ᠪᠠᠶᠢᠩᠭᠤ ᠶᠢᠨ ᠭᠡᠰᠢᠬᠦᠨ  ᠤᠯᠠᠭᠠᠨ
ᠨᠡᠶᠢᠲᠡᠯᠡᠭᠰᠡᠨ ᠴᠠᠭ᠄
2015-01-13
                              ᠪᠠᠶᠢᠩᠭᠤ ᠶᠢᠨ ᠭᠡᠰᠢᠬᠦᠨ   ᠤᠯᠠᠭᠠᠨᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄      ᠤᠯᠠᠭᠠᠨ᠂ ᠡᠮᠡᠭᠳᠡᠢ᠂ ᠮᠤᠩᠭᠤᠯ ᠦᠨᠳᠤᠰᠦᠳᠡᠨ᠂ 1962 ᠤᠨ ᠤ 11 ᠳ᠋ᠣᠭᠡᠷ ᠰᠠᠷ᠎ᠠ ᠳᠤ ᠲᠦᠷᠦᠵᠠᠢ᠂ ᠦᠪᠦᠷ ᠮᠤᠩᠭᠤᠯ ᠤᠨ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠤ ᠬᠦᠮᠦᠨ᠂ 1984 ᠤᠨ ᠤ 11 ᠳ᠋ᠣᠭᠡᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠦ᠂ 1978 ᠤᠨ ᠤ 12 ᠳ᠋ᠤᠭᠠᠷ ᠰᠠᠷ᠎ᠠ ᠳᠤ ᠠᠵᠢᠯ ᠳᠤ ᠤᠷᠤᠯᠴᠠᠵᠠᠢ᠂ ᠲᠦᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠬᠦᠷᠢᠶᠡᠯᠡᠩ ᠤᠨ ᠠᠵᠢᠯ ᠳᠤ ᠪᠠᠶᠢᠭ᠎ᠠ ᠠᠰᠫᠢᠷᠠᠨᠲ ᠤᠨ ᠠᠩᠬᠢ ᠶᠢᠨ ᠠᠵᠤ ᠠᠬᠤᠢ ᠶᠢᠨ ᠤᠬᠠᠭᠠᠨ ᠤ ᠮᠡᠷᠭᠡᠵᠢᠯ ᠢᠶᠠᠷ ᠲᠡᠬᠦᠰᠴᠠᠢ᠂ ᠠᠵᠢᠯ ᠳᠤ ᠪᠠᠶᠢᠭ᠎ᠠ ᠠᠰᠫᠢᠷᠠᠨᠲ ᠤᠨ ᠰᠤᠷᠤᠯᠴᠠᠭᠰᠠᠨ ᠨᠠᠮᠳᠠᠷ ᠲᠠᠢ᠃      ᠤᠳᠤ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠤᠷᠤᠯᠠᠭᠴᠢ ᠭᠡᠰᠢᠬᠦᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠶᠢᠨ ᠲᠤᠰᠢᠶᠠᠯ ᠳᠤ ᠪᠤᠢ᠃      1978.12 — 1980.09 ᠡᠪ ᠬᠠᠮᠳᠤ ᠵᠠᠯᠠᠭᠤᠴᠤᠳ ᠤᠨ ᠡᠪᠯᠡᠯ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠭᠤᠳᠤ ᠬᠤᠳᠠ ᠶᠢᠨ ᠬᠤᠷᠢᠶ᠎ᠠ ᠶᠢᠨ ᠠᠯᠪᠠᠨ ᠬᠡᠷ ᠤᠨ ᠠᠵᠢᠯᠯᠠᠭᠴᠢ ᠪᠠᠶᠢᠪᠠ      1980.09 — 1983.07 ᠪᠤᠭᠤᠳᠤ ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠤᠯᠤᠰ ᠲᠦᠷᠦ  ᠰᠤᠷᠭᠠᠨ ᠬᠦᠮᠦᠵᠢᠯ ᠤᠨ ᠰᠠᠯᠪᠤᠷᠢ ᠶᠢᠨ ᠺᠠᠳ᠋ᠷ ᠤᠨ ᠲᠤᠰᠬᠠᠢ ᠮᠡᠷᠭᠡᠵᠢᠯ ᠤᠨ ᠠᠩᠬᠢ ᠳᠤ ᠰᠤᠷᠤᠯᠴᠠᠪᠠ      1983.07 — 1986.03 ᠡᠪ ᠬᠠᠮᠳᠤ ᠵᠠᠯᠠᠭᠤᠴᠤᠳ ᠤᠨ ᠡᠪᠯᠡᠯ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠭᠤᠳᠤ ᠬᠤᠳᠠ ᠶᠢᠨ ᠬᠤᠷᠢᠶ᠎ᠠ ᠶᠢᠨ ᠠᠯᠪᠠᠨ ᠬᠡᠷ ᠤᠨ ᠠᠵᠢᠯᠯᠠᠭᠴᠢ ᠂ ᠲᠡᠳ᠋ ᠡᠷᠬᠢᠯᠡᠭᠴᠢ᠂ ᠵᠤᠬᠢᠶᠠᠨ ᠪᠠᠶᠢᠭᠤᠯᠬᠤ ᠬᠡᠯᠳᠡᠰ ᠤᠨ ᠲᠡᠳ᠋ ᠲᠠᠷᠤᠭ᠎ᠠ ᠪᠠᠶᠢᠪᠠ      1986.03 — 1987.06 ᠡᠪ ᠬᠠᠮᠳᠤ ᠵᠠᠯᠠᠭᠤᠴᠤᠳ ᠤᠨ ᠡᠪᠯᠡᠯ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠭᠤᠳᠤ ᠬᠤᠳᠠ ᠶᠢᠨ ᠬᠤᠷᠢᠶ᠎ᠠ ᠶᠢᠨ ᠲᠡᠳ᠋ ᠱᠦᠵᠢ ᠪᠠᠶᠢᠪᠠ      1987.06 — 1988.03 ᠡᠪ ᠬᠠᠮᠳᠤ ᠵᠠᠯᠠᠭᠤᠴᠤᠳ ᠤᠨ ᠡᠪᠯᠡᠯ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ ᠲᠡᠳ᠋ ᠱᠦᠵᠢ ᠪᠦᠭᠡᠳ ᠪᠤᠭᠤᠳᠤ ᠬᠤᠲᠠ ᠶᠢᠨ ᠡᠪᠯᠡᠯ ᠤᠨ ᠬᠤᠷᠢᠶ᠎ᠠ ᠶᠢᠨ ᠲᠡᠳ᠋ ᠱᠦᠵᠢ ᠪᠠᠶᠢᠪᠠ      1988.03 — 1996.11 ᠡᠪ ᠬᠠᠮᠳᠤ ᠵᠠᠯᠠᠭᠤᠴᠤᠳ ᠤᠨ ᠡᠪᠯᠡᠯ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ ᠲᠡᠳ᠋ ᠱᠦᠵᠢ ᠪᠠᠶᠢᠪᠠ ︵ᠡᠨᠡᠬᠦ ᠬᠤᠭᠤᠴᠠᠭᠠᠨ ᠳᠤ᠄ 1991.03  — 1991.12 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠪᠠᠷ ᠲᠦᠷ ᠴᠠᠭ ᠤᠨ ᠲᠤᠰᠢᠶᠠᠯ ᠡᠭᠦᠷᠭᠡᠯᠡᠪᠡ︶      1996.11 — 2000.02 ᠡᠪ ᠬᠠᠮᠳᠤ ᠵᠠᠯᠠᠭᠤᠴᠤᠳ ᠤᠨ ᠡᠪᠯᠡᠯ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ ᠱᠦᠵᠢ ᠪᠠᠶᠢᠪᠠ        ︵1995.08 — 1997.12 ᠲᠦᠪ ᠤᠨ ᠨᠠᠮ ᠤᠨ ᠰᠤᠷᠭᠠᠭᠤᠯᠢ ᠶᠢᠨ ᠤᠳᠤᠷᠢᠳᠬᠤ ᠺᠠᠳ᠋ᠷ ᠤᠨ ᠵᠠᠬᠢᠳᠠᠯ ᠢᠶᠠᠷ ᠰᠤᠷᠬᠤ ᠵᠢᠩᠬᠢᠨᠢ ᠠᠩᠬᠢ ᠶᠢᠨ ᠠᠵᠤ ᠠᠬᠤᠢ ᠶᠢᠨ ᠬᠠᠮᠢᠶᠠᠷᠤᠯᠳᠠ ᠶᠢᠨ ᠮᠡᠷᠭᠡᠵᠢᠯ ᠢᠶᠠᠷ ᠰᠤᠷᠤᠯᠴᠠᠪᠠ︔ 1996.12 — 1998.11 ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠰᠫᠢᠷᠠᠨᠲ ᠤᠨ ᠬᠦᠷᠢᠶᠡᠯᠡᠩ ᠤᠨ ᠠᠵᠤ ᠠᠬᠤᠢ ᠶᠢᠨ ᠰᠠᠯᠪᠤᠷᠢ ᠶᠢᠨ ᠵᠠᠬ᠎ᠠ ᠲᠡᠯᠭᠡᠬᠦᠷ ᠤᠨ ᠠᠵᠤ ᠠᠬᠤᠢ ᠶᠢᠨ ᠮᠡᠷᠭᠡᠵᠢᠯ ᠤᠨ ᠠᠰᠫᠢᠷᠠᠨᠲ ᠤᠨ ᠬᠢᠴᠢᠶᠡᠯᠯᠡᠭᠡ ᠶᠢᠨ ᠠᠩᠬᠢ ᠳᠤ ᠰᠤᠷᠤᠯᠴᠠᠪᠠ︶      2000.02 — 2001.09 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠡᠭᠡ ᠵᠤᠤ ᠠᠶᠢᠮᠠᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ ᠪᠠᠶᠢᠪᠠ ︵ᠲᠢᠩᠬᠢᠮ ᠤᠨ ᠲᠡᠷᠢᠭᠦᠨ ᠲᠡᠰ︶ ︵ᠡᠨᠡᠬᠦ ᠬᠤᠭᠤᠴᠠᠭᠠᠨ ᠳᠤ᠄ 2000.03 — 2001.01 ᠲᠦᠪ ᠤᠨ ᠨᠠᠮ ᠤᠨ ᠰᠤᠷᠭᠠᠭᠤᠯᠢ ᠶᠢᠨ ᠨᠢᠭᠡ ᠵᠢᠯ ᠤᠨ ᠲᠦᠷᠢᠮᠳᠤ ᠢᠳᠡᠷ ᠵᠠᠯᠠᠭᠤ ᠺᠠᠳᠠᠷᠴᠤᠳ ᠤᠨ ᠪᠤᠯᠪᠠᠰᠤᠷᠠᠭᠤᠯᠤᠯ ᠤᠨ ᠠᠩᠬᠢ ᠳᠤ ᠰᠤᠷᠤᠯᠴᠠᠪᠠ︶      2001.09 -- 2003.03 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠪᠠᠶᠢᠪᠠ ︵ᠲᠢᠩᠬᠢᠮ ᠤᠨ ᠲᠡᠷᠢᠭᠦᠨ ᠲᠡᠰ︶      ︵2000.03  — 2003.01 ᠲᠦᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠬᠦᠷᠢᠶᠡᠯᠡᠩ ᠤᠨ ᠠᠵᠢᠯ ᠳᠤ ᠪᠠᠶᠢᠭ᠎ᠠ ᠠᠰᠫᠢᠷᠠᠨᠲ ᠤᠨ ᠠᠩᠬᠢ ᠳᠤ ᠠᠵᠤ ᠠᠬᠤᠢ ᠶᠢᠨ ᠤᠬᠠᠭᠠᠨ ᠤ ᠮᠡᠷᠭᠡᠵᠢᠯ ᠢᠶᠠᠷ ᠰᠤᠷᠤᠯᠴᠠᠪᠠ︶      2003.03 — 2003.11 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠠᠨᠨᠠᠭᠤᠷ ᠠᠶᠢᠮᠠᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠠᠶᠢᠮᠠᠭ ᠤᠨ ᠲᠠᠷᠤᠭ᠎ᠠ ᠪᠠᠶᠢᠪᠠ      2003.11 — 2006.11 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠡᠳ᠋ ᠲᠡᠷᠢᠬᠦᠯᠡᠭᠴᠢ ᠪᠠᠶᠢᠪᠠ      2006.11 — 2006.12 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠡᠳ᠋ ᠲᠡᠷᠢᠬᠦᠯᠡᠭᠴᠢ ᠪᠠᠶᠢᠪᠠ      2006.12 — ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠬᠡᠰᠢᠬᠦᠨ᠂  ᠤᠬᠠᠭᠤᠯᠬᠤ ᠬᠡᠯᠳᠡᠰ ᠤᠨ ᠲᠠᠷᠤᠭ᠎ᠠ ᠶᠢᠨ ᠲᠤᠰᠢᠶᠠᠯ ᠳᠤ  ᠪᠤᠢ ︵ᠡᠨᠡᠬᠦ ᠬᠤᠭᠤᠴᠠᠭᠠᠨ ᠳᠤ᠄ 2010.09 — 2010.10 ᠲᠦᠪ ᠤᠨ ᠨᠠᠮ ᠤᠨ ᠰᠤᠷᠭᠠᠭᠤᠯᠢ ᠶᠢᠨ ᠮᠤᠵᠢ ᠶᠠᠮᠤᠨ ᠤ ᠲᠡᠰ ᠤᠨ ᠺᠠᠳᠠᠷᠴᠤᠳ ᠤᠨ ᠲᠠᠪᠳᠠᠨ ᠪᠤᠯᠪᠠᠰᠤᠷᠠᠭᠤᠯᠬᠤ ᠠᠩᠬᠢ ᠳᠤ ᠰᠤᠷᠤᠯᠴᠠᠪᠠ︔ 2010.11 ᠠᠮᠧᠷᠢᠺᠠ ᠳᠤ ︽ᠬᠦᠭᠵᠢᠯᠳᠡ ᠶᠢᠨ ᠲᠤᠮᠳᠠᠬᠢ ᠡᠮᠡᠭᠳᠡᠢ ᠤᠳᠤᠷᠢᠳᠤᠯᠭ᠎ᠠ ᠶᠢᠨ ᠲᠡᠭᠡᠳᠤ ᠵᠡᠷᠭᠡ ᠶᠢᠨ ᠰᠤᠳᠤᠯᠬᠤ ᠠᠩᠬᠢ︾ ᠎ ᠳᠤ ᠤᠷᠤᠯᠴᠠᠪᠠ︶      ᠠᠷᠪᠠᠨ ᠲᠤᠯᠤᠳᠤᠭᠠᠷ ᠬᠤᠭᠤᠴᠠᠭ᠎ᠠ᠂ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠵᠢᠨ‌ᠤᠷᠤᠯᠠᠭᠴᠢ ᠬᠡᠰᠢᠬᠦᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠡᠰᠢᠬᠦᠨ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号