ᠬᠢᠯᠢ ᠣᠷᠣᠨ ᠢᠶᠠᠨ ᠰᠠᠬᠢᠨ ᠬᠠᠮᠠᠭᠠᠯᠠᠵᠤ ᠡᠬᠡ ᠤᠯᠤᠰ ᠤᠨ ᠢᠶᠠᠨ ᠤᠮᠠᠷᠠᠲᠤ ᠬᠠᠭᠠᠯᠭ᠎ᠠ ᠪᠠᠨ ᠪᠠᠲᠤᠵᠢᠭᠤᠯᠤᠨᠠᠮ
ᠨᠡᠶᠢᠲᠡᠯᠡᠭᠰᠡᠨ ᠴᠠᠭ᠄
2015-01-28
     ᠥᠪᠥᠷ ᠮᠣᠩᠭᠤᠯ ᠤᠨ ᠡᠶ᠎ᠡ ᠵᠣᠬᠢᠴᠠᠩᠭᠤᠢ ᠬᠢᠭᠡᠳ ᠲᠣᠭᠲᠠᠭᠤᠨ ᠬᠥᠭᠵᠢᠯᠲᠡ ᠨᠢ ᠡᠬᠡ ᠤᠯᠤᠰ ᠤᠨ ᠠᠮᠤᠷ ᠲᠣᠭᠲᠠᠭᠤᠨ ᠲᠠᠢ ᠨᠢᠭᠲᠠ ᠬᠤᠯᠪᠣᠭ᠎ᠠ ᠲᠠᠢ ᠶᠤᠮ᠃ ᠭᠠᠵᠠᠷ ᠵᠦᠢ ᠶᠢᠨ ᠪᠠᠶᠢᠷᠢᠰᠢᠯ ᠬᠢᠭᠡᠳ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠦᠵᠡᠪᠡᠯ᠂ ᠮᠠᠨ ᠤ ᠣᠷᠣᠨ ᠡᠬᠡ ᠤᠯᠤᠰ ᠤᠨ ᠤᠮᠠᠷᠠᠲᠤ ᠬᠡᠰᠡᠭ ᠤᠨ ᠬᠢᠯᠢ ᠬᠢᠵᠠᠭᠠᠷ ᠳᠠᠭᠠᠤ ᠭᠠᠵᠠᠷ ᠲᠤ ᠪᠠᠶᠢᠷᠢᠰᠢᠯᠠᠵᠤ᠂ ᠤᠮᠠᠷᠠᠲᠤ᠂ ᠪᠠᠷᠠᠭᠤᠨ ᠬᠤᠶᠢᠲᠤ᠂ ᠵᠡᠭᠦᠨ ᠬᠤᠶᠢᠲᠤ ᠭᠡᠬᠦ ︽ᠭᠤᠷᠪᠠᠨ ᠤᠮᠠᠷᠠᠲᠤ︾ ᠶᠢ ᠰᠤᠨᠳᠠᠯᠠᠨ᠂ ᠤᠯᠤᠰ ᠤᠨ ᠳᠣᠲᠣᠭᠠᠳᠤ ᠳᠤ ᠬᠠᠷᠠᠮᠥ᠋ᠷᠡᠨ᠂ ᠭᠢᠷᠢᠨ᠂ ᠯᠢᠶᠣᠤᠨᠢᠩ᠂ ᠡᠾᠧᠪᠸᠢ᠂ ᠱᠠᠨ ᠰᠢ᠂ ᠱᠠᠨᠰᠢ᠂ ᠨᠢᠩᠰᠢᠶᠠ᠂ ᠭᠠᠨᠰᠤ ᠵᠡᠷᠭᠡ 8 ᠮᠤᠵᠢ ᠥᠪᠡᠷᠲᠡᠭᠡᠨ ᠵᠠᠰᠠᠬᠤ ᠣᠷᠣᠨ ᠲᠠᠢ ᠵᠠᠬᠠᠳᠠᠨ ᠨᠡᠶᠢᠯᠡᠵᠦ᠂ ᠤᠯᠤᠰ ᠤᠨ ᠭᠠᠳᠠᠭᠠᠳᠤ ᠳᠤ ᠣᠷᠣᠰ᠂ ᠮᠣᠩᠭᠤᠯ ᠲᠠᠢ ᠬᠥᠷᠰᠢᠯᠡᠨ᠂ 4200 ᠢᠯᠡᠬᠦᠦ ᠺᠢᠯᠤᠮᠧᠲᠷ ᠤᠨ ᠬᠢᠯᠢ ᠶᠢᠨ ᠱᠣᠭᠤᠮ ᠲᠠᠢ ᠪᠠᠶᠢᠵᠤ᠂ ᠪᠦᠬᠦ ᠣᠯᠣᠰ ᠤᠨ ᠡᠬᠡ ᠬᠠᠭᠤᠷᠠᠢ ᠶᠢᠨ ᠬᠢᠯᠢ ᠶᠢᠨ ᠱᠤᠭᠤᠮ ᠤᠨ 19.2% ᠢ ᠡᠵᠡᠯᠡᠵᠦ᠂ ᠬᠢᠯᠢ ᠶᠢᠨ ᠬᠠᠮᠠᠭᠠᠯᠠᠯᠲᠠ ᠶᠢᠨ ᠶᠢᠨ ᠬᠠᠮᠢᠶᠠᠷᠤᠯᠲᠠ ᠶᠢᠨ ᠤᠷᠤᠨ ᠤ ᠲᠠᠯᠠᠪᠠᠢ 36 ᠲᠦᠮᠡᠨ ᠲᠡᠭᠰᠢ ᠲᠦᠷᠪᠡᠯᠵᠢᠨ  ᠮᠧᠲᠷ ᠤᠷᠳᠤ ᠪᠠᠶᠢᠵᠦ᠂ ᠶᠡᠷᠦᠩᠭᠡᠢ ᠲᠠᠯᠠᠪᠠᠢ ᠶᠢᠨ ᠪᠠᠷᠤᠭ1/3 ᠶᠢ ᠡᠵᠡᠯᠡᠵᠦ ᠪᠠᠶᠢᠬᠤ ᠠᠴᠠ ᠭᠠᠳᠠᠨ᠎ᠠ᠂ ᠭᠠᠳᠠᠭᠠᠳᠤ ᠯᠤᠭ᠎ᠠ ᠨᠡᠭᠡᠭᠡᠯᠲᠠ ᠲᠠᠢ ᠪᠤᠭᠤᠮᠲᠠ 19 ᠪᠤᠯᠤᠨ ᠨᠡᠮᠡᠭᠳᠡᠨ ᠲᠤᠮᠳᠠᠳᠤ ᠤᠯᠤᠰ ᠤᠨ ᠭᠠᠳᠠᠭᠠᠳᠤ ᠲᠠᠢ ᠶᠠᠪᠤᠯᠴᠠᠬᠤ ᠠᠷᠤ ᠲᠠᠯ᠎ᠠ ᠶᠢᠨ ᠴᠤᠩᠬᠤᠪᠴᠢ᠂ ︽ᠡᠬᠡ ᠤᠯᠤᠰ ᠤᠨ ᠤᠮᠠᠷᠠᠳᠤ ᠬᠠᠭᠠᠯᠭ᠎ᠠ︾᠂ ︽ᠨᠡᠶᠢᠰᠯᠡᠯ ᠤᠨ ᠬᠠᠯᠬᠠᠪᠴᠢ ᠭᠤᠤᠯ︾ ᠭᠡᠮᠡᠨ ᠠᠯᠳᠠᠷᠰᠢᠭᠰᠠᠨ ᠶᠤᠮ᠃ ᠡᠨᠡᠬᠦ᠂ ᠬᠢᠯᠢ ᠤᠷᠤᠨ ᠢᠶᠠᠨ ᠰᠠᠬᠢᠨ ᠬᠠᠮᠠᠭᠠᠯᠠᠬᠤ ᠡᠬᠦᠷᠭᠡ ᠪᠠᠨ ᠰᠠᠶᠢᠳᠦᠷ ᠬᠦᠢᠴᠡᠳᠭᠡᠬᠦ ᠪᠠᠷ ᠦᠪᠡᠷᠳᠡᠭᠡᠨ ᠵᠠᠰᠠᠬᠤ ᠤᠷᠤᠨ ᠠᠴᠠ ᠦᠪᠦᠷ ᠮᠤᠩᠭᠤᠯ ᠢᠶᠠᠨ ᠬᠢᠯᠢ ᠬᠢᠵᠠᠭᠠᠷ ᠤᠨ ᠠᠮᠤᠷ ᠲᠤᠭᠳᠠᠭᠤᠨ ᠤ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠪᠤᠯᠭᠠᠵᠤ ᠴᠤᠭᠴᠠᠯᠠᠬᠤ ᠬᠠᠷᠠᠯᠳᠠ ᠶᠢ ᠲᠤᠷᠠᠳᠤᠭᠰᠠᠨ ᠶᠤᠮ᠃      ᠬᠢᠯᠢ ᠤᠷᠤᠨ ᠢᠶᠠᠨ ᠰᠠᠬᠢᠨ ᠬᠠᠮᠠᠭᠠᠯᠠᠬᠤ ᠨᠢ ᠨᠠᠮ ᠪᠠ ᠲᠦᠷᠦ ᠠᠴᠠ ᠮᠠᠨ ᠤ ᠤᠷᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠳᠤ ᠤᠯᠭᠤᠭᠰᠠᠨ ᠢᠷᠠᠭᠤ ᠠᠯᠳᠠᠷᠳᠤ ᠲᠡᠦᠭᠡᠳᠦ ᠡᠬᠦᠷᠭᠡ ᠮᠦᠨ᠃ ᠤᠯᠤᠰ ᠤᠨ ᠲᠡᠷᠢᠬᠦᠯᠡᠭᠴᠢ ᠰᠢ ᠶᠢᠨ ᠫᠢᠩ ᠨᠢᠳᠦᠨᠤᠨ ᠤ 1 ᠰᠠᠷ᠎ᠠ ᠶᠢᠨ 26 — 28 ᠤ ᠡᠳᠦᠷ ᠪᠤᠯᠳᠠᠯ᠎ᠠ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠭᠠᠨ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠂ ︽ᠡᠬᠡ ᠤᠯᠤᠰ ᠤᠨ ᠤᠮᠠᠷᠠᠳᠤ ᠬᠢᠵᠠᠭᠠᠷ ᠤᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠤ ᠭᠤᠶᠤᠬᠠᠨ ᠪᠤᠯᠭᠠᠨ ᠴᠤᠭᠴᠠᠯᠠᠰᠤᠭᠠᠢ︾ ᠭᠡᠵᠦ ᠲᠤᠷᠠᠳᠤᠭᠰᠠᠨ ᠪᠦᠭᠡᠳ ᠬᠠᠬᠢᠷ ᠡᠪᠦᠯ ᠤᠨ ᠲᠡᠰᠬᠢᠮ᠎ᠡ ᠬᠦᠢᠳᠡᠨ ᠢ ᠬᠠᠶᠢᠬᠤᠷᠤᠯ ᠦᠭᠡᠢ ᠪᠠᠷ ᠲᠤᠰᠬᠠᠶᠢᠯᠠᠨ ᠷᠠᠰᠢᠶᠠᠨ ᠬᠤᠳᠠ ᠳᠤ ᠬᠦᠷᠴᠦ᠂ ᠬᠠᠳᠠᠭᠤ ᠪᠡᠷᠭᠡ ᠤᠷᠴᠢᠨ ᠲᠤᠭᠤᠷᠢᠨ ᠳᠤ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠤ ᠪᠠᠶᠢᠭ᠎ᠠ ᠲᠠᠷᠤᠭ᠎ᠠ ᠪᠠᠶᠢᠯᠳᠤᠭᠴᠢᠳ ᠢ ᠲᠤᠬᠤᠨᠢᠭᠤᠯᠤᠨ ᠦᠵᠡᠵᠦ᠂ ᠪᠦᠬᠦ ᠤᠷᠤᠨ ᠤ 2500 ᠲᠦᠮᠡᠨ ᠠᠷᠠᠳ ᠲᠦᠮᠡᠨ ᠤ ᠬᠢᠯᠢ ᠤᠷᠤᠨ ᠢᠶᠠᠨ ᠰᠠᠬᠢᠨ ᠬᠠᠮᠠᠭᠠᠯᠠᠬᠤ ᠢᠳᠡᠭᠡᠯ ᠵᠤᠷᠢᠭ ᠢ ᠬᠦᠪᠴᠢᠯᠡᠭᠰᠡᠨ ᠶᠤᠮ᠃      ᠶᠡᠷᠦᠩᠭᠡᠢ ᠱᠦᠵᠢ ᠶᠢᠨ ︽ᠡᠬᠡ ᠤᠯᠤᠰ ᠤᠨ ᠤᠮᠠᠷᠠᠳᠤ ᠬᠢᠵᠠᠭᠠᠷ ᠤᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠤ ᠰᠠᠶᠢᠬᠠᠨ ᠪᠤᠯᠭᠠᠨ ᠴᠤᠭᠴᠠᠯᠠᠶ᠎ᠠ︾ ᠭᠡᠬᠦ ᠵᠢᠭᠠᠪᠤᠷᠢ ᠪᠠᠷ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ 6 ᠦᠵᠡᠮᠵᠢ ᠶᠢᠨ ᠤᠷᠤᠨ ᠢ ᠴᠤᠭᠴᠠᠯᠠᠬᠤ ᠪᠠᠷ ᠬᠠᠷᠠᠯᠳᠠ ᠪᠤᠯᠭᠠᠬᠤ ᠳᠤ ︽ᠦᠪᠦᠷ ᠮᠤᠩᠭᠤᠯ ᠢᠶᠠᠨ ᠬᠢᠯᠢ ᠬᠢᠵᠠᠭᠠᠷ ᠤᠨ ᠠᠮᠤᠷ ᠲᠤᠭᠳᠠᠭᠤᠨ ᠤ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠪᠤᠯᠭᠠᠨ ᠴᠤᠭᠴᠠᠯᠠᠬᠤ︾ ᠶᠢ ᠴᠢᠬᠤᠯᠠ ᠨᠢᠭᠡ ᠠᠭᠤᠯᠭ᠎ᠠ ᠪᠤᠯᠭᠠᠭᠰᠠᠨ ᠶᠤᠮ᠃ ᠬᠢᠯᠢ ᠤᠷᠤᠨ ᠢᠶᠠᠨ ᠰᠠᠶᠢᠳᠦᠷ ᠰᠠᠬᠢᠨ ᠬᠠᠮᠠᠭᠠᠯᠠᠪᠠᠯ ᠰᠠᠶ᠋ᠢ ᠤᠯᠤᠰ ᠤᠷᠤᠨ ᠠᠮᠤᠷ ᠲᠤᠭᠳᠠᠭᠤᠨ ᠪᠤᠯᠵᠤ ᠴᠢᠳᠠᠨ᠎ᠠ᠃ ᠡᠶᠢᠮᠦ ᠠᠴᠠ᠂ ᠠᠮᠤᠷ ᠲᠤᠭᠳᠠᠭᠤᠨ ᠪᠤᠯ ᠠᠷᠠᠳ ᠲᠦᠮᠡᠨ ᠤ ᠵᠤᠯ ᠵᠢᠷᠭᠠᠯ ᠤᠨ ᠰᠤᠷᠪᠤᠯᠵᠢ᠂ ᠤᠯᠤᠰ ᠤᠷᠤᠨ ᠤ ᠬᠦᠭᠵᠢᠯᠳᠡ ᠴᠡᠴᠡᠭᠯᠡᠯ ᠤᠨ ᠦᠨᠳᠦᠰᠦ ᠪᠢᠯᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠬᠦᠳᠡ ᠭᠡᠰᠢᠬᠦᠳ ᠤᠨ ᠦᠷᠭᠡᠳᠭᠡᠭᠰᠡᠨ ᠬᠤᠷᠠᠯ ᠠᠴᠠ ᠦᠪᠦᠷ ᠮᠤᠩᠭᠤᠯ ᠤᠨ ᠬᠢᠯᠢ ᠬᠢᠵᠠᠭᠠᠷ ᠤᠨ ᠠᠮᠤᠷ ᠲᠤᠭᠳᠠᠭᠤᠨ ᠤ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠪᠤᠯᠭᠠᠨ ᠴᠤᠭᠴᠠᠯᠠᠬᠤ ᠬᠠᠷᠠᠯᠲᠠ ᠶᠢ ᠲᠤᠷᠠᠳᠤᠨ᠂ ᠬᠢᠯᠢ ᠬᠢᠵᠠᠭᠠᠷ ᠤᠷᠤᠨ ᠢᠶᠠᠨ ᠰᠠᠬᠢᠨ ᠬᠠᠮᠠᠭᠠᠯᠠᠬᠤ ᠶᠢᠨ ᠤᠯᠤᠰ ᠲᠦᠷᠦ ᠶᠢᠨ ᠲᠠᠨᠢᠯᠳᠠ ᠶᠢ ᠤᠯᠠᠮ ᠦᠨᠳᠦᠷᠵᠢᠬᠦᠯᠦᠭᠰᠡᠨ ᠶᠤᠮ᠃ ᠠᠮᠤᠭᠤᠯᠠᠩ ᠦᠪᠦᠷ ᠮᠤᠩᠭᠤᠯ ᠢ ᠪᠠᠶᠢᠭᠤᠯᠬᠤ ᠢᠨᠵᠧᠨᠧᠷᠢᠩ ᠤᠨ ᠯᠠᠪᠳᠠᠭᠤᠨ ᠤᠷᠤᠭᠰᠢᠯᠠᠯᠳᠠ ᠪᠠ ᠪᠤᠳᠠᠳᠠᠢ ᠠᠷᠭ᠎ᠠ ᠠᠪᠴᠢᠯ ᠢᠶᠠᠷ ᠮᠠᠨ ᠤ ᠤᠷᠤᠨ ᠤ ᠨᠡᠶᠢᠭᠡᠮ ᠤᠨ ᠪᠦᠬᠦᠶᠢᠯᠡ ᠴᠤᠭᠴᠠ ᠶᠢᠨ ᠪᠠᠶᠢᠳᠠᠯ ᠲᠤᠭᠳᠠᠭᠤᠨ ᠢᠶᠠᠷ ᠬᠦᠭᠵᠢᠵᠦ᠂ ᠨᠡᠶᠢᠭᠡᠮ ᠤᠨ ᠵᠦᠷᠢᠴᠡᠯ ᠪᠠᠭᠠᠰᠤᠨ᠂ ᠠᠮᠤᠷ ᠲᠦᠪᠰᠢᠨ ᠤ ᠨᠢᠭᠤᠭᠳᠠᠮᠠᠯ ᠬᠡᠮ ᠠᠷᠢᠯᠤᠨ ᠠᠵᠤ ᠠᠬᠤᠢ ᠶᠢᠨ ᠬᠦᠭᠵᠢᠯᠳᠡ ᠶᠢ ᠪᠠᠳᠤᠯᠠᠨ᠂ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢᠶᠠᠨ ᠮᠡᠳᠡᠭᠳᠡᠮ᠎ᠡ ᠲᠡᠭᠡᠭᠰᠢᠯᠡᠵᠡᠢ᠃ ᠭᠡᠪᠡᠴᠦ᠂ ᠤᠳᠤᠬᠠᠨ ᠳᠤ ᠠᠵᠤ ᠠᠬᠤᠢ ᠨᠡᠶᠢᠭᠡᠮ ᠤᠨ ᠰᠢᠯᠵᠢᠯᠳᠡ ᠶᠢᠨ ᠱᠠᠳᠤᠨ ᠳᠠᠭᠠᠨ ᠪᠠᠶᠢᠬᠤ ᠪᠤᠯᠬᠤᠷ ᠪᠢᠳᠡᠨ ᠤᠯᠤᠰ ᠲᠦᠷᠦ ᠶᠢᠨ ᠤᠬᠠᠮᠰᠠᠷ᠂ ᠪᠦᠬᠦᠶᠢᠯᠡ ᠴᠤᠭᠴᠠ ᠶᠢᠨ ᠤᠬᠠᠮᠰᠠᠷ᠂ ᠬᠠᠷᠢᠭᠤᠴᠠᠯᠭᠠᠳᠤ ᠰᠡᠳᠬᠢᠯᠭᠡ ᠪᠠᠨ ᠤᠯᠠᠮ ᠴᠢᠩᠭᠠᠳᠬᠠᠵᠤ᠂  ᠪᠦᠯᠬᠦᠮᠳᠡᠨ ᠨᠢᠭᠳᠠᠷᠠᠵᠤ᠂ ᠡᠶ᠎ᠡ ᠵᠤᠬᠢᠴᠠᠩᠭᠤᠢ ᠢ ᠠᠬᠢᠭᠤᠯᠪᠠᠯ ᠰᠠᠶ᠋ᠢ ᠡᠬᠡ ᠤᠷᠤᠨ ᠢ ᠰᠠᠬᠢᠨ ᠬᠠᠮᠠᠭᠠᠯᠠᠵᠤ ᠴᠢᠳᠠᠨ᠎ᠠ ᠬᠡᠪᠡ᠃ ᠦᠪᠦᠷ ᠮᠤᠩᠭᠤᠯ ᠢᠶᠠᠨ ᠬᠢᠯᠢ ᠬᠢᠵᠠᠭᠠᠷ ᠤᠨ ᠠᠮᠤᠷ ᠲᠤᠭᠳᠠᠭᠤᠨ ᠤ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠪᠤᠯᠭᠠᠨ ᠴᠤᠭᠴᠠᠯᠠᠬᠤ ᠪᠠᠷ ᠮᠠᠨ ᠤ ᠤᠷᠤᠨ ᠡᠨᠡ ᠵᠢᠯ ᠤᠨ ᠲᠤᠷᠰᠢ᠂ ᠨᠡᠶᠢᠭᠡᠮ ᠤᠨ ᠶᠡᠷᠦᠩᠭᠡᠶᠢᠯᠡᠨ ᠵᠠᠰᠠᠬᠤ ᠰᠢᠰᠲ᠋ᠧᠮ ᠢᠶᠠᠨ ᠤᠯᠠᠮ ᠲᠡᠬᠦᠯᠳᠡᠷᠵᠢᠬᠦᠯᠬᠦ᠂ ᠲᠦᠷᠭᠡᠳᠭᠡᠬᠦ᠂ ᠠᠷᠠᠳ ᠤᠯᠠᠨ ᠤ ᠠᠮᠢ ᠨᠠᠰᠤ᠂ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ᠂ ᠨᠡᠶᠢᠭᠡᠮ ᠤᠨ ᠡᠷᠭᠡ ᠲᠡᠭᠰᠢ᠂ ᠲᠦᠪ ᠭᠤᠤᠯᠴᠢ ᠶᠢ ᠬᠠᠮᠠᠭᠠᠯᠠᠬᠤ᠂ ᠬᠢᠯᠢ ᠶᠢᠨ ᠱᠤᠭᠤᠮ ᠤᠨ ᠶᠡᠷᠦᠩᠭᠡᠶᠢᠯᠡᠨ ᠰᠡᠷᠭᠡᠶᠢᠯᠡᠵᠦ᠂ ᠡᠵᠡᠮᠳᠡᠨ ᠬᠠᠮᠢᠶᠠᠷᠬᠤ ᠴᠢᠳᠠᠪᠤᠷᠢ ᠶᠢ ᠤᠯᠠᠮ ᠲᠡᠭᠡᠭᠰᠢᠯᠡᠬᠦᠯᠬᠦ ᠪᠠ ᠠᠮᠤᠷ ᠲᠤᠭᠳᠠᠭᠤᠨ᠂ ᠠᠮᠢᠵᠢᠷᠠᠯ ᠪᠢᠯᠬᠠᠭᠰᠠᠨ ᠨᠡᠶᠢᠭᠡᠮ ᠤᠨ ᠤᠷᠴᠢᠨ ᠢ ᠪᠠᠬᠢᠵᠢᠬᠦᠯᠬᠦ ᠵᠡᠷᠭᠡ ᠤᠯᠠᠨ ᠬᠦᠷᠢᠶᠠᠨ ᠳᠤ ᠪᠤᠳᠠᠳᠠᠢ ᠠᠷᠭ᠎ᠠ ᠬᠡᠮᠵᠢᠶ᠎ᠡ ᠠᠪᠴᠤ ᠮᠡᠳᠡᠭᠳᠡᠮ᠎ᠡ ᠦᠷ᠎ᠡ ᠪᠦᠳᠦᠮᠵᠢ ᠤᠯᠤᠭᠰᠠᠨ ᠶᠤᠮ᠃      ᠦᠪᠡᠷᠳᠡᠭᠡᠨ ᠵᠠᠰᠠᠬᠤ ᠤᠷᠤᠨ ᠤ  ︽8337︾ ᠬᠦᠭᠵᠢᠯᠳᠡ ᠶᠢᠨ ᠰᠡᠳᠬᠢᠴᠡ ᠳᠤ ᠬᠢᠯᠢ ᠤᠷᠤᠨ ᠢᠶᠠᠨ ᠰᠠᠬᠢᠨ ᠬᠠᠮᠠᠭᠠᠯᠠᠬᠤ ᠶᠢ ᠦᠪᠦᠷ ᠮᠤᠩᠭᠤᠯ ᠤᠨ ᠬᠦᠭᠵᠢᠯᠳᠡ ᠶᠢᠨ ᠪᠠᠶᠢᠷᠢ ᠲᠤᠭᠳᠠᠭᠠᠯᠳᠠ ᠶᠢᠨ ᠦᠨᠳᠦᠷᠴᠡ ᠳᠤ ᠲᠠᠯᠪᠢᠨ ᠲᠠᠪᠤᠨ ᠰᠠᠭᠤᠷᠢᠨ᠂ ᠬᠤᠶᠠᠷ ᠬᠠᠯᠬᠠᠪᠴᠢ᠂ ᠨᠢᠭᠡ ᠠᠵᠤ ᠠᠬᠤᠢ ᠶᠢᠨ ᠪᠦᠰᠡ ᠶᠢᠨ ᠪᠦᠳᠦᠭᠡᠨ ᠪᠠᠶᠢᠭᠤᠯᠤᠯᠳᠠ ᠶᠢᠨ ᠶᠡᠷᠦᠩᠭᠡᠢ ᠲᠦᠯᠦᠪᠵᠢᠬᠦᠯᠭᠡ ᠳᠤ ᠤᠷᠤᠭᠤᠯᠵᠤ᠂ ᠦᠪᠦᠷ ᠮᠤᠩᠭᠤᠯ ᠢᠶᠠᠨ ᠡᠬᠡ ᠤᠯᠤᠰ ᠤᠨ ᠤᠮᠠᠷᠠᠳᠤ ᠬᠢᠵᠠᠭᠠᠷ ᠤᠨ ᠠᠮᠤᠷ ᠲᠤᠭᠳᠠᠭᠤᠨ ᠤ ᠬᠠᠯᠬᠠᠪᠴᠢ ᠪᠤᠯᠭᠠᠨ ᠪᠦᠳᠦᠭᠡᠨ ᠪᠠᠶᠢᠭᠤᠯᠬᠤ ᠪᠠᠷ ᠲᠦᠯᠬᠢᠴᠡ ᠪᠤᠯᠭᠠᠨ ᠬᠢᠯᠢ ᠤᠷᠤᠨ ᠢᠶᠠᠨ ᠴᠡᠴᠡᠭᠯᠡᠨ ᠬᠦᠭᠵᠢᠬᠦᠯᠵᠦ᠂ ᠠᠷᠠᠳ ᠲᠦᠮᠡᠨ ᠢᠶᠠᠨ ᠵᠤᠯ ᠵᠢᠷᠭᠠᠯ ᠲᠠᠢ ᠠᠮᠢᠳᠤᠷᠠᠯ ᠡᠳ᠋ᠯᠡᠬᠦᠯᠬᠦ ᠪᠠᠷ ᠲᠡᠮᠡᠴᠡᠨ ᠠᠵᠢᠯᠯᠠᠵᠤ ᠪᠠᠶᠢᠭ᠎ᠠ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号