤᠨ ᠠᠵᠢᠯ᠎ᠤᠨ ᠵᠢᠡᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠲᠦᠷᠦᠭ᠌ᠳᠡᠯ᠎ᠢᠶᠡᠨ ᠶᠠᠷᠢᠵᠤ᠂ ᠰᠠᠨᠠᠭᠤᠯᠭ᠎ᠠ ᠳᠤᠷᠠᠳᠪᠠ᠃ ᠪᠦᠦ ᠭᠠᠩ ᠲᠥᠯᠥᠭᠡᠯᠡᠭ᠌ᠴᠢᠳ᠎ᠦᠨ ᠬᠡᠯᠡᠬᠦ᠌᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ ᠪᠥᠭᠡᠳ ᠤᠯᠠᠨ᠎ᠲᠠᠶ ᠶᠠᠷᠢᠯᠴᠠᠨ ᠰᠠᠨᠠᠯ ᠵᠢᠡᠨ ᠰᠣᠯᠢᠯᠴᠠᠪᠠ᠃

ᠪᠦᠦ ᠭᠠᠩ᠂ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠬᠤᠭᠤᠴᠠᠭᠠᠨ ᠳ᠋ᠤ᠂ ᠦᠪᠡᠷᠳᠡᠬᠡᠨ ᠵᠠᠰᠠᠬᠤ ᠤᠷᠤᠨ ᠶᠡᠷᠦᠩᠬᠡᠢ ᠱᠦᠵᠢ ᠰᠢ᠎ᠵᠢᠨ᠎ᠫᠢᠩ᠎ᠤᠨ ᠦᠪᠦᠷ ᠮᠤᠩᠭᠤᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠤᠷᠢᠭ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠬᠴᠠ ᠵᠢᠨ ᠤᠬᠠᠮᠰᠠᠷ᠎ᠢ ᠪᠠᠳᠤ ᠴᠤᠬᠴᠠᠯᠠᠬᠤ ᠪᠡᠷ ᠭᠤᠤᠯ ᠰᠢᠵᠢᠮ ᠪᠤᠯᠭᠠᠵᠤ᠂ 《ᠬᠤᠶᠠᠷ ᠬᠠᠯᠬᠠᠪᠴᠢ》᠂《ᠬᠤᠶᠠᠷ ᠰᠠᠭᠤᠷᠢᠨ》᠂ 《ᠨᠢᠬᠡ ᠪᠡᠬᠢᠯᠡᠯᠳᠡ》ᠵᠢᠨ ᠪᠡᠢᠯᠳᠤᠬᠤ ᠪᠤᠳᠤᠯᠭ᠎ᠠ ᠵᠢᠨ ᠪᠠᠢᠷᠢ ᠲᠤᠬᠳᠠᠭᠠᠯᠳᠠ ᠪᠠ ᠡᠬᠦᠷᠬᠡ ᠬᠠᠷᠢᠭᠤᠴᠠᠯᠭ᠎ᠠ ᠵᠢ ᠪᠦᠬᠦ ᠲᠠᠯ᠎ᠠ ᠪᠡᠷ ᠨᠠᠢᠳᠠᠪᠤᠷᠢᠵᠢᠭᠤᠯᠵᠤ᠂ ᠡᠯ᠎ᠡ ᠵᠦᠢᠯ᠎ᠤᠨ ᠠᠵᠢᠯ ᠦᠢᠯᠡᠰ᠎ᠤᠨ ᠬᠦᠭᠵᠢᠯᠳᠠ ᠰᠢᠨ᠎ᠡ ᠲᠡᠭᠳᠡᠷ ᠲᠤ᠌ ᠭᠠᠷᠴᠠᠢ᠃ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ ᠦᠩᠬᠡᠷᠡᠭᠰᠡᠨ ᠲᠠᠪᠤᠨ ᠵᠢᠯ ᠎ᠳ᠋ᠡᠬᠢ ᠮᠠᠨ᠎ᠤ ᠤᠷᠤᠨ᠎ᠤ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠱᠢᠰᠲ᠋ᠧᠮ᠎ᠲᠡᠶ ᠳ᠋ᠦᠩᠨᠡᠪᠡ᠂ ᠡᠲᠡᠭᠡᠷ ᠠᠮᠵᠢᠯᠲᠠ᠎ᠶ᠋ᠢ ᠤᠯᠵᠤ ᠴᠢᠳᠠᠭᠰᠠᠨ᠎ᠤ ᠦᠨᠳᠦᠰᠦ᠎ᠨᠢ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠠᠶᠠᠯᠠᠯ᠎ᠢ ᠵᠢᠯᠤᠭᠤᠳᠤᠨ ᠵᠠᠯᠠᠭᠤᠷ᠎ᠢ ᠡᠵᠡᠮᠳᠡᠭᠰᠡᠨ᠎ᠳᠤ ᠪᠠᠢᠨ᠎ᠠ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ᠎ᠳᠤ ᠪᠠᠢᠨ᠎ᠠ᠃ ᠢᠯᠡᠳᠭᠡᠯ᠎ᠳᠦ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠲᠣᠳᠣᠷᠬᠠᠢᠯᠠᠵᠠᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》ᠠᠵᠢᠯ᠎ᠤᠨ ᠪᠠᠢᠷᠢᠯᠠᠭᠤᠯᠤᠯᠲᠠ ᠵᠢ ᠪᠦᠬᠦ ᠲᠠᠯ᠎ᠠ ᠪᠡᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠭᠤᠤᠯᠳᠠᠯᠭ᠎ᠠ ᠲᠠᠢ ᠪᠠᠢᠷᠢᠯᠠᠭᠤᠯᠤᠯᠲᠠ ᠬᠢᠪᠡ᠃ ᠪᠤᠭᠤᠲᠤ ᠬᠤᠲᠠ ᠠᠵᠤ ᠠᠬᠤᠢ᠎ᠶ᠋ᠢᠨ ᠶᠡᠬᠡ ᠬᠤᠳᠠ ᠪᠣᠯᠤᠭ᠍ᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ ᠵᠢ ᠲᠤᠯᠭᠠᠭᠤᠷᠢᠯᠠᠬᠤ ᠲᠤᠮᠳᠠ ᠴᠢᠬᠤᠯᠠ ᠪᠠᠢᠷᠢ ᠰᠠᠭᠤᠷᠢ᠎ᠲᠠᠶ ᠶᠤᠮ᠂ ᠴᠢᠨᠠᠷ ᠰᠠᠢᠲᠠᠢ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠠᠲᠤ ᠡᠵᠡᠮᠳᠡᠵᠦ᠂ ᠬᠠᠭᠤᠴᠢᠨ ᠠᠵᠤ ᠦᠢᠯᠡᠳᠪᠦᠷᠢ᠎ᠶ᠋ᠢᠨ ᠰᠠᠭᠤᠷᠢᠨ᠎ᠤ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ᠃ ᠠᠵᠤ ᠠᠬᠤᠢ᠎ᠶ᠋ᠢᠨ ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠲᠠᠯ᠎ᠠ᠎ᠪᠠᠷ ᠭᠤᠤᠯ ᠡᠭᠦᠷᠭᠡ ᠵᠢ ᠡᠭᠦᠷᠭᠡᠯᠡᠬᠦ᠌ ᠬᠡᠷᠡᠭ᠌ᠲᠡᠢ᠃ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠲᠣᠨᠣᠭᠯᠠᠯ ᠦᠶ᠋ᠯᠡᠳᠬᠦ᠌᠂ ᠬᠣᠪᠣᠷ ᠱᠢᠷᠣᠶ ᠵᠡᠷᠭᠡ ᠬᠦᠷᠢᠶ᠎ᠡ ᠴᠠᠷᠠᠭ᠎ᠠ᠎ᠳᠤ ᠨᠢᠭᠡ ᠪᠦᠯᠦᠭ ᠴᠢᠬᠤᠯᠠ ᠶᠡᠬᠡ ᠲᠥᠷᠥᠯ ᠵᠦᠶ᠋ᠯ᠎ᠢ ᠤᠬᠠᠭᠠᠯᠠᠨ ᠲᠦᠯᠦᠪᠯᠡᠵᠦ᠍᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠦᠨᠡᠨ ᠬᠦ᠌ ᠥᠷᠭᠡᠳᠭᠡᠬᠦ ᠬᠡᠷᠡᠭᠲᠡᠢ;《ᠬᠣᠶᠠᠷ ᠎ᠢ  ᠰᠢᠨᠡᠳᠬᠡᠬᠦ》ᠲᠤᠬᠠᠢ ᠲᠥᠷᠥ᠎ᠶ᠋ᠢᠨ ᠪᠣᠳᠣᠯᠭ᠎ᠠ᠎ᠶ᠋ᠢ ᠭᠦᠶ᠋ᠴᠡᠳ ᠰᠠᠢᠲᠤᠷ ᠬᠡᠷᠡᠭ᠌ᠯᠡᠵᠦ᠍᠂ ᠬᠦᠸᠸᠯᠦ᠂ ᠴᠠᠬᠢᠯᠭᠠᠨ ᠮᠠᠱᠢᠨ ᠵᠡᠷᠭᠡ ᠠᠵᠤ ᠦᠶ᠋ᠯᠡᠳᠪᠦᠷᠢ᠎ᠶ᠋ᠢᠨ ᠲᠤᠨᠤᠭ ᠲᠥᠬᠥᠭᠡᠷᠦᠮᠵᠢ᠎ᠶ᠋ᠢ ᠱᠢᠨᠡᠳᠬᠡᠬᠦ᠎ᠶ᠋ᠢ ᠠᠬᠢᠭᠤᠯᠵᠤ᠂ ᠮᠠᠱᠢᠨ ᠲᠡᠷᠭᠡ᠂ ᠭᠡᠷ᠎ᠦᠨ ᠴᠠᠬᠢᠯᠭᠠᠨ ᠬᠡᠷᠡᠭ᠌ᠰᠡᠯ ᠵᠡᠷᠭᠡ ᠬᠡᠷᠡᠭ᠌ᠯᠡᠭᠡᠨ᠎ᠦ ᠵᠦᠶ᠋ᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠦᠷᠭᠦᠯᠵᠢᠯᠡᠨ ᠥᠷᠨᠢᠭᠦᠯᠵᠦ᠍᠂ ᠬᠡᠷᠡᠭ᠌ᠯᠡᠭᠡ ᠵᠢᠨ ᠠᠵᠤ ᠠᠬᠤᠶ᠎ᠳᠤ ᠦᠵᠡᠭᠦᠯᠬᠦ᠌ ᠳᠠᠢᠴᠢᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ ᠬᠡᠷᠡᠭ᠌ᠲᠡᠶ; ᠮᠠᠨᠳᠤᠯ ᠬᠢᠯᠢ ᠵᠢᠨ ᠪᠣᠭᠣᠮᠲᠠ᠎ᠶ᠋ᠢᠨ ᠦᠢᠯᠡᠳᠦᠯ ᠴᠢᠳᠠᠪᠬᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠨᠤᠳᠤᠬᠰᠢᠬᠰᠠᠨ ᠡᠳ᠋ᠱᠢᠭᠦᠯᠦᠨ ᠪᠤᠯᠪᠠᠰᠤᠷᠠᠭᠤᠯᠬᠤ ᠠᠵᠤ ᠦᠶ᠋ᠯᠡᠰ᠎ᠢ ᠬᠥᠭ᠌ᠵᠢᠭᠦᠯᠦᠨ᠂ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠬᠤ ᠬᠡᠷᠡᠭᠲᠡᠢ᠃ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠲᠠᠯ᠎ᠠ᠎ᠪᠠᠷ ᠵᠢᠱ᠌ᠢᠶ᠎ᠡ ᠦᠵᠡᠭᠦᠯᠬᠦ᠌ ᠬᠡᠷᠡᠭ᠌ᠲᠡᠶ᠃ 《ᠬᠣᠪᠣᠷ ᠱᠢᠷᠣᠶ᠎ᠶ᠋ᠢᠨ ᠬᠣᠶᠠᠷ ᠰᠠᠭᠤᠷᠢᠨ》ᠢ᠋ ᠰᠠᠢᠲᠤᠷ ᠪᠦᠲᠦᠬᠡᠨ ᠪᠠᠢᠭᠤᠯᠵᠤ᠂ ᠬᠥᠩᠭᠡᠨ ᠳᠤᠮᠳᠠ ᠬᠦᠨᠳᠦ ᠬᠣᠪᠣᠷ ᠱᠢᠷᠣᠶ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ ᠵᠢ ᠪᠠᠢᠭᠤᠯᠬᠤ ᠠᠵᠢᠯ᠎ᠢ ᠰᠠᠢᠲᠤᠷ ᠬᠢᠬᠦ ᠬᠡᠷᠡᠭᠲᠡᠢ;ᠲᠡᠷᠢᠭᠦᠨ᠎ᠦ ᠮᠠᠲ᠋ᠧᠷᠢᠶᠠᠯ᠎ᠤᠨ ᠠᠵᠤ ᠦᠶ᠋ᠯᠡᠰ᠎ᠢ ᠪᠤᠵᠠᠭᠠᠢᠷᠠᠭᠤᠯᠤᠨ᠂ ᠥᠩᠭᠡᠲᠦ ᠲᠡᠮᠦᠷᠯᠢᠭ᠎ᠢ ᠨᠠᠷᠢᠯᠢᠭ ᠡᠳ᠋ᠱᠢᠭᠦᠯᠬᠦ᠌ ᠲᠦᠪᠰᠢᠨ᠎ᠢ ᠳᠡᠭᠡᠭ᠌ᠰᠢᠯᠡᠭᠦᠯᠵᠦ᠍᠂ ᠳᠡᠭᠡᠳᠦ ᠲᠠᠰ᠎ᠤᠨ ᠲᠣᠨᠣᠭᠯᠠᠯ ᠦᠶ᠋ᠯᠡᠳᠬᠦ᠌ ᠠᠵᠤ ᠦᠶ᠋ᠯᠡᠰ᠎ᠢ ᠬᠦᠴᠦᠷᠬᠡᠭ᠌ᠵᠢᠭᠦᠯᠦᠨ᠂ ᠠᠵᠤ ᠦᠶ᠋ᠯᠡᠰ᠎ᠦᠨ ᠭᠤᠤᠯᠯᠠᠬᠤ ᠥᠷᠢᠰᠥᠯᠳᠦᠬᠦ᠌ ᠬᠦᠴᠦᠨ᠎ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠬᠦ ᠬᠡᠷᠡᠭᠲᠡᠢ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠲᠠᠯ᠎ᠠ᠎ᠪᠠᠷ ᠬᠣᠱᠢᠭᠤᠴᠢ ᠪᠣᠯᠬᠤ ᠬᠡᠷᠡᠭ᠌ᠲᠡᠢ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ ᠤ᠋ᠨ ᠣᠷᠣᠭᠤᠯᠤᠯᠲᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳᠤᠮᠳᠠ ᠭᠤᠤᠯ ᠴᠣᠭ᠍ᠴᠠ᠎ᠶ᠋ᠢᠨ ᠦᠶ᠋ᠯᠡᠳᠦᠯ᠎ᠢ ᠪᠠᠳᠠᠷᠠᠭᠤᠯᠤᠨ᠂ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠳᠠ᠎ᠶ᠋ᠢ ᠥᠷᠨᠢᠭᠦᠯᠦᠨ᠂ ᠲᠤᠬᠠᠶ ᠎ᠶ᠋ᠢᠨ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠬᠥᠭ᠌ᠵᠢᠭᠦᠯᠬᠦ ᠬᠡᠷᠡᠭᠲᠡᠢ᠃ ᠬᠥᠭ᠌ᠵᠢᠯᠲᠡ ᠪᠠ ᠠᠮᠤᠷ ᠲᠦᠪᠱᠢᠨ᠎ᠢ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭᠯᠡᠯ᠎ᠤᠨ ᠪᠤᠯᠤᠳ ᠬᠠᠪᠲᠠᠰᠤᠨ ᠮᠠᠲ᠋ᠧᠷᠢᠶᠠᠯ᠎ᠤᠨ ᠦᠶ᠋ᠯᠡᠳᠪᠦᠷᠢ᠎ᠶ᠋ᠢᠨ ᠳᠡᠯᠪᠡᠷᠡᠯᠲᠡ ᠎ᠶ᠋ᠢᠨ ᠡᠨᠳᠡᠯ ᠡᠴᠡ ᠭᠦᠨᠵᠡᠭᠡᠶ ᠰᠤᠷᠭᠠᠮᠵᠢ ᠠᠪᠴᠤ᠌᠂ ᠭᠤᠤᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶᠡᠨ ᠳ᠋ᠡᠬᠢ ᠠᠶᠤᠯ ᠲᠦᠭ᠌ᠰᠢᠭᠦᠷᠢ ᠵᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠭᠦᠨᠵᠡᠭᠡᠶ ᠥᠷᠨᠢᠭᠦᠯᠵᠦ᠍᠂ ᠡᠳ᠋᠎ᠦᠨ ᠵᠠᠰᠠᠭ ᠮᠥᠩᠭᠥᠨ ᠭᠦᠶ᠋ᠯᠭᠡᠭᠡᠨ ᠵᠡᠷᠭᠡ ᠡᠯ᠎ᠡ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠨᠢᠭᠡᠳᠦᠯᠲᠡᠶ ᠲᠥᠯᠥᠪᠵᠢᠭᠦᠯᠦᠨ ᠠᠷᠢᠯᠭᠠᠵᠤ᠂ ᠱᠢᠰᠲ᠋ᠧᠮ᠎ᠦᠨ ᠴᠢᠨᠠᠷᠲᠠᠶ ᠠᠶᠤᠯ ᠲᠦᠭ᠌ᠰᠢᠭᠦᠷᠢ ᠡᠭᠦᠰᠭᠦ ᠥᠬᠡᠶ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠶ ᠭᠡᠪᠡ᠃

ᠢᠷᠡᠯᠲᠡ᠄    