ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ — ᠬᠥᠭᠵᠢᠯᠲᠡ ᠶᠢᠨ ᠰᠢᠨ᠎ᠡ ᠰᠢᠪᠲᠤᠯᠤᠯᠲᠠ
ᠨᠡᠶᠢᠲᠡᠯᠡᠭᠰᠡᠨ ᠴᠠᠭ᠄
2015-01-26
     ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ 360 ᠲᠦᠮᠡᠨ ᠬᠤᠲᠠ ᠪᠠᠯᠭᠠᠰᠤᠨ ᠤ ᠠᠵᠢᠯᠴᠢᠨ ᠢ ᠰᠢᠩᠭᠡᠭᠡᠵᠦ᠂ ᠪᠦᠬᠦ ᠣᠷᠣᠨ ᠤ ᠬᠤᠲᠠ ᠪᠠᠯᠭᠠᠰᠤᠨ ᠤ ᠠᠵᠢᠯ ᠣᠯᠣᠭᠰᠠᠨ ᠬᠥᠮᠥᠨ ᠤ ᠲᠤᠭ᠎ᠠ ᠶᠢᠨ 85%᠎ ᠢ ᠡᠵᠡᠯᠡᠪᠡ᠃ ᠣᠳᠣ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠨᠢ ᠨᠢᠭᠡᠨᠲᠡ ᠠᠵᠢᠯ ᠣᠯᠭᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠭᠤᠣᠯ ᠬᠦᠴᠦᠨ ᠵᠦᠢᠯ ᠪᠣᠯᠣᠭᠰᠠᠨ ᠶᠤᠮ᠃ 2013 ᠣᠨ ᠳᠤ ᠮᠠᠨ ᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠭᠠᠶᠢᠯᠢ ᠶᠢᠨ ᠣᠷᠣᠯᠭ᠎ᠠ 1863.6 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠣᠷᠣᠨ ᠤ ᠭᠠᠶᠢᠯᠢ ᠶᠢᠨ ᠶᠡᠷᠦᠩᠬᠡᠢ ᠣᠷᠣᠯᠭ᠎ᠠ ᠶᠢᠨ 81.6%᠎ ᠢ ᠡᠵᠡᠯᠡᠵᠡᠢ᠃ ᠡᠭᠦᠨ ᠳᠤ ᠲᠠᠪᠤᠨ ᠠᠶᠢᠮᠠᠭ ᠬᠤᠲᠠ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠭᠠᠶᠢᠯᠢ ᠶᠢᠨ ᠣᠷᠣᠯᠭ᠎ᠠ ᠴᠥᠮ 100 ᠳ᠋ᠦᠩᠰᠢᠭᠤᠷ ᠲᠥᠭᠦᠷᠢᠭ ᠢ ᠳᠠᠪᠠᠭᠰᠠᠨ ᠪᠢᠯᠡ᠃      ᠲᠦᠷᠦᠭᠦᠬᠡᠨ ᠳᠤ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠬᠤᠶᠠᠳᠤᠭᠠᠷ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠦᠭᠰᠡᠨ ︽ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︾᠎ ᠳᠤ ᠢᠯᠡᠷᠬᠡᠶᠢᠯᠡᠭᠰᠡᠨ ᠢᠶᠠᠷ᠂ 2013 ᠣᠨ ᠠᠴᠠ ᠨᠠᠰᠢ ᠮᠠᠨ ᠤ ᠣᠷᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠬᠦᠴᠦᠯᠡᠨ ᠬᠥᠭᠵᠢᠭᠦᠯᠦᠭᠰᠡᠨ ᠢᠶᠠᠷ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠪᠦᠬᠦ ᠣᠷᠣᠨ ᠤ ᠪᠡᠯᠡ ᠣᠷᠤᠭᠤᠯᠤᠯᠲᠠ᠂ ᠭᠠᠳᠠᠭᠠᠳᠤ ᠭᠠᠷᠭᠠᠯᠲᠠ᠂ ᠬᠡᠷᠡᠭᠯᠡᠭᠡ᠂ ᠭᠠᠶᠢᠯᠢ ᠶᠢᠨ ᠣᠷᠣᠯᠭ᠎ᠠ ᠪᠠ ᠬᠤᠲᠠ ᠪᠠᠯᠭᠠᠰᠤ ᠶᠢᠨ ᠠᠵᠢᠯ ᠣᠯᠭᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ ᠴᠥᠮ 50%᠎ ᠢ ᠳᠠᠪᠠᠵᠤ ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ ᠪᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠴᠥᠮ ᠴᠢᠬᠤᠯᠠ ᠦᠢᠯᠡᠳᠦᠯ ᠭᠠᠷᠭᠠᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠵᠦᠢᠯ ᠪᠣᠯᠣᠭᠰᠠᠨ ᠪᠠᠶᠢᠨ᠎ᠠ᠃                                 ᠲᠣᠭᠲᠠᠭᠤᠨ ᠬᠥᠭᠵᠢᠯᠲᠡ      ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠭ᠎ᠠ ᠲᠣᠭᠲᠠᠭᠤᠨ ᠢᠶᠠᠷ ᠨᠡᠮᠡᠭᠳᠡᠪᠡ᠃ ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠬᠤ ᠳᠤ ᠮᠠᠨ ᠤ ᠣᠷᠣᠨ ᠳᠤ 115 ᠲᠦᠮᠡᠨ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ ᠡᠷᠦᠬᠡ ᠲᠠᠢ ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12.7%᠎ ᠪᠠᠷ ᠨᠡᠮᠡᠭᠳᠡᠭᠰᠡᠨ 18 ᠲᠦᠮᠡᠨ ᠬᠤᠪᠢ ᠶᠢᠨ ᠠᠵᠦ ᠠᠬᠤᠢᠢᠯᠠᠯ ᠲᠠᠢ ᠪᠤᠯᠵᠤ ᠂ ᠪᠦᠬᠦ ᠣᠷᠣᠨ ᠤ ᠠᠵᠦ ᠠᠬᠤᠢᠢᠯᠠᠯ ᠤᠨ ᠶᠡᠷᠦᠩᠬᠡᠢ ᠲᠤᠭ᠎ᠠ ᠶᠢᠨ 85.8%᠎ ᠢ ᠡᠵᠡᠯᠡᠭᠡᠳ ᠪᠦᠬᠦ ᠣᠯᠣᠰ ᠤᠨ ᠲᠣᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 2.2 ᠬᠤᠪᠢ ᠲᠠᠪᠠᠪᠠ︔ 2970 ᠭᠠᠳᠠᠭᠠᠳᠣ ᠪᠡᠯᠡ ᠶᠢᠨ ᠠᠵᠤ ᠠᠬᠤᠶᠢᠯᠠᠯ ᠲᠠᠢ ᠪᠣᠯᠣᠭᠠᠳ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.6%  ᠨᠡᠮᠡᠭᠳᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠠᠬ᠎ᠠ ᠳᠡᠯᠭᠡᠭᠦᠷ ᠤᠨ ᠭᠤᠣᠯ ᠴᠤᠭᠴᠠ ᠨᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠣᠯᠠᠩᠬᠢ ᠲᠤᠭ᠎ᠠ ᠶᠢ ᠡᠵᠡᠯᠡᠭᠰᠡᠨ ᠪᠠᠶᠢᠨ᠎ᠠ᠃      ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠷᠢᠶ᠎ᠡ ᠬᠡᠪᠴᠢᠶ᠎ᠡ ᠲᠠᠰᠤᠷᠠᠯᠲᠠ ᠦᠭᠡᠢ ᠥᠷᠭᠡᠳᠪᠡ᠃ ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠬᠤ ᠳᠤ ᠮᠠᠨ ᠤ ᠣᠷᠣᠨ ᠤ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠪᠡᠯᠡ ᠮᠥᠩᠭᠦ 572 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 23.3%᠎ ᠢᠶᠠᠷ ᠨᠡᠮᠡᠭᠳᠡᠵᠡᠢ︔ ᠬᠤᠪᠢ ᠶᠢᠨ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠪᠡᠯᠡ ᠮᠥᠩᠭᠦ 9252 ᠳ᠋ᠦᠩᠰᠢᠭᠤᠷ ᠲᠥᠭᠦᠷᠢᠭ ᠲᠤ ᠬᠦᠷᠦᠭᠡᠳ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.5%᠎ ᠢᠶᠠᠷ ᠨᠡᠮᠡᠭᠳᠡᠵᠦ᠂ ᠳᠤᠮᠳᠠᠴᠢ ᠪᠠᠷ ᠠᠵᠤ ᠠᠬᠤᠶᠢᠯᠠᠯ ᠨᠢᠭᠡᠪᠦᠷᠢ ᠳᠤ 508.8 ᠲᠦᠮᠡᠨ ᠲᠥᠭᠦᠷᠢᠭ ᠨᠣᠭᠳᠠᠵᠤ ᠪᠤᠢ᠃      ᠨᠡᠶᠢᠲᠡ ᠶᠢᠨ ᠥᠮᠴᠢᠯᠡᠯ ᠤᠨ ᠪᠣᠰᠤ ᠠᠵᠤ ᠠᠬᠤᠶᠢᠯᠠᠯ ᠤᠨ ᠣᠷᠣᠨ ᠨᠤᠲᠤᠭ ᠤᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠦᠢᠯᠡᠳᠦᠯ ᠢᠯᠡᠷᠬᠡᠢ ᠪᠣᠯᠪᠠ᠃ 2013 ᠣᠨ ᠳᠤ ᠮᠠᠨ ᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ 9082 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠡᠭᠦᠳᠴᠦ᠂ ᠪᠦᠬᠦ ᠣᠷᠣᠨ ᠤ GDP᠎ ᠶᠢᠨ53.9%᠎ ᠢ ᠡᠵᠡᠯᠡᠪᠡ︔ ᠨᠡᠶᠢᠲᠡ 9226.6 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠭᠠᠳ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ59.5%᠎ ᠢ ᠡᠵᠡᠯᠡᠵᠦ ᠂ 29.7 ᠳ᠋ᠦᠩᠰᠢᠭᠤᠷ ᠲᠥᠭᠦᠷᠢᠭ ᠤᠨ ᠭᠠᠳᠠᠭᠠᠳᠤ ᠭᠠᠷᠭᠠᠯᠲᠠ ᠶᠢ ᠪᠡᠶᠡᠯᠡᠭᠦᠯᠦᠭᠡᠳ ᠪᠦᠬᠦ ᠣᠷᠣᠨ ᠤ ᠭᠠᠳᠠᠭᠠᠳᠤ ᠭᠠᠷᠭᠠᠯᠲᠠ ᠶᠢᠨ 72.5%᠎ ᠢ ᠡᠵᠡᠯᠡᠪᠡ︔ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠨᠡᠶᠢᠭᠡᠮ ᠤᠨ ᠬᠡᠷᠡᠭᠯᠡᠭᠡᠨ ᠤ ᠡᠳ᠋ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 4454.6 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠡᠳ᠋ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢᠨ 87.8%᠎ ᠢ ᠡᠵᠡᠯᠡᠭᠰᠡᠨ ᠪᠢᠯᠡ᠃    ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠭᠤᠷᠪᠠᠳᠤᠭᠠᠷ ᠠᠵᠤ ᠦᠢᠯᠡᠰ ᠢ ᠬᠥᠭᠵᠢᠭᠦᠯᠬᠦ ᠪᠣᠯ ᠠᠵᠤ ᠣᠯᠭᠤᠯᠲᠠ ᠶᠢ ᠥᠷᠭᠡᠳᠬᠡᠬᠦ ᠴᠢᠬᠤᠯᠠ ᠠᠷᠭ᠎ᠠ ᠵᠠᠮ ᠮᠦᠨ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠣᠯᠠᠩᠬᠢ ᠨᠢ ᠳᠤᠮᠲᠠ ᠪᠠᠭ᠎ᠠ ᠠᠵᠤ ᠠᠬᠤᠶᠢᠯᠠᠯ ᠪᠠᠶᠢᠵᠤ᠂ ᠭᠤᠷᠪᠠᠳᠤᠭᠠᠷ ᠠᠵᠤ ᠦᠢᠯᠡᠰ ᠤᠨ ᠳᠣᠲᠤᠷ᠎ᠠ ᠨᠡᠯᠢᠶᠡᠳ ᠶᠡᠭᠡ ᠬᠠᠷᠢᠴᠠᠯ ᠢ ᠡᠵᠡᠯᠡᠵᠦ ᠪᠠᠶᠢᠳᠠᠭ᠃ ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠬᠤ ᠳᠤ ᠮᠠᠨ ᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠳᠤ ᠠᠵᠢᠯ ᠣᠯᠣᠭᠰᠠᠨ ᠬᠥᠮᠥᠨ ᠤ ᠲᠤᠭ᠎ᠠ ᠪᠦᠬᠦ ᠣᠷᠣᠨ ᠤ ᠠᠵᠢᠯ ᠣᠯᠭᠤᠯᠲᠠ ᠶᠢᠨ 36%᠎ ᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22%᠎ ᠢᠶᠠᠷ ᠨᠡᠮᠡᠭᠳᠡᠪᠡ᠃ ᠡᠭᠦᠨ ᠳᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ 360 ᠲᠦᠮᠡᠨ ᠬᠤᠲᠠ ᠪᠠᠯᠭᠠᠰᠤᠨ ᠤ ᠠᠵᠢᠯᠴᠢᠳ ᠢ ᠰᠢᠩᠭᠡᠭᠡᠵᠦ᠂ ᠪᠦᠬᠦ ᠣᠷᠣᠨ ᠤ ᠬᠤᠲᠠ ᠪᠠᠯᠭᠠᠰᠤ ᠶᠢᠨ ᠠᠵᠢᠯ ᠣᠯᠣᠭᠰᠠᠨ ᠬᠥᠮᠥᠨ ᠤ ᠲᠤᠭ᠎ᠠ ᠶᠢᠨ 85%᠎ ᠢ ᠡᠵᠡᠯᠡᠪᠡ᠃                               ᠬᠦᠴᠦᠲᠦ ᠳᠡᠮᠵᠢᠯᠭᠡ      ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠴᠢᠷᠮᠠᠶᠢᠨ ᠬᠥᠭᠵᠢᠭᠦᠯᠬᠦ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠠᠴᠠ ᠲᠤᠰᠬᠠᠢ ᠤᠳᠤᠷᠢᠳᠬᠤ ᠪᠠᠶᠢᠭᠤᠯᠤᠮᠵᠢ ᠪᠠᠶᠢᠭᠤᠯᠤᠭᠠᠳ ᠳᠡᠮᠵᠢᠨ ᠵᠣᠷᠢᠭᠵᠢᠭᠤᠯᠬᠤ ᠲᠥᠷᠥ ᠶᠢᠨ ᠪᠣᠳᠣᠯᠭ᠎ᠠ ᠨᠤᠭᠤᠳ ᠢ ᠲᠣᠭᠲᠠᠭᠠᠨ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠤᠭᠤᠯᠬᠤ ᠠᠵᠢᠯᠯᠠᠭ᠎ᠠ ᠥᠷᠨᠢᠭᠦᠯᠦᠨ ᠦᠢᠯᠡᠴᠢᠯᠡᠵᠦ ᠤᠬᠠᠭᠤᠯᠬᠤ ᠠᠵᠢᠯ ᠤᠨ ᠡᠷᠴᠢᠮ ᠢᠶᠠᠨ ᠴᠢᠩᠭᠠᠳᠬᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠥᠪ ᠦᠨᠡᠨᠬᠦ ᠠᠬᠢᠭᠤᠯᠤᠭᠰᠠᠨ ᠠᠵᠢ᠃      ᠨᠢᠳᠤᠨᠤᠨ ᠤ 6 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠵᠣᠷᠢᠭᠵᠢᠭᠤᠯᠤᠨ ᠬᠥᠭᠵᠢᠭᠦᠯᠬᠦ ᠲᠣᠭᠲᠠᠭᠠᠯ ︵ᠲᠤᠷᠰᠢᠨ ᠬᠡᠷᠡᠭᠯᠡᠬᠦ︶︾ ᠭᠠᠷᠭᠠᠪᠠ᠃ ︽ᠲᠣᠭᠲᠠᠭᠠᠯ︾᠎ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠡᠳ᠋ ᠤᠨ ᠵᠠᠰᠠᠭ ᠤᠨ ᠳᠡᠮᠵᠢᠯᠭᠡ ᠶᠢ ᠥᠷᠭᠡᠳᠬᠡᠬᠦ᠂ ᠭᠠᠶᠢᠯᠢ ᠶᠢᠨ ᠬᠠᠷᠠᠭᠠᠯᠵᠠᠯ ᠦᠵᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ 7 ᠲᠥᠷᠥᠯ ᠤᠨ 70 ᠵᠤᠷᠪᠤᠰ ᠲᠥᠷᠥ ᠶᠢᠨ ᠪᠣᠳᠣᠯᠭ᠎ᠠ ᠪᠠ ᠠᠷᠭ᠎ᠠ ᠠᠪᠴᠢᠯ ᠢ ᠲᠣᠭᠲᠠᠭᠠᠭᠰᠠᠨ ᠪᠠᠶᠢᠨ᠎ᠠ᠃ ᠠᠶᠢᠮᠠᠭ ᠬᠤᠲᠠ ᠶᠢᠨ ᠬᠢᠨ ᠪᠠᠰᠠ ᠲᠥᠬᠦᠷᠵᠢᠭᠦᠯᠦᠭᠰᠡᠨ ᠲᠥᠷᠥ ᠶᠢᠨ ᠪᠣᠳᠣᠯᠭ᠎ᠠ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ ᠪᠠ ᠭᠦᠢᠯᠭᠡᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠪᠢᠴᠢᠭ ᠮᠠᠲ᠋ᠧᠷᠢᠶᠠᠯ ᠪᠠᠭᠤᠯᠭᠠᠭᠰᠠᠨ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠢᠩᠬᠢᠮ᠂ ᠰᠣᠷᠭᠠᠨ ᠬᠥᠮᠥᠵᠢᠯ ᠤᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ᠂ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ ᠵᠡᠷᠭᠡ ᠰᠠᠯᠠᠭ᠎ᠠ ᠮᠦᠴᠢᠷ ᠤᠳ ᠵᠢᠯ ᠳᠤ ᠨᠢᠭᠡ ᠤᠳᠠᠭ᠎ᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠴᠢᠨ ᠡᠯᠰᠡᠬᠦ ᠠᠵᠢᠯᠯᠠᠭ᠎ᠠ ᠥᠷᠨᠢᠭᠦᠯᠵᠦ᠂ ᠠᠵᠢᠯ ᠣᠯᠭᠤᠯᠲᠠ ᠶᠢᠨ ᠳᠠᠷᠤᠯᠲᠠ ᠶᠢ ᠨᠠᠮᠳᠠᠭᠤᠯᠵᠤ ᠪᠣᠢ᠃      ᠥᠪᠡᠷᠲᠡᠭᠡᠨ ᠵᠠᠰᠠᠬᠤ ᠣᠷᠣᠨ ᠠᠴᠠ ᠤᠷᠢᠳ ᠬᠤᠵᠢᠳ ᠱᠠᠨ ᠰᠢ᠂ ᠭᠤᠸᠠᠩᠳᠦ᠋ᠩ᠂ ᠬᠤᠪᠸᠢ᠂ ᠴᠦᠩᠴᠢᠩ᠂ ᠵᠢᠶᠠᠩᠰᠦ᠂ ᠱᠠᠩᠬᠠᠢ᠂ ᠪᠡᠭᠡᠵᠢᠩ᠂ ᠭᠠᠨᠰᠤ ᠵᠡᠷᠭᠡ ᠭᠠᠵᠠᠷ ᠲᠤ ᠬᠦᠷᠴᠦ᠂ ᠲᠥᠷᠥᠯ ᠵᠦᠢᠯ ᠲᠠᠨᠢᠯᠴᠠᠭᠤᠯᠬᠤ ᠪᠣᠯᠣᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠤᠭᠤᠯᠬᠤ ᠠᠵᠢᠯᠯᠠᠭ᠎ᠠ ᠥᠷᠨᠢᠭᠦᠯᠦᠭᠡᠳ ᠢᠳᠡᠪᠬᠢᠲᠡᠢ ᠦᠷ᠎ᠡ ᠪᠦᠲᠦᠮᠵᠢ ᠣᠯᠣᠭᠰᠠᠨ ᠶᠤᠮ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ 2013 ᠣᠨ ᠳᠤ ᠮᠠᠨ ᠤ ᠣᠷᠣᠨ 1078 ᠲᠥᠷᠥᠯ ᠵᠦᠢᠯ ᠳᠤ ᠭᠡᠷ᠎ᠡ ᠲᠣᠭᠲᠠᠵᠤ᠂ ᠭᠡᠷ᠎ᠡ ᠶᠢᠨ ᠪᠡᠯᠡ ᠮᠥᠩᠭᠦ ᠪᠠᠷᠤᠭ 17440 ᠳ᠋ᠦᠩᠰᠢᠭᠤᠷ ᠲᠥᠭᠦᠷᠢᠭ ᠬᠦᠷᠴᠡᠢ᠃        ᠡᠨᠡ ᠬᠤᠶᠠᠷ ᠵᠢᠯ ᠥᠪᠡᠷᠲᠡᠭᠡᠨ ᠵᠠᠰᠠᠬᠤ ᠣᠷᠣᠨ ᠠᠴᠠ ᠮᠥᠩᠭᠦᠨ ᠭᠦᠢᠯᠭᠡᠭᠡᠨ ᠤ ᠲᠠᠯ᠎ᠠ ᠪᠠᠷ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠳᠡᠮᠵᠢᠵᠦ᠂ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠪᠠᠭ᠎ᠠ ᠵᠢᠵᠢᠭ ᠠᠵᠤ ᠠᠬᠤᠶᠢᠯᠠᠯ ᠳᠤ ᠵᠢᠭᠡᠯᠡᠯᠭᠡ ᠶᠢᠨ ᠠᠶᠤᠯ ᠲᠦᠭᠰᠢᠭᠦᠷᠢ ᠶᠢᠨ ᠱᠠᠩᠨᠠᠯ ᠨᠦᠬᠦᠪᠦᠷᠢ ᠣᠯᠭᠤᠬᠤ ᠵᠡᠷᠭᠡ ᠲᠥᠷᠥ ᠶᠢᠨ ᠪᠣᠳᠣᠯᠭ᠎ᠠ ᠲᠣᠭᠲᠠᠭᠠᠨ ᠬᠡᠷᠡᠭᠵᠢᠭᠦᠯᠪᠡ᠃ ᠲᠤᠬᠠᠶᠢᠯᠠᠪᠠᠯ᠂ ᠳᠤᠮᠲᠠ ᠪᠠᠭ᠎ᠠ ᠠᠵᠤ ᠠᠬᠤᠶᠢᠯᠠᠯ ᠵᠢᠭᠡᠯᠡᠯᠭᠡ ᠶᠢᠨ ᠲᠡᠮᠲᠡᠭᠲᠦ ᠪᠠᠷ ᠪᠡᠯᠡ ᠮᠥᠩᠭᠦ ᠬᠤᠷᠠᠮᠳᠤᠭᠤᠯᠤᠭᠰᠠᠨ ᠬᠡᠮᠵᠢᠶ᠎ᠡ ᠶᠢᠨ 0.5%᠎ ᠢᠶᠠᠷ ᠵᠠᠷᠤᠳᠠᠯ ᠤᠨ ᠨᠥᠬᠦᠪᠦᠷᠢ ᠣᠯᠭᠤᠵᠤ᠂ ᠬᠠᠮᠤᠭ ᠤᠨ ᠶᠡᠭᠡ ᠎ ᠳᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠪᠠᠭ᠎ᠠ ᠵᠢᠵᠢᠭ ᠠᠵᠤ ᠠᠬᠤᠶᠢᠯᠠᠯ ᠳᠤ ᠵᠢᠭᠡᠯᠡᠯᠭᠡ ᠣᠯᠭᠤᠭᠰᠠᠨ ᠣᠨ ᠤ ᠴᠡᠪᠡᠷ ᠨᠡᠮᠡᠭᠳᠡᠯ ᠤᠨ ᠬᠡᠮᠵᠢᠶ᠎ᠡ ᠶᠢᠨ 0.25%᠎ ᠢᠶᠠᠷ ᠬᠠᠷᠠᠭᠠᠯᠵᠠᠭᠰᠠᠨ ᠮᠥᠩᠭᠦᠨ ᠭᠦᠢᠯᠭᠡᠭᠡ ᠶᠢᠨ ᠪᠠᠶᠢᠭᠤᠯᠤᠮᠵᠢ ᠶᠢ ᠱᠠᠩᠨᠠᠨ ᠨᠥᠬᠦᠪᠦᠷᠢᠯᠡᠬᠦ ᠵᠡᠷᠭᠡ ᠲᠥᠷᠥ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠦᠭᠰᠡᠨ ᠪᠠᠶᠢᠨ᠎ᠠ᠃                              ᠠᠰᠠᠭᠤᠳᠠᠯ ᠲᠥᠪᠡᠭᠳᠡᠯ       2012 ᠣᠨ ᠳᠤ ᠮᠠᠨ ᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠬᠠᠷᠢᠴᠠᠯ ᠢ ᠡᠾᠪᠸᠢ᠂ ᠴᠦᠩᠴᠢᠩ ᠪᠠ ᠯᠢᠶᠣᠣᠨᠢᠩ ᠵᠡᠷᠭᠡ ᠭᠠᠵᠠᠷ ᠲᠠᠢ ᠬᠠᠷᠢᠴᠠᠭᠤᠯᠪᠠᠯ ᠵᠠᠭᠤᠯ ᠤᠨ ᠬᠠᠷᠢᠴᠠᠯ ᠢᠶᠠᠷ ᠲᠤᠰᠪᠤᠷᠢ 14.1᠂ 13.7 ᠪᠠ 10 ᠬᠤᠪᠢ ᠳᠣᠣᠷ᠎ᠠ ᠪᠠᠶᠢᠵᠤ᠂ ᠬᠤᠪᠢ ᠶᠢᠨ  ᠠᠵᠤ ᠠᠬᠤᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠦᠢᠯᠡᠳᠪᠦᠷᠢ ᠶᠢᠨ ᠶᠡᠷᠦᠩᠬᠡᠢ ᠦᠷᠲᠡᠭ ᠲᠠᠬᠢ ᠬᠠᠷᠢᠴᠠᠯ ᠨᠡᠯᠢᠶᠡᠳ ᠪᠠᠭ᠎ᠠ ᠪᠠᠶᠢᠭᠰᠠᠭᠠᠷ᠃ ᠪᠡᠯᠡ ᠮᠥᠩᠭᠦ ᠬᠤᠷᠠᠮᠳᠤᠭᠤᠯᠬᠤ ᠳᠤ ᠬᠦᠴᠢᠷ ᠪᠠᠶᠢᠬᠤ ᠨᠢ ᠮᠦᠨᠬᠦ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠳᠣᠪᠤᠶᠢᠮ᠎ᠠ ᠠᠰᠠᠭᠤᠳᠠᠯ ᠪᠣᠯᠣᠨ᠎ᠠ᠃ ᠤᠯᠤᠰ ᠤᠨ ᠡᠯ᠎ᠡ ᠶᠡᠭᠡ ᠬᠤᠳᠠᠯᠳᠤᠭᠠᠨ ᠤ ᠪᠠᠩᠬᠢ ᠨᠤᠭᠤᠳ ᠵᠥᠪᠬᠡᠨ ᠴᠥᠬᠡᠨ ᠲᠣᠭᠠᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠪᠡᠯᠡ ᠮᠥᠩᠭᠦ ᠬᠤᠷᠠᠮᠳᠤᠭᠤᠯᠬᠤ ᠬᠡᠷᠡᠭᠴᠡᠭᠡ ᠶᠢ ᠬᠠᠩᠭᠠᠵᠤ᠂ ᠲᠣᠰᠬᠤᠨ ᠪᠠᠯᠭᠠᠰᠤ ᠶᠢᠨ ᠪᠠᠩᠬᠢ ᠪᠣᠯᠣᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠤᠲᠠᠲᠤ ᠬᠦᠴᠦ ᠨᠢ ᠬᠢᠵᠠᠭᠠᠷᠲᠠᠢ ᠪᠣᠯᠬᠤᠷ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠪᠡᠯᠡ ᠮᠥᠩᠭᠦ ᠬᠤᠷᠠᠮᠳᠤᠭᠤᠯᠬᠤ ᠳᠤ ᠦᠵᠡᠭᠦᠯᠦᠭᠰᠡᠨ ᠲᠤᠰᠠᠯᠠᠬᠤ ᠦᠢᠯᠡᠳᠦᠯ ᠨᠢ ᠴᠦ ᠬᠢᠵᠠᠭᠠᠷᠲᠠᠢ ᠪᠠᠶᠢᠭᠰᠠᠭᠠᠷ᠃ ᠶᠡᠭᠡ ᠰᠤᠷᠭᠠᠭᠤᠯᠢ ᠶᠢᠨ ᠣᠶᠣᠲᠠᠨ ᠠᠵᠢᠯ ᠣᠯᠬᠤ ᠳᠤ ᠬᠦᠴᠢᠷ ᠪᠣᠯᠪᠠᠴᠤ ᠨᠡᠶᠢᠲᠡ ᠶᠢᠨ ᠥᠮᠴᠢᠯᠡᠯ ᠤᠨ ᠪᠣᠰᠤ ᠠᠵᠤ ᠠᠬᠤᠶᠢᠯᠠᠯ ᠠᠵᠢᠯᠴᠢᠨ ᠡᠯᠰᠡᠬᠦ ᠎ ᠳᠤ ᠴᠦ ᠬᠦᠴᠢᠷᠲᠡᠢ ᠪᠠᠶᠢᠵᠤ᠂ ᠣᠨᠴᠠᠭᠠᠶᠢᠯᠠᠨ ᠮᠡᠷᠭᠡᠵᠢᠯ ᠤᠨ ᠠᠵᠢᠯᠴᠢᠨ ᠢᠶᠠᠷ ᠲᠤᠲᠠᠭᠳᠠᠵᠤ ᠪᠠᠶᠢᠬᠤ ᠨᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠥᠭᠵᠢᠯᠲᠡ ᠶᠢ ᠬᠠᠷᠰᠢᠯᠠᠵᠤ ᠪᠠᠶᠢᠭ᠎ᠠ ᠨᠢᠭᠡᠨ ᠳᠣᠪᠤᠶᠢᠮ᠎ᠠ ᠠᠰᠠᠭᠤᠳᠠᠯ ᠪᠣᠯᠵᠤ ᠪᠤᠢ᠃      ᠡᠭᠦᠨ ᠠᠴᠠ ᠭᠠᠳᠠᠨ᠎ᠠ᠂ ᠣᠯᠠᠩᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠴᠥᠮ ᠠᠵᠤ ᠦᠢᠯᠡᠰ ᠤᠨ ᠬᠡᠯᠬᠢᠶᠡᠵᠢᠯ ᠤᠨ ᠳᠣᠣᠷ᠎ᠠ ᠲᠥᠪᠰᠢᠨ ᠳᠤ ᠣᠷᠤᠰᠢᠵᠤ᠂ ᠦᠢᠯᠡᠳᠬᠦᠨ ᠤ ᠮᠡᠷᠭᠡᠵᠢᠯ ᠤᠨ ᠠᠭᠤᠯᠠᠭᠳᠠᠬᠤᠨ ᠪᠣᠯᠣᠨ ᠨᠡᠮᠡᠯᠲᠡ ᠦᠷᠲᠡᠭ ᠨᠡᠯᠢᠶᠡᠳ ᠳᠣᠣᠷ᠎ᠠ ᠨᠡᠷᠡᠲᠦ ᠦᠢᠯᠡᠳᠬᠦᠨ ᠪᠣᠯᠣᠨ ᠨᠡᠷᠡᠲᠦ ᠲᠠᠸᠠᠷ ᠤᠨ ᠲᠡᠮᠳᠡᠭ ᠢᠶᠠᠷ ᠳᠤᠲᠠᠮᠠᠭ᠂ ᠰᠣᠳᠣᠯᠣᠨ ᠨᠡᠭᠡᠭᠡᠬᠦ ᠡᠩᠨᠡᠭᠡ ᠦᠭᠡᠢ᠂ ᠮᠡᠷᠭᠡᠵᠢᠯ ᠤᠨ ᠳᠠᠪᠴᠠᠩ ᠪᠣᠯᠣᠨ ᠪᠡᠯᠡ ᠮᠥᠩᠭᠦ ᠶᠢᠨ ᠲᠤᠯᠭᠠᠭᠤᠷᠢᠯᠠᠬᠤ ᠬᠦᠴᠦᠨ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯᠣᠨ ᠮᠡᠷᠭᠡᠵᠢᠯ ᠤᠨ ᠨᠡᠭᠡᠭᠡᠯᠲᠡ ᠶᠢᠨ ᠴᠢᠳᠠᠪᠤᠷᠢ ᠬᠦᠷᠦᠯᠴᠡᠬᠦ ᠦᠭᠡᠢ᠂ ᠰᠢᠨ᠎ᠡ ᠶᠢ ᠡᠭᠦᠳᠬᠦ ᠴᠢᠳᠠᠪᠤᠷᠢ ᠨᠡᠶᠢᠳᠡᠮ ᠳᠣᠣᠷ᠎ᠠ ᠵᠡᠷᠭᠡ ᠠᠰᠠᠭᠤᠳᠠᠯ ᠳᠤ ᠲᠤᠯᠭᠠᠷᠠᠵᠤ ᠪᠤᠢ᠃                               ᠠᠷᠭ᠎ᠠ ᠪᠣᠳᠣᠯᠭ᠎ᠠ       ︽ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︾᠎ ᠳᠤ ᠢᠯᠡᠷᠡᠭᠦᠯᠦᠭᠰᠡᠨ ᠢᠶᠠᠷ᠂ ᠬᠤᠶᠢᠰᠢᠲᠠ ᠶᠢᠨ ᠬᠡᠰᠡᠭ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠬᠥᠭᠵᠢᠭᠦᠯᠬᠦ ᠲᠤᠬᠠᠢ ᠰᠢᠢᠳᠪᠦᠷᠢ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠠᠷᠭ᠎ᠠ ᠠᠪᠴᠠᠯ ᠢ ᠴᠢᠨᠠᠭᠰᠢᠲᠠ ᠴᠢᠩᠭᠠᠷᠠᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠰᠢᠪᠲᠤᠯᠤᠯᠲᠠ᠂ ᠰᠢᠨ᠎ᠡ ᠳᠠᠪᠠᠯᠲᠠ ᠶᠢ ᠪᠡᠶᠡᠯᠡᠭᠦᠯᠬᠦ ᠪᠣᠯᠣᠨ᠎ᠠ᠃ 2017 ᠣᠨ ᠪᠣᠯᠬᠤ ᠳᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠨᠡᠮᠡᠭᠳᠡᠯ ᠥᠷᠲᠡᠭ ᠤᠨ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠬᠠᠷᠢᠴᠠᠯ ᠢ 60%᠎ ᠠᠴᠠ ᠳᠡᠭᠡᠭᠰᠢ ᠪᠣᠯᠭᠠᠬᠤ ᠪᠠᠷ ᠬᠦᠴᠦᠯᠡᠨ ᠴᠢᠷᠮᠠᠶᠢᠵᠤ ᠪᠤᠢ᠃     ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠲᠤᠯᠠᠪᠤᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠤ ᠰᠣᠯᠢᠯᠴᠠᠭ᠎ᠠ᠂ ᠵᠠᠰᠠᠭ ᠤᠨ ᠶᠠᠪᠤᠳᠠᠯ ᠤᠨ ᠲᠥᠯᠥᠭᠡᠯᠡᠭᠴᠢ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠤᠭᠤᠯᠬᠤ᠂ ᠬᠠᠤᠯᠢ ᠪᠠᠷ ᠡᠷᠬᠡ ᠠᠰᠢᠭ ᠢᠶᠠᠨ ᠬᠠᠮᠠᠭᠠᠯᠠᠬᠤ ᠵᠡᠷᠭᠡ ᠦᠢᠯᠡᠴᠢᠯᠡᠭᠡᠨ ᠤ ᠲᠠᠪᠴᠠᠩ ᠢ ᠬᠡᠷᠡᠭᠯᠡᠵᠦ᠂ ᠲᠠᠪᠴᠠᠩ ᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ ᠬᠠᠷᠰᠢᠯᠠᠵᠤ ᠪᠠᠶᠢᠭ᠎ᠠ ᠵᠠᠰᠠᠭ ᠵᠠᠬᠢᠷᠭᠠᠨ ᠤ ᠴᠢᠨᠠᠷᠲᠠᠢ ᠬᠢᠨᠠᠨ ᠵᠥᠪᠰᠢᠶᠡᠷᠡᠬᠦ ᠵᠦᠢᠯᠡᠰ ᠢ ᠦᠷᠭᠦᠯᠵᠢᠯᠡᠨ ᠴᠡᠪᠡᠷᠯᠡᠵᠦ᠂ ᠠᠷᠠᠳ ᠤᠨ ᠪᠡᠯᠡ ᠣᠷᠤᠭᠤᠯᠤᠯᠲᠠ ᠶᠢᠨ ᠬᠦᠷᠢᠶ᠎ᠡ ᠬᠡᠪᠴᠢᠶ᠎ᠡ ᠶᠢ ᠴᠢᠯᠦᠭᠡᠲᠡᠢ ᠪᠣᠯᠭᠠᠨ ᠠᠷᠠᠳ ᠤᠨ ᠪᠡᠯᠡ ᠣᠷᠤᠭᠤᠯᠤᠯᠲᠠ ᠶᠢᠨ ᠰᠠᠭᠤᠷᠢ ᠠᠵᠤ ᠦᠢᠯᠡᠰ᠂ ᠰᠠᠭᠤᠷᠢ ᠲᠥᠬᠦᠭᠡᠷᠦᠮᠵᠢ᠂ ᠨᠡᠶᠢᠲᠡ ᠶᠢᠨ ᠠᠵᠢᠯ ᠦᠢᠯᠡᠰ᠂ ᠨᠡᠶᠢᠭᠡᠮ ᠤᠨ ᠠᠵᠢᠯ ᠦᠢᠯᠡᠰ ᠵᠢᠴᠢ ᠮᠥᠩᠭᠦᠨ ᠭᠦᠢᠯᠭᠡᠭᠡ ᠶᠢᠨ ᠦᠢᠯᠡᠴᠢᠯᠡᠭᠡ᠂ ᠳᠠᠭᠠᠳᠬᠠᠯ᠂ ᠣᠳᠣ ᠦᠶ᠎ᠡ ᠶᠢᠨ ᠪᠣᠳᠠᠰ ᠤᠨ ᠭᠦᠢᠯᠭᠡᠭᠡ ᠂ ᠰᠣᠶᠣᠯ ᠤᠨ ᠠᠵᠣ ᠦᠢᠯᠡᠰ ᠵᠡᠷᠭᠡ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠬᠦᠷᠢᠶᠡᠨ ᠳᠤ ᠣᠷᠤᠬᠤ ᠶᠢ ᠲᠡᠳᠬᠦᠨ ᠳᠡᠮᠵᠢᠬᠦ ᠪᠣᠯᠣᠨ᠎ᠠ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠪᠣᠯᠣᠨ ᠤᠯᠤᠰ ᠤᠨ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢ ᠢᠳᠡᠪᠬᠢᠲᠡᠢ ᠣᠷᠤᠯᠴᠠᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠥᠨᠳᠦᠷ ᠪᠦᠲᠦᠮᠵᠢ᠂ ᠡᠷᠬᠡ ᠲᠡᠭᠰᠢ᠂ ᠦᠷᠭᠦᠯᠵᠢᠯᠡᠨ ᠬᠥᠭᠵᠢᠬᠦ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠶᠢ ᠠᠬᠢᠭᠤᠯᠤᠨ᠎ᠠ᠃      ᠵᠠᠬ᠎ᠠ ᠳᠡᠯᠭᠡᠭᠦᠷ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ᠂ ᠲᠥᠷᠥᠯ ᠲᠡᠮᠳᠡᠭ ᠢᠶᠠᠨ ᠠᠯᠳᠠᠷᠰᠢᠭᠤᠯᠬᠤ᠂ ᠣᠷᠣᠨ ᠤ ᠲᠣᠲᠣᠭᠠᠳᠣ ᠭᠠᠳᠠᠭᠠᠲᠤ ᠶᠢᠨ ᠠᠵᠤ ᠠᠬᠤᠶᠢᠯᠠᠯ ᠤᠨ ᠬᠤᠭᠤᠷᠤᠨᠳᠤᠬᠢ ᠪᠣᠶᠤ ᠦᠢᠯᠡᠳᠭᠦᠨ ᠤ ᠳᠡᠭᠡᠳᠦ ᠳᠣᠣᠷᠠᠳᠣ ᠣᠷᠣᠰᠬᠠᠯ ᠤᠨ ᠬᠤᠭᠤᠷᠣᠨᠳᠣᠬᠢ ᠵᠣᠯᠭᠠᠯᠴᠠᠯ ᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠣᠰᠤ ᠠᠵᠤ ᠠᠬᠤᠶᠢᠯᠠᠯ ᠤᠨ ᠣᠷᠣᠨ ᠤ ᠭᠠᠳᠠᠨᠠᠬᠢ ᠵᠠᠬ᠎ᠠ ᠳᠡᠯᠭᠡᠭᠦᠷ ᠲᠤ ᠣᠷᠣᠬᠤ ᠶᠢ ᠵᠣᠷᠢᠭᠵᠢᠭᠤᠯᠤᠨ᠎ᠠ᠃ ᠪᠡᠯᠡ ᠣᠷᠤᠭᠤᠯᠤᠭᠴᠢ ᠶᠢᠨ ᠲᠣᠮᠣ ᠬᠡᠯᠪᠡᠷᠢ ᠶᠢᠨ ᠲᠤᠰᠬᠠᠢ ᠵᠠᠬ᠎ᠠ ᠳᠡᠯᠭᠡᠭᠦᠷ ᠪᠠᠶᠢᠭᠤᠯᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠴᠢᠳᠠᠪᠬᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠣᠳᠣ ᠦᠶ᠎ᠡ ᠶᠢᠨ ᠪᠣᠳᠠᠰ ᠤᠨ ᠭᠦᠢᠯᠭᠡᠭᠡ ᠶᠢᠨ ᠬᠥᠭᠵᠢᠯᠲᠡ ᠶᠢ ᠠᠬᠢᠭᠤᠯᠤᠨ᠎ᠠ᠃ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠣᠨ ᠬᠤᠪᠢ ᠬᠥᠮᠥᠨ ᠢᠶᠠᠷ ᠪᠦᠷᠢᠯᠳᠦᠭᠰᠡᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠴᠣᠭᠴᠠᠯᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠨ ᠨᠡᠶᠢᠲᠡᠯᠡᠬᠦ ᠳᠦᠷᠢᠮ ᠪᠣᠯᠣᠨ ᠱᠠᠩᠨᠠᠨ ᠲᠣᠷᠭᠠᠬᠤ ᠲᠣᠭᠲᠠᠴᠠ ᠶᠢ ᠲᠦᠷᠭᠡᠳᠬᠡᠨ ᠲᠣᠭᠲᠠᠭᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠳᠠᠩᠰᠠ ᠡᠪᠬᠡᠮᠡᠯ ᠤᠨ ᠡᠷᠬᠡ ᠰᠦᠷᠲᠦ ᠳ᠋ᠠᠶᠢᠲ᠋ᠠ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯᠣᠨ᠎ᠠ᠃      ᠨᠡᠶᠢᠭᠡᠮ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠨᠡᠶᠢᠭᠡᠮ ᠤᠨ ᠪᠦᠯᠬᠦᠮ᠂ ᠵᠠᠭᠤᠴᠢᠯᠠᠬᠤ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠴᠢᠳᠠᠪᠬᠢ ᠶᠢ ᠭᠦᠢᠴᠡᠳ ᠪᠠᠳᠠᠷᠠᠭᠤᠯᠵᠤ᠂ ᠣᠯᠠᠨ ᠭᠤᠣᠯ ᠴᠣᠭᠴᠠ ᠲᠠᠢ ᠮᠥᠷᠲᠡᠭᠡᠨ ᠣᠯᠠᠨ ᠳᠡᠰ ᠳᠠᠪᠬᠤᠷᠭ᠎ᠠ ᠲᠠᠢ ᠪᠦᠬᠦ ᠲᠠᠯ᠎ᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠪᠡᠯᠡ ᠣᠷᠤᠭᠤᠯᠤᠯᠲᠠ᠂ ᠮᠡᠳᠡᠭᠡ ᠵᠠᠩᠭᠢ᠂ ᠮᠡᠷᠭᠡᠵᠢᠯ ᠪᠠ ᠬᠠᠤᠯᠢ ᠳᠦᠷᠢᠮ ᠤᠨ ᠳᠡᠮᠵᠢᠯᠭᠡ ᠬᠦᠷᠲᠡᠭᠡᠨ᠎ᠡ᠃      ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠠᠷᠭ᠎ᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠲᠣᠲᠣᠭᠠᠲᠤ ᠬᠦᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ︽ᠲᠠᠪᠤᠨ ᠶᠡᠭᠡ ᠰᠠᠭᠤᠷᠢᠨ︾᠎ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠲᠡᠳᠬᠦᠨ ᠳᠡᠮᠵᠢᠬᠦ ᠶᠢᠨ ᠬᠠᠮᠲᠤ ︽ᠠᠵᠤ ᠠᠬᠤᠶᠢᠯᠠᠯᠲᠠᠨ ᠤ ᠴᠢᠳᠠᠪᠤᠷᠢᠲᠠᠨ ᠤ ᠬᠥᠮᠥᠷᠭᠡ︾᠎ ᠶᠢ ᠰᠦᠪᠡᠭᠴᠢᠯᠡᠨ ᠪᠠᠶᠢᠭᠤᠯᠤᠨ᠎ᠠ᠃ ᠠᠵᠤ ᠠᠬᠤᠶᠢᠯᠠᠯ ᠤᠨ ᠳᠦᠷᠢᠮ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠰᠢᠨᠵᠢᠯᠡᠬᠦ  ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯᠣᠨ ᠠᠷᠠᠯᠵᠢᠶᠠᠨ ᠤ ᠬᠡᠯᠪᠡᠷᠢ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠣᠬᠢ ᠦᠢᠯᠡᠳᠬᠦᠨ ᠦᠢᠯᠡᠳᠴᠦ᠂ ᠨᠡᠷᠡᠲᠦ ᠲᠡᠮᠳᠡᠭ ᠪᠣᠶᠢᠵᠢᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠤᠭᠤᠷᠣᠨᠳᠤ ᠪᠠᠨ ᠨᠡᠶᠢᠯᠡᠬᠦ᠂ ᠳᠠᠬᠢᠨ ᠵᠣᠬᠢᠶᠠᠨ ᠪᠠᠶᠢᠭᠤᠯᠬᠤ ᠪᠠ ᠬᠠᠮᠲᠤᠷᠠᠨ ᠠᠵᠢᠯᠯᠠᠬᠤ ᠶᠢ ᠵᠢᠯᠤᠭᠤᠳᠴᠤ᠂ ᠣᠬᠢ ᠰᠢᠯᠢᠳᠡᠭ ᠡᠳ᠋ ᠬᠥᠷᠥᠩᠭᠡ ᠶᠢ ᠠᠮᠢᠯᠠᠭᠤᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠲᠠᠰᠤᠷᠠᠯᠲᠠ ᠦᠭᠡᠢ ᠲᠣᠮᠣᠷᠠᠭᠤᠯᠬᠤ ᠪᠠᠷ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号